ᠨᠤᠷᠧ ᠸᠢᠷᠦ᠋ᠰ ᠢ ᠰᠢᠨᠵᠢᠯᠡᠬᠦ ᠤᠬᠠᠭᠠᠨᠴᠢ ᠪᠠᠷ ᠰᠡᠷᠬᠡᠶᠢᠯᠡᠶ᠎ᠡ
ᠨᠡᠶᠢᠲᠡᠯᠡᠭᠰᠡᠨ ᠴᠠᠭ᠄
2023/2/28
     ᠦᠢᠷ᠎ᠠ ᠳᠤ᠂ ᠤᠯᠠᠨ ᠭᠠᠵᠠᠷ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠰᠠᠯᠠᠭ᠎ᠠ ᠮᠦᠴᠢᠷ ᠰᠠᠨᠠᠭᠤᠯᠤᠮᠵᠢ ᠨᠡᠶᠢᠳᠡᠯᠡᠵᠤ᠂ ᠨᠤᠷᠧ ᠸᠢᠷᠦ᠋ᠰ ᠤᠯᠠᠨ ᠡᠬᠦᠰᠬᠦ ᠬᠤᠭᠤᠴᠠᠭᠠᠨ ᠳᠤ ᠤᠷᠤᠪᠠ᠃ ᠨᠤᠷᠧ ᠸᠢᠷᠦ᠋ᠰ ᠤᠨ ᠴᠤᠭᠯᠠᠷᠠᠯ ᠤᠨ ᠴᠢᠨᠠᠷᠳᠠᠢ ᠬᠢᠵᠢᠭ ᠤᠨ ᠪᠠᠶᠢᠳᠠᠯ ᠨᠢ ᠭᠤᠤᠯᠳᠠᠭᠤ ᠰᠤᠷᠭᠠᠭᠤᠯᠢ ᠪᠠ ᠬᠡᠤᠬᠡᠳ ᠰᠠᠭᠠᠳᠠᠭᠤᠯᠬᠤ ᠪᠠᠶᠢᠭᠤᠯᠤᠮᠵᠢ ᠵᠡᠷᠬᠡ ᠬᠦᠮᠦᠰ ᠤᠨ ᠴᠤᠭᠯᠠᠷᠠᠯ ᠤᠨ ᠳᠠᠯᠠᠪᠤᠷ ᠲᠤ ᠡᠬᠦᠰᠴᠤ᠂ ᠰᠤᠷᠭᠠᠭᠤᠯᠢ ᠡᠬᠢᠯᠡᠬᠦ ᠤᠯᠠᠷᠢᠯ ᠪᠤᠯ ᠨᠤᠷᠧ ᠸᠢᠷᠦ᠋ᠰ ᠤᠨ ᠬᠠᠯᠳᠠᠪᠤᠷᠢᠯᠠᠯ ᠤᠯᠠᠨ ᠡᠬᠦᠰᠬᠦ ᠤᠯᠠᠷᠢᠯ ᠪᠤᠯᠤᠨ᠎ᠠ᠃ ᠨᠤᠷᠧ ᠸᠢᠷᠦ᠋ᠰ ᠬᠡᠵᠤ ᠶᠠᠭᠤ ᠪᠤᠢ︖ ᠬᠠᠯᠳᠠᠪᠤᠷᠢᠯᠠᠭᠰᠠᠨ ᠤ ᠳᠠᠷᠠᠭ᠎ᠠ ᠡᠪᠡᠳᠴᠢᠳᠠᠨ ᠶᠠᠮᠠᠷ ᠢᠯᠡᠷᠡᠯ ᠭᠠᠷᠬᠤ ᠪᠤᠢ︖ ᠳᠤᠮᠳᠠᠳᠤ ᠤᠯᠤᠰ ᠤᠨ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ ᠲᠦᠪ ᠤᠨ ᠨᠡᠶᠢᠳᠡᠯᠡᠭᠰᠡᠨ ᠰᠢᠨᠵᠢᠯᠡᠬᠦ ᠤᠬᠠᠭᠠᠨᠴᠢ ᠲᠦᠬᠡᠮᠡᠯᠵᠢᠬᠦᠯᠦᠯᠳᠡ ᠶᠢ ᠦᠵᠡᠶ᠎ᠡ᠃      ᠶᠠᠭᠤ ᠶᠢ ᠨᠤᠷᠧ ᠸᠢᠷᠦ᠋ᠰ ᠬᠡᠳᠡᠭ ᠪᠤᠢ︖      ᠨᠤᠷᠧ ᠸᠢᠷᠦ᠋ᠰ ᠪᠤᠯ ᠴᠤᠮᠤ ᠬᠡᠯᠪᠡᠷᠢᠳᠤ ᠸᠢᠷᠦ᠋ᠰ ᠤᠨ ᠰᠠᠯᠠᠭ᠎ᠠ᠂ ᠲᠦᠷᠬᠡᠨ ᠴᠢᠨᠠᠷᠳᠠᠢ ᠬᠤᠳᠤᠭᠤᠳᠤ ᠬᠡᠳᠡᠰᠤᠨ ᠤ ᠦᠷᠪᠢᠰᠤᠯ ᠢ ᠡᠬᠦᠰᠬᠡᠬᠦ ᠦᠷᠬᠦᠯᠵᠢ ᠳᠤᠬᠢᠶᠠᠯᠳᠤᠳᠠᠭ ᠡᠪᠡᠳᠴᠢᠨ ᠡᠬᠦᠰᠬᠡᠭᠴᠢ ᠶᠢᠨ ᠨᠢᠬᠡ᠃ ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠪᠤᠯ ᠵᠢᠯ ᠳᠤ ᠴᠦᠮ ᠡᠬᠦᠰᠬᠦ ᠪᠤᠯᠤᠮᠵᠢ ᠲᠠᠢ᠂ ᠶᠡᠷᠦ  ᠳᠡᠭᠡᠨ10 ᠰᠠᠷ᠎ᠠ ᠠᠴᠠ ᠡᠬᠢᠯᠡᠨ ᠳᠠᠷᠠᠭ᠎ᠠ ᠵᠢᠯ ᠤᠨ 3 ᠰᠠᠷ᠎ᠠ ᠬᠦᠷᠳᠡᠯᠡᠬᠢ ᠬᠤᠭᠤᠴᠠᠭ᠎ᠠ ᠪᠤᠯ ᠨᠤᠷᠧ ᠸᠢᠷᠦ᠋ᠰ ᠤᠨ ᠬᠠᠯᠳᠠᠪᠤᠷᠢᠯᠠᠯ ᠤᠯᠠᠨ ᠡᠬᠦᠰᠬᠦ ᠤᠯᠠᠷᠢᠯ ᠪᠠᠶᠢᠵᠤ᠂ ᠬᠦᠮᠦᠰ ᠲᠤ ᠨᠡᠶᠢᠳᠡᠮ ᠠᠮᠠᠷᠬᠠᠨ ᠬᠠᠯᠳᠠᠪᠤᠷᠢᠯᠠᠳᠠᠭ᠃ ᠨᠤᠷᠧ ᠸᠢᠷᠦ᠋ᠰ ᠨᠢ ᠬᠠᠯᠳᠠᠪᠤᠷᠢᠯᠠᠯ ᠤᠨ ᠬᠡᠮᠵᠢᠶ᠎ᠡ ᠳᠤᠤᠷ᠎ᠠ᠂ ᠬᠤᠤᠷ ᠭᠠᠳᠠᠭᠰᠢᠯᠠᠭᠤᠯᠬᠤ ᠴᠠᠭ ᠨᠢ ᠤᠷᠳᠤ᠂ ᠭᠠᠳᠠᠭᠠᠳᠤ ᠤᠷᠴᠢᠨ ᠤ ᠡᠰᠡᠷᠬᠦᠴᠡᠬᠦ ᠴᠢᠳᠠᠪᠤᠷᠢ ᠴᠢᠩᠭ᠎ᠠ ᠵᠡᠷᠬᠡ ᠤᠨᠴᠠᠯᠢᠭ ᠲᠠᠢ᠂ ᠰᠤᠷᠭᠠᠭᠤᠯᠢ ᠬᠡᠤᠬᠡᠳ ᠰᠠᠭᠠᠳᠠᠭᠤᠯᠬᠤ ᠪᠠᠶᠢᠭᠤᠯᠤᠮᠵᠢ ᠬᠠᠷᠢᠴᠠᠩᠭᠤᠢ ᠪᠢᠳᠡᠬᠦᠮᠵᠢᠯᠡᠭᠰᠡᠨ ᠤᠷᠴᠢᠨ ᠳᠤᠭᠤᠷᠢᠨ ᠳᠤ ᠬᠤᠳᠤᠭᠤᠳᠤ ᠬᠡᠳᠡᠰᠤᠨ ᠤ ᠦᠷᠪᠢᠰᠤᠯ ᠢ ᠠᠮᠠᠷᠬᠠᠨ ᠡᠬᠦᠰᠬᠡᠳᠡᠭ᠃ ᠨᠤᠷᠧ ᠸᠢᠷᠦ᠋ᠰ ᠪᠤᠯRNA ᠸᠢᠷᠦ᠋ᠰ ᠪᠠᠶᠢᠵᠤ᠂ ᠲᠦᠢᠯ ᠤᠨ ᠠᠮᠠᠷᠬᠠᠨ ᠤᠨᠳᠤᠤᠰᠢᠯ ᠡᠬᠦᠰᠦᠨ᠎ᠡ᠂ ᠬᠡᠳᠤᠨ ᠵᠢᠯ ᠠᠯᠤᠰᠯᠠᠬᠤ ᠪᠦᠷᠢ ᠰᠢᠨ᠎ᠡ ᠤᠨᠳᠤᠤᠰᠢᠯ ᠤᠨ ᠰᠠᠭᠤᠷᠢ ᠢᠯᠡᠷᠡᠵᠤ᠂ ᠪᠦᠬᠦ ᠪᠦᠮᠪᠦᠷᠴᠡᠭ ᠪᠤᠶᠤ ᠤᠷᠤᠨ ᠪᠦᠰᠡ ᠶᠢᠨ ᠴᠢᠨᠠᠷᠳᠠᠢ ᠬᠡᠨᠡᠳᠳᠡ ᠳᠡᠯᠬᠡᠷᠡᠳᠡᠭ᠃      ᠨᠤᠷᠧ ᠸᠢᠷᠦ᠋ᠰ ᠬᠡᠷᠬᠢᠨ ᠳᠠᠷᠬᠠᠬᠤ ᠪᠤᠢ︖      ᠸᠢᠷᠦ᠋ᠰ ᠲᠤ ᠪᠤᠬᠢᠷᠳᠤᠭᠰᠠᠨ ᠢᠳᠡᠬᠡᠨ ᠪᠤᠶᠤ ᠤᠰᠤ ᠶᠢ ᠤᠤᠭᠤᠬᠤ      ᠡᠪᠡᠳᠴᠢᠳᠠᠨ ᠤ ᠪᠠᠭᠠᠰᠤ ᠰᠢᠬᠡᠰᠤ ᠪᠤᠶᠤ ᠪᠦᠬᠡᠯᠵᠢᠰᠤ ᠲᠠᠢ ᠬᠦᠷᠦᠯᠴᠡᠬᠦ      ᠪᠤᠬᠢᠷᠳᠤᠭᠰᠠᠨ ᠪᠤᠳᠠᠰ ᠪᠠ ᠤᠷᠴᠢᠨ ᠳᠤᠭᠤᠷᠢᠨ ᠵᠡᠷᠬᠡ ᠬᠠᠯᠳᠠᠪᠤᠷᠢᠯᠠᠯ ᠲᠠᠢ ᠳᠡᠮ ᠢᠶᠠᠷ ᠬᠦᠷᠦᠯᠴᠡᠬᠦ      ᠪᠦᠬᠡᠯᠵᠢᠬᠦ ᠦᠶ᠎ᠡ ᠳᠤ ᠡᠬᠦᠰᠦᠭᠰᠡᠨ ᠸᠢᠷᠦ᠋ᠰ ᠲᠠᠢ ᠬᠡᠢ ᠪᠡᠶᠡᠳᠤ ᠶᠢ ᠰᠤᠷᠤᠵᠤ ᠤᠷᠤᠭᠤᠯᠬᠤ      ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠳᠤ ᠶᠠᠮᠠᠷ ᠶᠠᠮᠠᠷ ᠭᠤᠤᠯ ᠢᠯᠡᠷᠡᠯ ᠪᠠᠶᠢᠬᠤ ᠪᠤᠢ      ᠨᠤᠷᠧ ᠸᠢᠷᠦ᠋ᠰ ᠤᠨ ᠬᠠᠯᠳᠠᠪᠤᠷᠢᠯᠠᠯ ᠤᠨ ᠨᠢᠭᠤᠭᠳᠠᠮᠠᠯ ᠬᠤᠭᠤᠴᠠᠭ᠎ᠠ ᠨᠢ 12 —72 ᠴᠠᠭ᠂ ᠶᠡᠷᠦ ᠳᠡᠭᠡᠨ 24 — 48 ᠴᠠᠭ ᠪᠠᠶᠢᠳᠠᠭ᠃ ᠦᠷᠬᠦᠯᠵᠢ ᠳᠤᠬᠢᠶᠠᠯᠳᠤᠳᠠᠭ ᠢᠯᠡᠷᠡᠯ ᠨᠢ ᠭᠤᠤᠯᠳᠠᠭᠤ ᠳᠤᠷ᠎ᠠ ᠪᠤᠯᠬᠢᠬᠤ᠂ ᠪᠦᠬᠡᠯᠵᠢᠬᠦ᠂ ᠬᠠᠯᠠᠭᠤᠷᠠᠬᠤ᠂ ᠬᠡᠪᠡᠯᠢ ᠡᠪᠡᠳᠬᠦ ᠪᠠ ᠰᠠᠭᠤᠯᠭᠠᠬᠤ ᠵᠡᠷᠬᠡ ᠪᠤᠯᠤᠨ᠎ᠠ᠂ ᠬᠡᠰᠡᠭ ᠡᠪᠡᠳᠴᠢᠳᠠᠨ ᠳᠤ ᠳᠤᠯᠤᠭᠠᠢ ᠡᠪᠡᠳᠬᠦ᠂ ᠬᠦᠢᠳᠡᠨ ᠠᠴᠠ ᠠᠶᠤᠬᠤ᠂ ᠪᠤᠯᠴᠢᠩ ᠱᠠᠷᠬᠢᠷᠠᠵᠤ ᠡᠪᠡᠳᠬᠦ ᠵᠡᠷᠬᠡ ᠢᠯᠡᠷᠡᠯ ᠭᠠᠷᠳᠠᠭ᠃ ᠬᠡᠤᠬᠡᠳ ᠪᠦᠬᠡᠯᠵᠢᠬᠦ ᠪᠠᠷ ᠭᠤᠤᠯᠯᠠᠵᠤ᠂ ᠨᠠᠰᠤᠨ ᠳᠤ ᠬᠦᠷᠦᠭᠰᠡᠳ ᠤᠨ ᠰᠠᠭᠤᠯᠭᠠᠬᠤ ᠨᠢ ᠠᠷᠪᠢᠨ᠂ ᠰᠢᠩᠬᠡᠨ ᠢᠶᠠᠷ ᠪᠤᠶᠤ ᠤᠰᠤ ᠪᠠᠷ ᠰᠠᠭᠤᠯᠭᠠᠳᠠᠭ᠃      ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠢ ᠬᠡᠷᠬᠢᠨ ᠵᠠᠰᠠᠬᠤ ᠪᠤᠢ︖      ᠨᠤᠷᠧ ᠸᠢᠷᠦ᠋ᠰ ᠤᠨ ᠬᠤᠳᠤᠭᠤᠳᠤ ᠬᠡᠳᠡᠰᠤᠨ ᠤ ᠦᠷᠪᠢᠰᠤᠯ ᠪᠤᠯ ᠦᠪᠡᠷ ᠢ ᠪᠠᠨ ᠬᠢᠵᠠᠭᠠᠷᠯᠠᠬᠤ ᠴᠢᠨᠠᠷᠳᠠᠢ ᠡᠪᠡᠳᠴᠢᠨ ᠮᠦᠨ᠂ ᠤᠳᠤᠬᠠᠨ ᠳᠤ ᠸᠢᠷᠦ᠋ᠰ ᠢ ᠡᠰᠡᠷᠬᠦᠴᠡᠬᠦ ᠪᠦᠳᠦᠮᠵᠢᠳᠡᠢ ᠡᠮ ᠬᠠᠷᠠᠬᠠᠨ ᠦᠬᠡᠢ ᠪᠠᠶᠢᠭᠰᠠᠭᠠᠷ᠃ ᠤᠯᠠᠩᠬᠢ ᠡᠪᠡᠳᠴᠢᠳᠠᠨ ᠡᠪᠡᠳᠴᠢᠯᠡᠭᠰᠡᠨ ᠤ ᠳᠠᠷᠠᠭ᠎ᠠ ᠡᠪᠡᠳᠴᠢᠨ ᠤ ᠪᠠᠶᠢᠳᠠᠯ ᠨᠢ ᠬᠦᠩᠬᠡᠨ᠂ ᠡᠮᠨᠡᠨ ᠵᠠᠰᠠᠬᠤ ᠴᠢᠬᠤᠯᠠ ᠦᠬᠡᠢ᠂ 2 —3 ᠡᠳᠤᠷ ᠠᠮᠠᠷᠠᠪᠠᠯ ᠳᠠᠷᠤᠢ ᠡᠷᠡᠬᠦᠯᠵᠢᠳᠡᠭ᠃ ᠰᠢᠬᠢᠷ ᠲᠠᠢ ᠳᠠᠪᠤᠰᠤ ᠲᠠᠢ ᠤᠰᠤ ᠤᠤᠭᠤᠬᠤ ᠪᠤᠶᠤ ᠨᠦᠬᠦᠪᠤᠷᠢ ᠰᠢᠩᠬᠡᠨ ᠲᠠᠢ ᠳᠠᠪᠤᠰᠤ ᠤᠤᠭᠤᠵᠤ ᠪᠦᠬᠡᠯᠵᠢᠬᠦ ᠪᠠ ᠰᠠᠭᠤᠯᠭᠠᠬᠤ ᠳᠤ ᠵᠠᠷᠤᠴᠠᠭᠤᠯᠤᠭᠰᠠᠨ ᠤᠰᠤ ᠶᠢ ᠨᠦᠬᠦᠪᠤᠷᠢᠯᠡᠵᠤ ᠪᠤᠯᠤᠨ᠎ᠠ᠃ ᠨᠢᠯᠬ᠎ᠠ ᠬᠡᠤᠬᠡᠳ᠂ ᠨᠠᠰᠤᠳᠠᠶᠢᠴᠤᠳ᠂ ᠢᠯᠠᠩᠭᠤᠶ᠎ᠠ ᠰᠠᠭᠤᠷᠢ ᠴᠢᠨᠠᠷᠳᠠᠢ ᠡᠪᠡᠳᠴᠢᠨ ᠲᠠᠢ ᠨᠠᠰᠤᠳᠠᠶᠢᠴᠤᠳ ᠨᠡᠯᠢᠶᠡᠳ ᠬᠦᠨᠳᠤ ᠨᠤᠴᠢᠳᠠᠢ ᠡᠪᠡᠳᠴᠢᠨ ᠤ ᠢᠯᠡᠷᠡᠯ ᠭᠠᠷᠪᠠᠯ ᠴᠠᠭ ᠳᠤᠬᠠᠢ ᠳᠤᠨᠢ ᠡᠮᠨᠡᠨ ᠵᠠᠰᠠᠬᠤ ᠬᠡᠷᠡᠭᠳᠡᠢ᠃     ᠬᠤᠪᠢ ᠬᠦᠮᠦᠨ ᠪᠠ ᠬᠡᠷ ᠪᠦᠯᠢ ᠸᠢᠷᠦ᠋ᠰ ᠤᠨ ᠬᠠᠯᠳᠠᠪᠤᠷᠢᠯᠠᠯ ᠢ ᠬᠡᠷᠬᠢᠨ ᠰᠡᠷᠬᠡᠶᠢᠯᠡᠬᠦ ᠪᠤᠢ︖      ᠭᠠᠷ ᠤᠨ ᠠᠷᠢᠭᠤᠨ ᠴᠡᠪᠡᠷ ᠢ ᠪᠠᠳᠤᠯᠠ᠃      ᠢᠳᠡᠬᠡᠨ ᠤᠮᠳᠠᠭᠠᠨ ᠤᠤᠭᠤᠬᠤ ᠤᠰᠤᠨ ᠤ ᠠᠷᠢᠭᠤᠨ ᠴᠡᠪᠡᠷ ᠢ ᠠᠩᠬᠠᠷ᠃      ᠡᠪᠡᠳᠴᠢᠳᠠᠨ ᠠᠯᠢ ᠴᠢᠳᠠᠬᠤ ᠪᠠᠷ ᠬᠡᠷ ᠲᠡᠭᠡᠨ ᠳᠤᠰᠠᠭᠠᠷᠯᠠᠵᠤ ᠪᠤᠰᠤᠳ ᠲᠤ ᠬᠠᠯᠳᠠᠪᠤᠷᠢᠯᠠᠬᠤ ᠠᠴᠠ ᠵᠠᠶᠢᠯᠠᠰᠬᠢᠬᠤ ᠬᠡᠷᠡᠭᠳᠡᠢ᠃      ᠤᠷᠴᠢᠨ ᠳᠤᠭᠤᠷᠢᠨ ᠤ ᠠᠷᠢᠭᠤᠨ ᠴᠡᠪᠡᠷ ᠪᠠ ᠠᠷᠢᠭᠤᠳᠬᠠᠬᠤ ᠠᠵᠢᠯ ᠢ ᠰᠠᠶᠢᠳᠤᠷ ᠬᠢᠬᠡᠷᠡᠢ᠃      ᠡᠷᠡᠬᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠠᠳᠤᠯᠠ᠃     ᠬᠡᠤᠬᠡᠳ ᠰᠠᠭᠠᠳᠠᠭᠤᠯᠬᠤ ᠪᠠᠶᠢᠭᠤᠯᠤᠮᠵᠢ ᠪᠠ ᠰᠤᠷᠭᠠᠭᠤᠯᠢ ᠬᠡᠷᠬᠢᠨ ᠨᠤᠷᠧ ᠸᠢᠷᠦ᠋ᠰ ᠬᠠᠯᠳᠠᠪᠤᠷᠢᠯᠠᠬᠤ ᠶᠢ ᠰᠡᠷᠬᠡᠶᠢᠯᠡᠬᠦ ᠪᠤᠢ︖      ●ᠡᠪᠡᠳᠴᠢᠨ ᠤ ᠵᠢᠱᠢᠶ᠎ᠡ ᠶᠢ ᠴᠠᠭ ᠳᠤᠬᠠᠢ ᠳᠤᠨᠢ ᠢᠯᠡᠷᠡᠬᠦᠯᠬᠦ ᠪᠠ ᠵᠢᠷᠤᠮᠵᠢᠭᠤᠯᠤᠨ ᠬᠠᠮᠢᠶᠠᠷᠠᠬᠤ ᠬᠡᠷᠡᠭᠳᠡᠢ      ●ᠤᠤᠭᠤᠬᠤ ᠤᠰᠤ ᠪᠠ ᠢᠳᠡᠬᠡᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃      ●ᠳᠤᠭᠤᠭᠠᠴᠢ᠂ ᠠᠰᠠᠷᠠᠭᠴᠢ ᠵᠡᠷᠬᠡ ᠠᠵᠢᠯ ᠡᠷᠬᠢᠯᠡᠭᠰᠡᠳ ᠤᠨ ᠡᠷᠡᠬᠦᠯ ᠡᠩᠬᠡ ᠶᠢᠨ ᠬᠠᠮᠢᠶᠠᠷᠤᠯᠳᠠ ᠶᠢ ᠴᠢᠩᠭᠠᠳᠬᠠᠬᠤ ᠬᠡᠷᠡᠭᠳᠡᠢ᠃      ●ᠤᠷᠴᠢᠨ ᠳᠤᠭᠤᠷᠢᠨ ᠤ ᠠᠷᠢᠭᠤᠳᠬᠠᠯ ᠢ ᠰᠠᠶᠢᠳᠤᠷ ᠬᠢᠬᠦ ᠬᠡᠷᠡᠭᠳᠡᠢ᠃      ●ᠪᠦᠬᠡᠯᠵᠢᠰᠤ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠤᠨ ᠰᠢᠢᠳᠪᠤᠷᠢᠯᠡᠬᠦ ᠬᠡᠷᠡᠭᠳᠡᠢ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ ᠰᠡᠳᠬᠦᠯ︾ ᠤᠨ ᠸᠢᠴᠠᠲ ᠳᠠᠪᠴᠠᠩ