ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠨᠡᠶᠢᠲᠡᠯᠡᠭᠰᠡᠨ 40 ᠵᠢᠯ ᠤᠨ ᠣᠶ ᠶᠢ ᠳᠤᠷᠠᠰᠬᠠᠬᠤ ᠠᠵᠢᠯᠯᠠᠭ᠎ᠠ ᠳ᠋ᠦᠩᠱᠧᠩ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2023/12/9
3.1.jpg
    12 ᠰᠠᠷ᠎ᠠ ᠶᠢᠨ 8 ᠤ ᠡᠳᠦᠷ᠂ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠵᠢᠴᠢ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠨᠡᠶᠢᠲᠡᠯᠡᠭᠰᠡᠨ 40 ᠵᠢᠯ ᠤᠨ ᠣᠶ ᠶᠢ ᠳᠤᠷᠠᠰᠬᠠᠬᠤ ᠠᠵᠢᠯᠯᠠᠭ᠎ᠠ ᠳ᠋ᠦᠩᠱᠧᠩ ᠲᠣᠭᠤᠷᠢᠭ ᠲᠤ ᠶᠠᠪᠤᠭᠳᠠᠪᠠ᠃ ᠠᠵᠢᠯᠯᠠᠭ᠎ᠠ ᠨᠢ ︽ᠠᠵᠤ ᠠᠬᠤᠢ ᠶᠢᠨ  ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷ ᠰᠢᠨ᠎ᠡ ᠴᠠᠭ ᠦᠶ᠎ᠡ ᠶᠢ ᠦᠵᠡᠬᠦᠯᠬᠦ︾ ᠪᠠᠷ ᠭᠤᠣᠯ ᠰᠡᠳᠦᠪ ᠪᠣᠯᠭᠠᠵᠤ᠂ ᠠᠬᠤᠢ ᠲᠠᠯᠠᠪᠠᠢ ᠳᠤ ᠤᠬᠠᠭᠤᠯᠭ᠎ᠠ ᠶᠢᠨ ᠹᠢᠯᠢᠮ ᠰᠤᠨᠢᠷᠬᠠᠭᠤᠯᠬᠤ᠂ ᠰᠡᠳᠦᠪ ᠬᠠᠷᠢᠭᠤᠯᠬᠤ᠂ ᠲᠣᠭᠯᠠᠭᠠᠮ ᠨᠠᠭᠠᠳᠬᠤ᠂ ᠠᠰᠠᠭᠤᠨ ᠯᠠᠪᠯᠠᠬᠤ ᠵᠡᠷᠭᠡ ᠠᠷᠭ᠎ᠠ ᠬᠡᠯᠪᠡᠷᠢ ᠪᠠᠷ ᠥᠷᠭᠡᠨ ᠤᠯᠠᠨ ᠬᠤᠳᠠ ᠶᠢᠨ ᠠᠷᠠᠳ ᠤᠨ ᠠᠩᠬᠠᠷᠤᠯ ᠢ ᠲᠠᠲᠠᠵᠠᠢ᠃ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠵᠡᠷᠭᠡ  ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 4000 ᠭᠠᠷᠤᠢ ᠬᠤᠪᠢ ᠲᠠᠷᠬᠠᠭᠠᠵᠤ᠂ ᠣᠷᠣᠯᠴᠠᠭᠰᠠᠨ ᠬᠥᠮᠥᠨ ᠤ ᠲᠤᠭ᠎ᠠ 500 ᠭᠠᠷᠤᠢ ᠳᠤ ᠬᠦᠷᠴᠠᠢ᠃
3.2.jpg
3.3.jpg
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ