ᠳ᠋ᠦᠩᠱᠧᠩ ᠲᠤᠭᠤᠷᠢᠭ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠨ ᠳᠤ ᠬᠠᠶᠢᠷ᠎ᠠ ᠬᠠᠯᠠᠮᠵᠢ ᠬᠦᠷᠬᠡᠬᠦ ᠠᠵᠢᠯᠯᠠᠭ᠎ᠠ ᠦᠷᠨᠢᠬᠦᠯᠪᠠ
ᠨᠡᠶᠢᠲᠡᠯᠡᠭᠰᠡᠨ ᠴᠠᠭ᠄
2023/12/27
8.1.jpg
    ᠡᠪᠦᠯ ᠣᠷᠣᠭᠰᠠᠨ ᠠᠴᠠ ᠨᠠᠰᠢ᠂ ᠪᠥᠬᠦ ᠲᠤᠭᠤᠷᠢᠭ ᠤᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠨ ᠬᠠᠬᠢᠷ ᠬᠦᠢᠲᠡᠨ᠂ ᠴᠠᠰᠤ ᠰᠢᠭᠤᠷᠭᠠᠨ ᠢ ᠬᠠᠶᠢᠬᠤᠷᠤᠯ ᠦᠭᠡᠢ ᠪᠠᠷ ᠬᠤᠲᠠ ᠶᠢᠨ ᠵᠡᠭᠡᠯᠢ ᠭᠤᠳᠤᠮᠵᠢ ᠶᠢ ᠴᠡᠪᠡᠷᠯᠡᠨ᠂  ᠪᠣᠳᠠᠲᠤ ᠠᠵᠢᠯᠯᠠᠭ᠎ᠠ  ᠪᠠᠷ ᠢᠶᠠᠨ ᠠᠷᠢᠭᠤᠨ ᠴᠡᠪᠡᠷ ᠬᠤᠳᠠ ᠶᠢᠨ ᠲᠦᠷᠢ ᠲᠦᠷᠬᠦ ᠶᠢ ᠬᠠᠮᠠᠭᠠᠯᠠᠵᠤ ᠪᠠᠶᠢᠭ᠎ᠠ ᠨᠢ ᠬᠠᠬᠢᠷ ᠡᠪᠤᠯ ᠤᠨ ᠬᠠᠮᠤᠭ ᠤᠨ ᠭᠤᠶᠤ ᠦᠵᠡᠮᠵᠢ ᠪᠤᠯᠤᠭᠰᠡᠨ ᠪᠠᠶᠢᠨ᠎ᠠ᠃ ᠲᠡᠳᠡᠨ ᠤ ᠰᠢᠷᠭᠠᠭᠤ ᠬᠦᠳᠡᠯᠮᠦᠷᠢ ᠳᠤ ᠲᠠᠯᠠᠷᠬᠠᠬᠤ ᠶᠢᠨ ᠲᠥᠯᠥᠭᠡ᠂ 12 ᠰᠠᠷ᠎ᠠ ᠶᠢᠨ 25  ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠳ᠋ᠦᠩᠱᠧᠩ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ᠂ ᠳ᠋ᠦᠩᠱᠧᠩ ᠲᠣᠭᠤᠷᠢᠭ ᠤᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ ᠳ᠋ᠦᠩᠱᠧᠩ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠳ᠋ᠦᠩᠱᠧᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠭᠡᠨ ᠤ ᠲᠥᠪ ᠤᠨ ᠠᠵᠢᠯᠲᠠᠳ ᠲᠤᠬᠠᠢ ᠶᠢᠨ ᠲᠠᠯᠠᠪᠤᠷ ᠲᠤ ᠬᠦᠷᠴᠦ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠨ ᠳᠤ ᠳᠤᠯᠠᠭᠠᠴᠠᠯᠭ᠎ᠠ ᠶᠢᠨ ᠡᠳ᠋ ᠪᠣᠳᠠᠰ ᠢ ᠲᠠᠷᠬᠠᠭᠠᠵᠤ᠂ ᠬᠤᠳᠠ ᠶᠢᠨ︽ᠭᠤᠶᠣᠯᠠᠭᠴᠢ︾ ᠳᠤ ᠬᠦᠨᠳᠦᠳᠬᠡᠯ ᠲᠠᠯᠠᠷᠬᠠᠯ ᠢᠶᠠᠨ ᠳᠡᠪᠰᠢᠭᠦᠯᠵᠦ᠂ ᠬᠠᠶᠢᠷ᠎ᠠ ᠬᠠᠯᠠᠮᠵᠢ ᠶᠢ ᠬᠦᠷᠬᠡᠪᠡ᠃
8.3.jpg
8.5.jpg
 
8.6.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ