ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2023/2/15
    ᠪᠠᠶᠢᠭᠤᠯᠭ᠎ᠠ ᠶᠢᠨ ᠳᠤᠰᠢᠶᠠᠯ ᠴᠢᠳᠠᠪᠬᠢ᠄     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ  ᠤᠨ ᠲᠤᠬᠠᠶ ᠨᠠᠮ ᠤᠨ ᠲᠥᠪ ᠬᠤᠷᠢᠶ᠎ᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶ᠎ᠠ ᠶᠢᠨ ᠬᠠᠮᠢᠶ᠎ᠠ ᠪᠥᠬᠦᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠳᠤᠰᠢᠶᠠᠯ ᠬᠠᠷᠢᠭᠤᠴᠠᠯᠭ᠎ᠠ ᠪᠠᠨ ᠭᠦᠶᠴᠡᠳᠬᠡᠬᠦ ᠶᠠᠪᠤᠴᠠ ᠳᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠳᠠᠬᠢ ᠨᠠᠮ ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃     ᠭᠤᠣᠯ ᠳᠤᠰᠢᠶᠠᠯ ᠬᠠᠷᠢᠭᠤᠴᠠᠯᠭ᠎ᠠ ᠨᠢ᠄     ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠣᠷᠣᠨ ᠨᠤᠲᠤᠭ ᠤᠨ ᠴᠢᠨᠠᠷᠲᠠᠶ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠶᠯᠡᠰ ᠤᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ᠂ ᠬᠡᠷᠡᠭᠵᠢᠭᠦᠯᠬᠦ ᠠᠷᠭ᠎ᠠ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠤᠬᠠᠭᠤᠯᠬᠤ ᠪᠠ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠲᠡᠩᠴᠡᠭᠦᠷᠢᠰᠢᠭᠦᠯᠬᠦ᠂ ᠨᠡᠶᠢᠳᠡᠮ ᠬᠠᠷᠠᠭᠠᠯᠵᠠᠬᠤ᠂ ᠳᠥᠭᠦᠮ ᠳᠥᠲᠡ ᠪᠣᠯᠭᠠᠬᠤ ᠪᠠ ᠤᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠳᠤ ᠲᠡᠶᠢᠰᠢ ᠤᠷᠲᠤᠳᠬᠠᠬᠤ ᠶᠢ ᠠᠬᠢᠭᠤᠯᠬᠤ ᠵᠡᠷᠭᠡ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠲᠤᠭᠤᠷᠪᠢᠬᠤ ᠲᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃     ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶᠠᠷᠬᠤ ᠪᠠ ᠡᠷᠬᠢᠯᠡᠬᠦ ᠶᠢ ᠰᠠᠯᠭᠠᠬᠤ ᠶᠢ ᠠᠬᠢᠭᠤᠯᠤᠨ᠂ ᠣᠳᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠤᠶᠢᠯᠡᠴᠢᠯᠡᠭᠡᠨ ᠢ ᠬᠠᠩᠭᠠᠬᠤ ᠭᠤᠤᠯ ᠴᠣᠭᠴᠠ ᠶᠢᠨ ᠣᠯᠠᠨ ᠡᠰᠢᠵᠢᠬᠦ᠂ ᠬᠠᠩᠭᠠᠬᠤ ᠠᠷᠭ᠎ᠠ ᠮᠠᠶ᠋ᠢᠭ ᠤᠨ ᠣᠯᠠᠨ ᠶᠠᠩᠵᠤᠴᠢᠯᠠᠬᠤ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠡᠮᠴᠢᠯᠡᠭᠡᠨ ᠤ ᠦᠶᠯᠡᠴᠢᠯᠡᠭᠡ ᠪᠠ ᠡᠮ ᠤᠨ ᠵᠦᠶᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠤᠨ᠎ᠠ᠃     ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠯᠥᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠢ ᠰᠢᠢᠳᠪᠤᠷᠢᠯᠡᠬᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠪᠥᠭᠡᠳ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠤᠯᠤᠰ ᠤᠨ ᠡᠭᠡᠯᠢᠯᠡᠭᠡ ᠶᠢᠨ ᠲᠥᠯᠥᠪᠵᠢᠭᠦᠯᠭᠡ ᠶᠢ ᠬᠡᠷᠡᠭᠵᠢᠭᠦᠯᠵᠦ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠨ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠢ ᠰᠡᠷᠭᠡᠶᠢᠯᠡᠨ ᠡᠵᠡᠮᠳᠡᠬᠦ ᠪᠠ ᠡᠯ᠎ᠡ ᠲᠥᠷᠥᠯ ᠤᠨ ᠭᠡᠨᠡᠳᠲᠡ ᠡᠬᠦᠰᠦᠭᠰᠡᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠳᠤᠰᠠᠯᠠᠯᠳᠠ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠲᠣᠭᠲᠠᠭᠠᠭᠰᠠᠨ ᠡᠷᠬᠡ ᠮᠡᠳᠡᠯ ᠤᠨ ᠶᠣᠰᠣᠭᠠᠷ ᠬᠠᠤᠯᠢ ᠪᠠᠷ ᠲᠣᠭᠲᠠᠭᠠᠭᠰᠠᠨ ᠮᠡᠳᠡᠭᠦᠯᠦᠯᠲᠡ᠂ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ᠂ ᠭᠡᠨᠡᠳᠲᠡ ᠡᠬᠦᠰᠦᠭᠰᠡᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠭᠰᠡᠨ ᠮᠡᠳᠡᠭᠡ ᠵᠠᠩᠭᠢ ᠶᠢ ᠨᠡᠶᠢᠲᠡᠯᠡᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃     ︵ᠳᠥᠷᠪᠡ︶ ᠳ᠋ᠦᠩᠱᠧᠩ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ ᠬᠥᠮᠦᠨ ᠠᠮᠠ ᠶᠢᠨ ᠨᠠᠰᠤᠵᠢᠯ ᠢ ᠠᠷᠭᠠᠴᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠳᠤᠭᠳᠠᠯᠴᠠᠭ᠎ᠠ ᠶᠢᠨ ᠪᠠᠶᠢᠭᠤᠯᠤᠯᠲᠠ ᠪᠣᠯᠤᠨ ᠡᠮᠴᠢᠯᠡᠭᠡ ᠰᠤᠪᠢᠯᠠᠯᠳᠠ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃     ︵ᠲᠠᠪᠤ︶ ᠤᠯᠤᠰ ᠤᠨ ᠡᠮ ᠤᠨ ᠵᠦᠶᠯ ᠤᠨ ᠲᠥᠷᠥ ᠶᠢᠨ ᠪᠣᠳᠣᠯᠭ᠎ᠠ ᠪᠣᠯᠤᠨ ᠡᠮ ᠤᠨ ᠵᠦᠶᠯ ᠤᠨ ᠦᠨᠳᠦᠰᠦᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠶᠤᠯ ᠦᠭᠡᠶ ᠶᠢᠨ ᠣᠷᠣᠨ ᠨᠤᠲᠤᠭ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠢᠳᠡᠭᠡᠨ ᠤ ᠠᠶᠤᠯ ᠦᠭᠡᠶ ᠶᠢᠨ ᠲᠦᠭᠰᠢᠭᠦᠷᠢ ᠶᠢ ᠬᠢᠨᠠᠨ ᠬᠡᠮᠵᠢᠬᠦ᠂ ᠦᠨᠡᠯᠡᠨ ᠵᠢᠱᠢᠬᠦ᠂ ᠰᠡᠷᠡᠮᠵᠢᠯᠡᠭᠦᠯᠬᠦ ᠪᠠ ᠰᠣᠯᠢᠯᠴᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠠᠴᠠ ᠢᠷᠡᠯᠲᠡ  ᠲᠠᠢ ᠡᠪᠡᠳᠴᠢᠨ ᠵᠢᠴᠢ ᠢᠳᠡᠭᠡᠨ ᠤ ᠠᠶᠤᠯ ᠦᠭᠡᠶ ᠶᠢᠨ ᠠᠳᠡᠯ ᠳᠤ ᠬᠤᠯᠪᠣᠭᠳᠠᠬᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠳᠤ ᠮᠡᠷᠭᠡᠵᠢᠯ ᠤᠨ ᠳᠡᠮᠵᠢᠯᠭᠡ ᠬᠠᠩᠭᠠᠨ᠎ᠠ᠃     ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠤᠨ ᠡᠷᠡᠭᠦᠯ ᠬᠠᠮᠠᠭᠠᠯᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ  ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠠᠵᠢᠯ ᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠤ ᠶᠢᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠳᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ︽ᠨᠠᠪᠴᠢᠨ ᠲᠠᠮᠠᠬᠢ ᠶᠢ ᠬᠢᠵᠠᠭᠠᠷᠯᠠᠬᠤ ᠴᠠᠬᠤᠪᠴᠢ ᠨᠡᠶᠢᠲᠡ ᠶᠢᠨ ᠭᠡᠷ᠎ᠡ︾ ᠶᠢ ᠬᠡᠷᠡᠭᠵᠢᠭᠦᠯᠬᠦ ᠠᠵᠢᠯ ᠢ ᠲᠦᠷᠦᠭᠦᠯᠡᠨ ᠬᠢᠨ᠎ᠠ᠃     ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠶᠯᠡᠴᠢᠯᠡᠭᠡ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠵᠢᠴᠢ ᠡᠮᠴᠢᠯᠡᠭᠡᠨ ᠤ ᠦᠶᠯᠡᠴᠢᠯᠡᠭᠡ ᠶᠢᠨ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠠᠵᠢᠯ ᠮᠡᠷᠭᠡᠵᠢᠯ ᠤᠨ ᠲᠦᠷᠢᠮ᠂ ᠦᠶᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠦᠶᠯᠡᠴᠢᠯᠡᠭᠡ ᠶᠢ ᠦᠨᠡᠯᠡᠬᠦ ᠪᠠ ᠬᠢᠨᠠᠨ ᠬᠠᠮᠢᠶᠠᠷᠬᠤ ᠳᠤᠭᠳᠠᠯᠴᠠᠭ᠎ᠠ ᠶᠢ ᠪᠠᠶᠢᠭᠤᠯᠤᠨ᠎ᠠ᠃     ︵ᠨᠠᠶᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠣᠯᠤᠨ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠦᠨ ᠠᠮᠠ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠦᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠠᠵᠢᠯ ᠤᠨ ᠬᠠᠮᠢᠶ᠎ᠠ ᠪᠦᠬᠦᠢ ᠳᠦᠷᠢᠮ᠂ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃     ︵ᠶᠢᠰᠦ︶ ᠳ᠋ᠦᠩᠱᠧᠩ ᠲᠣᠭᠤᠷᠢᠭ ᠤᠨ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠶᠯᠡᠴᠢᠯᠡᠭᠡᠨ ᠤ ᠳᠤᠭᠳᠠᠯᠴᠠᠭ᠎ᠠ ᠵᠢᠴᠢ ᠪᠦᠬᠦ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢᠨ ᠬᠥᠭᠵᠢᠯᠲᠡ ᠶᠢᠨ ᠲᠦᠷᠢᠮ ᠪᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃     ︵ᠠᠷᠪᠠ︶ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠡᠷᠳᠡᠮ ᠰᠢᠨᠵᠢᠯᠡᠭᠡᠨ᠂ ᠰᠣᠶᠣᠯ ᠵᠢᠴᠢ ᠬᠠᠮᠢᠶ᠎ᠠ ᠪᠥᠬᠦᠶ ᠠᠵᠤ ᠦᠶᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠪᠠᠲᠤᠯᠠᠬᠤ ᠪᠠ   ᠠᠬᠢᠭᠤᠯᠵᠤ᠂ ᠮᠣᠩᠭᠤᠯ ᠡᠮ ᠡᠮᠨᠡᠯᠭᠡ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃     ︵ᠠᠷᠪᠠᠨ ᠨᠢᠭᠡ︶ ᠳ᠋ᠦᠩᠱᠧᠩ ᠲᠣᠭᠤᠷᠢᠭ ᠤᠨ ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮ ᠡᠮᠨᠡᠯᠭᠡ ᠡᠷᠡᠬᠦᠯᠵᠢᠯ ᠪᠠ ᠡᠷᠡᠬᠦᠯᠵᠢᠯ ᠢ ᠰᠡᠷᠬᠡᠶᠢᠯᠡᠨ ᠬᠠᠮᠠᠭᠠᠯᠠᠬᠤ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠬᠢᠭᠡᠳ ᠴᠢᠬᠤᠯᠠ ᠶᠡᠭᠡ ᠠᠵᠢᠯᠯᠠᠭ᠎ᠠ ᠶᠢᠨ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ  ᠢ ᠬᠠᠷᠢᠭᠤᠴᠠᠨ᠎ᠠ᠃     ︵ᠠᠷᠪᠠᠨ ᠬᠤᠶᠠᠷ︶ ᠠᠵᠢᠯ ᠲᠥᠷᠥᠯ ᠤᠨ ᠠᠶᠤᠯ ᠦᠭᠡᠶ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ᠂ ᠡᠷᠡᠭᠦᠯ ᠮᠡᠨᠳᠦ ᠶᠢᠨ ᠬᠦᠷᠢᠶ᠎ᠡ ᠴᠠᠷᠠᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠤᠯᠢ  ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ ᠬᠠᠤᠯᠢ ᠲᠣᠭᠲᠠᠭᠠᠯ ᠠᠴᠠ ᠵᠥᠷᠢᠴᠡᠭᠰᠡᠨ ᠬᠡᠷᠡᠭ ᠢ ᠰᠢᠶᠳᠪᠦᠷᠢᠯᠡᠨ᠎ᠡ᠃     ︵ᠠᠷᠪᠠᠨ ᠭᠤᠷᠪᠠ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃     ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄     ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠳᠤ ᠳᠣᠤᠷᠠᠬᠢ ᠮᠡᠲᠦ ᠳᠣᠲᠣᠭᠠᠳᠤ ᠪᠠᠶᠢᠭᠤᠯᠤᠮᠵᠢ  ᠲᠠᠢ᠄ ᠠᠯᠪᠠᠨ ᠬᠡᠷ᠂ ᠤᠬᠠᠭᠤᠯᠭ᠎ᠠ ᠬᠢᠭᠡᠳ ᠡᠬᠡ ᠤᠷᠤᠨᠴᠢ ᠡᠷᠡᠭᠦᠯ ᠬᠠᠮᠠᠭᠠᠯᠠᠯ ᠤᠨ ᠲᠠᠰᠤᠭ᠂ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠬᠢᠭᠡᠳ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠲᠠᠰᠤᠭ᠂ ᠬᠠᠤᠯᠢ ᠲᠣᠭᠲᠠᠭᠠᠯ ᠬᠢᠭᠡᠳ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠵᠠᠩᠭᠢ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠠᠰᠤᠭ᠂ ᠬᠥᠮᠦᠨ ᠠᠮᠠ ᠬᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠲᠠᠰᠤᠭ     ᠠᠵᠢᠯᠯᠠᠬᠤ ᠭᠠᠵᠠᠷ᠄ ᠳ᠋ᠦᠩᠱᠧᠩ ᠲᠣᠭᠤᠷᠢᠭ ᠤᠨ ᠯᠢᠶᠠᠨ ᠪᠠᠩ ᠲᠣᠮᠣ ᠠᠰᠠᠷ ᠤᠨ B ᠰᠠᠭᠤᠳᠠᠯ ᠤᠨ 14 ᠳᠠᠪᠬᠤᠷᠭ᠎ᠠ     ᠠᠵᠢᠯᠯᠠᠬᠤ ᠴᠠᠭ᠄ ᠲᠤᠭᠤᠷᠢᠭ ᠤᠨ ᠵᠠᠰᠠᠭ ᠤᠨ ᠣᠷᠳᠣᠨ ᠠᠴᠠ ᠲᠣᠭᠲᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠯᠠᠬᠤ ᠴᠠᠭ     ᠬᠠᠷᠢᠯᠴᠠᠬᠤ ᠤᠳᠠᠰᠤ᠄ 04778120879
ᠢᠷᠡᠯᠲᠡ᠄ ᠲᠤᠰ ᠰᠦᠯᠵᠢᠶ᠎ᠠ