ᠮᠠᠨ ᠤ ᠲᠣᠭᠤᠷᠢᠭ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠬᠠᠪᠤᠷ ᠤᠨ ᠲᠠᠷᠢᠶᠠᠯᠠᠭ᠎ᠠ ᠳᠤ ᠪᠡᠯᠡᠳᠬᠡᠵᠤ ᠪᠠᠶᠢᠨ᠎ᠠ
ᠨᠡᠶᠢᠲᠡᠯᠡᠭᠰᠡᠨ ᠴᠠᠭ᠄
2023/2/27
      ᠡᠬᠡ ᠭᠠᠵᠠᠷ ᠲᠤ ᠬᠠᠪᠤᠷ ᠤᠨ ᠤᠯᠠᠷᠢᠯ ᠰᠠᠭᠠᠳᠠᠬᠤ ᠳᠤ ᠳᠠᠷᠢᠶᠠᠯᠠᠭ᠎ᠠ ᠶᠢᠨ ᠠᠵᠢᠯ ᠠᠭᠠᠵᠢᠮ ᠢᠶᠠᠷ ᠡᠬᠢᠯᠡᠵᠦ᠂ ᠪᠠᠰᠠ ᠨᠢᠭᠡ ᠵᠢᠯ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠴᠠᠭ ᠪᠣᠯᠪᠠ᠃ ᠳ᠋ᠦᠩᠱᠧᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠡᠷᠲᠡ ᠠᠴᠠ ᠠᠷᠭ᠎ᠠ ᠰᠦᠪᠡᠭᠴᠢᠯᠡᠨ᠂ ᠡᠷᠳᠡᠬᠡᠨ  ᠠᠴᠠ ᠪᠡᠯᠡᠳᠬᠡᠵᠤ᠂ ᠡᠷᠲᠡ ᠠᠴᠠ ᠬᠥᠳᠡᠯᠦᠯᠴᠡᠨ᠂ ᠲᠠᠷᠢᠶᠠᠯᠠᠩ ᠤᠨ ᠡᠳ᠋ ᠪᠤᠳᠠᠰ ᠢ ᠨᠦᠬᠡᠴᠡᠯᠡᠬᠦ᠂ ᠲᠠᠷᠢᠶᠠᠯᠠᠩ ᠤᠨ ᠮᠠᠰᠢᠨ ᠪᠠᠭᠠᠵᠢ ᠶᠢ ᠪᠡᠯᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠵᠢᠯᠣᠭᠤᠳᠤᠯᠭ᠎ᠠ ᠵᠡᠷᠭᠡ ᠭᠤᠣᠯᠳᠠᠯᠭ᠎ᠠ ᠲᠠᠢ ᠠᠵᠢᠯ ᠢ ᠲᠣᠪᠣᠶᠢᠮ᠎ᠠ ᠰᠠᠶᠢᠲᠤᠷ ᠠᠳᠬᠤᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ᠃      ᠨᠢᠭᠡ᠂ ᠠᠭᠤᠷ ᠠᠮᠢᠰᠬᠤᠯ ᠤᠨ ᠨᠥᠬᠦᠴᠡᠯ ᠤᠨ ᠵᠠᠳᠠᠯᠤᠯᠲᠠ᠃ ᠬᠤᠲᠠ ᠶᠢᠨ ᠴᠠᠭ ᠠᠭᠤᠷ ᠤᠨ ᠳᠤᠪᠴᠢᠶᠠᠨ  ᠤ ᠵᠢᠱᠢᠯᠲᠡ ᠶᠢ ᠦᠨᠳᠦᠰᠦᠯᠡᠪᠡᠯ᠂ ᠡᠨᠡ ᠵᠢᠯ ᠤᠨ ᠬᠠᠪᠤᠷ ︵3 ︱ 5 ᠰᠠᠷ᠎ᠠ︶ ᠲᠤ᠂ ᠪᠥᠬᠦ ᠬᠤᠲᠠ ᠶᠢᠨ ᠬᠤᠷ᠎ᠠ ᠲᠤᠨᠤᠳᠠᠰᠤ ᠥᠩᠭᠡᠷᠡᠭᠰᠡᠨ ᠵᠢᠯ ᠤᠳ ᠠᠴᠠ 1︱ 2 ᠬᠤᠪᠢ ᠪᠠᠭᠠᠰᠤᠨ᠎ᠠ︔ ᠳᠤᠮᠳᠠᠴᠢ ᠠᠭᠠᠷ ᠤᠨ ᠳᠤᠯᠠᠭᠠᠨ ᠨᠢ 10 -12℃ ᠪᠠᠶᠢᠵᠤ᠂ ᠥᠩᠭᠡᠷᠡᠭᠰᠡᠨ ᠵᠢᠯ ᠤᠳ ᠠᠴᠠ 1-2℃ ᠥᠨᠳᠥᠷ ᠪᠤᠯᠤᠨ᠎ᠠ︔ ᠪᠥᠬᠦ ᠬᠤᠲᠠ ᠶᠢᠨ ᠬᠠᠪᠤᠷ ᠤᠨ ᠤᠯᠠᠷᠢᠯ ᠤᠨ ᠡᠴᠦᠰ ᠤᠨ ᠬᠢᠷᠠᠭᠤ ᠬᠦᠯᠳᠡᠬᠦᠦ ᠡᠳᠦᠷ ᠨᠢ 4 ᠰᠠᠷ᠎ᠠ ᠶᠢᠨ ᠰᠡᠭᠦᠯᠴᠢ ᠪᠠᠷ ᠪᠠᠶᠢᠵᠤ᠂ ᠥᠩᠭᠡᠷᠡᠭᠰᠡᠨ ᠵᠢᠯ ᠢ ᠪᠤᠳᠤᠪᠠᠯ ᠵᠢᠭᠠᠬᠠᠨ ᠭᠠᠩ ᠲᠠᠢ ᠪᠠᠶᠢᠨ᠎ᠠ︔  ᠳᠡᠪᠳᠤᠳᠡᠯ᠎ᠡ ᠤᠷᠤᠬᠤ ᠠᠩᠬᠠᠨ ᠤ ᠪᠣᠷᠣᠭᠠᠨ ︵≥10︶ ᠪᠥᠬᠦ ᠬᠤᠲᠠ ᠶᠢᠨ ᠶᠡᠬᠡᠩᠬᠢ ᠭᠠᠵᠠᠷ ᠣᠷᠣᠨ ᠳᠤ ᠤᠷᠤᠶᠢᠳᠠᠨ ᠢᠷᠡᠵᠤ᠂ ᠳᠥᠷᠪᠡᠳᠦᠭᠡᠷ ᠰᠠᠷ᠎ᠠ ᠶᠢᠨ ᠰᠡᠬᠦᠯᠴᠢ ᠠᠴᠠ ᠲᠠᠪᠤᠳᠤᠭᠠᠷ ᠰᠠᠷ᠎ᠠ ᠶᠢᠨ ᠡᠬᠢᠨ ᠤ ᠦᠶᠡᠰ ᠢᠶᠠᠷ ᠪᠤᠢ᠃      ᠬᠤᠶᠠᠷ᠂ ᠳᠠᠷᠢᠬᠤ ᠰᠠᠨᠠᠮᠵᠢ ᠶᠢᠨ ᠪᠠᠶᠢᠳᠠᠯ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠡᠵᠡᠮᠳᠡᠨ ᠪᠠᠲᠤᠯᠠᠬᠤ ᠶᠢᠨ ᠲᠥᠯᠥᠭᠡ᠂ ᠳᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ ᠬᠢᠨ ᠳᠠᠷᠢᠬᠤ ᠰᠠᠨᠠᠮᠵᠢ ᠶᠢᠨ ᠪᠠᠶᠢᠴᠠᠭᠠᠯᠲᠠ ᠶᠢ ᠢᠳᠡᠪᠬᠢᠲᠡᠢ ᠥᠷᠨᠢᠭᠦᠯᠵᠦ᠂ ᠵᠢᠱᠢᠯᠲᠡ ᠪᠠᠷ ᠪᠥᠬᠦ ᠳᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠲᠠᠷᠢᠮᠠᠯ ᠤᠨ ᠲᠠᠯᠠᠪᠠᠶ 7.87 ᠲᠦᠮᠡᠨ ᠮᠦ ᠪᠠᠶᠢᠵᠤ᠂ ᠡᠭᠦᠨ ᠳᠤ ᠡᠷᠳᠡᠨᠢ ᠰᠢᠰᠢ 5.1 ᠲᠦᠮᠡᠨ ᠮᠦ᠂ ᠲᠥᠮᠥᠰᠥ 1.17 ᠲᠦᠮᠡᠨ ᠮᠦ᠂ ᠪᠤᠷᠴᠠᠭ 0.7 ᠲᠦᠮᠡᠨ ᠮᠦ᠂ ᠡᠯᠳᠡᠪ ᠠᠮᠤ ᠳᠠᠷᠢᠶ᠎ᠠ 0.4 ᠲᠦᠮᠡᠨ ᠮᠦ᠂ ᠠᠵᠤ ᠠᠬᠤᠢ ᠶᠢᠨ ᠲᠠᠷᠢᠮᠠᠯ 0.3 ᠲᠦᠮᠡᠨ ᠮᠦ᠂ ᠪᠤᠰᠤᠳ ᠲᠠᠷᠢᠮᠠᠯ 0.2 ᠲᠦᠮᠡᠨ ᠮᠦ ᠳᠤ ᠬᠦᠷᠦᠨ᠎ᠡ᠃ ᠳᠠᠷᠢᠮᠠᠯ ᠤᠨ ᠶᠡᠷᠦᠩᠬᠡᠢ ᠲᠠᠯᠠᠪᠠᠶ 2022 ᠣᠨ ᠤ ᠬᠢ ᠠᠴᠠ 0.3 ᠲᠦᠮᠡᠨ ᠮᠦ ᠨᠡᠮᠡᠭᠳᠡᠬᠦᠯᠵᠤ᠂ ᠠᠮᠤ ᠪᠤᠳᠠᠭ᠎ᠠ ᠳᠠᠷᠢᠬᠤ ᠲᠠᠯᠠᠪᠠᠶ ᠲᠣᠭᠲᠠᠭᠤᠨ ᠮᠦᠷᠳᠡᠬᠡᠨ ᠨᠡᠮᠡᠭᠳᠡᠯ ᠲᠠᠢ ᠪᠠᠶᠢᠨ᠎ᠠ᠃      ᠭᠤᠷᠪᠠ᠂ ᠲᠠᠷᠢᠶᠠᠯᠠᠩ ᠤᠨ ᠡᠳ᠋ ᠪᠤᠳᠠᠰ ᠢ ᠨᠦᠬᠡᠴᠡᠯᠡᠭᠰᠡᠨ ᠪᠠᠶᠢᠳᠠᠯ᠃ ᠳᠠᠷᠢᠬᠤ ᠲᠠᠯᠠᠪᠠᠶ ᠶᠢᠨ  ᠲᠦᠰᠦᠬᠡᠯᠡᠯᠳᠡ ᠪᠠᠷ᠂ ᠪᠥᠬᠦ ᠳᠤᠭᠤᠷᠢᠭ ᠤᠨ ᠬᠠᠪᠤᠷ ᠤᠨ ᠲᠠᠷᠢᠶᠠᠯᠠᠭ᠎ᠠ ᠳᠤ 490 ᠲᠣᠨ ᠦᠷ᠎ᠡ ᠬᠡᠷᠡᠭᠰᠡᠨ᠎ᠡ᠂ ᠡᠭᠦᠨ ᠳᠤ ᠡᠷᠳᠡᠨᠢ ᠰᠢᠰᠢ ᠶᠢᠨ ᠦᠷ᠎ᠡ 100 ᠲᠣᠨ᠂ ᠲᠥᠮᠥᠰᠥ ᠶᠢᠨ ᠦᠷ᠎ᠡ 390 ᠲᠣᠨ ᠬᠡᠷᠡᠭᠰᠡᠨ᠎ᠡ︔ ᠬᠢᠮᠢ ᠶᠢᠨ ᠪᠣᠷᠳᠣᠭᠤᠷ 1550 ᠲᠣᠨ︔ ᠲᠠᠷᠢᠶᠠᠨ ᠡᠮ 19 ᠲᠣᠨ᠂ ᠲᠠᠷᠢᠶᠠᠯᠠᠩ ᠤᠨ ᠵᠤᠯᠤᠮ᠎ᠠ ᠪᠦᠷᠬᠦᠪᠴᠢ 80 ᠲᠣᠨ ᠬᠡᠷᠡᠭᠰᠡᠨ᠎ᠡ︔ ᠤᠳᠤᠬᠠᠨ ᠤ ᠨᠦᠬᠡᠴᠡ ᠶᠢ ᠡᠮᠤᠨ᠎ᠡ ᠵᠢᠯ ᠤᠨ ᠬᠠᠳᠠᠭᠠᠯᠠᠯᠳᠠ ᠪᠠᠷ ᠭᠤᠤᠯᠯᠠᠭᠤᠯᠤᠨ᠎ᠠ᠃ ᠤᠳᠤᠬᠠᠨ ᠪᠤᠯᠳᠠᠯ᠎ᠠ᠂ ᠦᠷ᠎ᠡ ᠶᠢ ᠨᠢᠭᠡᠨᠲᠡ 23 ᠲᠣᠨ ︵ᠶᠡᠷᠦᠩᠬᠡᠢ ᠬᠡᠷᠡᠭᠴᠡᠭᠡᠨ ᠤ 5% ᠶᠢ ᠡᠵᠡᠯᠡᠨ᠎ᠡ︶ ᠨᠥᠭᠡᠴᠡᠯᠡᠵᠦ᠂ ᠡᠷᠳᠡᠨᠢ ᠰᠢᠰᠢ ᠶᠢᠨ ᠦᠷ᠎ᠡ ᠪᠠᠷ ᠭᠤᠣᠯ ᠪᠣᠯᠭᠠᠵᠤ᠂ ᠲᠥᠮᠥᠰᠥ ᠶᠢᠨ ᠦᠷ᠎ᠡ ᠨᠢ ᠠᠭᠤᠷ ᠠᠮᠢᠰᠬᠤᠯ ᠨᠡᠯᠢᠶᠡᠳ ᠬᠦᠢᠲᠡᠨ ᠪᠣᠯᠬᠤᠷ ᠲᠦᠷ ᠨᠦᠬᠡᠴᠡᠯᠡᠯᠳᠡ ᠦᠭᠡᠢ︔ ᠬᠢᠮᠢ ᠶᠢᠨ ᠪᠣᠷᠳᠣᠭᠤᠷ ᠢ ᠨᠢᠭᠡᠨᠲᠡ 669 ᠲᠣᠨ ᠨᠥᠭᠡᠴᠡᠯᠡᠪᠡ ︵ᠶᠡᠷᠦᠩᠬᠡᠢ ᠬᠡᠷᠡᠭᠴᠡᠭᠡᠨ ᠤ 43.2 % ᠢ ᠡᠵᠡᠯᠡᠨ᠎ᠡ︶︔ ᠳᠠᠷᠢᠶᠠᠨ ᠡᠮ ᠢ ᠨᠢᠭᠡᠨᠲᠡ 3 ᠲᠣᠨ ᠨᠥᠭᠡᠴᠡᠯᠡᠵᠦ ︵ᠶᠡᠷᠦᠩᠬᠡᠢ ᠬᠡᠷᠡᠭᠴᠡᠭᠡᠨ ᠤ 15.8 % ᠶᠢ ᠡᠵᠡᠯᠡᠨ᠎ᠡ︶᠂ ᠡᠪᠡᠰᠦ ᠠᠷᠢᠯᠭᠠᠭᠴᠢ ᠪᠠ ᠬᠤᠷᠣᠬᠠᠢ ᠠᠯᠠᠬᠤ ᠡᠮ ᠢᠶᠠᠷ ᠭᠤᠣᠯᠯᠠᠨ᠎ᠠ︔ ᠲᠠᠷᠢᠶᠠᠯᠠᠩ ᠤᠨ ᠵᠤᠯᠤᠮ᠎ᠠ ᠪᠦᠷᠬᠦᠪᠴᠢ ᠶᠢ ᠨᠢᠭᠡᠨᠲᠡ 20 ᠲᠣᠨ ᠨᠥᠭᠡᠴᠡᠯᠡᠪᠡ ︵ᠶᠡᠷᠦᠩᠬᠡᠢ ᠬᠡᠷᠡᠭᠯᠡᠬᠡᠨ ᠤ 25% ᠶᠢ ᠡᠵᠡᠯᠡᠨ᠎ᠡ︶᠃ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠨ ᠣᠶᠢᠯᠠᠭᠠᠭᠰᠠᠨ ᠢᠶᠠᠷ᠂ ᠣᠯᠠᠩᠬᠢ ᠲᠠᠷᠢᠶᠠᠯᠠᠩ ᠤᠨ ᠡᠳ᠋  ᠪᠤᠳᠠᠰ ᠤᠨ ᠡᠵᠡᠩᠨᠡᠨ ᠪᠤᠷᠤᠯᠠᠭᠤᠯᠤᠭᠴᠢᠳ ᠦᠢᠯᠡᠳᠪᠤᠷᠢ ᠪᠣᠯᠣᠨ ᠲᠠᠷᠢᠶᠠᠯᠠᠩ ᠤᠨ ᠡᠳ᠋ ᠪᠤᠳᠠᠰ ᠢ ᠪᠥᠭᠡᠮ ᠢᠶᠠᠷ ᠪᠤᠷᠤᠯᠠᠭᠤᠯᠬᠤ ᠬᠤᠳᠠᠯᠳᠤᠭᠠᠴᠢᠨ ᠲᠠᠢ ᠭᠡᠷ᠎ᠡ ᠲᠣᠭᠲᠠᠵᠤ᠂ 3 ᠰᠠᠷ᠎ᠠ ᠶᠢᠨ ᠰᠡᠭᠦᠯᠴᠢ ᠠᠴᠠ 4 ᠰᠠᠷ᠎ᠠ ᠶᠢᠨ ᠡᠬᠢ ᠪᠣᠯᠲᠠᠯ᠎ᠠ ᠶᠡᠭᠡ ᠬᠡᠮᠵᠢᠶ᠎ᠡ ᠪᠠᠷ ᠤᠷᠤᠭᠤᠯᠤᠨ᠎ᠠ᠃ ᠲᠠᠷᠢᠶᠠᠯᠠᠩ ᠤᠨ ᠡᠳ᠋ ᠪᠤᠳᠠᠰ ᠤᠨ ᠦᠨ᠎ᠡ ᠬᠠᠩᠰᠢ ᠦᠨᠳᠦᠰᠦᠨ ᠳᠡᠭᠡᠨ ᠲᠦᠷᠦᠭᠦᠦ ᠵᠢᠯ ᠤᠨ ᠬᠢ ᠲᠠᠢ ᠠᠳᠠᠯᠢ ᠪᠠᠶᠢᠨ᠎ᠠ᠃      ᠳᠥᠷᠪᠡ᠂ ᠲᠠᠷᠢᠶᠠᠯᠠᠩ ᠤᠨ ᠮᠠᠰᠢᠨ ᠢ ᠪᠡᠯᠡᠳᠬᠡᠭᠰᠡᠨ ᠪᠠᠶᠢᠳᠠᠯ᠃ ᠲᠠᠷᠢᠶᠠᠯᠠᠩ ᠤᠨ ᠮᠠᠰᠢᠨ ᠤ ᠦᠢᠯᠡᠳᠪᠦᠷᠢᠯᠡᠯ ᠤᠨ ᠦᠢᠯᠡᠴᠢᠯᠡᠭᠡᠨ ᠤ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠥᠷᠭᠡᠨ ᠣᠯᠠᠨ ᠲᠠᠷᠢᠶᠠᠯᠠᠩ ᠤᠨ ᠮᠠᠰᠢᠨ ᠤ ᠠᠵᠢᠯᠯᠠᠭᠴᠢ ᠶᠢ ᠰᠢᠮᠳᠠᠭᠤᠯᠵᠤ ᠪᠠᠶᠢᠭᠠᠳ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠡᠷᠲᠡᠬᠡᠨ ᠠᠴᠠ ᠤᠷᠤᠯᠴᠠᠭᠤᠯᠤᠨ᠎ᠠ᠃ ᠣᠳᠣᠬᠠᠨ ᠳᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠰᠠᠶ᠋ᠢᠬᠠᠨ ᠡᠬᠢᠯᠡᠵᠦ᠂ ᠲᠠᠷᠢᠶᠠᠯᠠᠩ ᠤᠨ ᠮᠠᠰᠢᠨ ᠪᠠᠭᠠᠵᠢ ᠶᠢ ᠠᠷᠠᠴᠢᠯᠠᠨ ᠬᠠᠮᠠᠭᠠᠯᠠᠬᠤ ᠪᠠ ᠪᠠᠶᠢᠴᠠᠭᠠᠨ ᠰᠡᠯᠪᠢᠬᠦ ᠳᠤᠬᠢᠷᠠᠮᠵᠢᠳᠡᠢ ᠴᠠᠭ ᠮᠥᠨ᠃ ᠪᠥᠬᠦ ᠳᠤᠭᠤᠷᠢᠭ ᠤᠨ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠣᠷᠣᠭᠤᠯᠵᠤ ᠪᠣᠯᠬᠤ ᠲᠷᠠᠺᠲ᠋ᠣᠷ 840 ᠰᠠᠤᠷᠢ᠂ ᠢᠵᠢ ᠪᠦᠷᠢᠳᠦᠭᠰᠡᠨ ᠮᠠᠰᠢᠨ ᠪᠠᠭᠠᠵᠢ 1240 ᠰᠠᠤᠷᠢ᠂ ᠲᠷᠠᠺᠲ᠋ᠣᠷ ᠤᠨ ᠵᠢᠯᠣᠭᠤᠴᠢ 826 ᠬᠥᠮᠥᠨ ᠪᠠᠶᠢᠵᠤ᠂ ᠮᠠᠰᠢᠨ ᠪᠠᠭᠠᠵᠢ ᠶᠢ ᠪᠠᠶᠢᠴᠠᠭᠠᠨ ᠵᠠᠰᠠᠵᠤ ᠠᠷᠠᠴᠢᠯᠠᠨ ᠬᠠᠮᠠᠭᠠᠯᠠᠬᠤ ᠨᠣᠷᠮ᠎ᠠ 60% ᠳᠤ ᠬᠦᠷᠴᠦ᠂ ᠲᠠᠷᠢᠶᠠᠯᠠᠩ ᠤᠨ ᠮᠡᠷᠭᠡᠵᠢᠯᠲᠡᠨ ᠪᠡᠶ᠎ᠡ ᠪᠠᠷ ᠬᠦᠷᠴᠤ ᠵᠢᠭᠠᠨ ᠵᠢᠯᠤᠭᠤᠳᠴᠤ ᠪᠠᠶᠢᠭ᠎ᠠ ᠲᠠᠷᠢᠶᠠᠯᠠᠩ ᠤᠨ ᠮᠠᠰᠢᠨ ᠰᠡᠯᠪᠢᠨ ᠵᠠᠰᠠᠬᠤ ᠲᠣᠣᠷ ᠴᠢᠭ 4 ᠪᠠᠶᠢᠵᠤ᠂ ᠲᠠᠷᠢᠶᠠᠯᠠᠩ ᠤᠨ ᠮᠠᠰᠢᠨ ᠪᠠᠭᠠᠵᠢ ᠶᠢᠨ ᠵᠠᠬ᠎ᠠ ᠳᠡᠯᠭᠡᠭᠦᠷ ᠤᠨ ᠬᠠᠩᠭᠠᠯᠭ᠎ᠠ ᠭᠦᠢᠴᠡᠳ ᠪᠠᠶᠢᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠡᠷᠡᠭᠴᠡᠭᠡ ᠶᠢ ᠬᠠᠩᠭᠠᠵᠤ ᠳᠡᠶᠢᠯᠦᠨ᠎ᠡ᠃      ᠲᠠᠪᠤ᠂ ᠮᠠᠯᠴᠢᠨ ᠲᠠᠷᠢᠶᠠᠴᠢᠨ ᠤ ᠪᠣᠯᠪᠠᠰᠤᠷᠠᠭᠤᠯᠤᠯ ᠤᠨ ᠪᠠᠶᠢᠳᠠᠯ᠃ ᠡᠪᠦᠯ ᠤᠨ ᠰᠡᠯᠡᠭᠦᠦ ᠴᠠᠭ ᠢ ᠳᠤᠬᠢᠶᠠᠯᠳᠤᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠪᠣᠯᠪᠠᠰᠤᠷᠠᠭᠤᠯᠤᠯ ᠤᠨ ᠠᠵᠢᠯᠯᠠᠭ᠎ᠠ ᠶᠢ ᠢᠳᠡᠪᠬᠢᠲᠡᠢ ᠪᠠᠷ ᠦᠷᠨᠢᠬᠦᠯᠪᠡ᠃ ᠣᠳᠣᠬᠠᠨ ᠳᠤ᠂ ᠲᠠᠷᠢᠶᠠᠯᠠᠩ ᠤᠨ ᠮᠠᠰᠢᠨ ᠤ ᠴᠢᠳᠠᠪᠤᠷᠢᠳᠠᠨ ᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ 1 ᠤᠳᠠᠭ᠎ᠠ ᠥᠷᠨᠢᠭᠦᠯᠵᠦ᠂ ᠤᠬᠠᠭᠤᠯᠭ᠎ᠠ ᠶᠢ 1 ᠤᠳᠠᠭ᠎ᠠ ᠥᠷᠨᠢᠭᠦᠯᠦᠨ᠂ ᠳᠠᠷᠢᠶᠠᠯᠠᠩ ᠤᠨ ᠮᠡᠷᠭᠡᠵᠢᠯ ᠤᠨ ᠳᠤᠬᠠᠢ ᠮᠠᠲ᠋ᠧᠷᠢᠶᠠᠯ ᠢ 1000 ᠭᠠᠷᠤᠢ ᠬᠤᠪᠢ ᠲᠠᠷᠬᠠᠭᠠᠵᠤ᠂ ᠲᠠᠷᠢᠶᠠᠯᠠᠩ ᠤᠨ ᠮᠡᠷᠭᠡᠵᠢᠯ ᠤᠨ ᠠᠵᠢᠯᠲᠠᠨ ᠤ ᠬᠥᠳᠡᠭᠡ ᠪᠠᠭᠤᠵᠤ ᠦᠢᠯᠡᠴᠢᠯᠡᠬᠦ ᠠᠵᠢᠯᠯᠠᠭ᠎ᠠ ᠶᠢ 50 ᠭᠠᠷᠤᠢ ᠤᠳᠠᠭ᠎ᠠ ᠥᠷᠨᠢᠭᠦᠯᠪᠡ᠃
ᠢᠷᠡᠯᠲᠡ᠄ ᠳᠤᠰ ᠰᠦᠯᠵᠢᠶ᠎ᠡ