ᠳ᠋ᠦᠩᠱᠧᠩ ᠳᠤᠭᠤᠷᠢᠭ ᠤᠨ 2023 ᠤᠨ ᠤ ︽ᠤᠷᠢᠬᠠᠨ ᠬᠠᠪᠤᠷ ᠤᠨ ᠠᠵᠢᠯᠯᠠᠭ᠎ᠠ︾ ᠶᠢᠨ ᠴᠢᠳᠠᠪᠤᠷᠢᠳᠠᠨ ᠤᠷᠢᠬᠤ ᠴᠤᠭᠯᠠᠭᠠᠨ ᠵᠢᠴᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠦᠢᠯᠡᠴᠢᠯᠡᠬᠡᠨ ᠤ ︽ᠭᠤᠷᠪᠠ ᠳᠤ ᠤᠷᠤᠬᠤ︾ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/2/27
      2 ᠰᠠᠷ᠎ᠠ ᠶᠢᠨ 25 ᠤ ᠡᠳᠤᠷ᠂ ᠳ᠋ᠦᠩᠱᠧᠩ ᠳᠤᠭᠤᠷᠢᠭ ᠤᠨ 2023 ᠤᠨ ᠤ ︽ᠤᠷᠢᠬᠠᠨ ᠬᠠᠪᠤᠷ ᠤᠨ ᠠᠵᠢᠯᠯᠠᠭ᠎ᠠ︾ ᠶᠢᠨ ᠴᠢᠳᠠᠪᠤᠷᠢᠳᠠᠨ ᠤᠷᠢᠬᠤ ᠴᠤᠭᠯᠠᠭᠠᠨ ᠵᠢᠴᠢ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ  ᠤᠨ ᠪᠠᠳᠤᠯᠠᠭ᠎ᠠ ᠶᠢᠨ ᠦᠢᠯᠡᠴᠢᠯᠡᠬᠡᠨ ᠤ ︽ᠠᠵᠤ ᠠᠬᠤᠶᠢᠯᠠᠯ ᠳᠤ ᠤᠷᠤᠬᠤ᠂ ᠰᠤᠷᠭᠠᠭᠤᠯᠢ ᠶᠢᠨ ᠬᠦᠷᠢᠶᠡᠨ ᠳᠤ ᠤᠷᠤᠬᠤ᠂ ᠦᠨᠳᠤᠰᠤᠨ ᠱᠠᠳᠤᠨ ᠳᠤ ᠤᠷᠤᠬᠤ︾ ᠠᠵᠢᠯᠯᠠᠭ᠎ᠠ ᠳ᠋ᠦᠩᠱᠧᠩ ᠳᠤᠭᠤᠷᠢᠭ ᠤᠨ ᠳᠤᠮᠳᠠ ᠪᠠᠭ᠎ᠠ ᠠᠵᠤ ᠠᠬᠤᠶᠢᠯᠠᠯ ᠤᠨ ᠨᠡᠶᠢᠳᠡ ᠶᠢᠨ ᠦᠢᠯᠡᠴᠢᠯᠡᠬᠡᠨ ᠤ ᠲᠦᠪ ᠲᠤ ᠶᠠᠪᠤᠭᠳᠠᠪᠠ᠃ ᠠᠬᠤᠢ ᠳᠠᠯᠠᠪᠡᠢ ᠳᠤ᠂ ᠰᠢᠩ ᠲᠠᠢ ᠪᠦᠯᠦᠭᠯᠡᠯ᠂ ᠰᠢᠨ ᠾᠧ ᠡᠬᠢ ᠪᠠᠶᠠᠯᠢᠭ ᠤᠨ ᠪᠦᠯᠦᠭᠯᠡᠯ᠂ ᠪᠠᠶᠠᠨᠮᠦ᠋ᠩᠬᠡ ᠪᠦᠯᠦᠭᠯᠡᠯ᠂ ᠸᠠᠨ ᠵᠧᠩ ᠪᠦᠯᠦᠭᠯᠡᠯ᠂ ᠤᠷᠳᠤᠰ ᠤᠨ ᠡᠬᠢ ᠪᠠᠶᠠᠯᠢᠭ ᠤᠨ ᠬᠤᠪᠢ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠵᠡᠷᠬᠡ 123 ᠨᠤᠳᠤᠭ ᠤᠨ ᠨᠡᠷᠡᠳᠤ ᠠᠵᠤ ᠠᠬᠤᠶᠢᠯᠠᠯ ᠴᠢᠳᠠᠪᠤᠷᠢᠳᠠᠨ ᠤᠷᠢᠬᠤ ᠳᠠᠪᠴᠠᠩ ᠭᠠᠷᠭᠠᠨ᠂ 4500 ᠠᠵᠢᠯ ᠤᠨ ᠪᠠᠶᠢᠷᠢ ᠬᠠᠩᠭᠠᠪᠠ᠃       ︽ᠡᠶᠢᠮᠦᠷᠬᠦ ᠠᠵᠢᠯᠯᠠᠭ᠎ᠠ ᠶᠢ ᠡᠷᠭᠢᠯᠡᠭᠰᠡᠨ ᠨᠢ ᠦᠨᠡᠬᠡᠷ ᠰᠠᠶᠢᠨ ᠪᠠᠶᠢᠨ᠎ᠠ᠂ ᠡᠨᠡ ᠨᠢ ᠪᠢᠳᠠᠨ ᠰᠢᠭ ᠰᠠᠶ᠋ᠢᠬᠠᠨ ᠨᠡᠶᠢᠭᠡᠮ ᠳᠤ  ᠭᠠᠷᠴᠤ ᠪᠠᠶᠢᠭ᠎ᠠ ᠣᠶᠤᠲᠠᠳ ᠲᠤ ᠨᠢᠭᠡᠨ ᠮᠠᠰᠢ ᠰᠠᠶᠢᠨ ᠠᠵᠢᠯ ᠣᠯᠭᠤᠯᠲᠠ ᠶᠢᠨ ᠵᠠᠪᠰᠢᠶᠠᠨ ᠤᠯᠵᠤ ᠥᠭᠭᠦᠭᠰᠡᠨ ᠪᠠᠶᠢᠨ᠎ᠠ︾᠃                                                                    — ᠯᠢ ᡁᠢ      ︽ᠪᠢ ᠨᠢᠭᠲᠠᠯᠠᠨ ᠪᠤᠳᠤᠭᠴᠢ ᠶᠢᠨ ᠠᠵᠢᠯ ᠤᠨ ᠪᠠᠶᠢᠷᠢ ᠳᠤ ᠤᠷᠢᠭᠳᠠᠬᠤ ᠰᠠᠨᠠᠭ᠎ᠠ ᠲᠠᠢ᠂ ᠬᠡᠳᠦᠨ ᠺᠣᠮᠫᠠᠨᠢ  ᠶᠢ ᠦᠵᠡᠭᠰᠡᠨ᠂ ᠴᠠᠯᠢᠩ ᠬᠥᠯᠥᠰᠦ ᠨᠢ ᠴᠦᠮ ᠮᠠᠰᠢ ᠦᠨᠳᠤᠷ ᠪᠠᠶᠢᠨ᠎ᠠ᠂ ᠯᠠᠪᠳᠠᠢ ᠨᠢᠬᠡᠨ ᠲᠣᠬᠢᠷᠠᠮᠵᠢᠲᠠᠢ ᠠᠵᠢᠯ ᠤᠨ ᠪᠠᠶᠢᠷᠢ ᠣᠯᠵᠤ ᠴᠢᠳᠠᠨ᠎ᠠ ᠭᠡᠵᠦ ᠪᠢ ᠢᠲᠡᠭᠡᠵᠦ ᠪᠠᠶᠢᠨ᠎ᠠ︾                                                                     — ᠯᠢᠦ ᠬᠤᠸᠠᠨ       ᠠᠵᠢᠯᠯᠠᠭ᠎ᠠ ᠨᠢ ᠠᠬᠤᠢ ᠳᠠᠯᠠᠪᠡᠢ ᠳᠤ ᠠᠵᠢᠯᠴᠢᠨ ᠡᠯᠰᠡᠬᠦ ᠪᠠ ᠰᠦᠯᠵᠢᠶᠡᠨ ᠳᠡᠬᠡᠷ᠎ᠡ ᠰᠢᠭᠤᠳ ᠨᠡᠪᠳᠡᠷᠡᠬᠦᠯᠬᠡ ᠪᠠᠷ ᠳᠠᠮᠵᠢᠭᠤᠯᠤᠨ ᠠᠵᠢᠯ ᠤᠨ ᠪᠠᠶᠢᠷᠢ ᠬᠠᠩᠭᠠᠬᠤ ᠶᠢ ᠤᠶᠠᠯᠳᠤᠭᠤᠯᠵᠤ᠂ ᠠᠵᠢᠯ ᠤᠨ ᠪᠠᠶᠢᠷᠢ ᠳᠤ ᠠᠵᠤ ᠠᠬᠤᠶᠢᠯᠠᠯ ᠤᠨ ᠦᠢᠯᠡᠳᠪᠤᠷᠢᠯᠡᠯ᠂ ᠪᠦᠬᠡᠮ ᠢᠶᠠᠷ ᠪᠤᠷᠤᠯᠠᠭᠤᠯᠬᠤ᠂ ᠢᠳᠡᠬᠡᠨ ᠤᠮᠳᠠᠭᠠᠨ ᠪᠠᠭᠤᠳᠠᠯ᠂ ᠠᠳᠠᠯ ᠠᠬᠤᠢ ᠶᠢᠨ ᠦᠢᠯᠡᠴᠢᠯᠡᠭᠡ ᠵᠡᠷᠬᠡ ᠤᠯᠠᠨ ᠠᠵᠢᠯ ᠲᠦᠷᠦᠯ ᠢ ᠬᠠᠮᠤᠷᠴᠤ᠂ ᠡᠯ᠎ᠡ ᠲᠦᠷᠦᠯ ᠤᠨ ᠠᠵᠢᠯ ᠡᠷᠢᠭᠰᠡᠳ  ᠤᠨ ᠬᠡᠷᠡᠭᠴᠡᠭᠡ ᠶᠢ ᠬᠠᠩᠭᠠᠭᠰᠠᠨ ᠪᠠᠶᠢᠨ᠎ᠠ᠃ ᠠᠬᠤᠢ ᠳᠠᠯᠠᠪᠡᠢ ᠳᠤ ᠬᠦᠷᠴᠤ ᠢᠷᠡᠵᠤ ᠳᠡᠶᠢᠯᠬᠦ ᠦᠬᠡᠢ ᠠᠵᠢᠯ ᠡᠷᠢᠭᠰᠡᠳ ᠲᠤ ᠬᠠᠨᠳᠤᠭᠤᠯᠵᠤ ᠠᠵᠤ ᠠᠬᠤᠶᠢᠯᠠᠯ ᠤᠨ ᠪᠤᠳᠠᠳᠤ ᠪᠠᠶᠢᠳᠠᠯ ᠪᠠ  ᠠᠵᠢᠯ ᠤᠨ ᠪᠠᠶᠢᠷᠢ ᠶᠢᠨ ᠱᠠᠭᠠᠷᠳᠠᠯᠭ᠎ᠠ ᠶᠢ ᠦᠢᠯᠠᠭᠠᠭᠤᠯᠬᠤ ᠶᠢᠨ ᠲᠦᠯᠦᠬᠡ ᠰᠦᠯᠵᠢᠶᠡᠨ ᠳᠡᠬᠡᠷ᠎ᠡ ᠰᠢᠭᠤᠳ ᠨᠡᠪᠳᠡᠷᠡᠬᠦᠯᠬᠡ ᠪᠠᠷ ᠳᠠᠮᠵᠢᠭᠤᠯᠤᠨ ᠨᠡᠪᠳᠡᠷᠡᠬᠦᠯᠦᠭᠴᠢ ᠠᠴᠠ ᠠᠵᠢᠯ ᠡᠷᠢᠭᠰᠡᠳ ᠲᠤ ᠠᠵᠢᠯ ᠤᠨ ᠪᠠᠶᠢᠷᠢ ᠳᠠᠨᠢᠯᠴᠠᠭᠤᠯᠵᠤ᠂ ᠠᠵᠢᠯ ᠡᠷᠢᠭᠰᠡᠳ ᠤᠨ ᠮᠠᠳᠠᠭ ᠲᠠᠢ ᠠᠰᠠᠭᠤᠳᠠᠯ ᠳᠤ ᠳᠠᠶᠢᠯᠪᠤᠷᠢᠯᠠᠯᠳᠠ ᠬᠢᠨ᠂ ᠴᠢᠳᠠᠪᠤᠷᠢᠳᠠᠨ ᠤᠷᠢᠬᠤ ᠠᠵᠢᠯᠯᠠᠭ᠎ᠠ ᠶᠢᠨ ᠠᠮᠵᠢᠯᠳᠠ ᠲᠠᠢ ᠶᠠᠪᠤᠭᠳᠠᠬᠤ  ᠨᠤᠷᠮ᠎ᠠ ᠶᠢ ᠳᠡᠬᠡᠭᠰᠢᠯᠡᠬᠦᠯᠪᠡ᠃       ︽ᠬᠤᠶᠢᠰᠢᠳᠠ ᠪᠢᠳᠡ ᠪᠠᠰᠠ ᠴᠢᠳᠠᠪᠤᠷᠢᠲᠠᠨ ᠡᠯᠰᠡᠬᠦ ᠠᠯᠢ ᠣᠯᠠᠨ ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠬᠥᠮᠥᠨ ᠬᠡᠷᠡᠭᠯᠡᠬᠦ ᠨᠢᠭᠡᠴᠡ ᠪᠣᠯᠣᠨ ᠠᠵᠢᠯ ᠡᠷᠢᠭᠰᠡᠳ ᠲᠤ ᠨᠡᠩ ᠰᠠᠶᠢᠨ ᠦᠢᠯᠡᠴᠢᠯᠡᠭᠡ ᠬᠠᠩᠭᠠᠵᠤ᠂ ᠲᠡᠳᠡᠨ ᠤ ᠠᠯᠢ ᠲᠦᠷᠭᠡᠨ ᠢᠶᠠᠷ ᠠᠵᠢᠯ ᠣᠯᠬᠤ ᠶᠢ ᠠᠬᠢᠭᠤᠯᠬᠤ ᠪᠣᠯᠣᠨ᠎ᠠ︾᠃       — ᠳ᠋ᠦᠩᠱᠧᠩ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ     ᠭᠦᠸᠧ ᠶᠣᠣ      ᠣᠶᠢᠯᠠᠭᠠᠭᠰᠠᠨ ᠢᠶᠠᠷ᠂ ᠲᠣᠰ ᠤᠳᠠᠭᠠᠨ ᠤ ᠴᠢᠳᠠᠪᠤᠷᠢᠳᠠᠨ ᠤᠷᠢᠬᠤ ᠴᠤᠭᠯᠠᠭᠠᠨ ᠢ ᠳ᠋ᠦᠩᠱᠧᠩ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠳ᠋ᠦᠩᠱᠧᠩ ᠲᠣᠭᠤᠷᠢᠭ ᠤᠨ ᠠᠵᠢᠯᠴᠢᠨ ᠤ ᠶᠡᠷᠦᠩᠬᠡᠢ ᠡᠪᠯᠡᠯ ᠠᠴᠠ ᠭᠤᠣᠯᠯᠠᠨ ᠡᠷᠭᠢᠯᠡᠵᠦ᠂ ᠨᠡᠶᠢᠲᠡ 1240 ᠬᠥᠮᠥᠨ ᠤᠳᠠᠭ᠎ᠠ ᠲᠤᠬᠠᠢ ᠶᠢᠨ ᠲᠠᠯᠠᠪᠤᠷ ᠲᠤ ᠠᠵᠢᠯ ᠡᠷᠢᠵᠦ᠂ 356 ᠬᠥᠮᠥᠨ ᠠᠩᠬ᠎ᠠ ᠠᠯᠬᠤᠮ ᠠᠵᠢᠯ ᠣᠯᠬᠤ ᠬᠠᠨᠳᠤᠯᠭ᠎ᠠ ᠲᠠᠢ ᠪᠣᠯᠤᠭᠰᠠᠨ ᠪᠠᠶᠢᠨ᠎ᠠ᠃ ᠴᠢᠳᠠᠪᠤᠷᠢᠳᠠᠨ ᠤᠷᠢᠬᠤ ᠴᠤᠭᠯᠠᠭᠠᠨ ᠤ ᠵᠣᠷᠢᠯᠭ᠎ᠠ ᠨᠢ ᠬᠥᠯᠥᠰᠦᠨ ᠠᠵᠢᠯᠴᠢᠨ᠂ ᠠᠵᠢᠯ ᠣᠯᠬᠤ ᠳᠤ ᠬᠦᠴᠢᠷᠲᠡᠢ ᠬᠥᠮᠥᠰ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠪᠠ ᠴᠡᠷᠢᠭ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠦᠮᠦᠰ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠬᠠᠪᠰᠤᠷᠤᠨ ᠲᠡᠳᠬᠦᠵᠦ᠂ ᠬᠥᠮᠥᠨ ᠬᠡᠷᠡᠭᠯᠡᠬᠦ ᠨᠢᠭᠡᠴᠡ ᠪᠠ ᠠᠵᠢᠯ ᠡᠷᠢᠭᠰᠡᠳ ᠲᠤ ᠬᠠᠩᠭᠠᠯᠭ᠎ᠠ ᠬᠡᠷᠡᠭᠴᠡᠭᠡ ᠤ ᠵᠤᠯᠭᠠᠯᠴᠠᠭᠠᠨ ᠤ ᠲᠠᠪᠴᠠᠩ ᠢ ᠲᠥᠪᠯᠡᠷᠡᠭᠦᠯᠦᠨ ᠪᠠᠶᠢᠭᠤᠯᠵᠤ ᠥᠭᠬᠦ ᠶᠢᠨ ᠲᠥᠯᠥᠭᠡ ᠶᠤᠮ᠃
ᠢᠷᠡᠯᠲᠡ᠄ ᠳᠤᠰ ᠰᠦᠯᠵᠢᠶ᠎ᠡ