ᠪᠡᠶ᠎ᠡ ᠪᠠᠨ ᠪᠤᠯᠪᠠᠰᠤᠷᠠᠬᠤ ᠳᠤ ᠪᠠᠨ ᠡᠳᠡᠬᠡᠷ ᠵᠦᠢᠯᠡᠰ ᠢ ᠠᠩᠬᠠᠷᠤᠭᠠᠷᠠᠢ︕
ᠨᠡᠶᠢᠲᠡᠯᠡᠭᠰᠡᠨ ᠴᠠᠭ᠄
2023/2/14
      ᠬᠠᠪᠤᠷ ᠤᠨ ᠤᠯᠠᠷᠢᠯ ᠬᠦᠷᠴᠤ ᠢᠷᠡᠨ ᠳᠡᠭᠷᠢ ᠳᠤᠯᠠᠭᠠᠷᠠᠬᠤ ᠶᠢ ᠳᠠᠭᠠᠯᠳᠤᠨ᠂ ᠬᠦᠮᠦᠰ ᠤᠨ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠬᠦ ᠤᠳᠠᠭ᠎ᠠ ᠴᠤ ᠠᠶᠠᠨᠳᠠᠭᠠᠨ ᠨᠡᠮᠡᠭᠳᠡᠵᠤ ᠡᠬᠢᠯᠡᠳᠡᠭ᠃ ᠪᠢᠳᠠ ᠬᠡᠷ ᠤᠨ ᠭᠠᠳᠠᠨᠠᠬᠢ ᠪᠤᠶᠤ ᠬᠡᠷ ᠳᠤᠳᠤᠷᠠᠬᠢ ᠬᠦᠳᠡᠯᠬᠡᠬᠡᠨ ᠤ ᠠᠯᠢᠨ ᠢ ᠨᠢ ᠬᠢᠭᠰᠡᠨ ᠴᠤ ᠳᠤᠤᠷᠠᠬᠢ ᠵᠦᠢᠯᠡᠰ ᠢ ᠠᠩᠬᠠᠷᠤᠯ ᠳᠤ ᠪᠠᠨ ᠠᠪᠤᠶ᠎ᠠ︕       ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠵᠤ ᠪᠠᠶᠢᠬᠤ ᠳᠤ ᠪᠠᠨ ᠳᠤᠬᠢᠷᠠᠮᠵᠢᠳᠡᠢ ᠤᠰᠤ ᠤᠤᠭᠤᠬᠤ ᠳᠠᠳᠬᠠᠯ  ᠢ ᠪᠠᠷᠢᠮᠳᠠᠯᠠᠶ᠎ᠠ︕       ᠬᠦᠳᠡᠯᠬᠡᠬᠡᠨ ᠬᠢᠵᠤ ᠪᠠᠶᠢᠬᠤ ᠳᠤ ᠪᠠᠨ ᠳᠤᠬᠢᠷᠠᠮᠵᠢᠳᠡᠢ ᠪᠠᠷ ᠤᠰᠤ ᠨᠦᠬᠦᠪᠤᠷᠢᠯᠡᠵᠤ᠂  ᠳᠠᠮᠢᠷ ᠬᠦᠴᠦ ᠬᠦᠷᠦᠯᠴᠡᠬᠦ ᠦᠬᠡᠢ ᠪᠠᠶᠢᠳᠠᠯ ᠭᠠᠷᠬᠤ ᠠᠴᠠ ᠰᠡᠷᠬᠡᠶᠢᠯᠡᠬᠦ ᠬᠡᠷᠡᠭᠳᠡᠢ᠃ ᠤᠰᠤ ᠤᠤᠭᠤᠬᠤ ᠳᠤ ᠪᠠᠨ ᠪᠠᠭ᠎ᠠ ᠪᠠᠭ᠎ᠠ ᠪᠠᠷ ᠤᠤᠭᠤᠬᠤ ᠮᠦᠷᠳᠡᠬᠡᠨ ᠬᠦᠢᠳᠡᠨ ᠤᠰᠤ ᠤᠤᠭᠤᠬᠤ ᠦᠬᠡᠢ ᠪᠤᠯ ᠰᠠᠶᠢᠨ᠃ ᠬᠦᠳᠡᠯᠬᠡᠬᠡᠨ ᠬᠢᠬᠦ ᠠᠴᠠ ᠡᠮᠤᠨ᠎ᠡ᠂ ᠬᠦᠳᠡᠯᠬᠡᠬᠡᠨ ᠬᠢᠬᠦ ᠶᠠᠪᠤᠴᠠ ᠳᠤ᠂ ᠬᠦᠳᠡᠯᠬᠡᠬᠡᠨ ᠬᠢᠭᠰᠡᠨ ᠤ ᠳᠠᠷᠠᠭ᠎ᠠ ᠴᠦᠮ ᠤᠰᠤ ᠨᠦᠬᠦᠪᠤᠷᠢᠯᠡᠬᠦ ᠶᠢ ᠠᠩᠬᠠᠷᠬᠤ ᠴᠢᠬᠤᠯᠠᠳᠠᠢ︕       ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠭᠰᠡᠨ ᠤ ᠳᠠᠷᠠᠭ᠎ᠠ ᠳᠠᠷᠤᠶᠢᠬᠠᠨ ᠪᠡᠶ᠎ᠡ ᠪᠠᠨ ᠤᠬᠢᠶᠠᠵᠤ ᠪᠤᠯᠬᠤ ᠦᠬᠡᠢ︕       ᠬᠦᠳᠡᠯᠬᠡᠬᠡᠨ ᠬᠢᠭᠰᠡᠨ ᠤ ᠳᠠᠷᠠᠭ᠎ᠠ ᠬᠦᠮᠦᠨ ᠤ ᠪᠡᠶ᠎ᠡ ᠶᠢᠨ ᠳᠤᠯᠠᠭᠠᠨ ᠢᠶᠠᠨ ᠳᠤᠬᠢᠷᠠᠭᠤᠯᠬᠤ ᠶᠢᠨ ᠳᠤᠯᠠᠳᠠ ᠴᠢᠰᠤᠨ ᠰᠤᠳᠠᠯ ᠳᠡᠯᠡᠭᠳᠡᠨ ᠦᠰᠦᠨ ᠤ ᠰᠦᠪᠡ ᠨᠡᠬᠡᠬᠡᠭᠳᠡᠳᠡᠭ᠃ ᠡᠨᠡ ᠦᠶ᠎ᠡ ᠳᠤ ᠪᠡᠶ᠎ᠡ ᠤᠬᠢᠶᠠᠬᠤ ᠨᠢ ᠴᠢᠰᠤᠨ ᠤ ᠡᠷᠬᠢᠯᠳᠡ ᠶᠢ ᠤᠳᠠᠭᠠᠰᠢᠷᠠᠭᠤᠯᠵᠤ ᠪᠡᠶ᠎ᠡ ᠶᠢᠨ ᠳᠠᠷᠬᠠᠯᠠᠭ᠎ᠠ ᠮᠠᠭᠤᠳᠠᠬᠤ ᠪᠠᠶᠢᠳᠠᠯ ᠭᠠᠷᠴᠤ ᠮᠡᠳᠡᠨ᠎ᠡ᠃ ᠡᠶᠢᠮᠤ ᠠᠴᠠ ᠪᠢᠳᠠ ᠬᠦᠳᠡᠯᠬᠡᠬᠡᠨ ᠬᠢᠭᠰᠡᠨ ᠤ ᠳᠠᠷᠠᠭ᠎ᠠ᠂ ᠬᠦᠯᠦᠰᠤ ᠪᠠᠨ ᠰᠡᠪᠢᠬᠡᠨ᠂ ᠬᠦᠢᠴᠡᠳ ᠠᠮᠠᠷᠠᠭᠰᠠᠨ ᠤ ᠳᠠᠷᠠᠭ᠎ᠠ ᠪᠡᠶ᠎ᠡ  ᠪᠠᠨ ᠤᠬᠢᠶᠠᠪᠠᠯ ᠵᠤᠬᠢᠨ᠎ᠠ᠃       ᠤᠷᠳᠤ ᠬᠤᠭᠤᠴᠠᠭ᠎ᠠ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠭᠰᠡᠨ ᠦᠬᠡᠢ ᠪᠠᠷ ᠬᠡᠨᠡᠳᠳᠡ ᠰᠢᠷᠦᠬᠦᠨ ᠬᠦᠳᠡᠯᠬᠡᠬᠡᠨ ᠬᠢᠵᠤ ᠪᠤᠯᠬᠤ ᠦᠬᠡᠢ︕       ᠬᠡᠨᠡᠳᠳᠡ ᠪᠠᠷ ᠰᠢᠷᠦᠬᠦᠨ ᠬᠦᠳᠡᠯᠬᠡᠬᠡᠨ ᠬᠢᠬᠦ ᠨᠢ ᠶᠡᠭᠡ ᠶᠠᠳᠠᠷᠠᠬᠤ ᠪᠠᠶᠢᠳᠠᠯ ᠲᠠᠢ ᠪᠤᠯᠬᠤ᠂ ᠪᠦᠬᠦ ᠪᠡᠶ᠎ᠡ  ᠶᠢᠨ ᠪᠤᠯᠴᠢᠩ ᠰᠢᠷᠪᠤᠰᠤ ᠱᠠᠷᠬᠢᠷᠠᠨ ᠡᠪᠡᠳᠬᠦ᠂ ᠪᠤᠯᠴᠢᠩ ᠤᠨ ᠰᠤᠩᠭᠠᠯᠳᠠ ᠠᠴᠠ ᠪᠤᠯᠤᠭᠰᠠᠨ ᠰᠢᠷᠬᠠᠳᠤᠯ ᠬᠡᠬᠦ ᠮᠡᠳᠤ ᠶᠢᠨ ᠪᠠᠶᠢᠳᠠᠯ ᠢᠯᠡᠷᠡᠵᠤ ᠮᠡᠳᠡᠨ᠎ᠡ᠃ ᠪᠢᠳᠠ ᠪᠡᠶ᠎ᠡ ᠶᠢᠨ ᠬᠠᠯᠠᠭᠠᠯᠳᠠ ᠠᠴᠠ ᠡᠬᠢᠯᠡᠨ ᠲᠦᠬᠦᠮ ᠬᠦᠳᠡᠯᠬᠡᠬᠡᠨ ᠬᠢᠵᠤ᠂ ᠠᠭᠠᠵᠢᠮ ᠠᠭᠠᠵᠢᠮ ᠢᠶᠠᠷ ᠬᠦᠴᠦᠯᠡᠴᠡ ᠪᠠᠨ ᠨᠡᠮᠡᠪᠡᠯ ᠵᠤᠬᠢᠨ᠎ᠠ᠃       ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠬᠦ ᠳᠤ ᠪᠠᠨ ᠡᠪᠤᠳᠦᠭ ᠤᠨ ᠦᠶ᠎ᠡ ᠪᠠᠨ ᠰᠠᠶᠢᠳᠤᠷ ᠬᠠᠮᠠᠭᠠᠯᠠᠪᠠᠯ ᠵᠤᠬᠢᠨ᠎ᠠ︕       ᠬᠦᠮᠦᠰ ᠨᠠᠰᠤ ᠠᠬᠢᠬᠤ ᠶᠢ ᠳᠠᠭᠠᠯᠳᠤᠨ ᠡᠪᠤᠳᠦᠭ ᠤᠨ ᠦᠶ᠎ᠡ ᠶᠢᠨ ᠴᠢᠳᠠᠪᠤᠷᠢ ᠠᠶᠠᠨᠳᠠᠭᠠᠨ ᠮᠠᠭᠤᠳᠠᠬᠤ ᠪᠠᠶᠢᠳᠠᠯ ᠢᠯᠡᠷᠡᠨ᠎ᠡ᠃ ᠬᠡᠬᠦ ᠳᠤ ᠡᠬᠦᠨ ᠠᠴᠠ ᠪᠤᠯᠵᠤ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠬᠦ ᠦᠬᠡᠢ ᠪᠠᠶᠢᠵᠤ ᠪᠤᠯᠬᠤ ᠦᠬᠡᠢ᠃ ᠬᠠᠷᠢᠨ ᠦᠪᠡᠷ ᠤᠨ ᠪᠡᠶ᠎ᠡ ᠳᠤ ᠪᠠᠨ ᠳᠤᠬᠢᠷᠠᠭᠰᠠᠨ ᠬᠦᠳᠡᠯᠬᠡᠬᠡᠨ ᠢ ᠰᠤᠩᠭᠤᠨ ᠡᠷᠡᠬᠦᠯ ᠴᠢᠬᠢᠷᠠᠭ  ᠲᠤ ᠪᠠᠨ ᠪᠠᠳᠤᠯᠠᠭ᠎ᠠ ᠬᠠᠩᠭᠠᠬᠤ ᠴᠢᠬᠤᠯᠠᠳᠠᠢ᠃       ᠬᠡᠳᠤᠢ ᠬᠦᠯᠦᠰᠤ ᠭᠠᠷᠪᠠᠯ ᠳᠡᠳᠤᠢ ᠮᠠᠷᠢᠶ᠎ᠠ ᠰᠢᠭᠤᠷᠠᠭᠤᠯᠤᠨ᠎ᠠ ᠬᠡᠳᠡᠭ ᠦᠢᠯᠠᠭᠠᠯᠳᠠ ᠪᠤᠷᠤᠭᠤ ᠪᠠᠶᠢᠳᠠᠭ︕       ᠤᠯᠠᠩᠬᠢ ᠬᠦᠮᠦᠰ ᠬᠠᠮᠤᠭ ᠤᠨ ᠠᠩᠬ᠎ᠠ ᠬᠦᠳᠡᠯᠬᠡᠬᠡᠨ ᠬᠢᠬᠦ ᠦᠶ᠎ᠡ ᠳᠤ ᠪᠠᠨ ︽ᠪᠢ ᠬᠡᠳᠤᠢ ᠬᠡᠳᠤᠢ ᠵᠢᠩ ᠮᠠᠷᠢᠶ᠎ᠠ ᠰᠢᠭᠤᠷᠠᠭᠤᠯᠤᠨ᠎ᠠ︾ ᠬᠡᠵᠤ ᠲᠦᠯᠦᠪᠯᠡᠭᠡ ᠳᠤᠭᠳᠠᠭᠠᠳᠠᠭ᠃ ᠬᠡᠬᠦ ᠳᠤ ᠮᠠᠷᠢᠶ᠎ᠠ ᠰᠢᠭᠤᠷᠠᠭᠤᠯᠬᠤ ᠨᠢ ᠬᠦᠨᠳᠤ  ᠶᠢᠨ ᠵᠢᠩ ᠲᠠᠢ ᠰᠢᠭᠤᠳ ᠬᠤᠯᠪᠤᠭ᠎ᠠ ᠦᠬᠡᠢ ᠪᠠᠶᠢᠳᠠᠭ᠃ ᠬᠦᠳᠡᠯᠬᠡᠬᠡᠨ ᠬᠢᠵᠤ ᠬᠦᠯᠦᠰᠤ ᠭᠠᠷᠬᠤ ᠨᠢ ᠪᠡᠶ᠎ᠡ ᠳᠤᠳᠤᠷᠠᠬᠢ ᠤᠰᠤ ᠶᠢ ᠭᠠᠳᠠᠭᠰᠢᠯᠠᠭᠤᠯᠵᠤ ᠪᠠᠶᠢᠳᠠᠭ ᠠᠴᠠ ᠤᠯᠠᠩᠬᠢ ᠪᠠᠶᠢᠳᠠᠯ ᠳᠤ ᠤᠰᠤ ᠨᠦᠬᠦᠪᠤᠷᠢᠯᠡᠭᠰᠡᠨ ᠤ ᠳᠠᠷᠠᠭ᠎ᠠ ᠪᠡᠶ᠎ᠡ ᠶᠢᠨ ᠬᠦᠨᠳᠤ ᠳᠠᠬᠢᠨ ᠤᠤᠯ ᠤᠨ ᠬᠡᠪ ᠲᠤ ᠪᠠᠨ ᠪᠤᠴᠠᠳᠠᠭ᠃
ᠢᠷᠡᠯᠲᠡ᠄ NMTV ᠰᠤᠶᠤᠯ ᠸᠢᠴᠠᠲ ᠳᠠᠪᠴᠠᠩ