2022 ᠣᠨ ᠳᠤ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ ᠪᠡᠯᠡ ᠣᠷᠣᠭᠤᠯᠤᠯᠲᠠ ᠶᠢᠨ ᠶᠡᠷᠦᠩᠬᠡᠢ ᠬᠡᠮᠵᠢᠶ᠎ᠡ ᠪᠥᠬᠦ ᠬᠤᠲᠠ ᠳᠤ ᠬᠤᠶᠠᠳᠤᠭᠠᠷ ᠲᠤ ᠤᠷᠤᠪᠠ
ᠨᠡᠶᠢᠲᠡᠯᠡᠭᠰᠡᠨ ᠴᠠᠭ᠄
2023/2/2
    2022 ᠣᠨ ᠳᠤ᠂ ᠮᠠᠨ ᠤ ᠲᠤᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ ᠶᠢᠨ 107 ᠲᠥᠷᠥᠯ ᠵᠦᠢᠯ ᠨᠡᠶᠢᠲᠡ     32.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 10.5% ᠪᠠᠷ ᠨᠡᠮᠡᠭᠳᠡᠨ᠂ ᠪᠡᠶᠡᠯᠡᠭᠦᠯᠦᠭᠰᠡᠨ ᠲᠣᠭᠲᠠᠮᠠᠯ ᠬᠥᠷᠥᠩᠭᠡ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 40% ᠶᠢ ᠡᠵᠡᠯᠡᠵᠦ᠂ ᠶᠡᠷᠦᠩᠬᠡᠢ ᠬᠡᠮᠵᠢᠶ᠎ᠡ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠳ᠋ᠦᠩᠰᠢᠭᠤᠷ ᠲᠥᠭᠦᠷᠢᠭ ᠢ ᠳᠠᠪᠠᠭᠰᠠᠨ 13 ᠲᠦᠷᠦᠯ ᠵᠦᠢᠯ ᠤᠨ ᠪᠡᠯᠡ ᠣᠷᠣᠭᠤᠯᠤᠯᠲᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 64.7% ᠶᠢ ᠡᠵᠡᠯᠡᠵᠦ᠂ 5000 ᠲᠦᠮᠡᠨ ᠲᠥᠭᠦᠷᠢᠭ ᠢ ᠳᠠᠪᠠᠭᠰᠠᠨ 20 ᠲᠦᠷᠦᠯ ᠵᠦᠢᠯ ᠤᠨ ᠪᠡᠯᠡ ᠣᠷᠣᠭᠤᠯᠤᠯᠲᠠ ᠨᠢ ᠭᠡᠷ ᠪᠠᠶᠢᠰᠢᠩ ᠭᠠᠵᠠᠷ ᠬᠥᠷᠥᠩᠭᠡ ᠶᠢᠨ ᠶᠡᠷᠦᠩᠬᠡᠢ ᠪᠡᠯᠡ ᠣᠷᠣᠭᠤᠯᠤᠯᠲᠠ ᠶᠢᠨ 79.7% ᠢ ᠡᠵᠡᠯᠡᠪᠡ᠃
ᠢᠷᠡᠯᠲᠡ᠄ ᠳᠤᠰ ᠰᠦᠯᠵᠢᠶ᠎ᠡ