ᠬᠠᠪᠤᠷ ᠤᠨ ᠠᠭᠤᠷ ᠤᠷᠤᠪᠠᠯ ᠶᠠᠭᠤ ᠶᠢ ᠠᠩᠬᠠᠷᠬᠤ ᠴᠢᠬᠤᠯᠠᠳᠠᠢ ᠪᠤᠢ
ᠨᠡᠶᠢᠲᠡᠯᠡᠭᠰᠡᠨ ᠴᠠᠭ᠄
2023/2/15
      ᠬᠡᠳᠤ ᠡᠷᠳᠡ ᠠᠴᠠ ᠬᠤᠪᠴᠠᠰᠤ ᠪᠠᠨ ᠨᠢᠮᠬᠡᠯᠡᠬᠦ ᠠᠴᠠ ᠬᠢᠴᠢᠶᠡᠶ᠎ᠡ︕       ᠬᠠᠪᠤᠷ ᠤᠨ ᠡᠬᠢᠨ ᠳᠤ ᠠᠭᠤᠷ ᠠᠮᠢᠰᠬᠤᠯ ᠤᠨ ᠬᠤᠪᠢᠷᠠᠯᠳᠠ ᠶᠡᠭᠡ᠂ ᠠᠭᠠᠷ ᠤᠨ ᠳᠤᠯᠠᠭᠠᠨ ᠤ ᠵᠦᠷᠢᠶ᠎ᠡ ᠶᠡᠭᠡ ᠪᠠᠶᠢᠳᠠᠭ ᠠᠴᠠ ᠬᠤᠪᠴᠠᠰᠤ ᠬᠤᠨᠠᠷ ᠢᠶᠠᠨ ᠳᠤᠬᠢᠷᠠᠭᠤᠯᠬᠤ ᠶᠢ ᠠᠩᠬᠠᠷᠴᠤ᠂ ᠬᠡᠳᠤᠷᠬᠡᠢ ᠨᠢᠮᠬᠡᠨ ᠡᠮᠦᠰᠬᠦ ᠦᠬᠡᠢ ᠃ ᠢᠯᠠᠩᠭᠤᠶ᠎ᠠ ᠨᠠᠰᠤᠳᠠᠶᠢᠴᠤᠳ ᠪᠤᠶᠤ ᠪᠡᠶ᠎ᠡ ᠶᠢᠨ ᠳᠠᠷᠬᠠᠯᠠᠭ᠎ᠠ ᠠᠨᠠᠢ ᠬᠦᠮᠦᠰ ᠤᠨᠴᠠᠯᠠᠨ ᠠᠩᠬᠠᠷᠤᠶ᠎ᠠ᠃       ᠡᠷᠳᠡ ᠤᠨᠳᠠᠵᠤ ᠡᠷᠳᠡ ᠪᠤᠰᠬᠤ ᠶᠢ ᠪᠠᠷᠢᠮᠳᠠᠯᠠᠶ᠎ᠠ︕       ᠬᠠᠪᠤᠷ ᠤᠨ ᠤᠯᠠᠷᠢᠯ ᠳᠤ ᠬᠦᠮᠦᠨ ᠤ ᠪᠡᠶ᠎ᠡ ᠶᠢᠨ ᠬᠡᠢ ᠴᠢᠰᠤᠨ ᠤ ᠡᠷᠬᠢᠯᠳᠡ ᠰᠠᠶᠢᠨ ᠪᠠᠶᠢᠬᠤ ᠶᠢ ᠱᠠᠭᠠᠷᠳᠠᠳᠠᠭ ᠳᠤᠯᠠ ᠬᠦᠢᠴᠡᠳ ᠨᠤᠶᠢᠷ ᠢ ᠪᠠᠳᠤᠯᠠᠨ᠂ ᠳᠤᠭᠳᠠᠭᠰᠠᠨ ᠴᠠᠭ ᠲᠠᠢ ᠤᠨᠳᠠᠵᠤ ᠠᠮᠠᠷᠠᠪᠠᠯ ᠵᠤᠬᠢᠰᠳᠠᠢ᠃ ᠬᠠᠮᠤᠭ ᠤᠨ ᠰᠠᠶᠢᠨ ᠨᠢ ᠤᠷᠤᠢ ᠶᠢᠨ 11 ᠴᠠᠭ ᠠᠴᠠ ᠡᠷᠳᠡ ᠤᠨᠳᠠᠵᠤ᠂ ᠦᠷᠯᠦᠬᠡ ᠡᠷᠳᠡ ᠪᠤᠰᠤᠨ ᠳᠤᠬᠢᠷᠠᠮᠵᠢᠳᠠᠢ ᠳᠠᠮᠢᠷ ᠤᠨ ᠬᠦᠳᠡᠯᠬᠡᠬᠡᠨ ᠬᠢᠪᠡᠯ ᠰᠠᠶᠢᠨ ᠪᠠᠶᠢᠳᠠᠭ᠃       ᠨᠢᠳᠤ ᠪᠠᠨ ᠬᠠᠮᠠᠭᠠᠯᠠᠨ᠂ ᠡᠯᠢᠬᠡ ᠪᠠᠨ ᠲᠦᠯᠵᠢᠬᠦᠯᠦᠶ᠎ᠡ︕        ︽ᠬᠠᠪᠤᠷ ᠤᠨ ᠡᠶᠡᠪᠡᠷᠬᠦᠦ ᠨᠠᠷᠠ︾ ᠬᠡᠳᠡᠭ ᠢᠶᠠᠷ ᠬᠠᠪᠤᠷ ᠤᠨ ᠤᠯᠠᠷᠢᠯ ᠤᠨ ᠨᠠᠷᠠᠨ ᠤᠨ ᠢᠯᠴᠢ ᠨᠢ ᠬᠦᠮᠦᠨ ᠤ ᠪᠡᠶ᠎ᠡ ᠳᠤ ᠳᠠᠭᠠᠯᠠᠮᠵᠢᠳᠡᠢ᠂ ᠤᠷᠢᠨ ᠳᠤᠯᠠᠭᠠᠨ ᠪᠠᠶᠢᠳᠠᠭ ᠢᠶᠠᠷ ᠪᠢᠳᠠ ᠨᠠᠷᠠ ᠦᠬᠡᠳᠡ ᠬᠠᠨᠳᠤᠵᠤ᠂ ᠨᠢᠳᠤ  ᠪᠠᠨ ᠠᠨᠢᠨ᠂ ᠨᠠᠷᠠᠨ ᠳᠤ ᠡᠬᠡᠬᠡᠪᠡᠯ ᠰᠠᠶᠢᠨ᠃ ᠨᠢᠳᠤ ᠪᠠᠨ ᠰᠠᠶᠢᠨ ᠬᠠᠮᠠᠭᠠᠯᠠᠵᠤ ᠴᠢᠳᠠᠪᠠᠯ ᠡᠯᠢᠬᠡ ᠪᠠᠨ ᠲᠦᠯᠵᠢᠬᠦᠯᠵᠤ ᠴᠢᠳᠠᠳᠠᠭ᠃       ᠪᠡᠶ᠎ᠡ ᠪᠠᠨ ᠰᠤᠩᠭᠠᠬᠤ ᠳᠠᠮᠢᠷ ᠢ ᠢᠯᠡᠬᠦᠦ ᠬᠢᠶ᠎ᠡ︕       ᠬᠠᠪᠤᠷ ᠤᠨ ᠤᠯᠠᠷᠢᠯ ᠳᠤ ᠪᠡᠶ᠎ᠡ ᠪᠠᠨ ᠰᠤᠩᠭᠠᠬᠤ ᠳᠠᠮᠢᠷ ᠢ ᠢᠯᠡᠬᠦᠬᠡᠨ ᠬᠢᠵᠤ ᠪᠠᠶᠢᠪᠠᠯ ᠰᠠᠶᠢᠨ᠃ ᠪᠡᠶ᠎ᠡ  ᠪᠠᠨ ᠰᠤᠩᠭᠠᠬᠤ ᠦᠶ᠎ᠡ ᠳᠤ ᠠᠯᠢ ᠴᠢᠳᠠᠬᠤ ᠪᠠᠷ ᠪᠦᠬᠦ ᠪᠡᠶ᠎ᠡ ᠶᠢᠨ ᠪᠤᠯᠴᠢᠩ ᠢᠶᠠᠨ ᠴᠢᠩᠭᠠᠯᠠᠨ᠂ ᠠᠮᠢᠰᠬᠤᠭ᠎ᠠ ᠪᠠᠨ ᠬᠤᠷᠢᠶᠠᠨ᠎ᠠ᠃ ᠪᠡᠶ᠎ᠡ ᠪᠠᠨ ᠰᠤᠯᠠᠯᠠᠬᠤ ᠳᠤ ᠪᠠᠨ ᠪᠤᠯᠴᠢᠩ ᠢᠶᠠᠨ ᠰᠤᠯᠠ ᠳᠠᠯᠪᠢᠬᠤ ᠶᠢᠨ ᠳᠠᠭᠠᠤ ᠠᠮᠢᠰᠬᠤᠭ᠎ᠠ ᠪᠠᠨ ᠭᠠᠷᠭᠠᠨ᠎ᠠ᠃       ᠰᠡᠳᠬᠢᠯ ᠰᠠᠨᠠᠭ᠎ᠠ ᠪᠠᠨ ᠰᠠᠷᠠᠭᠤᠯ ᠪᠠᠶᠢᠯᠭᠠᠶ᠎ᠠ︕       ᠬᠠᠪᠤᠷ ᠤᠨ ᠤᠯᠠᠷᠢᠯ ᠳᠤ ᠰᠡᠳᠬᠢᠯ ᠰᠠᠨᠠᠭ᠎ᠠ ᠪᠠᠨ ᠪᠠᠶᠢᠩᠭᠤ ᠪᠠᠶᠠᠷ ᠬᠦᠷ ᠲᠠᠢ ᠪᠠᠶᠢᠯᠭᠠᠵᠤ᠂ ᠠᠭᠤᠷᠯᠠᠵᠤ ᠤᠴᠠᠭᠠᠷᠯᠠᠬᠤ ᠠᠴᠠ ᠵᠠᠶᠢᠯᠠᠰᠬᠢᠨ᠎ᠡ᠃ ᠢᠩᠬᠢᠪᠡᠯ ᠬᠠᠪᠤᠷ ᠤᠨ ᠠᠭᠤᠷ ᠤᠷᠤᠵᠤ ᠡᠬᠢᠯᠡᠭᠰᠡᠨ ᠠᠴᠠ ᠪᠡᠶ᠎ᠡ ᠪᠠᠨ ᠰᠤᠪᠢᠯᠠᠨ ᠡᠯᠢᠬᠡ ᠪᠠᠨ ᠲᠦᠯᠵᠢᠬᠦᠯᠬᠦ ᠳᠤ ᠳᠤᠰᠠᠳᠠᠢ ᠪᠠᠶᠢᠳᠠᠭ᠃       ᠦᠷᠬᠦᠯᠵᠢ ᠬᠦᠯ ᠢᠶᠠᠨ ᠳᠠᠪᠳᠤᠬᠡᠶ᠎ᠡ︕       ᠬᠠᠪᠤᠷ ᠤᠨ ᠤᠯᠠᠷᠢᠯ ᠳᠤ ᠦᠷᠬᠦᠯᠵᠢ ᠬᠦᠯ ᠢᠶᠠᠨ ᠳᠡᠪᠳᠤᠬᠡᠬᠦ ᠨᠢ ᠡᠪᠤᠯ ᠤᠨ ᠬᠠᠬᠢᠷ ᠬᠦᠢᠳᠡᠨ ᠠᠴᠠ ᠪᠤᠯᠤᠭᠰᠠᠨ ᠬᠦᠢᠳᠡᠨ ᠬᠡᠢ ᠶᠢ ᠬᠦᠬᠡᠬᠡᠵᠤ ᠴᠢᠳᠠᠨ᠎ᠠ᠃ ᠬᠡᠬᠦ ᠳᠤ ᠬᠡᠳᠤᠷᠬᠡᠢ ᠬᠠᠯᠠᠭᠤᠨ ᠤᠰᠤᠨ ᠳᠤ ᠳᠡᠪᠳᠤᠬᠡᠵᠤ ᠪᠤᠯᠬᠤ ᠦᠬᠡᠢ᠃
ᠢᠷᠡᠯᠲᠡ᠄ NMTV ᠰᠤᠶᠤᠯ ᠸᠢᠴᠠᠲ ᠳᠠᠪᠴᠠᠩ