1 — 10 ᠰᠠᠷ᠎ᠠ ᠳᠤ ᠡᠨᠧᠷᠭᠢ ᠤᠶᠢᠯᠡᠳᠪᠤᠷᠢᠯᠡᠨ ᠤᠯᠠᠷᠢᠯᠠᠭᠤᠯᠤᠭᠰᠠᠨ ᠦᠷ᠎ᠡ ᠪᠦᠲᠦᠮᠵᠢ 63.1% ᠳᠤ ᠬᠥᠷᠪᠡ
ᠨᠡᠶᠢᠲᠡᠯᠡᠭᠰᠡᠨ ᠴᠠᠭ᠄
2023/12/7
    1 — 10 ᠰᠠᠷ᠎ᠠ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠡᠨᠧᠷᠭᠢ ᠤᠶᠢᠯᠡᠳᠪᠤᠷᠢᠯᠡᠨ ᠤᠯᠠᠷᠢᠯᠠᠭᠤᠯᠤᠭᠰᠠᠨ ᠪᠡᠯᠡ ᠣᠷᠣᠭᠤᠯᠤᠯᠲᠠ ᠶᠢᠨ ᠬᠡᠮᠵᠢᠶ᠎ᠡ 678.01 ᠲᠦᠮᠡᠨ ᠲᠣᠨ ᠪᠠᠷᠢᠮᠵᠢᠶᠠᠲᠤ ᠨᠡᠭᠦᠷᠡᠰᠦ᠂ ᠭᠠᠷᠤᠯᠳᠠ ᠶᠢᠨ ᠬᠡᠮᠵᠢᠶ᠎ᠡ 427.94 ᠲᠦᠮᠡᠨ ᠲᠣᠨ ᠪᠠᠷᠢᠮᠵᠢᠶᠠᠲᠤ ᠨᠡᠭᠦᠷᠡᠰᠦ ᠪᠠᠶᠢᠵᠤ᠂ ᠡᠨᠧᠷᠭᠢ ᠤᠶᠢᠯᠡᠳᠪᠤᠷᠢᠯᠡᠨ ᠤᠯᠠᠷᠢᠯᠠᠭᠤᠯᠤᠭᠰᠠᠨ ᠦᠷ᠎ᠡ ᠪᠦᠲᠦᠮᠵᠢ 63.1% ᠳᠤ ᠬᠦᠷᠴᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ  ᠬᠢ ᠠᠴᠠ 7 ᠵᠠᠭᠤᠨ ᠤ ᠬᠤᠪᠢ ᠳᠡᠭᠡᠭᠰᠢᠯᠡᠪᠡ᠃ ᠡᠭᠦᠨ ᠳᠤ ᠢᠯᠴᠢ ᠶᠢᠨ ᠬᠦᠴᠦᠨ ᠤ ᠴᠠᠬᠢᠯᠭᠠᠨ ᠭᠠᠷᠭᠠᠯᠲᠠ ᠶᠢᠨ ᠠᠰᠢᠭᠯᠠᠮᠵᠢ 41.8% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.1 ᠵᠠᠭᠤᠨ ᠤ ᠬᠤᠪᠢ ᠪᠠᠭᠤᠷᠠᠪᠠ︔ ᠢᠯᠴᠢ ᠬᠠᠩᠭᠠᠭᠰᠠᠨ ᠦᠷ᠎ᠡ ᠪᠦᠲᠦᠮᠵᠢ 81.8% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 0.4 ᠵᠠᠭᠤᠨ ᠤ ᠬᠤᠪᠢ ᠳᠡᠭᠡᠭᠰᠢᠯᠡᠵᠦ᠂ ᠢᠯᠴᠢ ᠴᠠᠬᠢᠯᠭᠠᠨ ᠤ ᠬᠠᠮᠲᠤᠷᠠᠭᠰᠠᠨ ᠭᠠᠷᠤᠯᠲᠠ ᠶᠢᠨ ᠦᠷ᠎ᠡ ᠪᠦᠲᠦᠮᠵᠢ 46.2% ᠪᠠᠶᠢᠵᠤ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 2.5 ᠵᠠᠭᠤᠨ ᠤ ᠬᠤᠪᠢ ᠪᠠᠭᠤᠷᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ