ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ
ᠨᠡᠶᠢᠲᠡᠯᠡᠭᠰᠡᠨ ᠴᠠᠭ᠄
2023/2/21
ᠨᠢᠭᠡ᠂ ᠭᠤᠣᠯ ᠳᠤᠰᠢᠶᠠᠯ ᠬᠠᠷᠢᠭᠤᠴᠠᠯᠭ᠎ᠠ      ︵ᠨᠢᠭᠡ︶ ᠳᠣᠲᠣᠭᠠᠳᠤ ᠶᠢ ᠬᠠᠮᠠᠭᠠᠯᠠᠬᠤ ᠠᠵᠢᠯ ᠤᠨ ᠳᠤᠬᠠᠢ ᠤᠯᠤᠰ ᠤᠨ ᠬᠠᠮᠢᠶ᠎ᠠ ᠪᠦᠬᠦᠢ ᠱᠤᠭᠤᠮ᠂ ᠴᠢᠭᠯᠡᠯᠲᠡ᠂ ᠲᠦᠷᠦ ᠶᠢᠨ ᠪᠤᠳᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠢ ᠳᠤᠤᠱᠯᠠᠭᠤᠯᠤᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ ᠨᠡᠶᠢᠭᠡᠮ ᠤᠨ ᠠᠮᠤᠷ ᠢ ᠬᠠᠮᠠᠭᠠᠯᠠᠬᠤ ᠬᠦᠳᠡᠯᠦᠩᠬᠦᠢ ᠪᠠᠶᠢᠳᠠᠯ ᠢ ᠵᠠᠳᠠᠯᠤᠨ ᠡᠵᠡᠮᠰᠢᠵᠦ᠂ ᠠᠮᠤᠷ ᠢ ᠬᠠᠮᠠᠭᠠᠯᠠᠬᠤ ᠲᠣᠭᠲᠠᠭᠤᠨ ᠪᠠᠶᠢᠳᠠᠯ ᠢ ᠬᠠᠮᠠᠭᠠᠯᠠᠬᠤ ᠠᠷᠭ᠎ᠠ ᠪᠤᠳᠤᠯᠭ᠎ᠠ ᠶᠢ ᠰᠤᠳᠤᠯᠤᠨ ᠳᠤᠭᠤᠷᠪᠢᠨ ᠲᠣᠭᠲᠠᠭᠠᠵᠤ᠂ ᠳᠤᠭᠤᠷᠢᠭ  ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠥᠪ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠦᠨᠳᠦᠰᠦᠯᠡᠯ ᠬᠠᠩᠭᠠᠨ᠎ᠠ᠃      ︵ᠬᠤᠶᠠᠷ︶ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠤᠷᠢᠳᠴᠢᠯᠠᠨ ᠰᠡᠷᠭᠡᠶᠢᠯᠡᠬᠦ᠂ ᠬᠤᠷᠢᠭᠯᠠᠨ ᠵᠣᠭᠰᠣᠭᠠᠬᠤ ᠪᠠ ᠮᠦᠷᠳᠡᠨ ᠪᠠᠶᠢᠴᠠᠭᠠᠬᠤ ᠶᠢ ᠬᠠᠷᠢᠭᠤᠴᠠᠨ᠎ᠠ᠃      ︵ᠭᠤᠷᠪᠠ︶ ᠨᠡᠶᠢᠭᠡᠮ ᠤᠨ ᠡᠮᠬᠢ ᠵᠢᠷᠤᠮ ᠢ ᠬᠠᠷᠢᠭᠤᠴᠠᠨ ᠬᠠᠮᠠᠭᠠᠯᠠᠵᠤ᠂ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠳᠤ ᠬᠤᠣᠷ ᠬᠥᠨᠥᠭᠡᠯ ᠤᠴᠠᠷᠠᠭᠤᠯᠬᠤ ᠦᠢᠯᠡ ᠠᠵᠢᠯᠯᠠᠭ᠎ᠠ ᠶᠢ ᠬᠤᠷᠢᠭᠯᠠᠨ ᠵᠣᠭᠰᠣᠭᠠᠨ᠎ᠠ᠃      ︵ᠳᠥᠷᠪᠡ︶ ᠭᠠᠯ ᠤᠨᠲᠠᠷᠠᠭᠠᠬᠤ ᠠᠵᠢᠯ ᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ ᠶᠢ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠲᠠᠢ ᠬᠠᠮᠵᠢᠯᠴᠠᠨ᠎ᠠ᠃      ︵ᠲᠠᠪᠤ︶ ᠫᠤᠤ ᠵᠡᠪᠰᠡᠭ ᠲᠡᠷᠢ ᠰᠤᠮᠤ᠂ ᠵᠠᠬᠢᠷᠤᠨ ᠬᠠᠮᠢᠶᠠᠷᠬᠤ ᠬᠡᠪᠴᠢᠶᠡᠨ ᠳᠠᠬᠢ ᠬᠢᠳᠤᠭ᠎ᠠ ᠮᠡᠰᠡ ᠪᠣᠯᠤᠨ ᠨᠣᠴᠣᠮᠠᠲᠠᠭᠠᠶ ᠳᠡᠯᠪᠡᠷᠡᠮᠡᠲᠡᠭᠡᠶ᠂  ᠳᠤᠭᠰᠢᠨ ᠬᠤᠤᠷᠲᠠᠶ᠂ ᠰᠠᠴᠤᠷᠠᠭ ᠴᠢᠨᠠᠷᠲᠠᠶ ᠵᠡᠷᠭᠡ ᠬᠥᠨᠥᠭᠡᠯᠲᠦ ᠪᠣᠳᠠᠰ ᠢ ᠬᠠᠷᠢᠭᠤᠴᠠᠨ ᠬᠠᠮᠢᠶᠠᠷᠤᠨ᠎ᠠ᠃      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠣᠨᠴᠠ ᠲᠥᠷᠥᠯ ᠤᠨ ᠠᠵᠢᠯ ᠲᠥᠷᠥᠯ ᠳᠤ ᠬᠠᠮᠢᠶᠠᠷᠤᠯᠲᠠ ᠬᠢᠬᠦ ᠶᠢ ᠬᠠᠷᠢᠭᠤᠴᠠᠨ᠎ᠠ᠃      ︵ᠲᠤᠯᠤᠭ᠎ᠠ︶ ᠤᠯᠤᠰ ᠠᠴᠠ ᠲᠣᠭᠲᠠᠭᠠᠭᠰᠠᠨ ᠤᠨᠴᠠ ᠨᠢᠬᠡᠨ ᠬᠦᠮᠦᠨ ᠢ ᠬᠠᠷᠢᠭᠤᠴᠠᠨ ᠬᠠᠮᠠᠭᠠᠯᠠᠵᠤ᠂ ᠴᠢᠬᠤᠯᠠ ᠭᠠᠵᠠᠷ ᠪᠠ ᠲᠥᠬᠦᠭᠡᠷᠦᠮᠵᠢ ᠶᠢ ᠰᠠᠬᠢᠨ ᠬᠠᠮᠠᠭᠠᠯᠠᠨ᠎ᠠ᠃      ︵ᠨᠠᠢᠮᠠ︶ ᠬᠤᠷᠠᠯ ᠴᠤᠭᠯᠠᠭ᠎ᠠ ᠬᠢᠬᠦ᠂ ᠵᠢᠭᠰᠠᠭᠠᠯ ᠶᠠᠪᠤᠭᠤᠯᠬᠤ᠂ ᠰᠦᠷ ᠦᠵᠡᠭᠦᠯᠬᠦ ᠠᠵᠢᠯᠯᠠᠭ᠎ᠠ ᠶᠢ ᠬᠠᠷᠢᠭᠤᠴᠠᠨ ᠬᠠᠮᠢᠶᠠᠷᠤᠨ᠎ᠠ᠃      ︵ᠶᠢᠰᠦ︶ ᠡᠷᠦᠬᠡ ᠠᠮᠠ᠂ ᠬᠢᠯᠢ ᠪᠠᠷ ᠣᠷᠣᠵᠤ ᠭᠠᠷᠬᠤ ᠤᠴᠢᠷ ᠶᠠᠪᠤᠳᠠᠯ ᠪᠣᠯᠤᠨ ᠭᠠᠳᠠᠭᠠᠳᠤ ᠶᠢᠨ ᠬᠥᠮᠦᠨ ᠤ ᠳᠤᠮᠳᠠᠳᠤ ᠤᠯᠤᠰ ᠤᠨ ᠬᠢᠯᠢ ᠳᠣᠲᠣᠷ᠎ᠠ ᠣᠷᠣᠰᠢᠨ ᠰᠠᠭᠤᠬᠤ᠂  ᠵᠤᠭᠠᠴᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠬᠠᠷᠢᠭᠤᠴᠠᠨ ᠬᠠᠮᠢᠶᠠᠷᠤᠨ᠎ᠠ᠃      ︵ᠠᠷᠪᠠ︶ ᠵᠠᠬᠢᠷᠤᠨ ᠬᠠᠮᠢᠶᠠᠷᠬᠤ᠂ ᠬᠤᠷᠢᠵᠤ ᠬᠥᠳᠡᠯᠮᠦᠷᠢᠯᠡᠭᠦᠯᠬᠦ᠂ ᠤᠯᠤᠰ ᠲᠦᠷᠦ ᠶᠢᠨ ᠡᠷᠬᠡ ᠶᠢ ᠨᠢ ᠬᠠᠰᠤᠬᠤ ᠪᠠᠷ ᠰᠢᠳᠬᠡᠭᠳᠡᠭᠰᠡᠨ ᠶᠡᠯᠡᠳᠡᠠ ᠪᠠ ᠭᠢᠨᠳᠠᠨ ᠤ ᠭᠠᠳᠠᠨ᠎ᠠ ᠭᠦᠢᠴᠡᠳᠬᠡᠬᠦ ᠶᠡᠯᠡᠳᠡᠠ ᠳᠤ ᠡᠷᠡᠭᠦᠦ ᠰᠢᠳᠬᠡᠯ ᠢ ᠬᠦᠢᠴᠡᠳᠬᠡᠬᠦ᠂ ᠡᠷᠡᠭᠦᠦ ᠰᠢᠳᠬᠡᠯ ᠢ ᠨᠢ ᠬᠤᠶᠢᠰᠢᠯᠠᠭᠤᠯᠤᠭᠰᠠᠨ᠂ ᠲᠡᠩᠰᠡᠠ ᠰᠤᠯᠠᠯᠠᠬᠤ ᠪᠠᠷ ᠵᠠᠷᠯᠠᠭᠳᠠᠭᠰᠠᠨ ᠶᠡᠯᠡᠳᠡᠠ ᠳᠤ ᠬᠢᠨᠠᠯᠲᠠ ᠲᠠᠯᠪᠢᠵᠤ ᠪᠠᠶᠢᠴᠠᠭᠠᠯᠳᠠ ᠬᠢᠨ᠎ᠡ᠃      ︵ᠠᠷᠪᠠᠨ ᠨᠢᠭᠡ︶ ᠣᠯᠠᠨ ᠲᠦᠮᠡᠨ ᠤ ᠴᠠᠭᠳᠠᠭ᠎ᠠ ᠳᠤ ᠮᠡᠳᠡᠬᠦᠯᠬᠦ᠂ ᠲᠤᠰᠠᠯᠠᠮᠵᠢ ᠭᠤᠶᠤᠴᠢᠯᠠᠬᠤ ᠪᠠ ᠬᠢᠨᠠᠯᠲᠠ ᠲᠠᠯᠪᠢᠬᠤ ᠶᠢ ᠬᠦᠯᠢᠶᠡᠨ᠎ᠡ᠃      ︵ᠠᠷᠪᠠᠨ ᠬᠤᠶᠠᠷ︶ ᠬᠦᠴᠦᠷᠬᠡᠭᠯᠡᠯ ᠰᠦᠷᠳᠡᠭᠦᠯᠦᠯ ᠤᠨ ᠶᠠᠯᠠᠲᠤ ᠬᠡᠷᠡᠭ᠂ ᠬᠦᠨᠳᠦ ᠨᠣᠴᠢᠲᠠᠶ ᠬᠦᠴᠦᠷᠬᠡᠭᠯᠡᠯ ᠤᠨ ᠴᠢᠨᠠᠷᠲᠠᠶ ᠶᠠᠯᠠᠲᠤ ᠬᠡᠷᠡᠭ᠂ ᠤᠷᠪᠠᠯᠭᠠᠨ᠂ ᠦᠢᠮᠡᠭᠡᠨ ᠤ ᠬᠡᠷᠡᠭ ᠢ ᠬᠠᠷᠢᠭᠤᠴᠠᠨ ᠰᠢᠶᠳᠪᠦᠷᠢᠯᠡᠵᠦ᠂ ᠡᠰᠡᠷᠭᠦᠴᠡᠯᠳᠦᠬᠦ ᠴᠢᠨᠠᠷ ᠢᠶᠠᠷ ᠴᠢᠩᠭ᠎ᠠ ᠪᠦᠯᠦᠭᠯᠡᠯ ᠤᠨ ᠬᠡᠷᠡᠭ ᠢ ᠰᠢᠶᠳᠪᠦᠷᠢᠯᠡᠨ᠎ᠡ᠃      ︵ᠠᠷᠪᠠᠨ ᠭᠤᠷᠪᠠ︶ ᠺᠤᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠬᠤ ᠶᠢᠨ ᠬᠠᠮᠲᠤ ᠺᠤᠮᠫᠢᠦ᠋ᠲ᠋ᠧᠷ ᠤᠨ ᠮᠡᠳᠡᠭᠡ ᠵᠠᠩᠭᠢ ᠶᠢᠨ ᠰᠢᠰᠲ᠋ᠧᠮ ᠳᠤ ᠠᠮᠤᠷ ᠲᠦᠪᠰᠢᠨ ᠤ ᠬᠠᠮᠠᠭᠠᠯᠠᠯᠲᠠ ᠶᠢᠨ ᠠᠵᠢᠯ᠂ ᠲᠣᠣᠷ ᠰᠦᠯᠵᠢᠶᠡᠨ ᠤ  ᠠᠮᠤᠷ ᠲᠦᠪᠰᠢᠨ ᠤ ᠠᠩᠬ᠎ᠠ ᠵᠡᠷᠭᠡ ᠶᠢᠨ ᠬᠢᠨᠠᠬᠤ ᠳᠤᠰᠢᠶᠠᠯ ᠬᠠᠷᠢᠭᠤᠴᠠᠯᠭ᠎ᠠ ᠶᠢ ᠬᠠᠷᠢᠭᠤᠴᠠᠨ᠎ᠠ  ᠃      ︵ᠠᠷᠪᠠᠨ ᠲᠦᠷᠪᠡ︶ ᠲᠦᠷᠦ ᠶᠢᠨ ᠪᠠᠶᠢᠭᠤᠯᠭ᠎ᠠ᠂ ᠨᠡᠶᠢᠭᠡᠮ ᠤᠨ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠬᠡᠴᠡ ᠪᠠ ᠭᠤᠣᠯᠳᠠᠯᠭ᠎ᠠ ᠲᠠᠢ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠢ ᠬᠠᠮᠠᠭᠠᠯᠠᠬᠤ ᠠᠵᠢᠯ ᠢ ᠵᠢᠯᠣᠭᠤᠳᠤᠨ ᠬᠢᠨᠠᠯᠲᠠ ᠲᠠᠯᠪᠢᠵᠤ᠂ ᠠᠮᠤᠷ ᠢ ᠬᠠᠮᠠᠭᠠᠯᠠᠬᠤ ᠺᠤᠮᠢᠰ ᠵᠡᠷᠭᠡ ᠤᠯᠠᠨ ᠲᠦᠮᠡᠨᠴᠢ ᠴᠢᠨᠠᠷᠲᠠᠢ ᠵᠣᠬᠢᠶᠠᠨ ᠪᠠᠶᠢᠭᠤᠯᠤᠯᠲᠠ ᠶᠢᠨ ᠠᠮᠤᠷ ᠢ ᠬᠠᠮᠠᠭᠠᠯᠠᠬᠤ ᠰᠡᠷᠭᠡᠶᠢᠯᠡᠯᠲᠡ ᠶᠢᠨ ᠠᠵᠢᠯ ᠢ ᠵᠢᠯᠣᠭᠤᠳᠴᠤ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠦᠨ᠎ᠡ  ᠃      ︵ᠠᠷᠪᠠᠨ ᠲᠠᠪᠤ︶  ᠪᠦᠬᠦ ᠳᠤᠭᠤᠷᠢᠭ ᠤᠨ ᠠᠷᠠᠳ ᠤᠨ ᠪᠡᠯᠡ ᠴᠤᠭᠯᠠᠭᠤᠯᠭ᠎ᠠ ᠳᠤ ᠬᠤᠯᠪᠣᠭᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠬᠢᠭᠡᠳ ᠬᠤᠪᠢ ᠬᠥᠮᠦᠨ ᠢ ᠪᠠᠶᠢᠴᠠᠭᠠᠵᠤ ᠴᠡᠭᠴᠡᠯᠡᠬᠦ ᠵᠢᠴᠢ ᠣᠯᠠᠨ ᠨᠡᠶᠢᠲᠡ ᠶᠢᠨ ᠬᠠᠳᠠᠭᠠᠯᠠᠮᠵᠢ ᠶᠢᠨ ᠵᠣᠭᠤᠰ ᠢ ᠬᠠᠤᠯᠢ ᠪᠤᠰᠤ ᠪᠠᠷ ᠰᠢᠩᠭᠡᠭᠡᠨ ᠠᠪᠤᠭᠰᠠᠨ ᠬᠡᠷᠡᠭ ᠢ ᠬᠦᠯᠢᠶᠡᠨ ᠠᠪᠴᠤ᠂ ᠪᠠᠶᠢᠴᠠᠭᠠᠨ ᠰᠢᠶᠳᠪᠦᠷᠢᠯᠡᠵᠦ᠂ ᠠᠷᠠᠳ ᠤᠨ ᠪᠡᠯᠡ ᠴᠤᠭᠯᠠᠭᠤᠯᠭ᠎ᠠ ᠶᠢᠨ ᠦᠢᠯᠡ ᠠᠵᠢᠯᠯᠠᠭ᠎ᠠ ᠶᠢ ᠵᠢᠷᠤᠮᠵᠢᠭᠤᠯᠤᠨ ᠬᠥᠲᠥᠯᠥᠨ ᠵᠢᠯᠣᠭᠤᠳᠬᠤ  ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠵᠢᠷᠤᠮᠵᠢᠭᠤᠯᠤᠨ᠎ᠠ᠃      ︵ᠠᠷᠪᠠᠨ ᠵᠢᠷᠭᠤᠭ᠎ᠠ︶ ᠪᠥᠬᠦ ᠳᠤᠭᠤᠷᠢᠭ ᠤᠨ ᠢᠨᠲ᠋ᠧᠷ ᠰᠦᠯᠵᠢᠶᠡᠨ ᠳᠤ ᠭᠠᠷᠬᠤ ᠦᠶᠯᠡᠴᠢᠯᠡᠭᠡᠨ ᠤ ᠡᠵᠡᠩᠨᠡᠯᠲᠡ ᠶᠢᠨ ᠲᠠᠯᠠᠪᠤᠷ ᠭᠠᠵᠠᠷ ᠪᠠ ᠰᠦᠯᠵᠢᠶᠡᠨ ᠦᠷᠳᠡᠬᠡᠨ ᠤ ᠮᠡᠳᠡᠭᠡ ᠵᠠᠩᠭᠢ ᠶᠢᠨ ᠲᠣᠤᠷ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ   ᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ᠃      ︵ᠠᠷᠪᠠᠨ ᠳᠣᠯᠤᠭ᠎ᠠ︶ ᠴᠢᠮᠡᠭᠡ ᠮᠡᠳᠡᠬᠡᠨ ᠤ ᠮᠡᠳᠡᠭᠡ ᠵᠠᠩᠭᠢ ᠶᠢᠨ ᠠᠵᠢᠯ ᠢ ᠨᠢᠭᠡᠳᠦᠯᠲᠡᠶ ᠲᠦᠯᠦᠪᠯᠡᠨ ᠲᠥᠯᠥᠪᠵᠢᠭᠦᠯᠬᠦ᠂ ᠴᠢᠮᠡᠭᠡ ᠮᠡᠳᠡᠬᠡᠨ ᠤ ᠮᠡᠳᠡᠭᠡ ᠵᠠᠩᠭᠢ ᠶᠢᠨ ᠰᠢᠰᠲ᠋ᠧᠮ ᠢ ᠬᠠᠮᠢᠶᠠᠷᠴᠤ ᠬᠠᠮᠠᠭᠠᠯᠠᠬᠤ ᠪᠠ ᠰᠤᠳᠤᠯᠤᠨ ᠨᠡᠭᠡᠭᠡᠵᠦ ᠪᠠᠶᠢᠭᠤᠯᠬᠤ᠂ ᠴᠢᠮᠡᠭᠡ ᠮᠡᠳᠡᠬᠡᠨ ᠤ ᠮᠡᠳᠡᠭᠡ ᠵᠠᠩᠭᠢ ᠶᠢᠨ ᠡᠬᠢ ᠪᠠᠶᠠᠯᠢᠭ ᠢ ᠬᠤᠷᠢᠶᠠᠩᠭᠤᠶᠢᠯᠠᠵᠤ ᠡᠮᠬᠢᠯᠡᠨ ᠨᠡᠶᠢᠯᠡᠭᠦᠯᠬᠦ᠂ ᠴᠢᠮᠡᠭᠡ ᠮᠡᠳᠡᠬᠡᠨ ᠤ ᠮᠡᠳᠡᠭᠡ ᠵᠠᠩᠭᠢ ᠶᠢ ᠵᠠᠳᠠᠯᠵᠤ ᠰᠤᠳᠤᠯᠤᠨ ᠮᠠᠭᠠᠳᠯᠠᠬᠤ ᠶᠢ ᠬᠠᠷᠢᠭᠤᠴᠠᠨ᠎ᠠ᠃      ︵ᠠᠷᠪᠠᠨ ᠨᠠᠶᠮᠠ︶ ᠪᠦᠬᠦ ᠳᠤᠭᠤᠷᠢᠭ ᠤᠨ ᠡᠯ᠎ᠡ ᠲᠥᠷᠥᠯ ᠤᠨ ᠡᠷᠡᠭᠦᠦ ᠶᠢᠨ ᠬᠡᠷᠡᠭ ᠤᠨ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠪᠦᠬᠦ  ᠳᠤᠭᠤᠷᠢᠭ ᠤᠨ ᠪᠠᠶᠢᠭᠠᠯᠢ ᠶᠢᠨ ᠭᠠᠮᠰᠢᠭ ᠤᠨ ᠠᠳᠡᠯ ᠪᠣᠯᠤᠨ ᠬᠡᠪ ᠤᠨ ᠪᠤᠰᠤ ᠪᠠᠷ ᠦᠬᠦᠭᠰᠡᠨ ᠬᠡᠷᠡᠭ ᠤᠨ ᠲᠤᠬᠠᠶ ᠶᠢᠨ ᠲᠠᠯᠠᠪᠠᠶ ᠶᠢᠨ ᠬᠠᠶᠢᠨ ᠪᠠᠶᠢᠴᠠᠭᠠᠬᠤ ᠠᠵᠢᠯ ᠢ ᠬᠠᠷᠢᠭᠤᠴᠠᠨ᠎ᠠ᠃      ︵ᠠᠷᠪᠠ ᠶᠢᠰᠦ︶ ︽ᠪᠦᠬᠦ ᠤᠯᠤᠰ ᠤᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ   ᠶᠢᠨ ᠲᠤᠬᠠᠶ ᠶᠢᠨ ᠭᠠᠵᠠᠷ ᠤᠨ ᠬᠠᠶᠢᠨ ᠰᠢᠯᠭᠠᠬᠤ ᠮᠡᠳᠡᠭᠡ ᠵᠠᠩᠭᠢ  ᠶᠢᠨ ᠰᠢᠰᠲ᠋ᠧᠮ︾ ᠳᠤ ᠮᠡᠳᠡᠭᠡ ᠵᠠᠩᠭᠢ ᠶᠢ ᠪᠢᠴᠢᠵᠦ ᠣᠷᠣᠭᠤᠯᠬᠤ ᠪᠠ ᠬᠡᠷᠡᠭᠯᠡᠬᠦ ᠶᠢ ᠬᠠᠷᠢᠭᠤᠴᠠᠨ᠎ᠠ᠃      ︵ᠬᠤᠷᠢ︶ ᠪᠥᠬᠦ ᠳᠤᠭᠤᠷᠢᠭ ᠤᠨ ᠬᠠᠤᠯᠢ ᠶᠢᠨ ᠡᠮᠴᠢ ᠶᠢᠨ ᠲᠥᠷᠥᠯ ᠤᠨ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ᠂ ᠣᠷᠣ ᠮᠥᠷ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ᠂ ᠲᠠᠭᠤ ᠳᠦᠷᠰᠦᠲᠦ ᠮᠠᠲ᠋ᠧᠷᠢᠶᠠᠯ ᠢ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ᠂ ᠹᠢᠽᠢᠺ ᠬᠢᠮᠢ ᠶᠢᠨ ᠰᠢᠯᠭᠠᠨ ᠪᠠᠶᠢᠴᠠᠭᠠᠵᠤ ᠬᠢᠨᠠᠨ ᠳᠤᠭᠳᠠᠭᠠᠬᠤ ᠵᠡᠷᠭᠡ ᠰᠢᠯᠭᠠᠨ ᠪᠠᠶᠢᠴᠠᠭᠠᠵᠤ ᠬᠢᠨᠠᠨ ᠲᠣᠭᠲᠠᠭᠠᠬᠤ ᠠᠵᠢᠯ ᠢ ᠬᠠᠷᠢᠭᠤᠴᠠᠨ᠎ᠠ︔ ᠲᠤᠬᠠᠶ ᠶᠢᠨ ᠲᠠᠯᠠᠪᠠᠶ ᠶᠢᠨ ᠮᠠᠲ᠋ᠧᠷᠢᠶᠠᠯ᠂ ᠲᠤᠬᠠᠶ ᠶᠢᠨ ᠲᠠᠯᠠᠪᠠᠶ ᠶᠢᠨ ᠣᠷᠣ ᠮᠥᠷ ᠤᠨ ᠪᠣᠳᠠᠰ ᠤᠨ ᠭᠡᠷᠡᠴᠢ ᠶᠢ ᠬᠠᠳᠠᠭᠠᠯᠠᠵᠤ ᠬᠠᠮᠠᠭᠠᠯᠠᠬᠤ ᠠᠵᠢᠯ ᠢ ᠬᠠᠷᠢᠭᠤᠴᠠᠨ᠎ᠠ᠃      ︵ᠬᠤᠷᠢᠨ ᠨᠢᠭᠡ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠳᠤᠰᠢᠶᠠᠯ ᠬᠠᠷᠢᠭᠤᠴᠠᠯᠭ᠎ᠠ ᠶᠢ ᠭᠦᠢᠴᠡᠳᠬᠡᠵᠦ᠂ ᠳᠤᠭᠤᠷᠢᠭ  ᠤᠨ ᠠᠷᠠᠳ ᠤᠨ ᠵᠠᠰᠠᠭ ᠤᠨ ᠣᠷᠳᠣᠨ ᠪᠣᠯᠤᠨ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠤᠰᠢᠶᠠᠨ ᠭᠦᠢᠴᠡᠳᠬᠡᠯᠭᠡᠬᠦ ᠪᠤᠰᠤᠳ ᠡᠭᠦᠷᠭᠡ ᠶᠢ ᠳᠠᠭᠠᠭᠠᠨ ᠭᠦᠢᠴᠡᠳᠬᠡᠨ᠎ᠡ᠃ ᠬᠤᠶᠠᠷ᠂ ᠪᠠᠶᠢᠭᠤᠯᠤᠮᠵᠢ ᠶᠢᠨ ᠳᠤᠬᠢᠷᠠᠭᠤᠯᠤᠯᠳᠠ ᠶᠢᠨ ᠪᠠᠶᠢᠳᠠᠯ      ᠳᠣᠲᠣᠭᠠᠳᠤ ᠶᠢᠨ ᠪᠠᠶᠢᠭᠤᠯᠤᠮᠵᠢ᠄ ᠴᠢᠮᠡᠭᠡ ᠮᠡᠳᠡᠭᠡᠨ ᠤ ᠵᠢᠯᠣᠭᠤᠳᠬᠤ ᠲᠥᠪ ︵ᠠᠯᠪᠠᠨ ᠭᠡᠷ︶᠂ ᠬᠢᠨᠠᠨ ᠪᠠᠶᠢᠴᠠᠭᠠᠬᠤ ᠶᠡᠭᠡ ᠠᠩᠭᠢ᠂ ᠤᠯᠤᠰ ᠲᠥᠷᠥ  ᠶᠢᠨ ᠠᠵᠢᠯ ᠤᠨ ᠠᠯᠪᠠᠨ ᠬᠡᠷ᠂ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠶᠡᠭᠡ ᠠᠩᠭᠢ᠂ ᠠᠵᠤ ᠠᠬᠤᠶ ᠶᠢᠨ ᠶᠠᠯᠠᠲᠤ ᠬᠡᠷᠡᠭ ᠢ ᠳᠠᠩᠨᠠᠬᠤ ᠶᠡᠭᠡ ᠠᠩᠭᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠶᠡᠭᠡ ᠠᠩᠭᠢ᠂ ᠡᠷᠡᠭᠦᠦ ᠶᠢᠨ ᠬᠡᠷᠡᠭ ᠢ ᠳᠠᠩᠨᠠᠬᠤ ᠶᠡᠭᠡ ᠠᠩᠭᠢ᠂ ᠰᠦᠷᠳᠡᠭᠦᠯᠦᠯ ᠢ ᠡᠰᠡᠷᠭᠦᠴᠡᠬᠦ ᠪᠠ ᠣᠨᠴᠠ ᠴᠠᠭᠳᠠᠭ᠎ᠠ ᠴᠠᠭᠳᠠᠭᠤᠯ ᠤᠨ ᠶᠡᠭᠡ ᠠᠩᠭᠢ᠂ ᠢᠳᠡᠭᠡᠨ ᠡᠮ ᠤᠨ ᠬᠦᠷᠢᠶᠡᠨ ᠤ ᠶᠠᠯᠠᠲᠤ ᠬᠡᠷᠡᠭ ᠢ ᠳᠠᠩᠨᠠᠬᠤ ᠶᠡᠭᠡ ᠠᠩᠭᠢ᠂ ᠴᠠᠭᠳᠠᠭᠠᠨ ᠤ ᠶᠠᠪᠤᠳᠠᠯ ᠤᠨ ᠲᠤᠰᠠᠯᠠᠬᠤ ᠶᠡᠭᠡ ᠠᠩᠭᠢ᠂ ᠴᠠᠭᠳᠠᠭᠠᠨ ᠤ ᠶᠠᠪᠤᠳᠠᠯ ᠤᠨ ᠪᠠᠲᠤᠯᠠᠭ᠎ᠠ ᠶᠢᠨ ᠠᠯᠪᠠᠨ ᠬᠡᠷ᠂ ᠬᠠᠤᠯᠢ ᠲᠦᠷᠢᠮ ᠤᠨ ᠶᠡᠭᠡ ᠠᠩᠭᠢ᠂ ᠬᠤᠤᠷ ᠴᠠᠭᠠᠵᠠᠯᠠᠬᠤ ᠶᠡᠭᠡ ᠠᠩᠭᠢ᠂ ᠲᠢᠶᠠᠨ ᠵᠢᠶᠤᠤ ᠵᠠᠮ ᠤᠨ ᠲᠣᠮᠢᠯᠠᠭᠰᠠᠨ ᠰᠠᠯᠪᠤᠷᠢ᠂ ᠰᠢᠩ ᠹᠦ᠋ ᠵᠡᠭᠡᠯᠢ ᠶᠢᠨ ᠲᠣᠮᠢᠯᠠᠭᠰᠠᠨ ᠰᠠᠯᠪᠤᠷᠢ᠂ ᠴᠡᠴᠡᠷᠯᠢᠭ ᠤᠨ ᠵᠠᠮ ᠤᠨ ᠲᠣᠮᠢᠯᠠᠭᠰᠠᠨ ᠰᠠᠯᠪᠤᠷᠢ᠂ ᠵᠢᠶᠧ ᠹᠠᠩ ᠵᠠᠮ  ᠤᠨ ᠲᠣᠮᠢᠯᠠᠭᠰᠠᠨ ᠰᠠᠯᠪᠤᠷᠢ᠂ ᠠᠵᠤ ᠦᠢᠯᠡᠳᠪᠦᠷᠢ ᠶᠢᠨ ᠵᠡᠭᠡᠯᠢ ᠶᠢᠨ ᠲᠣᠮᠢᠯᠠᠭᠰᠠᠨ ᠰᠠᠯᠪᠤᠷᠢ᠂ ᠹᠦ᠋ ᠰᠢᠩ ᠵᠠᠮ ᠤᠨ ᠲᠣᠮᠢᠯᠠᠭᠰᠠᠨ ᠰᠠᠯᠪᠤᠷᠢ᠂ ᠥᠭᠡᠯᠦᠨ ᠲᠣᠮᠢᠯᠠᠭᠰᠠᠨ ᠰᠠᠯᠪᠤᠷᠢ᠂ ᠲᠦᠩᠴᠤᠸᠠᠨ ᠪᠠᠯᠭᠠᠰᠤᠨ ᠤ ᠲᠣᠮᠢᠯᠠᠭᠰᠠᠨ ᠰᠠᠯᠪᠤᠷᠢ᠂ ᠬᠠᠨᠲᠠᠶ ᠪᠠᠯᠭᠠᠰᠤᠨ ᠤ ᠲᠣᠮᠢᠯᠠᠭᠰᠠᠨ ᠰᠠᠯᠪᠤᠷᠢ᠂ ᠪᠤᠷᠵᠠᠩ ᠨᠠᠭᠤᠷ ᠪᠠᠯᠭᠠᠰᠤᠨ ᠤ ᠲᠣᠮᠢᠯᠠᠭᠰᠠᠨ ᠰᠠᠯᠪᠤᠷᠢ᠂ ᠲᠣᠨᠣᠭᠯᠠᠯ ᠦᠢᠯᠡᠳᠬᠦ ᠰᠠᠭᠤᠷᠢᠨ ᠭᠠᠵᠠᠷ ᠤᠨ ᠲᠣᠮᠢᠯᠠᠭᠰᠠᠨ ᠰᠠᠯᠪᠤᠷᠢ᠂ ᠬᠤᠷᠢᠬᠤ ᠭᠠᠵᠠᠷ᠂ ᠲᠦᠷ ᠬᠤᠷᠢᠬᠤ ᠭᠠᠵᠠᠷ᠂ ᠬᠤᠣᠷ ᠲᠠᠲᠠᠬᠤ  ᠶᠢ ᠵᠣᠭᠰᠣᠭᠠᠬᠤ ᠭᠠᠵᠠᠷ᠃ ᠭᠤᠷᠪᠠ᠂ ᠠᠵᠢᠯᠯᠠᠬᠤ ᠭᠠᠵᠠᠷ      ᠳ᠋ᠦᠩᠱᠧᠩ ᠲᠣᠭᠤᠷᠢᠭ ᠤᠨ ᠣᠲᠤᠭ ᠪᠠᠷᠠᠭᠤᠨ ᠵᠡᠭᠡᠯᠢ ᠶᠢᠨ 43 ᠳ᠋ᠤᠭᠠᠷ ᠨᠣᠮᠧᠷ  ᠲᠦᠷᠪᠡ᠂ ᠠᠵᠢᠯᠯᠠᠬᠤ ᠴᠠᠭ      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠡᠳᠦᠷ ᠠᠴᠠ ᠭᠠᠳᠠᠨ᠎ᠠ︶      ᠵᠣᠨ ᠤ ᠤᠯᠠᠷᠢᠯ᠄ 8᠄ 30 — 12᠄ 00︔ 15᠄ 00 — 18᠄ 00      ᠡᠪᠦᠯ ᠤᠨ ᠤᠯᠠᠷᠢᠯ᠄ 8᠄ 30 — 12᠄ 00︔ 14᠄ 30 —17᠄ 30 ᠳᠠᠪᠤ᠂ ᠬᠠᠷᠢᠯᠴᠠᠬᠤ ᠤᠲᠠᠰᠤ      0477 — 3995814
ᠢᠷᠡᠯᠲᠡ᠄ ᠳᠤᠰ ᠰᠦᠯᠵᠢᠶ᠎ᠡ