ᠬᠠᠨ ᠲᠤᠤ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠵᠤ ᠲᠤᠬᠠᠶ ᠶᠢᠨ ᠲᠠᠯᠠᠪᠠᠢ ᠳᠤ ᠠᠯᠪᠠᠯᠠᠪᠠ
ᠨᠡᠶᠢᠲᠡᠯᠡᠭᠰᠡᠨ ᠴᠠᠭ᠄
2023/12/28
    12 ᠰᠠᠷ᠎ᠠ ᠶᠢᠨ 27 ᠤ ᠡᠳᠤᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠤᠷᠳᠤᠰ ᠬᠤᠳᠠ ᠶᠢᠨ ᠳ᠋ᠠ ᠰᠢᠩ ᠢᠯᠴᠢ ᠴᠠᠬᠢᠯᠭᠠᠨ ᠤ ᠬᠢᠵᠠᠭᠠᠷᠲᠤ ᠬᠠᠷᠢᠭᠤᠴᠠᠯᠭᠠᠳᠤ ᠺᠣᠮᠫᠠᠨᠢ᠂ ᠤᠯᠤᠰ ᠤᠨ ᠴᠠᠬᠢᠯᠭᠠᠨ ᠬᠦᠴᠦᠨ ᠤ ᠳ᠋ᠦᠩᠱᠧᠩ ᠤᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ᠂ ᠤᠷᠳᠤᠰ ᠤᠨ ᠠᠶᠠᠨᠴᠢᠳ ᠤᠨ ᠲᠡᠭᠡᠭᠡᠪᠦᠷᠢ ᠶᠢᠨ ᠶᠡᠷᠦᠩᠬᠡᠢ ᠦᠷᠳᠡᠭᠡ ᠵᠡᠷᠭᠡ ᠭᠠᠵᠠᠷ ᠢᠶᠠᠷ ᠭᠦᠨᠵᠡᠭᠡᠶᠢᠷᠡᠨ ᠢᠯᠴᠢ ᠬᠠᠩᠭᠠᠯᠭ᠎ᠠ  ᠶᠢᠨ ᠪᠠᠲᠤᠯᠠᠭ᠎ᠠ᠂ ᠨᠡᠭᠦᠷᠡᠰᠦᠨ ᠤ ᠨᠥᠭᠡᠴᠡ᠂ ᠲᠥᠬᠦᠭᠡᠷᠦᠮᠵᠢ ᠶᠢᠨ ᠠᠵᠢᠯᠯᠠᠭᠠᠨ ᠵᠢᠴᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠪᠠᠶᠢᠴᠠᠭᠠᠭᠰᠠᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠵᠤ᠂ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠬᠠᠨ ᠲᠤᠤ᠂ ᠡᠪᠦᠯ ᠤᠨ ᠤᠯᠠᠷᠢᠯ ᠤᠨ ᠢᠯᠴᠢ ᠬᠠᠩᠭᠠᠬᠤ ᠠᠵᠢᠯ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠬᠤ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠤᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠰᠡᠳᠬᠢᠯ ᠲᠠᠯᠪᠢᠨ ᠰᠢᠢᠳᠪᠦᠷᠢᠯᠡᠵᠦ᠂ ᠢᠯᠴᠢ ᠬᠠᠩᠭᠠᠬᠤ ᠬᠢᠷᠢ ᠲᠦᠪᠰᠢᠨ ᠪᠣᠯᠤᠨ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠢᠨᠠᠨ ᠬᠠᠮᠢᠶᠠᠷᠬᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ ᠴᠢᠩᠭᠠᠳᠬᠠᠵᠤ᠂ ᠦᠷᠬᠦᠯᠵᠢ ᠶᠢᠨ ᠴᠢᠨᠠᠷᠲᠠᠶ ᠪᠠᠷ ᠢᠯᠴᠢ  ᠬᠠᠩᠭᠠᠬᠤ ᠠᠵᠤ ᠠᠬᠤᠶᠢᠯᠠᠯ᠂ ᠢᠯᠴᠢ ᠰᠤᠯᠢᠬᠤ ᠥᠷᠲᠡᠭᠡ ᠵᠡᠷᠭᠡ ᠭᠠᠵᠡᠷ ᠲᠤ ᠭᠦᠨᠵᠡᠭᠡᠶᠢᠷᠡᠨ ᠠᠵᠢᠯᠯᠠᠭᠠᠨ ᠤ ᠪᠠᠶᠢᠳᠠᠯ ᠢ ᠲᠤᠬᠠᠶ ᠶᠢᠨ ᠲᠠᠯᠠᠪᠠᠢ ᠳᠤ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠳᠤ ᠴᠢᠭᠯᠡᠭᠦᠯᠦᠨ᠂ ᠢᠳᠡᠪᠬᠢᠲᠡᠶ ᠪᠠᠷ ᠵᠣᠬᠢᠴᠠᠭᠤᠯᠤᠨ ᠰᠢᠢᠳᠪᠦᠷᠢᠯᠡᠵᠦ᠂ ᠢᠯᠴᠢ ᠬᠠᠩᠭᠠᠬᠤ ᠶᠠᠰᠤ ᠴᠢᠨᠠᠷ ᠢ ᠦᠨᠡᠨᠬᠦ ᠪᠠᠲᠤᠯᠠᠬᠤ ᠬᠡᠷᠡᠭᠲᠡᠶ᠃ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ᠂ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠤᠯᠠᠨ ᠲᠦᠮᠡᠨ ᠤ ᠪᠣᠳᠠᠲᠠᠢ ᠠᠰᠠᠭᠤᠳᠠᠯ ᠢ ᠲᠡᠷᠡ ᠳᠠᠷᠤᠢ ᠳᠤᠨᠢ ᠰᠢᠢᠳᠪᠦᠷᠢᠯᠡᠬᠦ ᠬᠡᠷᠡᠭᠲᠡᠢ᠃ ᠡᠯ᠎ᠡ ᠢᠯᠴᠢ ᠬᠠᠩᠭᠠᠬᠤ ᠠᠵᠤ ᠠᠬᠤᠶᠢᠯᠠᠯ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠥᠬᠦᠭᠡᠷᠦᠮᠵᠢ ᠶᠢᠨ ᠠᠵᠢᠯᠯᠠᠭᠠᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠯᠳᠠ᠂ ᠪᠠᠶᠢᠴᠠᠭᠠᠯᠳᠠ ᠰᠠᠯᠪᠢᠯᠳᠠ ᠵᠠᠰᠠᠨ ᠬᠠᠮᠠᠭᠠᠯᠠᠯᠳᠠ ᠵᠡᠷᠭᠡ ᠡᠯ᠎ᠡ ᠵᠤᠶᠢᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠢᠯᠴᠢ ᠬᠠᠩᠭᠠᠬᠤ ᠲᠥᠬᠦᠭᠡᠷᠦᠮᠵᠢ ᠶᠢᠨ ᠠᠮᠤᠷ ᠲᠦᠪᠰᠢᠨ ᠨᠠᠶᠢᠳᠠᠪᠤᠷᠢᠲᠠᠶ ᠪᠠᠶᠢᠬᠤ᠂ ᠢᠯᠴᠢ ᠶᠢᠨ ᠡᠬᠢ ᠶᠢᠨ ᠬᠠᠩᠭᠠᠯᠭ᠎ᠠ ᠬᠦᠢᠴᠡᠳ ᠪᠠᠶᠢᠬᠤ ᠶᠢ ᠪᠠᠲᠤᠯᠠᠬᠤ ᠬᠡᠷᠡᠭᠲᠡᠶ᠃ ᠦᠢᠯᠡᠴᠢᠯᠡᠭᠡᠨ ᠤ ᠣᠶᠢᠯᠠᠭᠠᠭᠳᠠᠬᠤᠨ ᠢᠶᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠡᠷᠡᠭᠯᠡᠭᠴᠢᠳ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠭᠤᠮᠣᠳᠠᠯ ᠱᠠᠭᠠᠷᠳᠠᠯᠭ᠎ᠠ ᠶᠢ ᠲᠤᠰᠬᠠᠬᠤ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠲᠤᠰᠬᠠᠭᠰᠠᠨ ᠢᠯᠴᠢ ᠬᠠᠩᠭᠠᠯᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠵᠦ᠂ ᠬᠠᠷᠢᠭᠤ ᠲᠤᠰᠬᠠᠬᠤ ᠬᠡᠷᠡᠭᠲᠡᠢ᠃ ᠴᠠᠭ ᠠᠭᠤᠷ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠬᠦᠢᠲᠡᠨ ᠠᠭᠤᠷ ᠠᠮᠢᠰᠬᠤᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠨ ᠵᠠᠪᠳᠤᠨ ᠵᠠᠰᠠᠬᠤ ᠡᠩᠨᠡᠭᠡ ᠪᠠ ᠮᠠᠰᠢᠨ ᠲᠥᠬᠦᠭᠡᠷᠦᠮᠵᠢ ᠶᠢ ᠪᠦᠷᠢᠨ ᠭᠦᠢᠴᠡᠳ ᠪᠡᠯᠡᠳᠬᠡᠵᠦ᠂ ᠢᠯᠴᠢ ᠬᠠᠩᠭᠠᠯᠭ᠎ᠠ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠤᠯᠠᠨ ᠤ ᠠᠮᠤᠷ ᠲᠦᠪᠰᠢᠨ ᠬᠠᠯᠠᠭᠤᠨ ᠳᠤᠯᠠᠭᠠᠨ ᠡᠪᠦᠯ ᠢ ᠥᠩᠭᠡᠷᠡᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ