ᠮᠠ ᠯᠢᠶᠠᠩ ᠴᠧᠩ ︵1913 -- 1948︶
ᠨᠡᠶᠢᠲᠡᠯᠡᠭᠰᠡᠨ ᠴᠠᠭ᠄
2023/2/23
    微信图片_20230223152333.jpg 
      ᠮᠤᠩᠭᠤᠯ ᠨᠡᠷ᠎ᠡ ᠨᠢ ᠪᠤᠷᠤᠪᠠᠭᠠᠲᠣᠷ᠂ 1913 ᠣᠨ ᠳᠤ ᠦᠪᠦᠷ ᠮᠤᠩᠭᠤᠯ ᠤᠨ ᠶᠡᠭᠡ ᠵᠤᠤ ᠶᠢᠨ ᠴᠢᠭᠤᠯᠭᠠᠨ ᠤ ᠤᠲᠤᠭ ᠬᠤᠰᠢᠭᠤᠨ ᠤ ᠴᠠᠭᠠᠨ ᠲᠣᠯᠣᠭᠠᠢ ︵ᠣᠳᠣ ᠶᠢᠨ ᠣᠷᠳᠣᠰ ᠬᠤᠲᠠ ᠶᠢᠨ ᠣᠲᠤᠭ ᠬᠤᠰᠢᠭᠤᠨ ᠤ ᠮᠤᠭᠠᠶᠢᠲᠤ ᠭᠠᠴᠠᠭ᠎ᠠ︶ ᠶᠢᠨ ᠮᠠᠯᠴᠢᠨ ᠬᠡᠰᠢᠭᠪᠡᠲᠣ ᠶᠢᠨ ᠭᠡᠷ ᠲᠤ ᠲᠦᠷᠦᠵᠡᠢ᠃ ᠬᠠᠷᠠᠬᠠᠨ ᠪᠠᠭ᠎ᠠ ᠠᠴᠠ ᠪᠠᠨ ᠡᠬᠡ ᠡᠴᠢᠬᠡ ᠪᠠᠨ ᠠᠯᠳᠠᠵᠤ ᠪᠤᠰᠤᠳ ᠠᠶᠢᠯ ᠤᠨ ᠠᠳᠣᠭᠤ ᠮᠠᠯ ᠤᠨ ᠠᠵᠢᠯ ᠳᠤ ᠬᠠᠮᠵᠢᠯᠴᠠᠨ᠂ ᠠᠪᠠ ᠬᠦᠷᠦᠭᠡ ᠬᠢᠵᠦ ᠠᠮᠢ ᠵᠢᠭᠤᠵᠤ ᠪᠠᠶᠢᠭᠰᠠᠨ ᠨᠢ ᠬᠠᠷᠢᠨ ᠲᠡᠭᠦᠨ ᠢ ᠳᠣᠪᠳᠣᠯᠤᠭ᠎ᠠ ᠮᠤᠷᠢᠨ ᠳᠡᠭᠡᠷ᠎ᠡ ᠠᠴᠠ ᠠᠯᠳᠠᠯ ᠦᠭᠡᠢ ᠬᠠᠷᠪᠣᠳᠠᠭ ᠮᠡᠷᠭᠡᠨ ᠬᠠᠷᠪᠣᠭᠠᠴᠢ ᠪᠤᠯᠭᠠᠨ ᠪᠤᠯᠪᠠᠰᠣᠷᠠᠭᠤᠯᠵᠠᠢ᠃      1929 ᠤᠨ ᠳᠤ ᠪᠤᠷᠣᠪᠠᠭᠠᠲᠣᠷ ᠣᠲᠤᠭ ᠬᠤᠰᠢᠭᠤᠨ ᠤ ᠠᠮᠤᠷ ᠢ ᠬᠠᠮᠠᠭᠠᠯᠠᠬᠤ ᠶᠡᠭᠡ ᠠᠩᠭᠢ ᠳᠤ ᠡᠯᠰᠡᠭᠳᠡᠨ ᠤᠷᠤᠵᠤ᠂ ᠳᠡᠮᠡᠢ ᠣᠳᠠᠯ ᠦᠭᠡᠢ ᠳᠣᠮᠳᠠ ᠠᠩᠭᠢ ᠶᠢᠨ ᠳᠠᠷᠤᠭ᠎ᠠ ᠪᠤᠯᠤᠨ ᠳᠡᠪᠰᠢᠵᠤ᠂ ᠣᠳᠤᠭ ᠬᠤᠰᠢᠭᠤᠨ ᠤ ᠴᠡᠷᠢᠭ ᠤᠨ ᠲᠣᠳᠣᠷᠠᠬᠢ ᠴᠢᠬᠤᠯᠠ ᠨᠢᠭᠡᠨ ᠬᠦᠮᠦᠨ ᠪᠤᠯᠵᠤ ᠬᠦᠮᠦᠵᠢᠭᠳᠡᠭᠰᠡᠨ ᠪᠠᠶᠢᠨ᠎ᠠ᠃      1936 ᠤᠨ ᠤ 7 ᠰᠠᠷ᠎ᠠ ᠳᠤ᠂ ᠶᠡᠭᠡ ᠵᠤᠤ ᠶᠢᠨ ᠴᠢᠭᠤᠯᠭᠠᠨ ᠤ ᠡᠮᠦᠨᠡᠲᠦ ᠬᠡᠰᠡᠭ ᠲᠠᠬᠢ ᠫᠠᠷᠲ᠋ᠢᠽᠠᠨ ᠴᠡᠷᠢᠭ ᠤᠨ ᠰᠧᠯᠢᠩ ᠵᠠᠮᠢᠶᠠᠩᠰᠢᠷᠠᠪ ᠡᠪ ᠬᠠᠮᠲᠣ ᠨᠠᠮ ᠢ ᠡᠰᠡᠷᠭᠦᠴᠡᠵᠦ ᠭᠤᠮᠢᠨᠳᠠᠩ ᠢ ᠳᠠᠭᠠᠭᠰᠠᠨ ᠠᠴᠠ ᠬᠡᠨᠡᠳᠲᠡ ᠨᠢᠩᠰᠢᠶᠠ ᠶᠢᠨ ᠴᠡᠷᠢᠭ ᠤᠨ ᠡᠷᠬᠡᠲᠡᠨ ᠮᠠ ᠬᠤᠩ ᠺᠦᠢ ᠲᠠᠢ ᠰᠦᠯᠪᠡᠭᠡᠯᠡᠵᠦ᠂ ᠣᠲᠤᠭ ᠤᠨ ᠬᠡᠪᠴᠢᠶᠡᠨ ᠳᠠᠬᠢ ᠲᠠᠪᠣᠰᠣᠨ ᠨᠠᠭᠤᠷ ᠤᠳ ᠢ ᠴᠦᠮ ᠴᠡᠷᠢᠭ ᠲᠣᠮᠢᠯᠠᠵᠤ ᠰᠠᠬᠢᠭᠤᠯᠤᠨ᠂ ᠰᠧᠯᠢᠩ ᠤᠨ ᠨᠡᠷ᠎ᠡ ᠪᠠᠷ ᠵᠠᠷᠯᠢᠭ ᠪᠠᠭᠤᠯᠭᠠᠵᠤ ᠪᠢᠳᠡᠭᠦᠮᠵᠢᠯᠡᠭᠡᠳ᠂ ᠱᠠᠨᠰᠢ ᠭᠠᠨᠰᠤ ᠨᠢᠩᠰᠢᠶᠠ ᠶᠢᠨ ᠬᠢᠵᠠᠭᠠᠷ ᠣᠷᠣᠨ ᠤ ᠬᠤᠪᠢᠰᠬᠠᠯ ᠤᠨ ᠰᠠᠭᠤᠷᠢᠨ ᠭᠠᠵᠠᠷ ᠲᠠᠢ ᠲᠠᠪᠣᠰᠣᠨ ᠠᠷᠠᠯᠵᠢᠶ᠎ᠠ ᠬᠢᠬᠦ᠂ ᠲᠠᠪᠣᠰᠣ ᠬᠠᠩᠭᠠᠬᠤ ᠶᠢ ᠵᠣᠭᠰᠣᠭᠠᠪᠠ᠃ ᠡᠶᠢᠮᠦᠷᠬᠦ ᠪᠠᠶᠢᠳᠠᠯ ᠳᠣᠣᠷ᠎ᠠ ᠪᠤᠷᠤᠪᠠᠭᠠᠲᠣᠷ ᠰᠡᠮᠡᠬᠡᠷ ᠳᠣᠮᠳᠠ ᠠᠩᠭᠢ ᠶᠢᠨ ᠳᠠᠷᠤᠭ᠎ᠠ ᠭᠦ᠋ ᠱᠸᠦ ᠱᠠᠨ᠂ ᠳᠠᠪᠰᠢᠩᠭᠤᠢ ᠦᠵᠡᠯ ᠲᠠᠢ ᠮᠠ ᠹᠦ᠋ ᠭᠠᠩ ︵ᠵᠠᠮᠢᠶᠠᠩᠰᠢᠷᠠᠪ  ᠤᠨ ᠨᠠᠷᠢᠨ ᠪᠢᠴᠢᠭᠡᠴᠢ︶ ᠲᠠᠢ ᠵᠦᠪᠳᠡᠵᠦ ᠪᠠᠶᠢᠭᠠᠳ ᠬᠡᠳᠦᠨ ᠠᠷᠪᠠᠨ ᠵᠢᠩᠴᠢᠨ ᠢ ᠳᠠᠶᠢᠴᠢᠯᠠᠨ ᠵᠠᠭᠤ ᠭᠠᠷᠣᠢ ᠲᠡᠮᠡᠭᠡ ᠬᠦᠳᠦᠯᠦᠭᠦᠯᠦᠨ ᠵᠦᠭᠡᠭᠡᠪᠦᠷᠢ ᠶᠢᠨ ᠡᠩᠨᠡᠭᠡ  ᠶᠢ ᠵᠣᠬᠢᠶᠠᠨ ᠪᠠᠶᠢᠭᠤᠯᠵᠤ᠂ ᠬᠤᠪᠢᠰᠬᠠᠯ ᠤᠨ ᠰᠠᠭᠤᠷᠢᠨ ᠭᠠᠵᠠᠷ ᠲᠤ ᠲᠠᠪᠣᠰᠣ ᠬᠠᠩᠭᠠᠨ ᠬᠤᠪᠢᠰᠬᠠᠯ ᠢ ᠳᠡᠮᠵᠢᠵᠦ ᠪᠠᠶᠢᠪᠠ᠃      1946 ᠣᠨ ᠤ 1 ᠰᠠᠷ᠎ᠠ ᠳᠤ ᠪᠤᠷᠤᠪᠠᠭᠠᠲᠣᠷ ᠬᠠᠮᠲᠤ ᠪᠠᠶᠢᠯᠳᠣᠭᠴᠢᠳ ᠨᠠᠷ ᠲᠠᠢ ᠪᠠᠨ ᠠᠷᠠᠯ ᠤᠨ ᠰᠦᠮ᠎ᠡ ᠶᠢᠨ ᠬᠡᠷᠡᠭ ᠬᠤᠪᠢᠰᠤᠯ ᠢ ᠡᠭᠦᠰᠭᠡᠵᠦ᠂ ᠵᠠᠮᠢᠶᠠᠩᠰᠢᠷᠠᠪ ᠢ ᠠᠯᠠᠭᠠᠳ᠂ ᠣᠳᠤᠭ ᠬᠤᠰᠢᠭᠤᠨ ᠤ ᠬᠤᠪᠢᠰᠬᠠᠯ ᠤᠨ ᠵᠡᠪᠰᠡᠭᠲᠦ ᠬᠦᠴᠦᠨ ᠢ ᠵᠣᠬᠢᠶᠠᠨ ᠪᠠᠶᠢᠭᠤᠯᠵᠣ᠂ ᠪᠤᠷᠤᠪᠠᠭᠠᠲᠣᠷ 2 ᠳ᠋ᠣᠭᠠᠷ ᠬᠤᠷᠢᠶᠠᠨ ᠳᠠᠷᠤᠭ᠎ᠠ ᠪᠤᠯᠪᠠ᠃ ᠲᠡᠭᠦᠨ ᠠᠴᠠ ᠬᠤᠶᠢᠰᠢ ᠪᠤᠷᠤᠪᠠᠭᠠᠲᠣᠷ ᠴᠡᠷᠢᠭ ᠠᠩᠭᠢ ᠪᠠᠨ ᠳᠠᠭᠠᠭᠤᠯᠣᠨ ᠬᠤᠪᠢᠰᠬᠠᠯ ᠤᠨ ᠴᠡᠷᠢᠭ ᠤᠨ ᠭᠤᠤᠯᠯᠠᠬᠤ ᠬᠦᠴᠦᠨ ᠢ ᠲᠣᠰᠠᠯᠠᠨ᠂ ᠣᠲᠤᠭ ᠬᠤᠰᠢᠭᠤᠨ ᠤ ᠬᠤᠪᠢᠰᠬᠠᠯ ᠤᠨ ᠡᠰᠡᠷᠭᠦᠦ ᠬᠦᠴᠦᠨ ᠳᠤ ᠴᠣᠬᠢᠯᠲᠠ ᠦᠭᠴᠦ᠂ ᠳᠠᠶᠢᠰᠣᠨ ᠢ ᠣᠰᠠᠳᠬᠠᠨ ᠬᠤᠪᠢᠰᠬᠠᠯ ᠤᠨ ᠴᠡᠷᠢᠭ ᠤᠨ ᠠᠮᠣᠷ ᠲᠦᠪᠰᠢᠨ  ᠢ ᠬᠠᠮᠠᠭᠠᠯᠠᠵᠤ ᠪᠠᠶᠢᠪᠠ᠃      1947 ᠤᠨ ᠤ 3 ᠰᠠᠷ᠎ᠠ ᠳᠤ᠂ ᠵᠢᠶᠠᠩ ᠵᠢᠶᠧ ᠱᠢ ᠬᠤ᠋ ᠽᠦᠩ ᠨᠠᠨ ᠤ 20 ᠠᠷᠮᠠᠢ᠂ ᠬᠦᠬᠡᠨᠠᠭᠤᠷ ᠤᠨ ᠮᠠ ᠪᠦ᠋ ᠹᠠᠩ᠂ ᠨᠢᠩᠰᠢᠶᠠ ᠶᠢᠨ ᠮᠠ ᠬᠤᠩ ᠺᠦᠢ ᠶᠢᠨ 12 ᠠᠷᠮᠠᠢ ᠶᠢ ᠲᠣᠮᠢᠯᠠᠨ ᠱᠠᠨᠰᠢ ᠭᠠᠨᠰᠤ ᠨᠢᠩᠰᠢᠶᠠ ᠶᠢᠨ ᠴᠢᠯᠦᠭᠡᠯᠡᠭᠳᠡᠭᠰᠡᠨ ᠣᠷᠣᠨ ᠵᠦᠭ ᠰᠢᠷᠦᠭᠦᠨ ᠳᠠᠭᠠᠷᠢᠯᠲᠠ ᠶᠠᠪᠤᠭᠤᠯᠪᠠ᠃ ᠱᠠᠨᠰᠢ ᠭᠠᠨᠰᠦ ᠨᠢᠩᠰᠢᠶᠠ ᠶᠢᠨ ᠬᠢᠵᠠᠭᠠᠷ ᠣᠷᠣᠨ ᠳᠤ ᠪᠠᠶᠢᠭᠰᠠᠨ ᠣᠲᠤᠭ ᠬᠤᠰᠢᠭᠤᠨ ᠤ ᠬᠤᠪᠢᠰᠬᠠᠯ ᠤᠨ ᠵᠡᠪᠰᠡᠭᠲᠦ ᠴᠡᠷᠢᠭ ᠲᠣᠰ ᠣᠳᠠᠭᠠᠨ ᠤ ᠳᠠᠭᠠᠷᠢᠯᠲᠠ ᠳᠤ ᠶᠡᠭᠡ ᠪᠠᠷ ᠬᠤᠬᠢᠷᠠᠯ ᠳᠤ ᠣᠴᠠᠷᠠᠵᠣ᠂ ᠪᠣᠷᠣᠪᠠᠭᠠᠲᠣᠷ ᠴᠦᠬᠡᠨ ᠬᠡᠳᠦᠨ ᠨᠦᠬᠦᠳ ᠢᠶᠠᠨ ᠳᠠᠭᠠᠭᠤᠯᠣᠨ ᠳᠠᠶᠢᠰᠣᠨ ᠤ ᠪᠦᠰᠡᠯᠡᠯᠲᠡ ᠶᠢ ᠰᠢᠪᠲᠣᠯᠣᠨ  ᠭᠠᠷᠣᠭᠠᠳ ᠵᠢᠩ ᠪᠢᠶᠠᠨ  ᠳᠤ ᠬᠦᠷᠴᠦ᠂ ᠳᠣᠮᠳᠠᠳᠣ ᠣᠯᠣᠰ ᠤᠨ ᠡᠪ ᠬᠠᠮᠲᠣ ᠨᠠᠮ ᠤᠨ ᠣᠲᠤᠭ ᠬᠤᠰᠢᠭᠤᠨ ᠤ ᠠᠵᠢᠯᠯᠠᠬᠤ ᠬᠤᠷᠢᠶ᠎ᠠ ᠲᠠᠢ ᠨᠡᠶᠢᠯᠡᠨ᠂ ᠨᠠᠨ ᠱᠠᠨ ᠣᠷᠴᠢᠮ ᠢᠶᠠᠷ ᠫᠠᠷᠲ᠋ᠢᠽᠠᠨ ᠲᠠᠶᠢᠨ ᠬᠢᠵᠦ ᠡᠬᠢᠯᠡᠪᠡ᠃ ᠮᠦᠨ ᠵᠢᠯ ᠤᠨ 7 ᠰᠠᠷ᠎ᠠ ᠳᠤ ᠬᠤᠪᠢᠰᠬᠠᠯ ᠤᠨ ᠴᠡᠷᠢᠭ ᠳ᠋ᠢᠩ ᠪᠢᠶᠠᠨ ᠢ ᠡᠭᠡᠭᠦᠯᠦᠨ ᠠᠪᠣᠭᠰᠠᠨ ᠤ ᠳᠠᠷᠠᠭ᠎ᠠ᠂ ᠪᠣᠷᠣᠪᠠᠭᠠᠲᠣᠷ ᠳᠣᠮᠳᠠᠳᠣ ᠣᠯᠣᠰ ᠤᠨ ᠡᠪ ᠬᠠᠮᠲᠣ ᠨᠠᠮ ᠤᠨ ᠶᠡᠭᠡ ᠵᠤᠤ ᠠᠶᠢᠮᠠᠭ ᠤᠨ ᠠᠵᠢᠯᠯᠠᠬᠤ ᠳᠣᠭᠤᠶᠢᠯᠠᠩ ᠲᠠᠢ ᠬᠠᠮᠲᠣ ᠪᠠᠷ ᠣᠳᠤᠭ ᠬᠤᠰᠢᠭᠤᠨ ᠤ ᠪᠤᠷᠤᠪᠠᠯᠭᠠᠰᠣ ᠳᠤ ᠪᠣᠴᠠᠵᠣ ᠢᠷᠡᠭᠡᠳ᠂ ᠬᠠᠭᠤᠴᠢᠨ ᠨᠦᠬᠦᠳ ᠢᠶᠠᠨ ᠴᠣᠭᠯᠠᠭᠤᠯᠣᠨ᠂ ᠳᠣᠮᠳᠠᠳᠣ ᠣᠯᠣᠰ ᠤᠨ ᠡᠪ ᠬᠠᠮᠲᠣ ᠨᠠᠮ ᠤᠨ ᠶᠡᠭᠡ ᠵᠣᠣ ᠠᠶᠢᠮᠠᠭ ᠤᠨ ᠠᠵᠢᠯᠯᠠᠬᠤ ᠬᠤᠷᠢᠶ᠎ᠠ ᠶᠢᠨ ᠴᠡᠷᠢᠭ ᠤᠨ ᠶᠡᠪᠣᠳᠠᠯ ᠤᠨ ᠬᠡᠯᠳᠡᠰ ᠤᠨ ᠣᠳᠣᠷᠢᠳᠣᠯᠭ᠎ᠠ ᠳᠣᠣᠷᠠᠬᠢ ᠮᠣᠩᠭᠤᠯ ᠬᠢᠳᠠᠳ ᠰᠠᠯᠪᠤᠷᠢ ᠠᠩᠭᠢ ᠶᠢᠨ 3 ᠳ᠋ᠣᠭᠠᠷ ᠶᠡᠭᠡ ᠠᠩᠭᠢ ᠶᠢ ᠪᠠᠶᠢᠭᠤᠯᠵᠤ᠂ ᠪᠣᠷᠣᠪᠠᠭᠠᠲᠣᠷ ᠶᠡᠭᠡ ᠠᠩᠭᠢ ᠶᠢᠨ ᠳᠠᠷᠤᠭ᠎ᠠ ᠪᠠᠷ ᠲᠣᠮᠢᠯᠠᠭᠳᠠᠪᠠ᠃         ᠲᠣᠰ ᠵᠢᠯ ᠤᠨ 9 ᠰᠠᠷ᠎ᠠ ᠶᠢᠨ ᠳᠣᠮᠳᠠᠴᠢ ᠪᠠᠷ ᠮᠠ ᠬᠤᠩ ᠺᠦᠢ ᠶᠢᠨ ᠴᠡᠷᠢᠭ ᠤᠨ 20 ᠳ᠋ᠣᠭᠠᠷ ᠬᠤᠷᠢᠶ᠎ᠠ  ᠬᠤᠪᠢᠰᠬᠠᠯ ᠤᠨ ᠮᠣᠷᠢᠲᠣ ᠴᠡᠷᠢᠭ ᠤᠨ ᠨᠢᠭᠡ ᠬᠤᠶᠠᠳᠣᠭᠠᠷ ᠬᠤᠷᠢᠶ᠎ᠠ ᠣᠷᠣᠭᠤ ᠳᠠᠬᠢᠨᠳᠠ ᠳᠠᠭᠠᠷᠢᠯᠲᠠ ᠶᠠᠪᠣᠭᠤᠯᠵᠣ ᠮᠠᠨ ᠤ ᠴᠡᠷᠢᠭ ᠲᠤ ᠬᠦᠨᠳᠦ ᠶᠡᠭᠡ ᠠᠶᠣᠯ ᠲᠦᠭᠰᠢᠭᠦᠷᠢ ᠣᠴᠠᠷᠠᠭᠤᠯᠣᠭᠰᠠᠨ ᠵᠠᠩᠭᠢᠯᠭ᠎ᠠ ᠶᠢᠨ ᠦᠶ᠎ᠡ ᠳᠤ᠂ ᠪᠣᠷᠣᠪᠠᠭᠠᠲᠣᠷ ᠰᠠᠶᠢᠨ ᠳᠣᠷ᠎ᠠ ᠠᠴᠠ ᠪᠠᠨ ᠭᠤᠷᠪᠠᠳᠣᠭᠠᠷ ᠶᠡᠭᠡ ᠠᠩᠭᠢ ᠶᠢᠨ ᠨᠦᠬᠦᠳ ᠢᠶᠠᠨ ᠳᠠᠭᠠᠭᠤᠯᠣᠨ ᠳᠠᠶᠢᠰᠣᠨ ᠤ ᠴᠡᠷᠢᠭ ᠲᠠᠢ ᠲᠡᠮᠡᠴᠡᠭᠡᠨ ᠬᠢᠵᠦ᠂ ᠳᠠᠶᠢᠰᠣᠨ ᠤ ᠴᠡᠷᠢᠭ ᠲᠤ ᠬᠦᠴᠦᠲᠡᠢ ᠴᠣᠬᠢᠯᠲᠠ ᠦᠭᠴᠦ ᠳᠠᠶᠢᠰᠣᠨ ᠤ ᠳᠠᠭᠠᠷᠢᠯᠲᠠ ᠶᠢ ᠳᠠᠬᠢᠨᠲᠠ ᠪᠤᠳᠠ ᠨᠢᠷᠭᠡᠵᠠᠢ᠃      1948 ᠣᠨ ᠤ 1 ᠰᠠᠷ᠎ᠠ ᠶᠢᠨ ᠰᠡᠭᠦᠯᠴᠢ ᠪᠠᠷ ᠮᠣᠩᠭᠤᠯ ᠬᠢᠳᠠᠳ ᠰᠠᠯᠪᠤᠷᠢ ᠠᠩᠭᠢ ᠶᠢ ᠦᠪᠦᠷ ᠮᠣᠩᠭᠤᠯ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠭᠡ ᠵᠤᠤ ᠠᠶᠢᠮᠠᠭ ᠤᠨ ᠰᠠᠯᠪᠤᠷᠢ ᠠᠩᠭᠢ ᠪᠤᠯᠭᠠᠨ ᠦᠭᠡᠷᠡᠴᠢᠯᠡᠭᠡᠳ᠂ ᠪᠣᠷᠣᠪᠠᠭᠠᠲᠣᠷ ᠢ ᠱᠲ᠋ᠠᠪ ᠤᠨ ᠳᠠᠷᠤᠭ᠎ᠠ ᠪᠦᠭᠡᠳ 3 ᠳ᠋ᠣᠭᠠᠷ ᠶᠡᠭᠡ ᠠᠩᠭᠢ ᠶᠢᠨ ᠳᠠᠷᠤᠭ᠎ᠠ  ᠪᠠᠷ ᠲᠣᠮᠢᠯᠠᠪᠠ᠃ 2 ᠰᠠᠷ᠎ᠠ ᠳᠤ ᠳᠣᠮᠳᠠᠳᠣ ᠣᠯᠣᠰ ᠤᠨ ᠡᠪ ᠬᠠᠮᠲᠣ ᠨᠠᠮ ᠤᠨ ᠶᠡᠭᠡ ᠵᠣᠣ ᠠᠶᠢᠮᠠᠭ ᠤᠨ ᠠᠵᠢᠯᠯᠠᠬᠤ ᠬᠤᠷᠢᠶ᠎ᠠ ᠶᠢ ᠶᠡᠭᠡ ᠵᠤᠤ ᠶᠢᠨ ᠵᠡᠭᠦᠨ ᠪᠠᠷᠠᠭᠤᠨ ᠬᠤᠶᠠᠷ ᠠᠵᠢᠯᠯᠠᠬᠤ ᠬᠤᠷᠢᠶ᠎ᠠ ᠪᠤᠯᠭᠠᠨ ᠬᠤᠪᠢᠶᠠᠵᠤ᠂ ᠪᠣᠷᠣᠪᠠᠭᠠᠲᠣᠷ ᠢ ᠳᠡᠳ᠋ ᠰᠧᠯᠢᠩ ᠮᠠ ᠹᠦ᠋ ᠭᠠᠩ ᠲᠠᠢ ᠬᠠᠮᠲᠤ ᠪᠠᠷ ᠳᠣᠮᠳᠠᠳᠣ ᠣᠯᠣᠰ ᠤᠨ ᠡᠪ ᠬᠠᠮᠲᠣ ᠨᠠᠮ ᠤᠨ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠠᠵᠢᠯᠯᠠᠬᠤ ᠬᠤᠷᠢᠶ᠎ᠠ ᠳᠤ ᠶᠠᠪᠤᠭᠤᠯᠪᠠ᠃ ᠳᠡᠨᠳᠡ ᠬᠦᠷᠦᠭᠰᠡᠨ ᠤ ᠳᠠᠷᠠᠭ᠎ᠠ ᠪᠤᠷᠤᠪᠠᠭᠠᠲᠣᠷ ᠳᠣᠮᠳᠠᠳᠣ ᠣᠯᠣᠰ ᠤᠨ ᠡᠪ ᠬᠠᠮᠲᠣ ᠨᠠᠮ ᠤᠨ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠠᠵᠢᠯᠯᠠᠬᠤ ᠳᠣᠭᠤᠶᠢᠯᠠᠩ ᠢ ᠬᠠᠪᠰᠣᠷᠴᠤ᠂ ᠳᠣᠯᠣᠭᠠᠨ ᠰᠤᠮᠤᠨ ᠤ ᠵᠠᠰᠠᠭ ᠤᠨ ᠭᠠᠵᠠᠷ ᠢ ᠪᠠᠶᠢᠭᠤᠯᠪᠠ᠃       ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠭᠠᠵᠠᠷ ᠤᠨ ᠬᠤᠪᠢᠰᠬᠠᠯ ᠤᠨ ᠰᠠᠭᠤᠷᠢᠨ ᠭᠠᠵᠠᠷ ᠢ ᠪᠠᠶᠢᠭᠤᠯᠬᠤ ᠶᠠᠪᠣᠴᠠ ᠳᠤ ᠪᠣᠷᠣᠪᠠᠭᠠᠲᠣᠷ ᠴᠡᠷᠢᠭ ᠪᠠᠶᠢᠯᠳᠣᠭᠴᠢᠳ ᠤᠨ ᠰᠠᠬᠢᠯᠭ᠎ᠠ ᠪᠠᠲᠣ ᠶᠢ ᠢᠮᠠᠭᠲᠠ ᠴᠢᠩᠭᠠᠳᠬᠠᠵᠣ᠂ ᠦᠪᠡᠷ ᠤᠨ ᠪᠡᠶ᠎ᠡ ᠪᠠᠷ ᠢᠶᠠᠨ ᠳᠠᠭᠤᠷᠢᠶᠠᠯ ᠪᠤᠯᠵᠤ ᠠᠷᠠᠳ ᠲᠦᠮᠡᠨ ᠤ ᠭᠠᠴᠢᠭ ᠵᠣᠪᠠᠯᠠᠩ ᠢ ᠲᠣᠰᠠᠯᠠᠵᠣ᠂ ᠠᠷᠠᠳ ᠣᠯᠠᠨ ᠤ ᠠᠰᠢᠭ ᠲᠣᠰᠠ ᠶᠢ  ᠬᠠᠮᠠᠭᠠᠯᠠᠵᠤ ᠶᠠᠪᠣᠵᠠᠢ᠃ ᠲᠡᠷᠡ ᠪᠠᠰᠠ ᠪᠠᠶᠢᠯᠳᠣᠭᠴᠢᠳ ᠲᠠᠢ ᠪᠠᠨ ᠬᠦᠴᠢᠷ ᠵᠤᠪᠠᠯᠠᠩ ᠢᠶᠠᠨ ᠬᠠᠮᠳᠣᠳᠬᠠᠨ᠂ ᠰᠢᠨ᠎ᠡ ᠮᠠᠶ᠋ᠢᠭ ᠤᠨ ᠳᠠᠷᠤᠭ᠎ᠠ ᠪᠠᠶᠢᠯᠳᠣᠭᠴᠢᠳ ᠤᠨ ᠬᠠᠷᠢᠴᠠᠭ᠎ᠠ ᠶᠢ ᠪᠠᠶᠢᠭᠤᠯᠣᠭᠰᠠᠨ ᠠᠴᠠ ᠲᠡᠭᠦᠨ ᠤ ᠣᠳᠣᠷᠢᠳᠣᠭᠰᠠᠨ ᠴᠡᠷᠢᠭ ᠠᠩᠭᠢ ᠨᠢ ᠣᠯᠣᠰ ᠲᠦᠷᠦ ᠦᠵᠡᠯ ᠰᠠᠨᠠᠭᠠᠨ ᠤ ᠲᠠᠯ᠎ᠠ ᠪᠠᠷ ᠶᠡᠬᠡᠳᠡ ᠳᠡᠭᠡᠭᠰᠢᠯᠡᠯᠲᠡ ᠲᠠᠢ ᠪᠤᠯᠤᠭᠰᠠᠨ ᠪᠦᠭᠡᠳ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠬᠤᠪᠢᠰᠬᠠᠯ ᠤᠨ ᠰᠠᠭᠤᠷᠢᠨ ᠭᠠᠵᠠᠷ ᠤᠨ ᠴᠡᠷᠢᠭ ᠠᠷᠠᠳ ᠤᠨ ᠳᠣᠮᠳᠠ ᠢᠳᠡᠭᠡᠯ ᠬᠦᠨᠳᠦ ᠲᠠᠢ ᠪᠣᠯᠣᠭᠰᠠᠨ ᠪᠠᠶᠢᠪᠠ᠃      1948 ᠤᠨ ᠤ 5 ᠰᠠᠷ᠎ᠠ ᠳᠤ ᠪᠤᠷᠤᠪᠠᠭᠠᠲᠣᠷ 3 ᠳ᠋ᠣᠭᠠᠷ ᠶᠡᠭᠡ ᠠᠩᠭᠢ ᠲᠠᠢ ᠪᠠᠨ ᠦᠦᠰᠢᠨ ᠬᠤᠰᠢᠭᠤᠨ ᠤ ᠡᠮᠦᠨᠡᠲᠦ ᠬᠡᠰᠡᠭ ᠲᠤ ᠰᠠᠨ ᠪᠢᠶᠠᠨ ᠤ ᠳᠡᠭᠡᠷᠡᠮ ᠵᠠᠩ ᠲᠢᠩ ᡁᠢ ᠶᠢᠨ ᠴᠡᠷᠢᠭ ᠤᠨ ᠳᠣᠪᠳᠣᠯᠣᠯᠲᠠ ᠳᠤ ᠣᠴᠠᠷᠠᠵᠤ᠂ ᠳᠠᠶᠢᠰᠣᠨ ᠲᠠᠢ 5 ᠴᠠᠭ ᠭᠠᠷᠣᠢ ᠲᠡᠮᠡᠴᠡᠯᠳᠦᠭᠡᠳ᠂ ᠳᠠᠶᠢᠰᠣᠨ ᠤ ᠳᠠᠭᠠᠷᠢᠯᠲᠠ ᠶᠢ ᠪᠠᠶᠢᠨ ᠳᠠᠬᠢᠨ ᠴᠤᠬᠢᠨ ᠣᠬᠤᠷᠢᠭᠤᠯᠵᠣ ᠪᠠᠶᠢᠯ᠎ᠠ᠃ ᠳᠠᠶᠢᠰᠣᠨ ᠢ ᠲᠣᠶᠢᠯᠪᠣᠷᠢᠲᠠᠢ ᠢᠯᠠᠵᠣ ᠳᠠᠭᠠᠷᠢᠯᠲᠠ ᠶᠢ ᠪᠤᠳᠠ ᠨᠢᠷᠭᠡᠬᠦ ᠭᠡᠪᠡᠯ ᠵᠠᠪᠠᠯ ᠳᠠᠶᠢᠰᠣᠨ ᠤ ᠪᠠᠶᠢᠳᠠᠯ ᠢ ᠲᠣᠳᠣᠷᠬᠠᠢ ᠣᠶᠢᠯᠠᠭᠠᠬᠤ ᠴᠢᠬᠤᠯᠠᠲᠠᠢ ᠣᠴᠢᠷ ᠠᠴᠠ᠂ ᠪᠣᠷᠣᠪᠠᠭᠠᠲᠣᠷ ᠮᠠᠩᠬᠠᠨ ᠣᠷᠣᠢ ᠳᠡᠭᠡᠷ᠎ᠡ ᠠᠪᠠᠷᠢᠵᠤ ᠭᠠᠷᠣᠨ ᠳᠣᠷᠠᠨᠳᠠᠵᠣ ᠪᠠᠶᠢᠭᠠᠳ ᠳᠠᠶᠢᠰᠣᠨ ᠤ ᠰᠣᠮᠣᠨ  ᠳᠤ ᠤᠨᠤᠭᠳᠠᠵᠤ ᠨᠠᠰᠣ ᠨᠦᠭᠴᠢᠪᠡ᠂ ᠭᠤᠴᠢᠨ ᠲᠠᠪᠣᠬᠠᠨ ᠨᠠᠰᠣᠲᠠᠢ ᠬᠤᠪᠢᠰᠬᠠᠯᠲᠣ ᠪᠠᠭᠠᠲᠣᠷ᠂ ᠡᠪ ᠬᠠᠮᠲᠣ ᠶᠢᠨ ᠪᠠᠶᠢᠯᠲᠣᠭᠴᠢ ᠪᠣᠷᠣᠪᠠᠭᠠᠲᠣᠷ᠂ ᠠᠷᠠᠳ ᠲᠦᠮᠡᠨ  ᠤ ᠴᠢᠯᠦᠭᠡᠯᠡᠯᠲᠡ ᠶᠢᠨ ᠦᠢᠯᠡᠰ ᠲᠤ ᠬᠠᠯᠠᠭᠤᠨ ᠠᠮᠢ ᠪᠠᠨ ᠬᠠᠷᠠᠮ ᠦᠭᠡᠢ ᠵᠣᠷᠢᠭᠤᠯᠣᠭᠰᠠᠨ ᠶᠣᠮ᠃                                    ︵ᠡᠬᠡ ᠪᠢᠴᠢᠭ ᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠦᠷᠡᠭᠳᠡᠭᠰᠡᠨ                                     ᠪᠠᠭᠠᠲᠣᠷᠴᠤᠳ ᠤᠨ ᠤᠩᠭᠤᠨ ᠤ  ᠬᠠᠮᠠᠭᠠᠯᠠᠯᠲᠠ ᠶᠢᠨ  ᠭᠠᠵᠠᠷ ᠠᠴᠠ  ᠬᠠᠩᠭᠠᠪᠠ︶
ᠢᠷᠡᠯᠲᠡ᠄ ᠳᠤᠰ ᠰᠦᠯᠵᠢᠶ᠎ᠡ