ᠵᠢᠷᠦᠬᠡ ᠪᠠᠨ ᠰᠠᠶᠢᠳᠤᠷ ᠬᠠᠮᠠᠭᠠᠯᠠᠶ᠎ᠠ
ᠨᠡᠶᠢᠲᠡᠯᠡᠭᠰᠡᠨ ᠴᠠᠭ᠄
2023/2/17
      ᠵᠢᠷᠦᠬᠡ ᠪᠤᠯ ᠬᠦᠮᠦᠨ ᠤ ᠪᠡᠶ᠎ᠡ ᠶᠢᠨ ᠬᠠᠮᠤᠭ ᠤᠨ ᠴᠢᠬᠤᠯᠠ ᠡᠷᠬᠡᠳᠡᠨ ᠪᠠᠶᠢᠵᠤ᠂ ᠬᠦᠮᠦᠨ ᠤ ᠪᠡᠶ᠎ᠡ ᠶᠢᠨ ᠴᠢᠰᠤᠨ ᠤ ᠡᠷᠬᠢᠯᠳᠡ ᠶᠢᠨ ︽ᠬᠦᠳᠡᠯᠬᠡᠬᠦᠷ︾ ᠪᠤᠯᠬᠤ ᠶᠤᠮ᠃ ᠡᠶᠢᠮᠤ ᠠᠴᠠ ᠵᠢᠷᠦᠬᠡ ᠪᠠᠨ ᠬᠠᠮᠠᠭᠠᠯᠠᠬᠤ ᠨᠢ ᠬᠦᠮᠦᠨ ᠤ ᠪᠡᠶ᠎ᠡ ᠶᠢᠨ ᠡᠷᠡᠬᠦᠯ ᠮᠡᠨᠳᠤ ᠳᠤ ᠲᠦᠢᠯ ᠤᠨ ᠴᠢᠬᠤᠯᠠ ᠪᠠᠶᠢᠳᠠᠭ᠃ ᠵᠢᠷᠦᠬᠡ ᠪᠠᠨ ᠬᠠᠮᠠᠭᠠᠯᠠᠬᠤ ᠳᠤ ᠳᠤᠤᠷᠠᠬᠢ ᠬᠡᠳᠤᠨ ᠵᠦᠢᠯ ᠤᠨ ᠳᠠᠳᠬᠠᠯ ᠢ ᠪᠤᠢ ᠪᠤᠯᠭᠠᠪᠠᠯ ᠵᠤᠬᠢᠨ᠎ᠠ᠃      1. ᠢᠳᠡᠬᠡᠨ ᠤᠮᠳᠠᠭᠠᠨ ᠤ ᠵᠦᠪ ᠳᠠᠳᠬᠠᠯ ᠢ ᠪᠤᠢ ᠪᠤᠯᠭᠠᠨ᠎ᠠ᠃ ᠳᠤᠰᠤ᠂ ᠳᠠᠪᠤᠰᠤ ᠪᠠᠭᠠᠳᠠᠢ ᠢᠳᠡᠬᠡᠨ ᠢ ᠢᠳᠡᠵᠤ᠂ ᠳᠠᠪᠤᠰᠤ ᠪᠠ ᠦᠬᠡᠬᠦ ᠶᠢᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠎ᠠ᠃      2. ᠵᠤᠷᠰᠢᠯ ᠲᠠᠢ ᠪᠠᠷ ᠪᠡᠶ᠎ᠡ ᠪᠠᠨ ᠴᠢᠬᠢᠷᠠᠭᠵᠢᠭᠤᠯᠤᠨ᠎ᠠ᠃ ᠵᠤᠷᠰᠢᠯ ᠲᠠᠢ᠂ ᠵᠦᠢ ᠵᠤᠬᠢᠰᠳᠠᠢ ᠪᠡᠶ᠎ᠡ ᠶᠢᠨ ᠳᠠᠮᠢᠷ ᠤᠨ ᠬᠦᠳᠡᠯᠬᠡᠬᠡᠨ ᠬᠢᠬᠦ ᠨᠢ ᠪᠡᠶ᠎ᠡ ᠮᠠᠬᠠᠪᠤᠳ ᠢ ᠴᠢᠬᠢᠷᠠᠭᠵᠢᠭᠤᠯᠬᠤ ᠪᠠᠷ ᠪᠠᠷᠠᠬᠤ ᠦᠬᠡᠢ ᠪᠠᠰᠠ ᠳᠤᠳᠤᠷ ᠡᠷᠬᠡᠳᠡᠨ ᠤ ᠴᠢᠳᠠᠮᠵᠢ ᠶᠢ ᠪᠠᠳᠤᠯᠠᠵᠤ᠂ ᠡᠪᠡᠳᠴᠢᠨ ᠡᠮᠬᠡᠭ ᠢ ᠤᠷᠢᠳᠴᠢᠯᠠᠨ ᠰᠡᠷᠬᠡᠶᠢᠯᠡᠵᠤ ᠴᠢᠳᠠᠨ᠎ᠠ᠃ ᠵᠢᠱᠢᠶᠡᠯᠡᠪᠡᠯ ᠴᠢᠰᠤᠨ ᠳᠠᠷᠤᠯᠳᠠ ᠦᠨᠳᠤᠷ᠂ ᠴᠢᠰᠤᠨ ᠤ ᠦᠬᠡᠬᠦ ᠬᠡᠪ ᠤᠨ ᠪᠤᠰᠤ ᠪᠠ ᠰᠢᠬᠢᠷ ᠰᠢᠵᠢᠩ ᠵᠡᠷᠬᠡ ᠡᠪᠡᠳᠴᠢᠨ ᠢ ᠪᠦᠷ ᠪᠡᠶ᠎ᠡ ᠶᠢᠨ ᠳᠠᠮᠢᠷ ᠤᠨ ᠬᠦᠳᠡᠯᠬᠡᠬᠡᠨ ᠢᠶᠠᠷ ᠳᠠᠮᠵᠢᠨ ᠤᠷᠢᠳᠴᠢᠯᠠᠨ ᠰᠡᠷᠬᠡᠶᠢᠯᠡᠬᠦ ᠪᠤᠶᠤ ᠰᠠᠶᠢᠵᠢᠷᠠᠭᠤᠯᠵᠤ ᠪᠤᠯᠤᠨ᠎ᠠ᠃      3. ᠪᠡᠶ᠎ᠡ ᠶᠢᠨ ᠬᠦᠨᠳᠤ ᠪᠠᠨ ᠠᠩᠬᠠᠷᠤᠨ᠎ᠠ᠃ ᠮᠠᠷᠢᠶᠠᠯᠠᠬᠤ ᠨᠢ ᠬᠦᠮᠦᠨ ᠤ ᠪᠡᠶ᠎ᠡ ᠳᠤ ᠤᠯᠠᠨ ᠳᠠᠯ᠎ᠠ ᠶᠢᠨ ᠨᠦᠯᠦᠬᠡ ᠦᠵᠡᠬᠦᠯᠳᠡᠭ᠃  ᠵᠢᠱᠢᠶᠡᠯᠡᠪᠡᠯ ᠴᠢᠰᠤᠨ ᠳᠠᠷᠤᠯᠳᠠ᠂ ᠴᠢᠰᠤᠨ ᠤ ᠦᠬᠡᠬᠦ᠂ ᠴᠢᠰᠤᠨ ᠤ ᠰᠢᠬᠢᠷ᠂ ᠤᠨᠳᠠᠯᠭ᠎ᠠ ᠵᠡᠷᠬᠡ ᠨᠢ ᠪᠦᠷ ᠮᠠᠷᠢᠶᠠᠯᠠᠬᠤ ᠲᠠᠢ ᠨᠢᠠᠠᠳᠠ ᠬᠤᠯᠪᠤᠭ᠎ᠠ ᠲᠠᠢ ᠪᠠᠶᠢᠳᠠᠭ᠃ ᠵᠦᠪᠬᠡᠨ ᠪᠡᠶ᠎ᠡ ᠶᠢᠨ ᠬᠦᠨᠳᠤ  ᠪᠠᠨ ᠵᠤᠬᠢᠰᠳᠠᠢ ᠬᠡᠪᠴᠢᠶᠡᠨ ᠳᠤ ᠬᠢᠵᠠᠭᠠᠷᠯᠠᠪᠠᠯ ᠰᠠᠶ᠋ᠢ ᠵᠢᠷᠦᠬᠡᠨ ᠤ ᠤᠯᠠᠨ ᠵᠦᠢᠯ ᠤᠨ ᠡᠪᠡᠳᠴᠢᠨ ᠳᠤ ᠨᠡᠷᠪᠡᠭᠳᠡᠬᠦ  ᠠᠴᠠ ᠵᠠᠶᠢᠯᠠᠰᠬᠢᠵᠤ ᠪᠤᠯᠤᠨ᠎ᠠ᠃       4. ᠳᠤᠭᠳᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠳᠠ ᠬᠢᠨ᠎ᠡ᠃ ᠳᠤᠭᠳᠠᠭᠰᠠᠨ ᠬᠤᠭᠤᠴᠠᠭ᠎ᠠ  ᠲᠠᠢ ᠪᠡᠶ᠎ᠡ ᠶᠢᠨ ᠪᠠᠶᠢᠴᠠᠭᠠᠯᠳᠠ ᠬᠢᠬᠦ ᠨᠢ ᠡᠪᠡᠳᠴᠢᠮ ᠡᠮᠬᠡᠭ ᠢ ᠠᠩᠬᠠᠨ ᠤ ᠱᠠᠳᠤᠨ ᠳᠤᠨᠢ ᠢᠯᠡᠷᠡᠬᠦᠯᠬᠦ ᠳᠤ ᠠᠰᠢᠭᠳᠠᠢ ᠮᠦᠷᠳᠡᠬᠡᠨ ᠤᠷᠢᠳᠴᠢᠯᠠᠨ ᠰᠡᠷᠬᠡᠶᠢᠯᠡᠬᠦ ᠪᠠ ᠡᠮᠨᠡᠨ ᠵᠠᠰᠠᠬᠤ ᠳᠤ ᠮᠠᠰᠢ ᠴᠢᠬᠤᠯᠠ ᠪᠠᠶᠢᠳᠠᠭ ᠶᠤᠮ᠃
ᠢᠷᠡᠯᠲᠡ᠄ NMTV ᠰᠤᠶᠤᠯ ᠸᠢᠴᠠᠲ ᠳᠠᠪᠴᠠᠩ