2022 ᠣᠨ ᠳᠤ᠂ ᠳ᠋ᠦᠩᠱᠧᠩ ᠲᠣᠭᠤᠷᠢᠭ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ ᠤᠷᠤᠭᠰᠢᠯᠠᠬᠤ ᠶᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠤᠱᠯᠠᠭᠤᠯᠤᠨ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ | ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ | ︽ᠲᠦᠷᠪᠡᠨ ᠵᠢᠱᠢᠶ᠎ᠡ ᠦᠵᠡᠭᠦᠯᠬᠦ ᠲᠤᠭᠤᠷᠢᠭ︾ ᠢ ᠲᠦᠷᠭᠡᠨ ᠴᠣᠭᠴᠠᠯᠠᠪᠠ᠃ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ | ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 58224 ᠲᠥᠭᠦᠷᠢᠭ ᠲᠤ ᠬᠦᠷᠴᠦ᠂ 2021 ᠣᠨ ᠤ ᠬᠢ ᠠᠴᠠ 2361 ᠲᠥᠭᠦᠷᠢᠭ | ᠨᠡᠮᠡᠭᠳᠡᠨ᠂ 4.2% ᠪᠠᠷ ᠨᠡᠮᠡᠭᠳᠡᠵᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠭᠤᠷᠪᠠᠳᠤᠭᠠᠷ ᠲᠤ ᠣᠷᠣᠪᠠ᠃ ᠳᠥᠷᠪᠡᠨ ᠵᠦᠢᠯ ᠤᠨ ᠣᠷᠣᠯᠭ᠎ᠠ ᠶᠢᠨ | ᠪᠦᠲᠦᠴᠡ ᠠᠴᠠ ᠦᠵᠡᠪᠡᠯ᠂ ᠬᠥᠮᠥᠨ ᠳᠤᠮᠳᠠᠴᠢ ᠶᠢᠨ ᠴᠠᠯᠢᠩ ᠤᠨ ᠴᠢᠨᠠᠷᠲᠠᠢ ᠣᠷᠣᠯᠭ᠎ᠠ 37008 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 3.9% ᠪᠠᠷ ᠨᠡᠮᠡᠭᠳᠡᠪᠡ︔ ᠬᠥᠮᠥᠨ ᠳᠤᠮᠳᠠᠴᠢ ᠶᠢᠨ ᠡᠵᠡᠩᠨᠡᠯᠲᠡ ᠶᠢᠨ ᠴᠡᠪᠡᠷ ᠣᠷᠣᠯᠭ᠎ᠠ 9282 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 7.6% ᠪᠠᠷ ᠨᠡᠮᠡᠭᠳᠡᠪᠡ︔ ᠬᠥᠮᠥᠨ ᠳᠤᠮᠳᠠᠴᠢ ᠶᠢᠨ ᠡᠳ᠋ ᠬᠥᠷᠥᠩᠭᠡ ᠶᠢᠨ ᠴᠡᠪᠡᠷ ᠣᠷᠣᠯᠭ᠎ᠠ 6159 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.5% ᠪᠠᠷ ᠨᠡᠮᠡᠭᠳᠡᠪᠡ︔ ᠬᠥᠮᠥᠨ ᠳᠤᠮᠳᠠᠴᠢ ᠶᠢᠨ ᠰᠢᠯᠵᠢᠭᠦᠯᠦᠭᠰᠡᠨ ᠴᠡᠪᠡᠷ ᠣᠷᠣᠯᠭ᠎ᠠ 5775 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 3.7% ᠪᠠᠷ ᠨᠡᠮᠡᠭᠳᠡᠪᠡ᠃ | | |