ᠬᠠᠨ ᠲᠤᠤ ᠰᠠᠨ ᠢ ᠪᠦᠯᠦᠭᠯᠡᠯ ᠤᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠷᠤᠤ ᠬᠤᠩ ᠢᠦᠢ ᠨᠡᠷ ᠲᠠᠢ ᠶᠠᠷᠢᠯᠴᠠᠬᠤ ᠬᠤᠷᠠᠯ ᠬᠢᠪᠠ
ᠨᠡᠶᠢᠲᠡᠯᠡᠭᠰᠡᠨ ᠴᠠᠭ᠄
2023/12/27
    12 ᠰᠠᠷ᠎ᠠ ᠶᠢᠨ 26 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠰᠠᠨ ᠢ ᠪᠦᠯᠦᠭᠯᠡᠯ ᠤᠨ ᠤᠰᠤᠲᠥ᠋ᠷᠥᠭᠴᠢ ᠡᠨᠧᠷᠭᠢ ᠶᠢᠨ ᠲᠣᠨᠣᠭᠯᠠᠯ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠷᠤᠤ ᠬᠤᠩ ᠢᠦᠢ ᠨᠡᠷ ᠲᠠᠢ ᠶᠠᠷᠢᠯᠴᠠᠬᠤ ᠬᠤᠷᠠᠯ ᠬᠢᠵᠤ᠂ ᠬᠤᠶᠠᠷ ᠲᠠᠯ᠎ᠠ ᠪᠠᠷ ᠢᠶᠠᠨ ᠲᠣᠨᠣᠭᠯᠠᠯ ᠦᠢᠯᠡᠳᠬᠦ᠂ ᠰᠢᠨ᠎ᠡ ᠡᠨᠧᠷᠭᠢ ᠵᠡᠷᠭᠡ ᠬᠦᠷᠢᠶᠡᠨ ᠤ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠦᠷᠦᠯ ᠵᠦᠢᠯ ᠤᠨ ᠬᠠᠮᠳᠤᠷᠠᠯᠴᠠᠭᠠᠨ ᠤ ᠲᠤᠬᠠᠢ ᠵᠥᠪᠳᠡᠯᠴᠡᠪᠡ᠃    ᠶᠠᠷᠢᠯᠴᠠᠬᠤ ᠬᠤᠷᠠᠯ ᠳᠡᠭᠡᠷ᠎ᠡ ᠬᠠᠨ ᠲᠤᠤ᠂ ᠷᠤᠤ ᠬᠤᠩ ᠢᠦᠢ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠭᠰᠡᠨ ᠪᠥᠭᠡᠳ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠨᠡᠬᠡᠬᠡᠯᠳᠠ ᠶᠢᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠠᠵᠤ ᠠᠬᠤᠢ ᠨᠡᠶᠢᠭᠡᠮ ᠵᠢᠴᠢ ᠠᠵᠤ ᠦᠢᠯᠡᠰ ᠤᠨ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ᠃ ᠲᠡᠷᠡ᠂ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ  ᠤᠨ ᠨᠡᠬᠡᠬᠡᠯᠳᠠ ᠶᠢᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠠᠵᠤ ᠦᠢᠯᠡᠰ ᠤᠨ ᠰᠠᠭᠤᠷᠢ ᠪᠠᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠳᠠᠪᠠᠭᠤᠯᠢᠭ᠂ ᠠᠵᠤ ᠠᠬᠤᠶᠢᠯᠠᠯ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠲᠣᠭᠤᠷᠢᠭ᠂ ᠳ᠋ᠦᠩᠱᠧᠩ ᠲᠤᠭᠤᠷᠢᠭ ᠲᠠᠬᠢ ᠪᠡᠯᠡ ᠣᠷᠣᠭᠤᠯᠤᠨ ᠬᠥᠭᠵᠢᠬᠦ ᠨᠥᠬᠦᠴᠡᠯ ᠪᠦᠷᠢᠨ ᠲᠡᠭᠦᠯᠳᠡᠷ ᠪᠠᠶᠢᠵᠤ᠂ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠢᠷᠡᠭᠡᠳᠦᠢ ᠥᠷᠭᠡᠨ ᠠᠭᠤᠳᠠᠮ ᠪᠠᠶᠢᠨ᠎ᠠ᠃ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ  ᠵᠠᠪᠰᠢᠶᠠᠨ ᠪᠣᠯᠭᠠᠵᠤ᠂ ᠠᠵᠤ ᠦᠢᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠨ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠣᠬᠢᠶᠠᠮᠠᠯ ᠤᠶᠤᠨ᠂ ᠲᠣᠨᠣᠭᠯᠠᠯ ᠦᠢᠯᠡᠳᠬᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢ ᠬᠦᠰᠡᠵᠦ ᠪᠠᠶᠢᠨ᠎ᠠ᠂ ᠳ᠋ᠦᠩᠱᠧᠩ ᠲᠣᠭᠤᠷᠢᠭ ᠤᠨ ᠬᠢᠨ ᠠᠵᠤ ᠠᠬᠤᠶᠢᠯᠠᠯ ᠳᠤ ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯᠤᠨ ᠡᠯᠧᠮᠧᠨ᠋ᠲ ᠤᠨ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠵᠤ ᠠᠬᠤᠶᠢᠯᠠᠯ ᠲᠠᠢ ᠬᠠᠮᠳᠤᠪᠡᠷ ᠬᠥᠭᠵᠢᠯᠲᠡ ᠶᠢᠨ ᠠᠵᠠ ᠲᠣᠬᠢᠶᠠᠯ ᠢ ᠡᠳ᠋ᠯᠡᠵᠦ᠂ ᠬᠠᠮᠲᠤᠷᠠᠯᠴᠠᠭ᠎ᠠ ᠬᠢᠵᠦ ᠠᠰᠢᠭ ᠬᠦᠷᠳᠡᠬᠦ ᠶᠢ ᠬᠠᠮᠲᠤᠪᠠᠷ ᠰᠦᠪᠡᠭᠴᠢᠯᠡᠨ᠎ᠡ ᠭᠡᠵᠦ ᠵᠢᠭᠠᠵᠤ ᠭᠠᠷᠭᠠᠪᠠ᠃     ᠷᠤᠤ ᠬᠤᠩ ᠢᠦᠢ᠂ ᠰᠠᠨ ᠢ ᠪᠦᠯᠦᠭᠯᠡᠯ ᠤᠨ ᠦᠨᠳᠦᠰᠦᠨ ᠪᠠᠶᠢᠳᠠᠯ᠂ ᠬᠥᠭᠵᠢᠯᠲᠡ ᠶᠢᠨ ᠪᠠᠶᠢᠯᠳᠤᠬᠤ ᠪᠤᠳᠤᠯᠭ᠎ᠠ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠲᠣᠪᠴᠢ ᠲᠠᠨᠢᠯᠴᠠᠭᠤᠯᠬᠤ ᠶᠢᠨ ᠬᠠᠮᠲᠤ ᠤᠷᠳᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠨᠡᠬᠡᠬᠡᠯᠳᠠ ᠶᠢᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠠᠵᠤ ᠦᠢᠯᠡᠰ ᠤᠨ ᠪᠠᠶᠢᠷᠢᠰᠢᠭᠤᠯᠤᠯᠲᠠ ᠵᠦᠢ ᠵᠣᠬᠢᠰᠲᠠᠢ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠰᠠᠶᠢᠨ᠂ ᠬᠥᠭᠵᠢᠯᠲᠡ ᠶᠢᠨ ᠬᠠᠨᠳᠤᠰᠢ ᠡᠷᠴᠢᠮᠳᠠᠢ ᠪᠠᠶᠢᠨ᠎ᠠ᠃ ᠰᠠᠨ ᠢ ᠪᠦᠯᠦᠭᠯᠡᠯ ᠤᠨ ᠬᠢᠨ ᠬᠤᠶᠠᠷ ᠲᠠᠯ᠎ᠠ ᠶᠢᠨ ᠬᠠᠮᠲᠤᠷᠠᠯᠴᠠᠭᠠᠨ ᠤ ᠠᠯᠤᠰ ᠢᠷᠡᠭᠡᠳᠦᠢ ᠳᠤ ᠢᠲᠡᠭᠡᠯ ᠲᠡᠭᠦᠯᠳᠡᠷ ᠪᠠᠶᠢᠵᠤ᠂ ᠵᠣᠯᠭᠠᠯᠴᠠᠭ᠎ᠠ ᠰᠣᠯᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠮᠲᠤᠷᠠᠯᠴᠠᠭᠠᠨ ᠤ ᠠᠵᠠ ᠲᠣᠬᠢᠶᠠᠯ ᠢ ᠢᠳᠡᠪᠬᠢᠲᠡᠢ ᠡᠷᠢᠯᠬᠢᠯᠡᠵᠦ᠂ ᠬᠠᠮᠲᠤᠷᠠᠯᠴᠠᠭᠠᠨ ᠤ ᠬᠦᠷᠢᠶ᠎ᠡ ᠪᠠᠨ ᠥᠷᠭᠡᠳᠬᠡᠵᠦ᠂ ᠠᠵᠤ ᠠᠬᠤᠶᠢᠯᠠᠯ ᠪᠠ ᠭᠠᠵᠡᠷ ᠣᠷᠣᠨ ᠤ ᠬᠠᠷᠢᠯᠴᠠᠨ ᠠᠰᠢᠭᠲᠠᠢ ᠪᠠᠶᠢᠬᠤ ᠪᠠ ᠬᠠᠮᠲᠤ ᠪᠠᠷ ᠬᠥᠭᠵᠢᠬᠦ ᠶᠢ ᠪᠡᠶᠡᠯᠡᠭᠦᠯᠦᠨ᠎ᠡ ᠭᠡᠵᠡᠢ᠃    ᠲᠣᠭᠤᠷᠢᠭ ᠤᠨ ᠤᠳᠤᠷᠢᠳᠤᠯᠭ᠎ᠠ ᠸᠠᠩ ᡁᠢ ᠵᠢᠴᠢ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠤᠶᠢᠯᠡᠰ ᠤᠨ ᠨᠡᠬᠡᠬᠡᠯᠳᠠ ᠶᠢᠨ ᠲᠣᠭᠤᠷᠢᠭ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠶᠠᠷᠢᠯᠴᠠᠬᠤ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ