ᠨᠢᠬᠡ᠂ ᠪᠠᠶᠢᠭᠤᠯᠭ᠎ᠠ ᠶᠢᠨ ᠴᠢᠳᠠᠪᠬᠢ | ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠳᠤᠪᠴᠢᠶᠠᠨ ᠤ ᠪᠠᠶᠢᠭᠤᠯᠭ᠎ᠠ ᠶᠢᠨ ᠴᠢᠳᠠᠪᠬᠢ ᠨᠢ ᠳᠣᠤᠷᠠᠬᠢ ᠮᠡᠲᠦ᠄ | ᠨᠢᠭᠡᠳᠦᠭᠡᠷ ᠵᠦᠶᠯ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ | ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠦᠯ︾ ᠪᠠ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠳᠠᠷᠤᠮᠠᠯᠯᠠᠨ ᠳᠠᠷᠬᠠᠭᠠᠭᠰᠠᠨ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠶᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠪᠣᠯ | ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠵᠢᠩᠬᠢᠨᠢ ᠰᠠᠯᠠᠭᠠᠨ ᠳᠡᠰ ᠤᠨ ᠠᠵᠢᠯ ᠤᠨ ᠰᠠᠯᠠᠭ᠎ᠠ ᠮᠥᠴᠢᠷ ᠪᠣᠯᠤᠨ᠎ᠠ᠃ ᠣᠷᠳᠣᠰ ᠬᠤᠲᠠ ᠶᠢᠨ | ᠳ᠋ᠦᠩᠱᠧᠩ ᠲᠣᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠳᠤ ᠪᠠᠶᠢᠭᠤᠯᠤᠨ᠎ᠠ᠃ | ᠭᠤᠷᠪᠠᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠪᠠᠴᠢᠮ | ᠪᠠᠶᠢᠳᠠᠯ ᠢ ᠠᠷᠭᠠᠴᠠᠬᠤ ᠠᠵᠢᠯ ᠤᠨ ᠲᠤᠬᠠᠶ ᠨᠠᠮ ᠤᠨ ᠲᠥᠪ ᠬᠤᠷᠢᠶᠠᠨ ᠤ ᠴᠢᠭᠯᠡᠯᠲᠡ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠣᠯᠤᠨ ᠲᠣᠭᠤᠷᠢᠭ ᠤᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠪᠠᠴᠢᠮ ᠪᠠᠶᠢᠳᠠᠯ ᠢ ᠠᠷᠭᠠᠴᠠᠬᠤ ᠠᠵᠢᠯ ᠳᠠᠬᠢ ᠨᠠᠮ ᠤᠨ | ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠨ᠎ᠠ᠃ ᠭᠤᠣᠯ ᠳᠤᠰᠢᠶᠠᠯ ᠬᠠᠷᠢᠭᠤᠴᠠᠯᠭ᠎ᠠ ᠨᠢ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠠᠶᠤᠯᠬᠦᠢ ᠦᠶᠯᠡᠳᠪᠦᠷᠢᠯᠡᠯ ᠵᠡᠷᠭᠡ ᠲᠠᠯ᠎ᠠ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠬᠠᠤᠯᠢ ᠲᠣᠭᠲᠠᠭᠠᠯ ᠢ ᠨᠠᠶᠢᠳᠠᠪᠤᠷᠢᠵᠢᠭᠤᠯᠤᠨ᠂ ᠳ᠋ᠦᠩᠱᠧᠩ ᠲᠣᠭᠤᠷᠢᠭ | ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠠᠵᠢᠯ ᠤᠨ ᠲᠥᠰᠦᠯ ᠵᠡᠷᠭᠡ ᠶᠢ ᠰᠤᠳᠤᠯᠤᠨ ᠳᠤᠭᠤᠷᠪᠢᠨ | ᠳᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠯ᠎ᠡ ᠰᠠᠯᠠᠭ᠎ᠠ ᠮᠥᠴᠢᠷ᠂ | ᠪᠠᠯᠭᠠᠰᠤ᠂ ᠵᠡᠭᠡᠯᠢ ᠭᠤᠳᠤᠮᠵᠢ ᠪᠣᠯᠤᠨ ᠨᠡᠭᠡᠭᠡᠯᠳᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠤᠨ ᠠᠶᠤᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ | ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠢ ᠠᠷᠭᠠᠴᠠᠬᠤ ᠪᠠ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠢ | ᠠᠵᠢᠯ ᠢ ᠵᠢᠯᠣᠭᠤᠳᠴᠤ᠂ ᠠᠶᠤᠯᠬᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠬᠤᠯᠪᠣᠭᠳᠠᠯ ᠪᠥᠬᠦᠢ | ᠦᠢᠯᠡᠳᠪᠦᠷᠢ ᠠᠭᠤᠷᠬᠠᠶ ᠶᠢᠨ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠳᠤᠭᠳᠠᠯᠴᠠᠭᠠᠨ ᠤ ᠪᠠᠶᠢᠭᠤᠯᠤᠯᠲᠠ᠂ ᠠᠶᠤᠯᠬᠦᠢ ᠦᠶᠯᠡᠳᠪᠦᠷᠢᠯᠡᠯ ᠪᠠ ᠭᠠᠮᠰᠢᠭ | ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠢ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠬᠠᠮᠢᠶ᠎ᠠ ᠪᠥᠬᠦᠶ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠶᠢ ᠳᠤᠭᠤᠷᠪᠢᠨ ᠳᠤᠭᠳᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ | ︵ᠳᠥᠷᠪᠡ︶ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠳᠤᠭᠳᠠᠯᠴᠠᠭᠠᠨ ᠤ ᠪᠠᠶᠢᠭᠤᠯᠤᠯᠲᠠ ᠶᠢ ᠵᠢᠯᠣᠭᠤᠳᠤᠨ᠂ ᠤᠯᠤᠰ ᠤᠨ ᠠᠳᠡᠯ ᠤᠨ | ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠲᠥᠰᠦᠯ ᠪᠣᠯᠤᠨ ᠠᠶᠤᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ | ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠤᠯᠭᠠᠯᠴᠠᠭᠤᠯᠬᠤ ᠠᠵᠢᠯ ᠢ | ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ ᠲᠥᠰᠦᠯ ᠤᠨ ᠬᠠᠮᠢᠶ᠎ᠠ ᠪᠦᠬᠦᠢ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠳ᠋ᠦᠩᠱᠧᠩ ᠲᠣᠭᠤᠷᠢᠭ ᠤᠨ | ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠲᠦᠬᠦᠬᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠲᠠᠪᠤ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢ ᠲᠦᠷᠦᠭᠦᠯᠡᠨ ᠪᠠᠶᠢᠭᠤᠯᠵᠤ᠂ | ᠮᠡᠳᠡᠭᠡ ᠵᠠᠩᠭᠢ ᠳᠠᠮᠵᠢᠭᠤᠯᠬᠤ ᠠᠷᠭ᠎ᠠ ᠵᠠᠮ ᠢ ᠲᠥᠯᠥᠪᠵᠢᠭᠦᠯᠬᠦ ᠪᠠ ᠪᠠᠶᠢᠷᠢᠯᠠᠭᠤᠯᠬᠤ ᠠᠵᠢᠯ ᠢ ᠠᠬᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ | ᠪᠠᠶᠢᠳᠠᠯ ᠢ ᠮᠡᠳᠡᠭᠦᠯᠬᠦ ᠳᠦᠷᠢᠮ ᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠣᠯᠬᠤ ᠪᠠ ᠬᠠᠮᠲᠤᠪᠠᠷ ᠡᠳ᠋ᠯᠡᠬᠦ ᠲᠣᠭᠲᠠᠴᠠ | ᠶᠢ ᠪᠦᠷᠢᠨᠰᠢᠭᠦᠯᠵᠦ᠂ ᠭᠠᠮᠰᠢᠭ ᠤᠨ ᠪᠠᠶᠢᠳᠠᠯ ᠬᠢᠭᠡᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠳᠡᠯᠡᠨ᠎ᠡ᠃ | ︵ᠵᠢᠷᠭᠤᠭ᠎ᠠ︶ ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ ᠠᠵᠢᠯ ᠢ ᠡᠭᠦᠷᠭᠡᠯᠡᠨ᠎ᠡ᠃ | ᠳ᠋ᠦᠩᠱᠧᠩ ᠲᠣᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠵᠡᠷᠭᠡ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠳ᠋ᠦᠩᠱᠧᠩ ᠲᠣᠭᠤᠷᠢᠭ ᠤᠨ ᠬᠦᠨᠳᠦ ᠶᠡᠭᠡ ᠭᠠᠮᠰᠢᠭ ᠢ ᠠᠷᠭᠠᠴᠠᠬᠤ | ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠨ᠂ ᠭᠡᠨᠡᠳᠲᠡ ᠶᠢᠨ ᠬᠡᠷᠡᠭ ᠤᠨ ᠦᠷᠬᠡᠳᠬᠡᠬᠦ ᠪᠠᠶᠢᠳᠠᠯ ᠢ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢᠨ ᠬᠠᠮᠲᠤ | ᠠᠷᠭᠠᠴᠠᠬᠤ ᠰᠠᠨᠠᠭᠤᠯᠭ᠎ᠠ ᠳᠤᠷᠠᠳᠴᠤ᠂ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠤ ᠵᠢᠭᠠᠨ ᠲᠣᠭᠲᠠᠭᠠᠭᠰᠠᠨ ᠬᠠᠷᠢᠭᠤᠴᠠᠵᠤ | ᠪᠠᠶᠢᠭ᠎ᠠ ᠨᠥᠬᠦᠳ ᠲᠠᠢ ᠬᠠᠮᠵᠢᠯᠴᠠᠨ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠳᠣᠯᠤᠭ᠎ᠠ︶ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳ᠋ᠦᠩᠱᠧᠩ ᠲᠣᠭᠤᠷᠢᠭ ᠤᠨ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ | ᠲᠤᠰᠬᠠᠶ ᠡᠩᠨᠡᠭᠡ ᠶᠢ ᠵᠣᠬᠢᠴᠠᠭᠤᠯᠤᠨ ᠵᠢᠯᠣᠭᠤᠳᠴᠤ᠂ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠢ ᠵᠤᠬᠢᠴᠠᠭᠤᠯᠬᠤ ᠬᠤᠯᠪᠤᠭᠠᠯᠠᠨ | ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠵᠢᠯᠣᠭᠤᠳᠬᠤ ᠲᠠᠪᠴᠠᠩ ᠤᠨ ᠵᠠᠯᠭᠠᠯᠴᠠᠭᠠ ᠶᠢ ᠠᠬᠢᠭᠤᠯᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ | ᠤᠨ ᠭᠠᠯ ᠰᠡᠷᠭᠡᠶᠢᠯᠡᠬᠦ ᠡᠩᠨᠡᠭᠡ᠂ ᠴᠢᠯᠥᠭᠡᠯᠡᠬᠦ ᠴᠡᠷᠢᠭ ᠪᠠ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠳᠤ ᠤᠷᠤᠯᠴᠠᠬᠤ ᠠᠵᠢᠯ ᠶᠢ ᠵᠤᠯᠭᠠᠯᠴᠠᠭᠤᠯᠤᠨ᠎ᠠ᠃ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ | ᠶᠢ ᠨᠢᠭᠡᠳᠦᠯᠲᠡᠶ ᠲᠥᠯᠥᠪᠯᠡᠨ ᠵᠢᠯᠣᠭᠤᠳᠴᠤ᠂ ᠡᠭᠦᠷᠭᠡ ᠬᠠᠷᠢᠭᠤᠴᠠᠯᠭ᠎ᠠ ᠶᠢᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠭᠠᠯ ᠤᠨᠲᠠᠷᠠᠭᠠᠬᠤ᠂ ᠣᠶ ᠰᠢᠭᠤᠶ ᠪᠠ | ᠨᠤᠲᠤᠭ ᠪᠡᠯᠴᠢᠭᠡᠷ ᠤᠨ ᠭᠠᠯ ᠤᠨ ᠠᠶᠤᠯ ᠠᠴᠠ ᠠᠪᠤᠷᠠᠵᠤ ᠭᠠᠯ ᠤᠨᠳᠠᠷᠠᠭᠠᠬᠤ᠂ ᠦᠶᠡᠷ ᠲᠠᠢ ᠲᠡᠮᠡᠴᠡᠨ ᠠᠶᠤᠯ ᠠᠴᠠ ᠠᠪᠤᠷᠠᠬᠤ᠂ ᠭᠠᠵᠠᠷ ᠬᠥᠳᠡᠯᠦᠯᠲᠡ ᠪᠠ | ᠭᠸᠤᠯᠤᠬᠢ ᠶᠢᠨ ᠭᠠᠮᠰᠢᠭ ᠠᠴᠠ ᠠᠪᠤᠷᠠᠨ ᠲᠤᠰᠠᠯᠠᠬᠤ᠂ ᠠᠶᠤᠯᠬᠦᠢ ᠦᠢᠯᠡᠳᠪᠦᠷᠢᠯᠡᠯ ᠤᠨ ᠠᠳᠡᠯ ᠠᠴᠠ ᠠᠪᠤᠷᠠᠨ ᠲᠤᠰᠠᠯᠠᠬᠤ ᠵᠡᠷᠭᠡ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠲᠤᠰᠬᠠᠶ ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠵᠣᠬᠢᠴᠠᠭᠤᠯᠤᠨ ᠵᠢᠯᠣᠭᠤᠳᠴᠤ᠂ ᠡᠯ᠎ᠡ ᠰᠠᠯᠠᠭ᠎ᠠ ᠮᠥᠴᠢᠷ᠂ ᠪᠠᠯᠭᠠᠰᠤ᠂ | ᠵᠡᠭᠡᠯᠢ ᠭᠤᠳᠤᠮᠵᠢ᠂ ᠨᠡᠭᠡᠭᠡᠯᠲᠡ ᠶᠢᠨ ᠳᠤᠭᠤᠷᠢᠭ ︵ᠬᠦᠷᠢᠶᠡᠯᠡᠩ ᠲᠣᠭᠤᠷᠢᠭ︶ ᠬᠢᠭᠡᠳ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢ ᠵᠣᠬᠢᠶᠠᠨ ᠪᠠᠶᠢᠭᠤᠯᠤᠨ ᠠᠬᠢᠭᠤᠯᠤᠨ᠎ᠠ᠃ | ︵ᠨᠠᠢᠮᠠ︶ ᠳᠤᠭᠳᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠳ᠋ᠦᠩᠱᠧᠩ ᠲᠣᠭᠤᠷᠢᠭ ᠤᠨ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ | ᠤᠨ ᠠᠶᠤᠯ ᠢ ᠰᠡᠷᠭᠡᠶᠢᠯᠡᠬᠦ ᠪᠠ ᠭᠠᠯ ᠤᠨᠲᠠᠷᠠᠭᠠᠵᠤ ᠠᠶᠤᠯ ᠠᠴᠠ ᠠᠪᠤᠷᠠᠬᠤ ᠵᠡᠷᠭᠡ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ︵ᠶᠢᠰᠦ︶ ᠳ᠋ᠦᠩᠱᠧᠩ ᠲᠣᠭᠤᠷᠢᠭ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ | ᠪᠠ ᠭᠸᠤᠯᠤᠬᠢ ᠶᠢᠨ ᠭᠠᠮᠰᠢᠭ ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠣᠬᠢᠴᠠᠭᠤᠯᠵᠤ᠂ ᠳ᠋ᠦᠩᠱᠧᠩ ᠲᠣᠭᠤᠷᠢᠭ ᠤᠨ ᠪᠠᠶᠢᠭᠠᠯᠢ ᠶᠢᠨ ᠭᠠᠮᠰᠢᠭ ᠢ | ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠶᠢ ᠬᠠᠷᠢᠭᠤᠴᠠᠨ᠂ ᠳ᠋ᠦᠩᠱᠧᠩ ᠲᠣᠭᠤᠷᠢᠭ ᠤᠨ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ ᠦᠨᠡᠯᠡᠨ ᠵᠢᠱᠢᠬᠦ | ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠠᠷᠪᠠ︶ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠤᠨ ᠪᠠᠶᠢᠳᠠᠯ ᠢ ᠬᠢᠨᠠᠨ ᠪᠠᠶᠢᠴᠠᠭᠠᠵᠤ | ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠠᠬᠤ ᠳᠤ ᠲᠤᠰᠠᠯᠠᠨ ᠬᠦᠷᠭᠡᠬᠦ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ | ᠭᠠᠮᠰᠢᠭ ᠠᠴᠠ ᠠᠪᠤᠷᠠᠬᠤ ᠵᠣᠭᠤᠰ ᠮᠥᠩᠭᠦ ᠡᠳ᠋ ᠪᠣᠳᠠᠰ ᠢ ᠬᠦᠯᠢᠶᠡᠨ ᠠᠪᠴᠤ᠂ ᠬᠠᠮᠢᠶᠠᠷᠬᠤ ᠪᠠ ᠬᠤᠪᠢᠶᠠᠷᠢᠯᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠯᠡᠨ᠎ᠡ᠃ | ︵ᠠᠷᠪᠠᠨ ᠨᠢᠭᠡ︶ ᠳ᠋ᠦᠩᠱᠧᠩ ᠲᠣᠭᠤᠷᠢᠭ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠤᠯᠢ ᠶᠣᠰᠣᠭᠠᠷ ᠬᠢᠨᠠᠯᠲᠠ | ᠲᠠᠯᠪᠢᠨ ᠪᠠᠶᠢᠴᠠᠭᠠᠵᠤ᠂ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠶᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠪᠣᠯᠤᠨ ᠲᠥᠯᠥᠪᠯᠡᠭᠡ ᠶᠢ ᠲᠣᠭᠲᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠮᠤᠷ ᠲᠦᠪᠰᠢᠨ ᠢ ᠦᠨᠡᠯᠡᠨ ᠬᠠᠮᠢᠶᠠᠷᠬᠤ ᠪᠣᠯᠤᠨ | ᠭᠠᠵᠠᠷ ᠬᠥᠳᠡᠯᠦᠯᠲᠡ ᠶᠢ ᠳᠠᠭᠠᠭᠠᠬᠤ ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ | ︵ᠠᠷᠪᠠᠨ ᠬᠤᠶᠠᠷ︶ ᠳ᠋ᠦᠩᠱᠧᠩ ᠲᠣᠭᠤᠷᠢᠭ ᠤᠨ ᠠᠶᠤᠯᠬᠦᠢ ᠦᠶᠯᠡᠳᠪᠦᠷᠢᠯᠡᠯ ᠤᠨ ᠶᠡᠷᠦᠩᠬᠡᠶᠢᠯᠡᠨ ᠬᠢᠨᠠᠯᠳᠠ ᠳᠠᠯᠪᠢᠬᠤ᠂ ᠬᠠᠮᠢᠶᠠᠷᠬᠤ ᠡᠷᠬᠡ ᠲᠤᠰᠢᠶᠠᠯ | ᠢᠶᠠᠨ ᠬᠠᠤᠯᠢ ᠶᠣᠰᠣᠭᠠᠷ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠪᠠᠯᠭᠠᠰᠤ᠂ ᠵᠡᠭᠡᠯᠢ ᠭᠤᠳᠤᠮᠵᠢ ᠪᠠ ᠨᠡᠭᠡᠭᠡᠯᠲᠡ ᠶᠢᠨ ᠲᠣᠭᠤᠷᠢᠭ | ︵ᠬᠦᠷᠢᠶᠡᠯᠡᠩ ᠲᠣᠭᠤᠷᠢᠭ︶ ᠤᠨ ᠠᠶᠤᠯᠬᠦᠢ ᠦᠶᠯᠡᠳᠪᠦᠷᠢᠯᠡᠯ ᠤᠨ ᠠᠵᠢᠯ ᠢ ᠵᠢᠯᠣᠭᠤᠳᠤᠨ ᠵᠣᠬᠢᠴᠠᠭᠤᠯᠵᠤ᠂ ᠬᠢᠨᠠᠯᠲᠠ ᠲᠠᠯᠪᠢᠨ ᠪᠠᠶᠢᠴᠠᠭᠠᠵᠤ᠂ ᠠᠶᠤᠯᠬᠦᠢ | ᠦᠶᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠭᠤᠷᠪᠠ︶ ᠱᠠᠲᠤ ᠬᠤᠪᠢᠶᠠᠬᠤ᠂ ᠬᠠᠷᠢᠶ᠎ᠠ ᠭᠠᠵᠠᠷ ᠤᠨ ᠵᠠᠷᠴᠢᠮ ᠶᠣᠰᠣᠭᠠᠷ᠂ ᠠᠶᠤᠯ ᠲᠠᠢ ᠬᠢᠮᠢ ᠶᠢᠨ ᠪᠤᠳᠠᠰ᠂ ᠨᠡᠭᠦᠷᠡᠰᠦᠨ ᠤ ᠪᠤᠰᠤ ᠠᠭᠤᠷᠬᠠᠶ᠂ | ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ ᠵᠡᠷᠭᠡ ᠦᠢᠯᠡᠳᠪᠦᠷᠢᠯᠡᠯ | ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ ᠪᠠᠶᠢᠭ᠎ᠠ ᠪᠠᠶᠢᠳᠠᠯ ᠵᠢᠴᠢ | ᠠᠶᠤᠯᠬᠦᠢ ᠦᠢᠯᠡᠳᠪᠦᠷᠢᠯᠡᠯ ᠤᠨ ᠨᠥᠬᠦᠴᠡᠯ ᠪᠣᠯᠤᠨ ᠬᠤᠯᠪᠣᠭᠳᠠᠯ ᠪᠦᠬᠦᠢ ᠲᠥᠬᠦᠭᠡᠷᠦᠮᠵᠢ ︵ᠣᠨᠴᠠ ᠲᠥᠷᠥᠯ ᠤᠨ ᠲᠥᠬᠦᠭᠡᠷᠦᠮᠵᠢ ᠪᠠᠭᠲᠠᠬᠤ ᠦᠭᠡᠶ︶᠂ | ᠮᠠᠲ᠋ᠧᠷᠢᠶᠠᠯ᠂ ᠬᠥᠳᠡᠯᠮᠦᠷᠢ ᠶᠢᠨ ᠬᠠᠮᠠᠭᠠᠯᠠᠯᠲᠠ ᠶᠢᠨ ᠬᠡᠷᠡᠭᠰᠡᠯ ᠤᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯ ᠳᠤ ᠬᠠᠤᠯᠢ ᠶᠣᠰᠣᠭᠠᠷ ᠬᠢᠨᠠᠯᠲᠠ | ᠲᠠᠯᠪᠢᠵᠤ ᠪᠠᠶᠢᠴᠠᠭᠠᠨ᠎ᠠ᠃ ᠠᠶᠤᠯᠭᠦᠢ ᠦᠢᠯᠡᠳᠪᠦᠷᠢᠯᠡᠯ ᠤᠨ ᠤᠷᠤᠬᠤ ᠶᠢ ᠵᠦᠪᠰᠢᠶᠡᠷᠡᠬᠦ ᠲᠦᠷᠢᠮ ᠢ ᠬᠠᠤᠯᠢ ᠶᠣᠰᠣᠭᠠᠷ ᠵᠣᠬᠢᠶᠠᠨ ᠪᠠᠶᠢᠭᠤᠯᠬᠤ ᠶᠢᠨ ᠬᠠᠮᠲᠤ | ᠵᠢᠯᠣᠭᠤᠳᠤᠨ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠳ᠋ᠦᠩᠱᠧᠩ ᠲᠣᠭᠤᠷᠢᠭ ᠤᠨ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠪᠠ ᠬᠤᠸᠠᠷ ᠫᠤᠤᠵᠢᠩ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | ︵ᠠᠷᠪᠠᠨ ᠳᠥᠷᠪᠡ︶ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠪᠠᠶᠢᠴᠠᠭᠠᠨ ᠰᠢᠶᠳᠪᠦᠷᠢᠯᠡᠬᠦ ᠶᠢ ᠬᠠᠤᠯᠢ ᠶᠣᠰᠣᠭᠠᠷ ᠵᠣᠬᠢᠶᠠᠨ ᠪᠠᠶᠢᠭᠤᠯᠤᠨ | ᠵᠢᠯᠣᠭᠤᠳᠴᠤ᠂ ᠠᠳᠡᠯ ᠢ ᠪᠠᠶᠢᠴᠠᠭᠠᠨ ᠰᠢᠶᠳᠪᠦᠷᠢᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠨ᠎ᠠ᠃ | ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ | ︵ᠠᠷᠪᠠᠨ ᠲᠠᠪᠤ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠨᠥᠭᠡᠴᠡᠯᠡᠬᠦ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠲᠣᠨᠤᠭ ᠲᠥᠬᠦᠭᠡᠷᠦᠮᠵᠢ ᠶᠢᠨ ᠲᠥᠯᠥᠪᠵᠢᠭᠦᠯᠭᠡ ᠶᠢ ᠳᠤᠭᠤᠷᠪᠢᠨ ᠳᠤᠭᠳᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠳᠤᠭᠤᠷᠢᠭ ᠤᠨ | ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ ᠤᠨ ᠮᠡᠳᠡᠭᠡ ᠵᠠᠩᠭᠢ | ᠶᠢᠨ ᠲᠠᠪᠴᠠᠩ ᠪᠠ ᠰᠢᠯᠵᠢᠭᠦᠯᠦᠨ ᠥᠭᠬᠦ ᠲᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠮᠰᠢᠭ ᠠᠴᠠ ᠠᠪᠤᠷᠬᠠᠤ ᠦᠶ᠎ᠡ ᠳᠤ ᠨᠢᠭᠡᠳᠦᠯᠲᠡᠶ ᠳᠣᠭᠢᠷᠠᠭᠤᠯᠤᠨ᠎ᠠ᠃ | ︵ᠠᠷᠪᠠᠨ ᠵᠢᠷᠭᠤᠭ᠎ᠠ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠬᠦᠢ ᠦᠶᠯᠡᠳᠪᠦᠷᠢᠯᠡᠯ ᠤᠨ ᠤᠬᠠᠭᠤᠯᠭ᠎ᠠ | ᠬᠥᠮᠦᠵᠢᠯ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠬᠦᠢ ᠦᠶᠯᠡᠳᠪᠦᠷᠢᠯᠡᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠰᠤᠳᠤᠯᠤᠯ᠂ ᠳᠡᠯᠭᠡᠷᠡᠭᠦᠯᠦᠨ ᠬᠡᠷᠡᠭᠯᠡᠬᠦ ᠪᠠ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ | ᠃ | ︵ᠠᠷᠪᠠᠨ ᠳᠣᠯᠤᠭ᠎ᠠ︶ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠬᠦᠢ ᠦᠶᠯᠡᠳᠪᠦᠷᠢᠯᠡᠯ ᠤᠨ ᠬᠦᠷᠢᠶ᠎ᠡ ᠴᠠᠷᠠᠨ | ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠵᠦ᠂ | ᠬᠠᠮᠢᠶ᠎ᠠ ᠪᠥᠬᠦᠶ ᠬᠡᠷᠡᠭ ᠢ ᠬᠠᠤᠯᠢ ᠶᠣᠰᠣᠭᠠᠷ ᠰᠢᠶᠳᠪᠦᠷᠢᠯᠡᠨ᠎ᠡ ᠃ | ︵ᠠᠷᠪᠠᠨ ᠨᠠᠶᠮᠠ︶ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | | ︵ᠠᠷᠪᠠ ᠶᠢᠰᠦ︶ ᠡᠭᠦᠷᠭᠡ ᠴᠢᠳᠠᠪᠬᠢ ᠶᠢᠨ ᠬᠤᠪᠢᠷᠠᠯᠳᠠ᠃ | ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ ᠰᠢᠯᠢᠳᠡᠭᠵᠢᠭᠦᠯᠵᠦ᠂ ᠨᠢᠭᠡᠳᠦᠯᠲᠡᠶ ᠲᠦᠯᠦᠪᠯᠡᠵᠤ᠂ ᠨᠢᠭᠡᠳᠦᠯᠲᠡᠶ ᠤᠳᠤᠷᠢᠳᠤᠭᠰᠠᠨ᠂ ᠡᠷᠬᠡ ᠬᠠᠷᠢᠭᠤᠴᠠᠯᠭ᠎ᠠ ᠨᠢ | ᠨᠢᠭᠡᠳᠦᠯᠲᠡᠶ᠂ ᠡᠷᠬᠡ ᠰᠦᠷ ᠲᠠᠢ ᠪᠥᠭᠡᠳ ᠥᠨᠳᠥᠷ ᠪᠦᠲᠦᠮᠵᠢᠲᠡᠶ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠳᠤᠭᠳᠠᠯᠴᠠᠭ᠎ᠠ ᠶᠢ ᠪᠠᠶᠢᠭᠤᠯᠵᠤ᠂ ᠨᠢᠭᠡᠳᠦᠯᠲᠡᠶ | ᠵᠢᠯᠣᠭᠤᠳᠬᠤ᠂ ᠲᠤᠰᠬᠠᠶ ᠪᠠ ᠪᠠᠶᠢᠩᠭᠤ ᠶᠢ ᠬᠤᠤᠰᠯᠠᠭᠤᠯᠤᠭᠰᠠᠨ᠂ ᠲᠤᠰᠬᠠᠯ ᠢᠶᠠᠷ ᠬᠤᠷᠴᠠ ᠰᠡᠷᠭᠡᠭ᠂ ᠳᠡᠭᠡᠳᠦ ᠳᠣᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ᠂ | ᠡᠩ ᠤᠨ ᠦᠶ᠎ᠡ ᠪᠠ ᠲᠡᠶᠢᠨ ᠤ ᠦᠶ᠎ᠡ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠠᠶᠢᠭᠤᠯᠤᠯ ᠢ ᠪᠣᠶ ᠪᠣᠯᠭᠠᠬᠤ ᠶᠢ | ᠠᠬᠢᠭᠤᠯᠤᠨ᠎ᠠ᠃ ᠰᠡᠷᠭᠡᠶᠢᠯᠡᠬᠦ ᠪᠠᠷ ᠭᠤᠣᠯ ᠪᠤᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠤᠶᠠᠯᠳᠤᠭᠤᠯᠬᠤ ᠶᠢ ᠪᠠᠷᠢᠮᠲᠠᠯᠠᠨ᠂ ᠬᠡᠪ ᠤᠨ ᠪᠠᠶᠢᠳᠠᠯ ᠢᠶᠠᠷ ᠭᠠᠮᠰᠢᠭ | ᠢ ᠪᠠᠭᠠᠰᠬᠠᠬᠤ ᠪᠠ ᠬᠡᠪ ᠤᠨ ᠪᠤᠰᠤ ᠪᠠᠷ ᠭᠠᠮᠰᠢᠭ ᠠᠴᠠ ᠠᠪᠤᠷᠠᠬᠤ ᠶᠢ ᠬᠠᠷᠢᠯᠴᠠᠨ ᠨᠢᠭᠡᠳᠬᠡᠬᠦ ᠶᠢ ᠪᠠᠷᠢᠮᠲᠠᠯᠠᠵᠤ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ | ᠴᠢᠬᠤᠯᠠᠴᠢᠯᠠᠵᠤ ᠪᠠᠶᠢᠭᠰᠠᠨ ᠠᠴᠠ ᠭᠠᠮᠰᠢᠭ ᠤᠨ ᠡᠮᠦᠨ᠎ᠡ ᠤᠷᠢᠳᠴᠢᠯᠠᠨ ᠰᠡᠷᠭᠡᠶᠢᠯᠡᠬᠦ ᠶᠢ ᠴᠢᠬᠤᠯᠠᠴᠢᠯᠠᠬᠤ ᠲᠡᠰᠢ ᠬᠤᠪᠢᠷᠠᠭᠤᠯᠬᠤ᠂ ᠳᠠᠩ ᠭᠠᠭᠴᠠ ᠭᠠᠮᠰᠢᠭ ᠤᠨ | ᠲᠥᠷᠥᠯ ᠢ ᠠᠷᠭᠠᠴᠠᠬᠤ ᠠᠴᠠ ᠭᠠᠮᠰᠢᠭ ᠢ ᠶᠡᠷᠦᠩᠬᠡᠶᠢᠯᠡᠨ ᠪᠠᠭᠠᠰᠬᠠᠬᠤ ᠲᠡᠰᠢ ᠬᠤᠪᠢᠷᠠᠭᠤᠯᠬᠤ᠂ ᠭᠠᠮᠰᠢᠭ ᠤᠨ ᠬᠤᠬᠢᠷᠠᠯ ᠢ ᠪᠠᠭᠠᠰᠬᠠᠬᠤ ᠠᠴᠠ ᠭᠠᠮᠰᠢᠭ ᠤᠨ | ᠲᠦᠭᠰᠢᠭᠦᠷᠢ ᠶᠢ ᠬᠥᠩᠭᠡᠷᠡᠭᠦᠯᠬᠦ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ | ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠨᠳᠦ ᠣᠨᠴᠠ ᠶᠡᠭᠡ ᠠᠮᠤᠷ ᠲᠦᠪᠰᠢᠨ ᠤ | ᠬᠦᠨᠳᠤ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ ᠃ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠠᠷᠠᠳ ᠣᠯᠠᠨ ᠤ ᠠᠮᠢ ᠨᠠᠰᠤᠨ ᠤ ᠠᠮᠤᠷ | ᠲᠦᠪᠰᠢᠨ ᠢ ᠦᠨᠡᠨᠬᠦ ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨᠬᠦ ᠪᠠᠲᠤᠯᠠᠨ᠂ | ᠪᠠᠴᠢᠮ ᠪᠠᠶᠢᠳᠠᠯ ᠢ ᠠᠷᠭᠠᠴᠠᠬᠤ ᠲᠥᠰᠦᠯ ᠤᠨ ᠰᠣᠷᠢᠯᠲᠠ ᠬᠢᠬᠦ ᠶᠢ ᠴᠢᠩᠭᠠᠳᠬᠠᠵᠤ᠂ ᠪᠦᠬᠦ ᠠᠷᠠᠳ ᠤᠨ ᠭᠠᠮᠰᠢᠭ ᠠᠴᠠ ᠰᠡᠷᠭᠡᠶᠢᠯᠡᠨ ᠭᠠᠮᠰᠢᠭ ᠢ ᠪᠠᠭᠠᠰᠬᠠᠬᠤ | ᠦᠵᠡᠯ ᠤᠬᠠᠮᠰᠠᠷ ᠢ ᠨᠡᠮᠡᠭᠳᠡᠭᠦᠯᠦᠨ᠂ ᠨᠡᠶᠢᠲᠡ ᠣᠯᠠᠨ ᠤ ᠮᠡᠳᠡᠯᠭᠡ ᠶᠢ ᠲᠦᠭᠡᠮᠡᠯᠵᠢᠭᠦᠯᠬᠦ ᠪᠠ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠮᠡᠷᠭᠡᠵᠢᠯ ᠤᠨ | ᠴᠢᠳᠠᠪᠤᠷᠢ ᠶᠢ ᠳᠡᠭᠡᠭᠰᠢᠯᠡᠭᠦᠯᠵᠦ᠂ ᠬᠥᠮᠦᠨ ᠦᠬᠦᠵᠦ ᠰᠢᠷᠬᠠᠲᠤᠬᠤ ᠪᠠ ᠡᠳ᠋ ᠬᠥᠷᠥᠩᠭᠡ ᠶᠢᠨ ᠬᠤᠬᠢᠷᠠᠯ ᠢ ᠦᠨᠡᠨᠬᠦ ᠪᠠᠭᠠᠰᠬᠠᠨ᠎ᠠ᠃ ᠠᠮᠤᠷ ᠲᠦᠪᠰᠢᠨ ᠬᠥᠭᠵᠢᠯᠲᠡ | ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠶᠤᠯᠭᠦᠢ | ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠨ᠎ᠠ᠃ | ︵ᠬᠤᠷᠢ︶ ᠬᠤᠯᠪᠣᠭᠳᠠᠯ ᠪᠦᠬᠦᠢ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | 1. ᠳᠤᠭᠤᠷᠢᠭ ᠤᠨ ᠡᠨᠧᠷᠭᠢ ᠶᠢᠨ ᠲᠣᠪᠴᠢᠶ᠎ᠠ᠂ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ | ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠠᠪᠤᠷᠬᠠᠤ ᠲᠠᠯ᠎ᠠ | ᠶᠢᠨ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | ︵1︶ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠬᠦᠢ ᠦᠢᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ | ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠵᠤᠯᠭᠠᠯᠴᠠᠭᠤᠯᠬᠤ ᠠᠵᠢᠯ ᠢ | ᠶᠡᠷᠦᠩᠬᠡᠶᠢᠯᠡᠨ ᠵᠣᠬᠢᠴᠠᠭᠤᠯᠵᠤ᠂ ᠪᠡᠯᠡᠳᠬᠡᠯ ᠲᠥᠰᠦᠯ ᠤᠨ ᠬᠠᠮᠢᠶ᠎ᠠ ᠪᠦᠬᠦᠢ ᠰᠣᠷᠢᠯᠲᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠱᠠᠲᠤ ᠬᠤᠪᠢᠶᠠᠨ | ᠬᠠᠷᠢᠭᠤᠴᠠᠬᠤ ᠵᠠᠷᠴᠢᠮ ᠶᠣᠰᠣᠭᠠᠷ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠵᠢᠯᠣᠭᠤᠳᠴᠤ ᠵᠣᠬᠢᠴᠠᠭᠤᠯᠤᠨ᠎ᠠ︔ ᠬᠦᠨᠳᠦ ᠶᠡᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ | ᠪᠠᠶᠢᠭᠤᠯᠤᠨ ᠵᠣᠬᠢᠴᠠᠭᠤᠯᠬᠤ ᠶᠢᠨ ᠬᠠᠮᠲᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠭᠲᠠᠭᠠᠯ ᠭᠠᠷᠭᠠᠨ᠎ᠠ︔ ᠳᠤᠭᠤᠷᠢᠭ ᠤᠨ ᠬᠦᠨᠳᠦ ᠶᠡᠭᠡ ᠭᠠᠮᠰᠢᠭ ᠢ | ᠠᠷᠭᠠᠴᠠᠬᠤ ᠵᠢᠯᠣᠭᠤᠳᠬᠤ ᠭᠠᠵᠠᠷ ᠤᠨ ᠠᠵᠢᠯ ᠢ ᠡᠭᠦᠷᠭᠡᠯᠡᠨ᠂ ᠳᠤᠭᠤᠷᠢᠭ ᠤᠨ ᠨᠠᠮ ᠤᠨ ᠬᠤᠷᠢᠶ᠎ᠠ᠂ ᠳᠤᠭᠤᠷᠢᠭ ᠤᠨ ᠵᠠᠰᠠᠭ ᠤᠨ ᠣᠷᠳᠣᠨ ᠤ ᠵᠢᠭᠠᠨ | ᠲᠣᠭᠲᠠᠭᠠᠭᠰᠠᠨ ᠬᠠᠷᠢᠭᠤᠴᠠᠯᠭᠠᠲᠠᠨ ᠢ ᠬᠠᠪᠰᠤᠷᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠠᠵᠢᠯ ᠢ ᠵᠣᠬᠢᠶᠠᠨ ᠪᠠᠶᠢᠭᠤᠯᠤᠨ᠎ᠠ᠃ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠵᠤ᠂ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠠᠶᠤᠯ᠂ ᠦᠶᠡᠷ ᠭᠠᠩ ᠤᠨ ᠭᠠᠮᠰᠢᠭ᠂ ᠭᠠᠵᠠᠷ ᠬᠥᠳᠡᠯᠦᠯᠲᠡ ᠪᠠ ᠭᠸᠤᠯᠤᠬᠢ ᠶᠢᠨ ᠭᠠᠮᠰᠢᠭ | ᠵᠡᠷᠭᠡ ᠶᠢ ᠰᠡᠷᠭᠡᠶᠢᠯᠡᠨ ᠵᠠᠰᠠᠬᠤ ᠠᠵᠢᠯ ᠢ ᠵᠢᠯᠣᠭᠤᠳᠤᠨ ᠵᠤᠬᠢᠴᠠᠭᠤᠯᠤᠨ᠎ᠠ᠃ ᠳᠤᠭᠤᠷᠢᠭ ᠤᠨ ᠡᠨᠧᠷᠭᠢ ᠶᠢᠨ ᠲᠣᠪᠴᠢᠶ᠎ᠠ᠂ ᠳᠤᠭᠤᠷᠢᠭ ᠤᠨ ᠤᠰᠤᠨ ᠠᠰᠢᠭᠯᠠᠯᠲᠠ | ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ᠂ ᠳᠤᠭᠤᠷᠢᠭ ᠤᠨ ᠴᠠᠭ | ᠠᠭᠤᠷ ᠤᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠨᠢᠭᠡᠳᠦᠯᠲᠡᠶ ᠮᠡᠳᠡᠭᠡ | ᠵᠠᠩᠭᠢ ᠶᠢᠨ ᠲᠠᠪᠴᠠᠩ ᠢ ᠪᠠᠶᠢᠭᠤᠯᠵᠤ᠂ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠢ ᠮᠡᠳᠡᠭᠦᠯᠬᠦ ᠲᠦᠷᠢᠮ ᠢ ᠪᠠᠶᠢᠭᠤᠯᠤᠨ᠂ ᠪᠠᠶᠢᠭᠠᠯᠢ ᠶᠢᠨ | ᠭᠠᠮᠰᠢᠭ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠪᠦᠷᠢᠨᠰᠢᠬᠦᠯᠵᠦ᠂ ᠭᠠᠮᠰᠢᠭ ᠤᠨ ᠪᠠᠶᠢᠳᠠᠯ ᠵᠢᠴᠢ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠭᠰᠠᠨ ᠪᠠᠶᠢᠳᠠᠯ ᠢ ᠬᠠᠤᠯᠢ ᠶᠣᠰᠣᠭᠠᠷ ᠨᠡᠶᠢᠲᠡᠯᠡᠨ᠎ᠡ᠃ ᠣᠯᠠᠨ ᠲᠥᠷᠥᠯ ᠤᠨ ᠭᠠᠮᠰᠢᠭ ᠪᠠ ᠭᠠᠮᠰᠢᠭ ᠤᠨ ᠬᠡᠯᠬᠢᠶᠡᠵᠢᠯ ᠢ | ᠶᠡᠷᠦᠩᠬᠡᠶᠢᠯᠡᠨ ᠬᠢᠨᠠᠨ ᠬᠡᠮᠵᠢᠵᠤ ᠰᠡᠷᠡᠮᠵᠢᠯᠡᠭᠦᠯᠬᠦ ᠶᠢ ᠥᠷᠨᠢᠭᠦᠯᠵᠦ᠂ ᠪᠠᠶᠢᠭᠠᠯᠢ ᠶᠢᠨ ᠭᠠᠮᠰᠢᠭ ᠤᠨ ᠲᠦᠭᠰᠢᠭᠦᠷᠢ ᠶᠢ ᠶᠡᠷᠦᠩᠬᠡᠶᠢᠯᠡᠨ ᠦᠨᠡᠯᠡᠨ ᠵᠢᠱᠢᠬᠦ ᠶᠢ ᠵᠣᠬᠢᠶᠠᠨ | ᠪᠠᠶᠢᠭᠤᠯᠵᠤ ᠵᠢᠯᠣᠭᠤᠳᠤᠨ ᠥᠷᠨᠢᠭᠦᠯᠦᠨ᠎ᠡ᠃ ᠣᠯᠭᠤᠭᠰᠠᠨ ᠡᠷᠬᠡ ᠶᠢᠨ ᠶᠣᠰᠣᠭᠠᠷ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠤᠨ ᠪᠠᠶᠢᠳᠠᠯ ᠢ ᠬᠢᠨᠠᠨ ᠬᠡᠮᠵᠢᠵᠦ | ᠰᠡᠷᠡᠮᠵᠢᠯᠡᠭᠦᠯᠬᠦ ᠪᠠ ᠭᠠᠯ ᠤᠨ ᠲᠦᠭᠰᠢᠬᠦᠷᠢ᠂ ᠭᠠᠯ ᠤᠨ ᠠᠶᠤᠯ ᠤᠨ ᠮᠡᠳᠡᠭᠡ ᠵᠠᠩᠭᠢ ᠨᠡᠶᠢᠲᠡᠯᠡᠬᠦ ᠠᠵᠢᠯ ᠢ ᠬᠠᠷᠢᠭᠤᠴᠠᠨ᠎ᠠ᠃ | ︵2︶ ᠳᠤᠭᠤᠷᠢᠭ ᠤᠨ ᠡᠨᠧᠷᠭᠢ ᠶᠢᠨ ᠲᠣᠪᠴᠢᠶ᠎ᠠ ᠨᠢ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ | ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠡᠭᠦᠷᠡᠰᠦ᠂ ᠴᠢᠯᠠᠭᠤᠨ ᠲᠣᠰᠣ ᠪᠠᠶᠢᠭᠠᠯᠢ | ᠶᠢᠨ ᠰᠢᠲᠠᠮᠠᠬᠠᠶ ᠬᠡᠢ ᠶᠢ ᠤᠷᠲᠤ ᠬᠤᠭᠤᠴᠠᠭ᠎ᠠ ᠪᠠᠷ ᠳᠠᠮᠵᠢᠭᠤᠯᠬᠤ ᠬᠤᠭᠤᠯᠠᠶ᠂ ᠴᠠᠬᠢᠯᠭᠠᠨ ᠬᠦᠴᠦᠨ ᠵᠡᠷᠭᠡ ᠠᠵᠢᠯ ᠲᠥᠷᠥᠯ ᠤᠨ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠭᠦᠯᠦᠨ᠎ᠡ᠃ | ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢ ᠳᠠᠮᠵᠢᠭᠤᠯᠬᠤ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠶᠢᠴᠠᠭᠠᠯᠲᠠ | ᠦᠨᠡᠯᠡᠯᠲᠡ ᠵᠢᠴᠢ ᠳᠠᠯᠳᠠ ᠭᠡᠮ ᠤᠨ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ | ᠣᠯᠠᠨ ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ | ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢ ᠳᠠᠮᠵᠢᠭᠤᠯᠬᠤ ᠬᠤᠭᠤᠯᠠᠶ᠂ ᠴᠠᠬᠢᠯᠭᠠᠨ ᠬᠦᠴᠦᠨ ᠵᠡᠷᠭᠡ ᠭᠠᠮᠰᠢᠭ ᠤᠨ ᠪᠠᠷᠢᠯᠭ᠎ᠠ ᠶᠢ ᠵᠠᠰᠠᠬᠤ | ᠠᠵᠢᠯ ᠢ ᠵᠢᠯᠣᠭᠤᠳᠤᠨ ᠥᠷᠨᠢᠭᠦᠯᠦᠨ᠎ᠡ᠃ ᠨᠡᠭᠦᠷᠡᠰᠦ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢ ᠳᠠᠮᠵᠢᠭᠤᠯᠬᠤ ᠬᠤᠭᠤᠯᠠᠶ᠂ ᠴᠠᠬᠢᠯᠭᠠᠨ ᠬᠦᠴᠦᠨ | ᠵᠡᠷᠭᠡ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ︵3︶ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠠᠴᠠ ᠭᠠᠮᠰᠢᠭ ᠢ | ᠰᠡᠷᠭᠡᠶᠢᠯᠡᠵᠦ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ ᠶᠢᠨ ᠬᠠᠮᠢᠶ᠎ᠠ ᠪᠥᠬᠦᠶ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠭᠸᠤᠯᠤᠬᠢ | ᠶᠢᠨ ᠭᠠᠮᠰᠢᠭ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠠ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢᠨ | ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠸᠤᠯᠤᠬᠢ ᠶᠢᠨ ᠭᠠᠮᠰᠢᠭ ᠢ ᠪᠠᠶᠢᠴᠠᠭᠠᠬᠤ᠂ ᠦᠨᠡᠯᠡᠬᠦ ᠵᠢᠴᠢ ᠳᠠᠯᠳᠠ ᠭᠡᠮ ᠢ ᠨᠡᠶᠢᠳᠡᠮ ᠪᠠᠶᠢᠴᠠᠭᠠᠬᠤ᠂ ᠨᠠᠷᠢᠨ | ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠵᠢᠯᠣᠭᠤᠳᠤᠨ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠣᠯᠠᠨ ᠢᠶᠠᠷ ᠢᠶᠠᠨ ᠬᠡᠮᠵᠢᠵᠦ ᠣᠯᠠᠨ | ᠢᠶᠠᠷ ᠢᠶᠠᠨ ᠰᠡᠷᠭᠡᠶᠢᠯᠡᠬᠦ᠂ ᠲᠤᠰᠬᠠᠶ ᠬᠢᠨᠠᠨ ᠬᠡᠮᠵᠢᠬᠦ ᠪᠠ ᠤᠷᠢᠳᠴᠢᠯᠠᠨ ᠮᠡᠳᠡᠭᠦᠯᠵᠦ ᠰᠡᠷᠡᠮᠵᠢᠯᠡᠭᠦᠯᠬᠦ ᠵᠡᠷᠭᠡ ᠠᠵᠢᠯ ᠢ ᠵᠢᠯᠣᠭᠤᠳᠤᠨ ᠥᠷᠨᠢᠭᠦᠯᠵᠦ᠂ ᠭᠸᠤᠯᠤᠬᠢ ᠶᠢᠨ | ᠭᠠᠮᠰᠢᠭ ᠤᠨ ᠢᠨᠵᠧᠨᠧᠷᠢᠩ ᠢ ᠵᠠᠰᠠᠬᠤ ᠠᠵᠢᠯ ᠥᠷᠨᠢᠭᠦᠯᠬᠦ ᠶᠢ ᠵᠢᠯᠣᠭᠤᠳᠤᠨ᠎ᠠ᠃ ᠭᠸᠤᠯᠤᠬᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ | ᠣᠶ ᠰᠢᠭᠤᠶ ᠪᠣᠯᠤᠨ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠨ ᠵᠠᠰᠠᠬᠤ ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ | ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢᠨ ᠬᠠᠮᠲᠤ ᠵᠢᠯᠣᠭᠤᠳᠤᠨ ᠬᠡᠷᠡᠭᠵᠢᠬᠦᠯᠦᠨ᠎ᠡ᠃ ᠣᠶ ᠰᠢᠭᠤᠶ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠤᠬᠠᠭᠤᠯᠭ᠎ᠠ ᠬᠥᠮᠦᠵᠢᠯ᠂ ᠬᠢᠨᠠᠨ ᠬᠡᠮᠵᠢᠵᠦ ᠰᠡᠷᠡᠮᠵᠢᠯᠡᠭᠦᠯᠬᠦ᠂ ᠱᠠᠯᠠᠪᠳᠠᠭᠤᠯᠤᠨ ᠪᠠᠶᠢᠴᠠᠭᠠᠬᠤ ᠵᠡᠷᠭᠡ ᠠᠵᠢᠯ ᠥᠷᠨᠢᠭᠦᠯᠬᠦ ᠶᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠭᠠᠯ ᠢ ᠰᠡᠷᠭᠡᠶᠢᠯᠡᠵᠦ ᠲᠣᠭᠤᠷᠢᠨ ᠬᠠᠮᠠᠭᠠᠯᠠᠬᠤ᠂ ᠭᠠᠯ ᠤᠨ ᠢᠷᠡᠯᠲᠡ ᠶᠢᠨ ᠬᠠᠮᠢᠶᠠᠷᠤᠯᠲᠠ᠂ ᠭᠠᠯ ᠢ ᠰᠡᠷᠭᠡᠶᠢᠯᠡᠬᠦ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ | ᠵᠢᠴᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠡᠬᠢᠨ ᠤ ᠬᠤᠭᠤᠴᠠᠭᠠᠨ ᠤ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠵᠡᠷᠭᠡ ᠠᠵᠢᠯ ᠢ | ᠵᠢᠯᠣᠭᠤᠳᠤᠨ ᠥᠷᠨᠢᠭᠦᠯᠦᠨ᠎ᠡ᠃ | ︵4︶ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠨᠢ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠶᠡᠷᠦᠩᠬᠡᠶᠢᠯᠡᠭᠰᠡᠨ ᠲᠥᠯᠥᠪᠵᠢᠭᠦᠯᠭᠡ | ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ ᠦᠶᠡᠷ ᠭᠠᠩ ᠤᠨ ᠭᠠᠮᠰᠢᠭ ᠢ ᠰᠡᠷᠭᠡᠶᠢᠯᠡᠨ ᠵᠠᠰᠠᠬᠤ | ᠲᠥᠯᠥᠪᠵᠢᠭᠦᠯᠭᠡ ᠪᠣᠯᠤᠨ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢᠨ ᠬᠠᠮᠲᠤ ᠵᠢᠯᠣᠭᠤᠳᠤᠨ | ᠬᠡᠷᠡᠭᠵᠢᠭᠦᠯᠦᠨ᠎ᠡ᠃ ᠴᠢᠬᠤᠯᠠ ᠭᠤᠣᠯ ᠮᠥᠷᠡᠨ ᠨᠠᠭᠤᠷ ᠴᠥᠭᠦᠷᠥᠮ ᠪᠣᠯᠤᠨ ᠴᠢᠬᠤᠯᠠ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠦᠶᠡᠷ ᠤᠨ ᠭᠠᠮᠰᠢᠭ ᠢ | ᠰᠡᠷᠭᠡᠶᠢᠯᠡᠨ ᠬᠤᠷᠢᠭᠯᠠᠬᠤ ᠲᠣᠬᠢᠷᠠᠭᠤᠯᠭ᠎ᠠ ᠪᠣᠯᠤᠨ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠲᠥᠰᠦᠯ ᠢ ᠵᠣᠬᠢᠶᠠᠨ ᠪᠠᠶᠢᠭᠤᠯᠤᠨ | ᠨᠠᠶᠢᠷᠠᠭᠤᠯᠤᠨ ᠳᠤᠭᠤᠷᠪᠢᠵᠤ᠂ ᠮᠡᠳᠡᠬᠦᠯᠦᠨ ᠵᠦᠪᠰᠢᠶᠡᠷᠡᠬᠦᠯᠬᠦ ᠶᠠᠪᠤᠴᠠ ᠶᠣᠰᠣᠭᠠᠷ ᠮᠡᠳᠡᠭᠦᠯᠦᠨ ᠵᠥᠪᠰᠢᠶᠡᠷᠡᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ ᠤᠰᠤᠨ ᠤ ᠪᠠᠶᠢᠳᠠᠯ ᠭᠠᠩ ᠤᠨ ᠪᠠᠶᠢᠳᠠᠯ ᠢ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠨ᠎ᠡ᠃ ᠦᠶᠡᠷ ᠤᠨ ᠤᠰᠤᠨ ᠤ ᠪᠠᠴᠢᠮ | ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠮᠡᠷᠭᠡᠵᠢᠯ ᠤᠨ ᠲᠤᠯᠭᠠᠭᠤᠷᠢᠯᠠᠬᠤ ᠠᠵᠢᠯ ᠢ ᠡᠭᠦᠷᠭᠡᠯᠡᠨ᠎ᠡ᠃ ᠦᠶᠡᠷ ᠢ ᠲᠣᠭᠲᠠᠭᠠᠬᠤ ᠣᠷᠣᠨ ᠤ ᠠᠮᠤᠷ ᠲᠦᠪᠰᠢᠨ | ᠤ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠵᠤ ᠵᠣᠬᠢᠴᠠᠭᠤᠯᠤᠨ ᠵᠢᠯᠣᠭᠤᠳᠤᠨ᠎ᠠ᠃ ᠤᠰᠤᠨ ᠠᠰᠢᠭᠯᠠᠯᠲᠠ ᠶᠢᠨ ᠲᠦᠬᠦᠬᠡᠷᠦᠮᠵᠢ ᠶᠢᠨ | ᠭᠠᠮᠰᠢᠭᠳᠠᠭᠰᠠᠨ ᠪᠠᠶᠢᠳᠠᠯ ᠢ ᠬᠠᠷᠢᠭᠤᠴᠠᠨ ᠪᠦᠷᠢᠳᠬᠡᠵᠦ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠤᠰᠤᠨ ᠳᠤ ᠡᠪᠳᠡᠭᠳᠡᠭᠰᠡᠨ ᠢ ᠵᠠᠰᠠᠵᠤ ᠰᠡᠷᠭᠦᠭᠡᠬᠦ ᠪᠠ ᠭᠠᠩ | ᠲᠠᠢ ᠲᠡᠮᠡᠴᠡᠬᠦ ᠵᠠᠷᠤᠳᠠᠯ ᠤᠨ ᠰᠠᠨᠠᠭᠤᠯᠭ᠎ᠠ ᠶᠢᠨ ᠲᠣᠬᠢᠷᠠᠭᠤᠯᠤᠯᠲᠠ ᠶᠢ ᠳᠤᠷᠠᠳᠴᠤ᠂ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠬᠠᠯᠢᠶ᠎ᠠ ᠦᠶᠡᠷ ᠢ ᠪᠠᠴᠢᠮ | ᠠᠷᠭᠠᠴᠠᠬᠤ᠂ ᠭᠠᠩ ᠲᠠᠢ ᠲᠡᠮᠡᠴᠡᠬᠦ ᠲᠥᠷᠥᠯ ᠵᠦᠢᠯ ᠢ ᠵᠢᠯᠣᠭᠤᠳᠤᠨ ᠬᠡᠷᠡᠭᠵᠢᠭᠦᠯᠦᠨ᠎ᠡ᠃ | ︵5︶ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠳᠤᠭᠤᠷᠢᠭ ᠤᠨ ᠡᠨᠧᠷᠭᠢ ᠶᠢᠨ ᠲᠣᠪᠴᠢᠶ᠎ᠠ᠂ ᠳᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ | ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳ᠋ᠦᠩᠱᠧᠩ ᠲᠣᠭᠤᠷᠢᠭ ᠤᠨ ᠬᠤᠪᠢᠶᠠᠷᠢ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠳᠤᠭᠤᠷᠢᠭ | ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠳᠤᠷᠠᠳᠤᠨ ᠳᠡᠪᠰᠢᠭᠦᠯᠵᠦ᠂ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠵᠢᠯᠣᠭᠤᠳᠬᠤ ᠪᠠᠶᠢᠭᠤᠯᠤᠮᠵᠢ ᠶᠢᠨ ᠨᠡᠷ᠎ᠡ ᠪᠠᠷ ᠬᠠᠮᠢᠶ᠎ᠠ ᠪᠥᠬᠦᠶ ᠰᠡᠷᠭᠡᠶᠢᠯᠡᠨ ᠵᠠᠰᠠᠬᠤ ᠠᠵᠢᠯ ᠢ ᠪᠠᠶᠢᠷᠢᠯᠠᠭᠤᠯᠵᠤ ᠪᠣᠯᠤᠨ᠎ᠠ᠃ | 2. ᠳᠤᠭᠤᠷᠢᠭ ᠤᠨ ᠬᠥᠭᠵᠢᠭᠦᠯᠦᠯᠲᠡ ᠬᠢᠭᠡᠳ ᠥᠭᠡᠷᠡᠴᠢᠯᠡᠯᠲᠡ ᠶᠢᠨ ᠵᠥᠪᠯᠡᠯ ︵ ᠳᠤᠭᠤᠷᠢᠭ ᠤᠨ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ | ᠲᠣᠪᠴᠢᠶ᠎ᠠ︶ ᠯᠦᠭᠡ ᠳᠤᠭᠤᠷᠢᠭ ᠤᠨ ᠭᠠᠮᠰᠢᠭ ᠠᠴᠠ ᠠᠪᠤᠷᠠᠬᠤ ᠡᠳ᠋ ᠪᠤᠳᠠᠰ ᠨᠥᠭᠡᠴᠡᠯᠡᠬᠦ ᠲᠠᠯ᠎ᠠ ᠪᠠᠷ ᠬᠢ ᠳᠤᠰᠢᠶᠠᠯ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ | | ︵1︶ ᠳᠤᠭᠤᠷᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠨᠢ ᠳᠤᠭᠤᠷᠢᠭ ᠤᠨ ᠭᠠᠮᠰᠢᠭ ᠠᠴᠠ ᠠᠪᠤᠷᠬᠠᠤ ᠡᠳ᠋ ᠪᠣᠳᠠᠰ ᠢ | ᠨᠥᠭᠡᠴᠡᠯᠡᠬᠦ ᠬᠡᠷᠡᠭᠴᠡᠭᠡ ᠱᠠᠭᠠᠷᠳᠠᠯᠭ᠎ᠠ ᠪᠠ ᠬᠦᠳᠡᠯᠬᠡᠨ ᠬᠡᠷᠡᠭᠯᠡᠬᠦ ᠰᠢᠶᠳᠪᠦᠷᠢᠲᠦ ᠪᠣᠳᠣᠯᠭ᠎ᠠ ᠶᠢ ᠳᠤᠷᠠᠳᠬᠤ ᠶᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ | ᠭᠠᠮᠰᠢᠭ ᠠᠴᠠ ᠠᠪᠤᠷᠬᠠᠤ ᠡᠳ᠋ ᠪᠣᠳᠠᠰ ᠢ ᠨᠥᠭᠡᠴᠡᠯᠡᠬᠦ ᠲᠥᠯᠥᠪᠵᠢᠭᠦᠯᠭᠡ᠂ ᠲᠥᠷᠥᠯ ᠵᠦᠶᠯ ᠤᠨ ᠭᠠᠷᠴᠠᠭ ᠪᠠ ᠪᠠᠷᠢᠮᠵᠢᠶ᠎ᠠ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ | ᠳᠤᠭᠤᠷᠪᠢᠵᠤ᠂ ᠳᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠳᠤᠭᠤᠷᠢᠭ ᠤᠨ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ | ︶ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠣᠨ ᠤ ᠬᠤᠳᠠᠯᠳᠤᠨ ᠠᠪᠬᠤ ᠲᠥᠯᠥᠪᠯᠡᠭᠡ ᠶᠢ ᠲᠣᠭᠲᠠᠭᠠᠵᠤ᠂ ᠬᠡᠷᠡᠭᠴᠡᠭᠡ ᠪᠠᠨ ᠦᠨᠳᠦᠰᠦᠯᠡᠨ ᠬᠦᠳᠡᠯᠬᠡᠨ ᠬᠡᠷᠡᠭᠯᠡᠬᠦ | ᠵᠠᠷᠯᠢᠭ ᠪᠠᠭᠤᠯᠭᠠᠨ᠎ᠠ᠃ | ︵2︶ ᠳᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ ᠳᠤᠭᠤᠷᠢᠭ ᠤᠨ ᠠᠮᠤ ᠪᠤᠳᠠᠭ᠎ᠠ ᠪᠠ ᠡᠳ᠋ ᠪᠤᠳᠠᠰ ᠨᠥᠭᠡᠴᠡᠯᠡᠬᠦ | ᠲᠣᠪᠴᠢᠶ᠎ᠠ ) ᠨᠢ ᠳ᠋ᠦᠩᠱᠧᠩ ᠲᠣᠭᠤᠷᠢᠭ ᠤᠨ ᠭᠠᠮᠰᠢᠭ ᠠᠴᠠ ᠠᠪᠤᠷᠬᠠᠤ ᠡᠳ᠋ ᠪᠤᠳᠠᠰᠨᠥ᠋ᠭᠡᠴᠡᠯᠡᠬᠦ ᠲᠥᠯᠥᠪᠵᠢᠭᠦᠯᠭᠡ᠂ ᠲᠥᠷᠥᠯ ᠵᠦᠶᠯ ᠤᠨ ᠭᠠᠷᠴᠠᠭ ᠪᠠ | ᠪᠠᠷᠢᠮᠵᠢᠶ᠎ᠠ᠂ ᠣᠨ ᠤ ᠬᠤᠳᠠᠯᠳᠤᠨ ᠠᠪᠬᠤ ᠲᠥᠯᠥᠪᠯᠡᠭᠡ ᠶᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠭᠠᠮᠰᠢᠭ ᠠᠴᠠ ᠠᠪᠤᠷᠬᠠᠤ ᠡᠳ᠋ ᠪᠤᠳᠠᠰ ᠢ ᠬᠤᠳᠠᠯᠳᠤᠨ | ᠠᠪᠴᠤ ᠨᠥᠭᠡᠴᠡᠯᠡᠬᠦ᠂ ᠡᠭᠡᠯᠵᠢᠯᠡᠭᠦᠯᠬᠦ ᠪᠠ ᠡᠳᠦᠷ ᠲᠤᠲᠤᠮ ᠤᠨ ᠬᠠᠮᠢᠶᠠᠷᠤᠯᠲᠠ ᠶᠢ ᠬᠠᠷᠢᠭᠤᠴᠠᠵᠤ᠂ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠬᠥᠳᠡᠯᠭᠡᠨ ᠬᠡᠷᠡᠭᠯᠡᠬᠦ ᠵᠠᠷᠯᠢᠭ ᠢ ᠦᠨᠳᠦᠰᠦᠯᠡᠨ ᠳᠠᠷᠠᠭᠠᠯᠠᠯ ᠶᠣᠰᠣᠭᠠᠷ ᠵᠣᠬᠢᠶᠠᠨ ᠪᠠᠶᠢᠭᠤᠯᠵᠤ ᠰᠢᠯᠵᠢᠭᠦᠯᠦᠨ ᠭᠠᠷᠭᠠᠨ᠎ᠠ᠃ | ᠬᠤᠶᠠᠷ ᠪᠠᠶᠢᠭᠤᠯᠤᠮᠵᠢ ᠶᠢᠨ ᠳᠤᠬᠢᠷᠠᠭᠤᠯᠤᠯᠳᠠ | ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠢᠭᠤᠯᠤᠮᠵᠢ ᠶᠢ ᠳᠣᠤᠷᠠᠬᠢ ᠮᠡᠲᠦ ᠲᠣᠬᠢᠷᠠᠭᠤᠯᠪᠠ᠄ | ︵ᠨᠢᠬᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠨ᠎ᠠ᠃ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ᠂ ᠵᠠᠰᠠᠭ ᠤᠨ ᠶᠠᠪᠤᠳᠠᠯ ᠢ | ᠢᠯᠡ ᠪᠣᠯᠭᠠᠬᠤ᠂ ᠴᠢᠬᠤᠯᠠ ᠪᠢᠴᠢᠭ ᠮᠠᠲ᠋ᠧᠷᠢᠶᠠᠯ ᠲᠤᠭᠤᠷᠪᠢᠬᠤ᠂ ᠳᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠠᠵᠢᠯ ᠢ ᠡᠭᠦᠷᠭᠡᠯᠡᠵᠦ᠂ ᠰᠠᠯᠠᠭ᠎ᠠ ᠮᠥᠴᠢᠷ ᠵᠢᠴᠢ | ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠲᠥᠰᠦᠪ ᠪᠠ ᠲᠥᠰᠦᠪ ᠤᠨ ᠭᠦᠢᠴᠡᠳᠬᠡᠯ᠂ ᠡᠳ᠋ ᠤᠨ ᠶᠠᠪᠤᠳᠠᠯ᠂ ᠲᠣᠨᠤᠭ ᠲᠥᠬᠦᠭᠡᠷᠦᠮᠵᠢ ᠪᠣᠯᠤᠨ ᠡᠳ᠋ ᠬᠥᠷᠥᠩᠭᠡ | ᠶᠢᠨ ᠬᠠᠮᠢᠶᠠᠷᠤᠯᠲᠠ᠂ ᠳᠣᠲᠣᠭᠠᠳᠤ ᠶᠢᠨ ᠬᠢᠨᠠᠨ ᠪᠣᠳᠣᠯᠲᠠ᠂ ᠬᠥᠳᠡᠯᠮᠦᠷᠢ ᠴᠠᠯᠢᠩ᠂ ᠠᠵᠢᠯ ᠠᠴᠠ ᠪᠠᠨ ᠪᠠᠭᠤᠭᠰᠠᠨ ᠺᠠᠳ᠋ᠷ ᠤᠨ ᠬᠠᠮᠢᠶᠠᠷᠤᠯᠲᠠ ᠵᠡᠷᠭᠡ ᠠᠵᠢᠯ ᠢ | ᠬᠠᠷᠢᠭᠤᠴᠠᠨ᠎ᠠ᠃ ᠪᠠᠶᠢᠭᠤᠯᠭ᠎ᠠ ᠪᠣᠯᠤᠨ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠺᠠᠳ᠋ᠷ ᠠᠵᠢᠯᠲᠠᠨ ᠤ ᠶᠠᠪᠤᠳᠠᠯ᠂ ᠪᠠᠶᠢᠭᠤᠯᠤᠮᠵᠢ ᠣᠷᠣᠨ ᠲᠤᠭ᠎ᠠ ᠵᠡᠷᠭᠡ ᠠᠵᠢᠯ | ᠢ ᠡᠭᠦᠷᠭᠡᠯᠡᠨ᠎ᠡ᠃ ᠠᠶᠤᠯᠬᠦᠢ ᠦᠢᠯᠡᠳᠪᠦᠷᠢᠯᠡᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠶᠢᠨ ᠪᠠᠶᠢᠭᠤᠯᠤᠯᠲᠠ ᠪᠣᠯᠤᠨ ᠲᠤᠰᠬᠠᠶ ᠮᠡᠷᠭᠡᠵᠢᠯᠲᠡᠨ ᠤ ᠬᠠᠮᠢᠶᠠᠷᠤᠯᠲᠠ | ᠶᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠡᠩᠨᠡᠭᠡᠨ ᠤ ᠪᠠᠶᠢᠭᠤᠯᠤᠯᠲᠠ | ᠶᠢᠨ ᠠᠵᠢᠯ ᠢ ᠵᠢᠯᠣᠭᠤᠳᠤᠨ᠎ᠠ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠴᠢᠬᠡᠴᠢ ᠵᠠᠰᠠᠭ ᠤᠨ | ᠪᠠᠶᠢᠭᠤᠯᠤᠯᠲᠠ᠂ ᠠᠵᠢᠯᠴᠢᠨ ᠤ ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ ᠵᠡᠷᠭᠡ ᠠᠵᠢᠯ ᠢ ᠬᠠᠷᠢᠭᠤᠴᠠᠵᠤ᠂ ᠬᠠᠷᠢᠶ᠎ᠠ ᠠᠵᠢᠯ | ᠦᠢᠯᠡᠰ ᠤᠨ ᠨᠢᠬᠡᠴᠡ ᠶᠢᠨ ᠨᠠᠮ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠠᠵᠢᠯᠴᠢᠨ ᠤ | ᠡᠪᠯᠡᠯ ᠡᠪ ᠬᠠᠮᠲᠤ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ ᠵᠡᠷᠭᠡ ᠠᠵᠢᠯ ᠢ ᠵᠢᠯᠣᠭᠤᠳᠤᠨ ᠵᠣᠬᠢᠴᠠᠭᠤᠯᠤᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠬᠤ ᠠᠯᠪᠠᠨ ᠬᠡᠷ | ᠳᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠪᠠᠴᠢᠮ ᠪᠠᠶᠢᠳᠠᠯ ᠢ ᠠᠷᠭᠠᠴᠠᠬᠤ ᠵᠢᠵᠢᠭᠦᠷᠯᠡᠨ ᠰᠠᠬᠢᠬᠤ᠂ ᠵᠠᠰᠠᠭ ᠤᠨ ᠶᠠᠪᠤᠳᠠᠯ ᠤᠨ ᠵᠢᠵᠢᠭᠦᠷᠯᠡᠬᠦ | ᠵᠡᠷᠭᠡ ᠠᠵᠢᠯ ᠢ ᠡᠭᠦᠷᠭᠡᠯᠡᠵᠦ᠂ ᠤᠯᠤᠰ ᠤᠨ ᠠᠳᠡᠯ ᠤᠨ ᠭᠠᠶ ᠭᠠᠮᠰᠢᠭ ᠪᠣᠯᠤᠨ ᠪᠠᠶᠢᠭᠠᠯᠢ ᠶᠢᠨ ᠭᠠᠮᠰᠢᠭ ᠢ ᠱᠠᠲᠤ ᠬᠤᠪᠢᠶᠠᠨ ᠠᠷᠭᠠᠴᠠᠬᠤ ᠳᠦᠷᠢᠮ ᠢ | ᠨᠠᠶᠢᠳᠠᠪᠤᠷᠢᠵᠢᠭᠤᠯᠤᠨ᠂ ᠳ᠋ᠦᠩᠱᠧᠩ ᠲᠣᠭᠤᠷᠢᠭ ᠤᠨ ᠰᠡᠷᠡᠮᠵᠢᠯᠡᠭᠦᠯᠬᠦ ᠪᠠ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠵᠦ᠂ ᠳ᠋ᠦᠩᠱᠧᠩ ᠲᠣᠭᠤᠷᠢᠭ | ᠤᠨ ᠬᠡᠪᠴᠢᠶᠡᠨ ᠳᠣᠲᠣᠷᠠᠬᠢ ᠠᠪᠤᠷᠠᠨ ᠲᠤᠰᠠᠯᠠᠬᠤ ᠬᠦᠴᠦᠨ ᠢ ᠵᠣᠬᠢᠴᠠᠭᠤᠯᠬᠤ ᠶᠢᠨ ᠬᠠᠮᠲᠤ ᠬᠡᠷᠡᠭᠴᠡᠭᠡ ᠪᠠᠨ ᠦᠨᠳᠦᠰᠦᠯᠡᠨ ᠬᠤᠲᠠ ᠶᠢᠨ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠳᠤᠰᠠᠯᠠᠯᠳᠠ ᠭᠤᠶᠤᠴᠢᠯᠠᠵᠤ᠂ ᠭᠠᠯ ᠤᠨᠲᠠᠷᠠᠭᠠᠬᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ | ᠡᠩᠨᠡᠭᠡ᠂ ᠴᠢᠯᠥᠭᠡᠯᠡᠬᠦ ᠴᠡᠷᠢᠭ ᠪᠣᠯᠤᠨ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠣᠷᠣᠯᠴᠠᠬᠤ ᠠᠵᠢᠯ | ᠢ ᠵᠤᠯᠭᠠᠯᠴᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠰᠢᠰᠲ᠋ᠧᠮ ᠤᠨ ᠬᠠᠮᠢᠶᠠᠷᠤᠯᠲᠠ ᠪᠣᠯᠤᠨ ᠬᠤᠶᠢᠨᠠᠬᠢ | ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠳᠤᠭᠳᠠᠯᠴᠠᠭᠠᠨ ᠤ ᠪᠠᠶᠢᠭᠤᠯᠤᠯᠲᠠ ᠶᠢ ᠵᠢᠯᠣᠭᠤᠳᠤᠨ᠂ | ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶ ᠪᠡᠯᠡᠳᠬᠡᠯ ᠲᠥᠰᠦᠯ ᠪᠣᠯᠤᠨ ᠠᠶᠤᠯᠬᠦᠢ ᠦᠶᠯᠡᠳᠪᠦᠷᠢᠯᠡᠯ ᠤᠨ ᠲᠥᠷᠥᠯ᠂ ᠪᠠᠶᠢᠭᠠᠯᠢ ᠶᠢᠨ | ᠭᠠᠮᠰᠢᠭ ᠤᠨ ᠲᠥᠷᠥᠯ ᠤᠨ ᠲᠤᠰᠬᠠᠶ ᠪᠡᠯᠡᠳᠬᠡᠯ ᠲᠥᠰᠦᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠳᠤᠭᠤᠷᠪᠢᠬᠤ ᠶᠢᠨ ᠬᠠᠮᠲᠤ ᠪᠠᠴᠢᠮ ᠪᠠᠶᠢᠳᠠᠯ ᠢ ᠠᠷᠭᠠᠴᠠᠬᠤ | ᠡᠯ᠎ᠡ ᠲᠥᠷᠥᠯ ᠤᠨ ᠪᠡᠯᠡᠳᠬᠡᠯ ᠲᠥᠰᠦᠯ ᠢ ᠵᠣᠯᠭᠠᠭᠤᠯᠤᠨ ᠵᠣᠬᠢᠴᠠᠭᠤᠯᠬᠤ ᠶᠢ ᠬᠠᠷᠢᠭᠤᠴᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠤᠨ ᠰᠣᠷᠢᠯᠲᠠ | ᠶᠢ ᠵᠣᠬᠢᠶᠠᠨ ᠪᠠᠶᠢᠭᠤᠯᠤᠨ ᠶᠠᠪᠤᠭᠳᠠᠭᠤᠯᠬᠤ ᠪᠠ ᠵᠢᠯᠣᠭᠤᠳᠴᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠳ᠋ᠦᠩᠱᠧᠩ ᠲᠣᠭᠤᠷᠢᠭ ᠤᠨ ᠬᠦᠨᠳᠦ ᠶᠡᠭᠡ ᠭᠠᠮᠰᠢᠭ | ᠢ ᠠᠷᠭᠠᠴᠠᠬᠤ ᠵᠢᠯᠣᠭᠤᠳᠬᠤ ᠭᠠᠵᠠᠷ ᠤᠨ ᠲᠤᠬᠠᠶ ᠶᠢᠨ ᠲᠠᠯᠠᠪᠠᠶ ᠶᠢᠨ ᠵᠣᠬᠢᠴᠠᠭᠤᠯᠤᠨ ᠪᠠᠲᠤᠯᠠᠬᠤ ᠠᠵᠢᠯ ᠢ ᠡᠭᠦᠷᠭᠡᠯᠡᠨ᠎ᠡ᠃ ᠡᠯ᠎ᠡ ᠰᠠᠯᠠᠭ᠎ᠠ ᠮᠥᠴᠢᠷ᠂ ᠪᠠᠯᠭᠠᠰᠤ᠂ | ᠵᠡᠭᠡᠯᠢ ᠭᠤᠳᠤᠮᠵᠢ᠂ ᠨᠡᠭᠡᠭᠡᠯᠲᠡ ᠶᠢᠨ ᠲᠣᠭᠤᠷᠢᠭ ︵ᠬᠦᠷᠢᠶᠡᠯᠡᠩ ᠲᠣᠭᠤᠷᠢᠭ︶ ᠵᠢᠴᠢ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ | ᠬᠦᠴᠦᠨ ᠤ ᠪᠠᠶᠢᠭᠤᠯᠤᠯᠲᠠ ᠶᠢ ᠵᠢᠯᠣᠭᠤᠳᠴᠤ᠂ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡᠨ ᠤ | ᠬᠠᠮᠢᠶᠠᠷᠤᠯᠲᠠ ᠶᠢᠨ ᠪᠠᠲᠤᠯᠠᠭ᠎ᠠ ᠶᠢᠨ ᠠᠷᠭ᠎ᠠ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠳ᠋ᠦᠩᠱᠧᠩ ᠲᠣᠭᠤᠷᠢᠭ ᠤᠨ ᠦᠶᠡᠷ ᠭᠠᠩ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠭᠤᠣᠯ ᠮᠥᠷᠡᠨ ᠨᠠᠭᠤᠷ ᠴᠥᠭᠦᠷᠥᠮ ᠪᠣᠯᠤᠨ ᠤᠰᠤᠨ ᠠᠰᠢᠭᠯᠠᠯᠲᠠ ᠶᠢᠨ ᠪᠠᠷᠢᠯᠭ᠎ᠠ ᠶᠢ ᠵᠣᠬᠢᠴᠠᠭᠤᠯᠤᠨ ᠦᠶᠡᠷ ᠢ ᠰᠡᠷᠭᠡᠶᠢᠯᠡᠨ ᠭᠠᠩ ᠲᠠᠢ | ᠲᠡᠮᠡᠴᠡᠬᠦ ᠲᠣᠬᠢᠷᠠᠭᠤᠯᠭ᠎ᠠ ᠪᠠ ᠪᠠᠴᠢᠮ ᠪᠠᠶᠢᠳᠠᠯ ᠢ ᠠᠷᠭᠠᠴᠠᠬᠤ ᠤᠰᠤᠨ ᠤ ᠬᠡᠮᠵᠢᠶ᠎ᠡ ᠶᠢ ᠲᠣᠬᠢᠷᠠᠭᠤᠯᠬᠤ ᠠᠵᠢᠯ ᠢ ᠬᠡᠷᠡᠭᠵᠢᠭᠦᠯᠦᠨ᠎ᠡ᠃ ᠳᠤᠭᠤᠷᠢᠭ ᠤᠨ ᠦᠶᠡᠷ ᠢ | ᠰᠡᠷᠭᠡᠶᠢᠯᠡᠨ ᠭᠠᠩ ᠲᠠᠢ ᠲᠡᠮᠡᠴᠡᠬᠦ ᠵᠢᠯᠣᠭᠤᠳᠬᠤ ᠭᠠᠵᠠᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠳ᠋ᠦᠩᠱᠧᠩ ᠲᠣᠭᠤᠷᠢᠭ ᠤᠨ ᠭᠠᠵᠠᠷ ᠬᠥᠳᠡᠯᠦᠯᠲᠡ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ | ᠵᠣᠬᠢᠴᠠᠭᠤᠯᠵᠤ᠂ ᠳ᠋ᠦᠩᠱᠧᠩ ᠲᠣᠭᠤᠷᠢᠭ ᠤᠨ ᠭᠤᠤᠯᠳᠠᠯᠭ᠎ᠠ ᠲᠠᠢ ᠭᠸᠤᠯᠤᠬᠢ ᠶᠢᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠵᠣᠬᠢᠶᠠᠨ | ᠪᠠᠶᠢᠭᠤᠯᠤᠨ᠎ᠠ᠃ | ᠤᠯᠤᠰ ᠤᠨ ᠭᠠᠯ ᠤᠨᠲᠠᠷᠠᠭᠠᠬᠤ ᠬᠠᠤᠯᠢ ᠲᠣᠭᠲᠠᠭᠠᠯ ᠪᠣᠯᠤᠨ ᠮᠡᠷᠭᠡᠵᠢᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ | ᠬᠤᠲᠠ ᠪᠠᠯᠭᠠᠰᠤ᠂ ᠬᠥᠳᠡᠭᠡ ᠲᠣᠰᠬᠤᠨ᠂ ᠣᠶ ᠰᠢᠭᠤᠶ᠂ ᠨᠤᠲᠤᠭ ᠪᠡᠯᠴᠢᠭᠡᠷ ᠤᠨ ᠭᠠᠯ ᠤᠨᠲᠠᠷᠠᠭᠠᠬᠤ ᠠᠵᠢᠯ ᠤᠨ ᠲᠥᠯᠥᠪᠵᠢᠭᠦᠯᠭᠡ ᠶᠢ ᠨᠠᠶᠢᠷᠠᠭᠤᠯᠤᠨ | ᠳᠤᠭᠤᠷᠪᠢᠬᠤ ᠶᠢᠨ ᠬᠠᠮᠲᠤ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠠᠯ ᠤᠨᠲᠠᠷᠠᠭᠠᠬᠤ ᠳᠤ ᠬᠢᠨᠠᠯᠲᠠ ᠲᠠᠯᠪᠢᠬᠤ᠂ ᠭᠠᠯ ᠤᠨ ᠠᠶᠤᠯ ᠢ ᠰᠡᠷᠭᠡᠶᠢᠯᠡᠬᠦ᠂ ᠭᠠᠯ ᠤᠨ | ᠠᠶᠤᠯ ᠠᠴᠠ ᠠᠪᠤᠷᠠᠬᠤ ᠠᠵᠢᠯ ᠢ ᠵᠢᠯᠣᠭᠤᠳᠤᠨ᠎ᠠ᠃ | ︵ᠭᠤᠷᠪᠠ︶ ᠠᠶᠤᠯᠬᠦᠢ ᠦᠶᠯᠡᠳᠪᠦᠷᠢᠯᠡᠯ ᠤᠨ ᠶᠡᠷᠦᠩᠬᠡᠶᠢᠯᠡᠨ ᠵᠣᠬᠢᠴᠠᠭᠤᠯᠬᠤ ᠲᠠᠰᠤᠭ | ᠠᠶᠤᠯᠬᠦᠢ ᠦᠢᠯᠡᠳᠪᠦᠷᠢᠯᠡᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠲᠥᠷᠥᠯ ᠪᠣᠯᠤᠨ ᠬᠦᠷᠢᠶᠡᠨ ᠤ ᠠᠶᠤᠯᠬᠦᠢ ᠦᠢᠯᠡᠳᠪᠦᠷᠢᠯᠡᠯ ᠳᠤ | ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠤᠯᠢ ᠲᠣᠭᠲᠠᠭᠠᠯ ᠶᠣᠰᠣᠭᠠᠷ ᠵᠢᠯᠣᠭᠤᠳᠤᠨ᠂ ᠵᠣᠬᠢᠴᠠᠭᠤᠯᠬᠤ ᠪᠠ ᠬᠢᠨᠠᠯᠲᠠ ᠲᠠᠯᠪᠢᠨ᠎ᠠ᠃ ᠳ᠋ᠦᠩᠱᠧᠩ ᠲᠣᠭᠤᠷᠢᠭ ᠤᠨ | ᠠᠶᠤᠯᠬᠦᠢ ᠦᠶᠯᠡᠳᠪᠦᠷᠢᠯᠡᠯ ᠤᠨ ᠪᠠᠶᠢᠴᠠᠭᠠᠯᠲᠠ ᠵᠢᠴᠢ ᠲᠤᠰᠬᠠᠶ ᠵᠦᠶᠯ ᠢᠶᠠᠷ ᠱᠠᠯᠠᠪᠳᠠᠭᠤᠯᠤᠨ ᠪᠠᠶᠢᠴᠠᠭᠠᠬᠤ᠂ ᠲᠤᠰᠬᠠᠶ ᠵᠦᠶᠯ ᠢᠶᠠᠷ ᠴᠡᠭᠴᠡᠯᠡᠨ ᠵᠠᠰᠠᠬᠤ ᠵᠡᠷᠭᠡ | ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠠᠶᠤᠯᠬᠦᠢ ᠦᠶᠯᠡᠳᠪᠦᠷᠢᠯᠡᠯ ᠤᠨ ᠲᠣᠭᠤᠷᠢᠨ ᠪᠠᠶᠢᠴᠠᠭᠠᠬᠤ᠂ ᠰᠢᠯᠭᠠᠨ ᠬᠢᠨᠠᠬᠤ ᠠᠵᠢᠯ ᠢ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠳ᠋ᠦᠩᠱᠧᠩ ᠲᠣᠭᠤᠷᠢᠭ ᠤᠨ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃ | ᠠᠶᠤᠯᠬᠦᠢ ᠦᠢᠯᠡᠳᠪᠦᠷᠢᠯᠡᠯ ᠤᠨ ᠠᠳᠡᠯ ᠢ ᠪᠠᠶᠢᠴᠠᠭᠠᠨ ᠰᠢᠶᠳᠪᠦᠷᠢᠯᠡᠬᠦ ᠠᠵᠢᠯ ᠢ ᠬᠠᠤᠯᠢ ᠶᠣᠰᠣᠭᠠᠷ ᠡᠭᠦᠷᠭᠡᠯᠡᠨ᠂ ᠠᠳᠡᠯ ᠢ ᠪᠠᠶᠢᠴᠠᠭᠠᠨ ᠰᠢᠶᠳᠪᠦᠷᠢᠯᠡᠭᠰᠡᠨ | ᠪᠠ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ᠂ ᠳ᠋ᠦᠩᠱᠧᠩ ᠲᠣᠭᠤᠷᠢᠭ ᠤᠨ ᠪᠠᠶᠢᠭᠠᠯᠢ ᠶᠢᠨ ᠭᠠᠮᠰᠢᠭ ᠤᠨ ᠲᠥᠷᠥᠯ ᠤᠨ ᠭᠡᠨᠡᠳᠲᠡ ᠶᠢᠨ | ᠬᠡᠷᠡᠭ ᠢ ᠪᠠᠶᠢᠴᠠᠭᠠᠵᠤ ᠦᠨᠡᠯᠡᠨ ᠵᠢᠱᠢᠬᠦ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠦᠷᠢᠳᠬᠡᠨ | ᠵᠠᠳᠠᠯᠬᠤ ᠠᠵᠢᠯ ᠢ ᠬᠠᠷᠢᠭᠤᠴᠠᠨ᠎ᠠ᠃ ᠢᠯᠡᠴᠢᠯᠡᠨ ᠮᠡᠳᠡᠭᠦᠯᠵᠦ ᠵᠠᠭᠠᠯᠳᠤᠭᠰᠠᠨ ᠵᠦᠶᠯ ᠢ ᠭᠦᠶᠴᠡᠳᠬᠡᠬᠦ ᠠᠵᠢᠯ ᠢ ᠬᠠᠷᠢᠭᠤᠴᠠᠨ᠎ᠠ᠃ | ︵ᠲᠦᠷᠪᠡ︶ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠤᠬᠠᠭᠤᠯᠭ᠎ᠠ ᠪᠠ ᠲᠥᠯᠥᠪᠵᠢᠭᠦᠯᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠠᠰᠤᠭ ︵ | ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ︶ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯᠬᠦᠢ ᠦᠶᠯᠡᠳᠪᠦᠷᠢᠯᠡᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠪᠣᠯᠤᠨ ᠳᠦᠷᠢᠮ ᠢ | ᠲᠤᠤᠱᠯᠠᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠤᠳᠤᠯᠤᠯ ᠤᠨ ᠠᠵᠢᠯ ᠢ ᠡᠭᠦᠷᠭᠡᠯᠡᠨ᠎ᠡ᠃ ᠳ᠋ᠦᠩᠱᠧᠩ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠳᠤᠭᠳᠠᠯᠴᠠᠭᠠᠨ ᠤ ᠪᠠᠶᠢᠭᠤᠯᠤᠯᠲᠠ᠂ ᠠᠶᠤᠯᠬᠦᠢ ᠦᠢᠯᠡᠳᠪᠦᠷᠢᠯᠡᠯ ᠪᠣᠯᠤᠨ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠶᠡᠷᠦᠩᠬᠡᠶᠢᠯᠡᠭᠰᠡᠨ ᠲᠥᠯᠥᠪᠵᠢᠭᠦᠯᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ | ᠰᠠᠨᠠᠭᠤᠯᠭ᠎ᠠ ᠶᠢ ᠰᠤᠳᠤᠯᠤᠨ ᠳᠤᠷᠠᠳᠴᠤ᠂ ᠪᠠᠴᠢᠮ ᠪᠠᠶᠢᠳᠠᠯ ᠢ ᠠᠷᠭᠠᠴᠠᠬᠤ ᠭᠤᠣᠯᠳᠠᠯᠭ᠎ᠠ ᠲᠠᠢ ᠪᠠᠷᠢᠯᠭ᠎ᠠ ᠪᠣᠯᠤᠨ ᠠᠶᠤᠯ ᠠᠴᠠ ᠵᠠᠶᠢᠯᠠᠬᠤ ᠲᠦᠬᠦᠬᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠠᠶᠤᠯᠬᠦᠢ ᠦᠶᠯᠡᠳᠪᠦᠷᠢᠯᠡᠯ ᠤᠨ | ᠰᠢᠨᠵᠢᠯᠡᠬᠦ ᠤᠬᠠᠭᠠᠨ ᠮᠡᠷᠭᠡᠵᠢᠯ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠵᠦ᠂ ᠪᠠᠶᠢᠭᠠᠯᠢ ᠶᠢᠨ ᠭᠠᠮᠰᠢᠭ ᠤᠨ | ᠮᠡᠳᠡᠭᠡ ᠵᠠᠩᠭᠢ ᠶᠢᠨ ᠡᠬᠢ ᠪᠠᠶᠠᠯᠢᠭ ᠢ ᠤᠯᠬᠤ ᠪᠠ ᠬᠠᠮᠲᠤᠪᠠᠷ ᠭᠥᠷᠳᠡᠬᠦ ᠲᠣᠭᠲᠠᠴᠠ ᠶᠢ ᠪᠦᠷᠢᠨᠰᠢᠭᠦᠯᠦᠨ᠂ ᠬᠤᠯᠪᠣᠭᠳᠠᠯ ᠪᠥᠬᠦᠶ ᠰᠢᠨᠵᠢᠯᠡᠬᠦ ᠤᠬᠠᠭᠠᠨ ᠮᠡᠷᠭᠡᠵᠢᠯ | ᠤᠨ ᠲᠥᠯᠥᠪᠵᠢᠭᠦᠯᠭᠡ᠂ ᠲᠥᠯᠥᠪᠯᠡᠭᠡ ᠶᠢ ᠲᠤᠭᠤᠷᠪᠢᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠠᠮᠤᠷ ᠲᠦᠪᠰᠢᠨ ᠢ ᠦᠨᠡᠯᠡᠵᠦ ᠪᠠᠶᠢᠴᠠᠭᠠᠨ | ᠬᠡᠮᠵᠢᠬᠦ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠡᠭᠦᠷᠭᠡᠯᠡᠨ᠎ᠡ᠃ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠪᠣᠯᠤᠨ ᠠᠶᠤᠯᠬᠦᠢ ᠦᠢᠯᠡᠳᠪᠦᠷᠢᠯᠡᠯ ᠤᠨ ᠰᠣᠨᠢᠨ ᠮᠡᠳᠡᠭᠡᠨ ᠤ ᠤᠬᠠᠭᠤᠯᠭ᠎ᠠ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠠᠷᠭᠠᠴᠠᠬᠤ᠂ ᠰᠣᠶᠣᠯ ᠤᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠂ ᠣᠨᠴᠠ ᠲᠥᠷᠥᠯ ᠤᠨ ᠠᠵᠢᠯᠯᠠᠭᠰᠠᠳ ᠪᠣᠯᠤᠨ ᠬᠤᠯᠪᠣᠭᠳᠠᠯ ᠪᠦᠬᠦᠢ | ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠵᠢᠯᠯᠠᠭᠰᠠᠳ ᠤᠨ ᠠᠶᠤᠯᠬᠦᠢ ᠦᠢᠯᠡᠳᠪᠦᠷᠢᠯᠡᠯ ᠤᠨ | ᠪᠣᠯᠪᠠᠰᠤᠷᠠᠭᠤᠯᠤᠯ ᠤᠨ ᠠᠵᠢᠯ ᠢ ᠬᠠᠤᠯᠢ ᠶᠣᠰᠣᠭᠠᠷ ᠵᠢᠯᠣᠭᠤᠳᠬᠤ ᠶᠢᠨ ᠬᠠᠮᠲᠤ ᠬᠢᠨᠠᠯᠲᠠ ᠲᠠᠯᠪᠢᠵᠤ᠂ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ | ᠬᠤᠳᠠᠯᠳᠤᠭ᠎ᠠ ᠠᠷᠠᠯᠵᠢᠶ᠎ᠠ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠪᠣᠯᠪᠠᠰᠤᠷᠠᠭᠤᠯᠤᠯ᠂ ᠰᠢᠯᠭᠠᠯᠲᠠ ᠶᠢᠨ ᠠᠵᠢᠯ ᠳᠤ | ᠬᠢᠨᠠᠯᠲᠠ ᠲᠠᠯᠪᠢᠵᠤ ᠪᠠᠶᠢᠴᠠᠭᠠᠨ᠎ᠠ᠃ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠷᠢ ᠬᠡᠮ ᠮᠡᠳᠡᠭᠦᠯᠬᠦ ᠪᠠ ᠬᠠᠮᠢᠶᠠᠷᠬᠤ ᠶᠢ ᠬᠠᠷᠢᠭᠤᠴᠠᠨ᠎ᠠ᠃ ᠪᠠᠴᠢᠮ ᠪᠠᠶᠢᠳᠠᠯ ᠢ | ᠠᠷᠭᠠᠴᠠᠬᠤ ᠬᠠᠮᠢᠶᠠᠷᠤᠯᠲᠠ ᠪᠣᠯᠤᠨ ᠠᠶᠤᠯᠬᠦᠢ ᠦᠢᠯᠡᠳᠪᠦᠷᠢᠯᠡᠯ ᠤᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠭᠦᠷᠭᠡᠯᠡᠨ᠎ᠡ᠃ ᠳ᠋ᠦᠩᠱᠧᠩ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮ ᠤᠨ ᠺᠠᠳ᠋ᠷ ᠤᠨ ᠬᠥᠮᠦᠵᠢᠯ ᠪᠤᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠪᠠᠴᠢᠮ ᠪᠠᠶᠢᠳᠠᠯ ᠢ ᠠᠷᠭᠠᠴᠠᠬᠤ ᠳᠠᠬᠢ ᠠᠪᠤᠷᠠᠨ ᠲᠤᠰᠠᠯᠠᠬᠤ ᠡᠩᠨᠡᠭᠡᠨ ᠤ ᠬᠥᠮᠦᠵᠢᠯ ᠪᠤᠯᠪᠠᠰᠤᠷᠠᠭᠤᠯᠤᠯ ᠢ ᠵᠢᠯᠣᠭᠤᠳᠤᠨ᠎ᠠ᠃ | ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠲᠣᠪᠴᠢᠶ᠎ᠠ ᠶᠢᠨ ᠪᠠᠶᠢᠭᠤᠯᠭ᠎ᠠ ᠶᠢᠨ ᠭᠤᠶᠤᠴᠢᠯᠠᠯ ᠢ ᠦᠨᠳᠤᠰᠤᠯᠡᠨ ᠵᠠᠰᠠᠭ ᠵᠠᠬᠢᠷᠭᠠᠨ ᠤ | ᠵᠦᠪᠰᠢᠶᠡᠷᠡᠬᠦ᠂ ᠨᠤᠳᠠᠯᠠᠬᠤ᠂ ᠱᠠᠩᠨᠠᠬᠤ᠂ ᠥᠭᠬᠦ ᠵᠦᠶᠯᠡᠰ ᠢ ᠭᠥᠯᠢᠶᠡᠨ ᠠᠪᠴᠤ ᠰᠢᠶᠳᠪᠦᠷᠢᠯᠡᠬᠦ᠂ ᠬᠢᠨᠠᠨ ᠵᠥᠪᠰᠢᠶᠡᠷᠡᠬᠦ᠂ ᠰᠢᠯᠵᠢᠭᠦᠯᠦᠨ ᠮᠡᠳᠡᠭᠦᠯᠬᠦ ᠵᠡᠷᠭᠡ ᠠᠵᠢᠯ | ᠪᠠ ᠡᠳᠦᠷ ᠲᠤᠲᠤᠮ ᠤᠨ ᠬᠠᠮᠢᠶᠠᠷᠤᠯᠲᠠ ᠦᠶᠯᠡᠴᠢᠯᠡᠭᠡᠨ ᠤ ᠲᠥᠷᠥᠯ ᠵᠡᠷᠭᠡ ᠵᠦᠶᠯᠡᠰ ᠢ ᠬᠢᠨᠠᠨ ᠬᠠᠷᠭᠤᠭᠤᠯᠬᠤ᠂ ᠵᠥᠪᠰᠢᠶᠡᠷᠡᠬᠦ᠂ ᠳᠠᠩᠰᠠᠯᠠᠬᠤ ᠵᠡᠷᠭᠡ ᠠᠵᠢᠯ ᠢ | ᠡᠭᠦᠷᠭᠡᠯᠡᠨ᠎ᠡ᠃ ᠡᠯ᠎ᠡ ᠲᠤᠬᠠᠶᠢᠯᠠᠭᠰᠠᠨ ᠠᠵᠢᠯ ᠤᠨ ᠲᠠᠰᠤᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ ᠠᠷᠤ ᠲᠠᠪᠴᠠᠩ ᠤᠨ ᠳᠡᠮᠵᠢᠯᠭᠡ | ᠦᠵᠡᠭᠦᠯᠬᠦ ᠠᠵᠢᠯ ᠢ ᠬᠠᠷᠢᠭᠤᠴᠠᠨ ᠵᠣᠬᠢᠴᠠᠭᠤᠯᠤᠨ᠎ᠠ᠃ | ︵ᠲᠠᠪᠤ︶ ᠠᠶᠤᠯᠲᠠᠢ ᠬᠢᠮᠢ ᠶᠢᠨ ᠪᠤᠳᠠᠰ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ | ᠳ᠋ᠦᠩᠱᠧᠩ ᠲᠣᠭᠤᠷᠢᠭ ᠤᠨ ᠬᠢᠮᠢ ᠶᠢᠨ ᠠᠵᠤ ᠦᠢᠯᠡᠳᠪᠦᠷᠢ ︵ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠡᠮ ᠡᠮᠨᠡᠯᠭᠡ᠂ | ᠠᠶᠤᠯ ᠲᠠᠢ ᠬᠢᠮᠢ ᠶᠢᠨ ᠪᠤᠳᠠᠰ ᠪᠣᠯᠤᠨ ᠬᠤᠸᠠᠷ ᠫᠤᠤᠵᠢᠩ ᠤᠨ ᠠᠶᠤᠯᠬᠦᠢ ᠦᠢᠯᠡᠳᠪᠦᠷᠢᠯᠡᠯ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠬᠠᠷᠢᠭᠤᠴᠠᠨ᠂ ᠬᠠᠮᠢᠶ᠎ᠠ | ᠪᠦᠬᠦᠢ ᠠᠵᠢᠯ ᠲᠥᠷᠥᠯ ᠤᠨ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠠᠶᠤᠯᠬᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ | ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠳᠤ ᠬᠠᠤᠯᠢ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠨ᠎ᠠ᠃ ᠳ᠋ᠦᠩᠱᠧᠩ ᠲᠣᠭᠤᠷᠢᠭ ᠤᠨ | ᠠᠶᠤᠯᠲᠠᠶ ᠬᠢᠮᠢ ᠶᠢᠨ ᠪᠣᠳᠠᠰ ᠤᠨ ᠠᠶᠤᠯᠬᠦᠢ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠠᠵᠢᠯ ᠢ ᠡᠭᠦᠷᠭᠡᠯᠡᠵᠦ᠂ ᠠᠶᠤᠯᠲᠠᠶ ᠬᠢᠮᠢ ᠶᠢᠨ ᠪᠣᠳᠠᠰ ᠢ | ᠳᠠᠩᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠡᠮ ᠤᠨ ᠪᠤᠰᠤ ᠲᠥᠷᠥᠯ ᠤᠨ ᠬᠤᠤᠷ ᠦᠶᠯᠡᠳᠬᠦ ᠳᠤ ᠠᠮᠠᠷᠬᠠᠨ ᠬᠢᠮᠢ ᠶᠢᠨ ᠪᠣᠳᠠᠰ ᠤᠨ | ᠦᠶᠯᠡᠳᠪᠦᠷᠢᠯᠡᠯ ᠡᠵᠡᠩᠨᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ ᠃ | ︵ᠵᠢᠷᠭᠤᠭ᠎ᠠ︶ ᠠᠶᠤᠯᠬᠦᠢ ᠦᠶᠯᠡᠳᠪᠦᠷᠢᠯᠡᠯ ᠤᠨ ᠰᠠᠭᠤᠷᠢ ᠲᠠᠰᠤᠭ | ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠢ ︵ᠭᠠᠵᠠᠷ ᠰᠢᠨᠵᠢᠯᠡᠭᠡᠨ ᠤ ᠬᠠᠶᠢᠨ ᠰᠢᠨᠵᠢᠯᠡᠯᠲᠡ ᠪᠠᠭᠲᠠᠨ᠎ᠠ︶᠂ ᠴᠢᠯᠠᠭᠤᠨ ᠲᠣᠰᠣ ︵ᠪᠣᠯᠪᠠᠰᠤᠷᠠᠭᠤᠯᠬᠤ᠂ | ᠪᠣᠯᠪᠠᠰᠤᠷᠠᠭᠤᠯᠤᠭᠰᠠᠨ ᠴᠢᠯᠠᠭᠤᠨ ᠲᠣᠰᠣᠨ ᠤ ᠬᠤᠭᠤᠯᠠᠶ ᠪᠠᠭᠲᠠᠬᠤ ᠦᠭᠡᠶ︶᠂ ᠲᠡᠮᠦᠷᠯᠢᠭ᠂ ᠥᠩᠭᠡᠲᠦ ᠲᠡᠮᠦᠷᠯᠢᠭ᠂ ᠪᠠᠷᠢᠯᠭ᠎ᠠ ᠶᠢᠨ ᠮᠠᠲ᠋ᠧᠷᠢᠶᠠᠯ᠂ ᠮᠠᠰᠢᠨ | ᠮᠧᠬᠠᠨᠢᠭ᠂ ᠬᠥᠩᠭᠡᠨ ᠠᠵᠤ ᠦᠢᠯᠡᠳᠪᠦᠷᠢ᠂ ᠨᠡᠬᠡᠮᠡᠯ ᠵᠡᠷᠭᠡ ᠬᠤᠯᠪᠣᠭᠳᠠᠯ ᠪᠦᠬᠦᠢ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ ᠤ ᠠᠵᠢᠯ ᠲᠥᠷᠥᠯ ᠤᠨ | ᠠᠶᠤᠯᠬᠦᠢ ᠦᠢᠯᠡᠳᠪᠦᠷᠢᠯᠡᠯ ᠤᠨ ᠰᠠᠭᠤᠷᠢ ᠠᠵᠢᠯ ᠢ ᠬᠠᠷᠢᠭᠤᠴᠠᠵᠤ᠂ ᠣᠷᠣᠨ ᠨᠤᠲᠤᠭ ᠤᠨ ᠬᠠᠮᠢᠶ᠎ᠠ ᠪᠦᠬᠦᠢ ᠠᠵᠢᠯ ᠲᠥᠷᠥᠯ ᠤᠨ ᠠᠶᠤᠯᠬᠦᠢ ᠦᠢᠯᠡᠳᠪᠦᠷᠢᠯᠡᠯ | ᠤᠨ ᠳᠦᠷᠢᠮ ᠢ ᠲᠤᠭᠤᠷᠪᠢᠨ ᠲᠣᠭᠲᠠᠭᠠᠵᠤ᠂ ᠬᠠᠮᠢᠶ᠎ᠠ ᠪᠦᠬᠦᠢ ᠠᠵᠢᠯ ᠲᠥᠷᠥᠯ ᠤᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠯᠲᠠ᠂ ᠠᠮᠤᠷ ᠲᠦᠪᠰᠢᠨ ᠢ ᠰᠡᠷᠭᠡᠶᠢᠯᠡᠨ ᠡᠵᠡᠮᠳᠡᠬᠦ ᠳᠤᠭᠳᠠᠯᠴᠠᠭᠠᠨ ᠤ ᠪᠠᠶᠢᠭᠤᠯᠤᠯᠲᠠ ᠵᠡᠷᠭᠡ ᠠᠵᠢᠯ ᠢ ᠵᠢᠯᠣᠭᠤᠳᠤᠨ ᠬᠢᠨᠠᠯᠲᠠ ᠲᠠᠯᠪᠢᠨ᠎ᠠ ᠃ | ︵ᠳᠣᠯᠤᠭ᠎ᠠ︶ ᠶᠡᠷᠦᠩᠬᠡᠶᠢᠯᠡᠨ ᠭᠠᠮᠰᠢᠭ ᠢ ᠪᠠᠭᠠᠰᠬᠠᠬᠤ ᠳᠠᠰᠤᠭ | ᠳ᠋ᠦᠩᠱᠧᠩ ᠲᠣᠭᠤᠷᠢᠭ ᠤᠨ ᠬᠦᠨᠳᠦ ᠶᠡᠭᠡ ᠠᠶᠤᠯᠬᠦᠢ ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠦᠨᠡᠯᠡᠨ ᠵᠢᠱᠢᠵᠦ | ᠨᠤᠲᠠᠯᠠᠬᠤ ᠲᠣᠭᠲᠠᠴᠠ ᠶᠢ ᠪᠠᠶᠢᠭᠤᠯᠤᠨ᠂ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠬᠢᠨᠠᠨ ᠬᠡᠮᠵᠢᠵᠦ ᠰᠡᠷᠡᠮᠵᠢᠯᠡᠭᠦᠯᠬᠦ ᠠᠵᠢᠯ ᠢ ᠡᠭᠦᠷᠭᠡᠯᠡᠵᠦ᠂ ᠪᠠᠶᠢᠭᠠᠯᠢ ᠶᠢᠨ | ᠭᠠᠮᠰᠢᠭ ᠤᠨ ᠶᠡᠷᠦᠩᠬᠡᠢ ᠲᠦᠭᠰᠢᠭᠦᠷᠢ ᠬᠢᠭᠡᠳ ᠭᠠᠮᠰᠢᠭ ᠢ ᠪᠠᠭᠠᠰᠬᠠᠬᠤ ᠴᠢᠳᠠᠪᠤᠷᠢ ᠶᠢ ᠪᠠᠶᠢᠴᠠᠭᠠᠨ ᠦᠨᠡᠯᠡᠬᠦ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠭᠠᠮᠰᠢᠭ | ᠤᠨ ᠪᠠᠶᠢᠳᠠᠯ ᠢ ᠬᠠᠷᠭᠤᠭᠤᠯᠤᠨ ᠪᠠᠶᠢᠴᠠᠭᠠᠵᠤ ᠳᠡᠭᠡᠭᠰᠢ ᠮᠡᠳᠡᠭᠦᠯᠬᠦ᠂ ᠬᠤᠬᠢᠷᠠᠯ ᠢ ᠦᠨᠡᠯᠡᠨ ᠵᠢᠱᠢᠬᠦ᠂ ᠭᠠᠮᠰᠢᠭ ᠠᠴᠠ ᠠᠪᠤᠷᠬᠠᠤ ᠳᠤ ᠬᠠᠨᠳᠢᠪᠯᠠᠨ ᠬᠦᠷᠭᠡᠬᠦ ᠵᠡᠷᠭᠡ | ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠴᠤ᠂ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ | ᠨᠥᠭᠡᠴᠡᠯᠡᠬᠦ ᠲᠥᠯᠥᠪᠵᠢᠭᠦᠯᠭᠡ ᠪᠠ ᠬᠡᠷᠡᠭᠴᠡᠭᠡ ᠱᠠᠭᠠᠷᠳᠠᠯᠭ᠎ᠠ ᠶᠢᠨ ᠲᠥᠯᠥᠪᠯᠡᠭᠡ ᠶᠢ ᠲᠤᠭᠤᠷᠪᠢᠨ ᠲᠣᠭᠲᠠᠭᠠᠵᠤ᠂ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ | ᠠᠷᠭᠠᠴᠠᠬᠤ ᠡᠳ᠋ ᠪᠣᠳᠠᠰ ᠢ ᠬᠠᠮᠲᠤ ᠪᠠᠷ ᠬᠡᠷᠡᠭᠯᠡᠬᠦ ᠪᠠ ᠵᠣᠬᠢᠴᠠᠭᠤᠯᠬᠤ ᠲᠣᠭᠲᠠᠴᠠ ᠶᠢ ᠵᠣᠬᠢᠶᠠᠨ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠴᠢᠬᠤᠯᠠ ᠡᠳ᠋ | ᠪᠣᠳᠠᠰ ᠢ ᠨᠥᠭᠡᠴᠡᠯᠡᠬᠦ᠂ ᠰᠢᠯᠵᠢᠭᠦᠯᠦᠨ ᠥᠭᠬᠦ ᠪᠠ ᠪᠠᠴᠢᠮ ᠲᠣᠬᠢᠷᠠᠭᠤᠯᠤᠨ ᠬᠦᠷᠭᠡᠬᠦ ᠶᠢ ᠵᠣᠬᠢᠶᠠᠨ ᠪᠠᠶᠢᠭᠤᠯᠤᠨ ᠵᠣᠬᠢᠴᠠᠭᠤᠯᠵᠤ᠂ ᠭᠠᠮᠰᠢᠭ ᠠᠴᠠ ᠠᠪᠤᠷᠬᠠᠤ ᠡᠳ᠋ | ᠪᠣᠳᠠᠰ ᠢ ᠬᠠᠮᠢᠶᠠᠷᠬᠤ᠂ ᠬᠤᠪᠢᠶᠠᠷᠢᠯᠠᠬᠤ ᠪᠠ ᠬᠢᠨᠠᠯᠲᠠ ᠲᠠᠯᠪᠢᠵᠤ ᠬᠡᠷᠡᠭᠯᠡᠬᠦ ᠠᠵᠢᠯ ᠢ ᠡᠭᠦᠷᠭᠡᠯᠡᠵᠦ᠂ ᠬᠤᠯᠪᠣᠭᠳᠠᠯ ᠪᠥᠬᠦᠶ ᠲᠠᠯ᠎ᠠ ᠶᠢᠨ ᠬᠢᠨ ᠲᠠᠢ ᠬᠠᠮᠲᠤᠷᠠᠨ | ᠭᠠᠮᠰᠢᠭᠳᠠᠭᠰᠠᠨ ᠣᠯᠠᠨ ᠲᠦᠮᠡᠨ ᠢ ᠪᠠᠴᠢᠮ ᠰᠢᠯᠵᠢᠭᠦᠯᠦᠨ ᠲᠥᠪᠬᠢᠨᠡᠭᠦᠯᠬᠦ᠂ ᠭᠠᠮᠰᠢᠭ ᠠᠴᠠ ᠪᠣᠯᠵᠣ ᠡᠪᠳᠡᠭᠳᠡᠭᠰᠡᠨ ᠬᠡᠷ ᠪᠠᠶᠢᠰᠢᠩ ᠢ ᠰᠡᠷᠭᠦᠭᠡᠨ ᠳᠠᠬᠢᠨ | ᠪᠠᠶᠢᠭᠤᠯᠬᠤ ᠨᠥᠬᠦᠪᠥᠷᠢ ᠪᠠ ᠭᠠᠮᠰᠢᠭᠳᠠᠭᠰᠠᠨ ᠣᠯᠠᠨ ᠲᠦᠮᠡᠨ ᠤ ᠠᠮᠢᠳᠤᠷᠠᠯ ᠢ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ᠳ᠋ᠦᠩᠱᠧᠩ ᠲᠣᠭᠤᠷᠢᠭ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠠᠵᠢᠯ ᠢ ᠬᠠᠤᠯᠢ ᠶᠣᠰᠣᠭᠠᠷ ᠬᠢᠨᠠᠯᠲᠠ ᠲᠠᠯᠪᠢᠨ ᠪᠠᠶᠢᠴᠠᠭᠠᠵᠤ᠂ | ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠠᠷᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠳ᠋ᠦᠩᠱᠧᠩ ᠲᠣᠭᠤᠷᠢᠭ ᠤᠨ ᠭᠠᠵᠠᠷ ᠬᠥᠳᠡᠯᠦᠯᠲᠡ ᠶᠢ ᠰᠡᠷᠭᠡᠶᠢᠯᠡᠨ ᠭᠠᠮᠰᠢᠭ ᠢ ᠪᠠᠭᠠᠰᠬᠠᠬᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠲᠥᠯᠥᠪᠯᠡᠭᠡ | ᠶᠢ ᠲᠣᠭᠲᠠᠭᠠᠨ᠂ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠶᠤᠯᠬᠦᠢ ᠶᠢ ᠦᠨᠡᠯᠡᠬᠦ ᠬᠠᠮᠢᠶᠠᠷᠤᠯᠲᠠ ᠪᠣᠯᠤᠨ ᠭᠠᠵᠠᠷ ᠬᠥᠳᠡᠯᠦᠯᠲᠡ ᠶᠢ ᠳᠠᠭᠠᠭᠠᠬᠤ | ᠰᠡᠷᠭᠡᠶᠢᠯᠡᠯᠲᠡ ᠪᠠᠶᠢᠷᠢᠯᠠᠭᠤᠯᠬᠤ ᠱᠠᠭᠠᠷᠳᠠᠯᠭ᠎ᠠ ᠶᠢ ᠲᠣᠭᠲᠠᠭᠠᠬᠤ ᠠᠵᠢᠯ ᠢ ᠡᠭᠦᠷᠭᠡᠯᠡᠨ᠎ᠡ᠃ | ᠭᠸᠤᠯᠤᠬᠢ ᠶᠢᠨ ᠭᠠᠮᠰᠢᠭ ᠢ ᠰᠡᠷᠭᠡᠶᠢᠯᠡᠨ ᠵᠠᠰᠠᠬᠤ ᠬᠠᠮᠢᠶ᠎ᠠ ᠪᠦᠬᠦᠢ ᠠᠵᠢᠯ ᠢ ᠵᠣᠬᠢᠴᠠᠭᠤᠯᠤᠨ ᠵᠢᠯᠣᠭᠤᠳᠤᠨ᠎ᠠ᠃ | ᠲᠦᠷᠪᠡᠳᠤᠬᠡᠷ ᠵᠦᠶᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠣᠷᠣᠨ ᠲᠤᠭ᠎ᠠ 15 ᠨᠡᠷᠡᠰ᠃ ᠲᠣᠪᠴᠢᠶᠠᠨ ᠳᠠᠷᠤᠭ᠎ᠠ 1 ᠨᠡᠷᠡᠰ᠂ ᠳᠡᠳ᠋ ᠲᠣᠪᠴᠢᠶᠠᠨ ᠳᠠᠷᠤᠭ᠎ᠠ 4 ᠨᠡᠷᠡᠰ᠃ | ᠭᠤᠷᠪᠠ ᠠᠵᠢᠯᠯᠠᠬᠤ ᠭᠠᠵᠠᠷ | ᠳ᠋ᠦᠩᠱᠧᠩ ᠲᠣᠭᠤᠷᠢᠭ ᠤᠨ ᠬᠤᠲᠠ ᠶᠢᠨ ᠠᠷᠠᠳ ᠤᠨ ᠲᠥᠪ ᠤᠨ A ᠠᠰᠠᠷ ᠤᠨ6 ᠳ᠋ᠤᠭᠠᠷ ᠳᠠᠪᠬᠤᠷᠯᠢᠭ | ᠲᠦᠷᠪᠡ ᠠᠵᠢᠯᠯᠠᠬᠤ ᠴᠠᠭ | ᠵᠣᠨ ᠤ ᠤᠯᠠᠷᠢᠯ ᠤᠨ ᠦᠳᠡ ᠶᠢᠨ ᠡᠮᠦᠨᠡᠬᠢ 8᠄ 30 — 12᠄ 00᠂ ᠦᠳᠡ ᠶᠢᠨ ᠬᠤᠶᠢᠨᠠᠬᠢ 15᠄ 00 — 18᠄ 00 | ᠡᠪᠦᠯ ᠤᠨ ᠤᠯᠠᠷᠢᠯ᠄ ᠦᠳᠡ ᠶᠢᠨ ᠡᠮᠦᠨ᠎ᠡ 8᠄ 30 — 12᠄ 00 ᠦᠳᠡ ᠶᠢᠨ ᠬᠤᠶᠢᠨ᠎ᠠ 14᠄ 30 —17᠄ 30 | ᠳᠠᠪᠤ ᠬᠠᠷᠢᠯᠴᠠᠬᠤ ᠠᠷᠭ᠎ᠠ | ᠬᠠᠷᠢᠯᠴᠠᠬᠤ ᠤᠲᠠᠰᠤ᠄ 0477 - 8575602 | |