【 ᠦᠨᠳᠦᠰᠦᠨ ᠱᠠᠳᠤᠨ ᠤ ᠠᠶᠠᠯᠠᠯ 】ᠠᠵᠢᠯ ᠢᠶᠠᠨ ᠡᠬᠢᠯᠡᠬᠦᠯᠵᠤ ᠤᠶᠢᠯᠡᠳᠪᠤᠷᠢᠯᠠᠯ ᠢᠶᠠᠨ ᠰᠡᠷᠬᠦᠬᠡᠬᠡᠳ ᠬᠦᠭᠵᠢᠯᠳᠤᠨ᠎ᠠ
ᠨᠡᠶᠢᠲᠡᠯᠡᠭᠰᠡᠨ ᠴᠠᠭ᠄
2023/2/3
      ᠴᠠᠭᠠᠨ ᠰᠠᠷ᠎ᠠ ᠶᠢᠨ ᠡᠬᠢ ᠪᠠᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠲᠣᠭᠤᠷᠢᠭ ᠤᠨ ᠲᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ᠂ ᠴᠢ ᠷᠦᠢ ᠰᠠᠭᠤᠳᠠᠯ ᠤᠨ ᠰᠢᠨ᠎ᠡ ᠬᠡᠯᠪᠡᠷᠢ ᠶᠢᠨ ᠮᠠᠰᠢᠨ ᠲᠡᠷᠬᠡᠨ ᠤ ᠦᠢᠯᠡᠳᠪᠦᠷᠢᠯᠡᠯ ᠤᠨ ᠲᠦᠷᠦᠯ ᠵᠦᠢᠯ T18P ᠬᠡᠯᠪᠡᠷᠢ ᠶᠢᠨ ᠮᠠᠰᠢᠨ ᠲᠡᠷᠬᠡᠨ ᠤ ᠦᠢᠯᠡᠳᠪᠦᠷᠢᠯᠡᠯ ᠪᠠᠴᠢᠮ ᠶᠠᠭᠠᠷᠠᠯᠲᠠᠢ ᠶᠠᠪᠤᠭᠳᠠᠵᠤ ᠪᠠᠶᠢᠯ᠎ᠠ᠃ ᠡᠭᠦᠨ ᠳᠤ᠂ ᠭᠠᠩᠨᠠᠨ ᠤᠭᠰᠠᠷᠠᠬᠤ ᠤᠶᠢᠯᠡᠳᠪᠤᠷᠢ ᠶᠢᠨ ᠲᠠᠰᠤᠭ ᠨᠢ ᠣᠨᠴᠠᠭᠠᠶ ᠶᠠᠭᠠᠷᠠᠯᠲᠠᠢ ᠪᠠᠶᠢᠵᠤ᠂ ᠤᠶᠢᠯᠡᠳᠪᠤᠷᠢᠯᠠᠯ ᠤᠨ ᠱᠤᠭᠤᠮ ᠲᠡᠬᠡᠷᠡᠬᠢ ᠠᠵᠢᠯᠴᠢᠨ ᠪᠠ ᠠᠦ᠋ᠲ᠋ᠣᠴᠢᠯᠠᠭᠰᠠᠨ ᠮᠠᠰᠢᠨ ᠬᠥᠮᠥᠨ ᠭᠠᠳᠠᠭᠠᠳᠤ ᠳᠤ ᠭᠠᠷᠭᠠᠬᠤ CKD ᠮᠠᠰᠢᠨ ᠲᠡᠷᠭᠡᠨ ᠤ ᠰᠡᠯᠪᠢᠭ ᠲᠣᠨᠤᠭ ᠢ ᠭᠠᠩᠨᠠᠨ᠎ᠠ᠃    ᠣᠶᠢᠯᠠᠭᠠᠭᠰᠠᠨ ᠢᠶᠠᠷ᠂ ᠴᠢ ᠷᠦᠢ ᠶᠢᠨ ᠣᠷᠳᠣᠰ ᠤᠨ ᠲᠥᠷᠥᠯ ᠵᠦᠢᠯ ᠤᠨ ᠭᠠᠩᠨᠠᠨ ᠤᠭᠰᠠᠷᠠᠬᠤ ᠤᠶᠢᠯᠡᠳᠪᠤᠷᠢ ᠶᠢᠨ ᠲᠠᠰᠤᠭ ᠢ ᠲᠠᠰ ᠳᠡᠪᠰᠢᠭᠦᠯᠦᠨ ᠥᠭᠡᠷᠡᠴᠢᠯᠡᠭᠰᠡᠨ ᠤ ᠳᠠᠷᠠᠭ᠎ᠠ᠂ ᠰᠢᠨ᠎ᠡ ᠦᠢᠯᠡᠳᠪᠦᠷᠢᠯᠡᠯ ᠤᠨ ᠱᠤᠭᠤᠮ ᠳᠤ ᠬᠡᠷᠡᠭᠯᠡᠬᠦ ᠮᠠᠰᠢᠨ ᠬᠥᠮᠥᠨ 142 ᠪᠤᠯᠵᠤ᠂ ᠥᠩᠭᠡᠷᠡᠭᠰᠡᠨ ᠤ ᠬᠢ ᠠᠴᠠ ᠪᠠᠨ 100 ᠰᠢᠬᠠᠮ ᠨᠡᠮᠡᠭᠳᠡᠵᠦ᠂ ᠦᠢᠯᠡᠳᠪᠦᠷᠢᠯᠡᠵᠦ ᠦᠶᠯᠡᠳᠬᠦ ᠤᠷ᠎ᠠ ᠮᠡᠷᠭᠡᠵᠢᠯ ᠨᠢ ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠲᠦᠪᠰᠢᠨ ᠳᠤ ᠭᠦᠷᠦᠭᠰᠡᠨ ᠪᠠᠶᠢᠨ᠎ᠠ᠃    ᠴᠢ ᠷᠦᠢ ᠶᠢᠨ ᠰᠢᠨ᠎ᠡ ᠮᠠᠰᠢᠨ ᠲᠡᠷᠭᠡᠨ ᠤ ᠲᠦᠷᠦᠯ ᠵᠦᠢᠯ ᠢ 2022 ᠣᠨ ᠤ 11 ᠰᠠᠷ᠎ᠠ ᠳᠤ ᠠᠰᠢᠭᠯᠠᠯᠲᠠ ᠳᠤ ᠣᠷᠣᠭᠤᠯᠵᠤ᠂ ᠲᠦᠯᠦᠪᠵᠢᠬᠦᠯᠬᠡ ᠳᠤ 22 ᠲᠦᠮᠡᠨ ᠰᠠᠤᠷᠢ ᠮᠠᠰᠢᠨ ᠲᠡᠷᠭᠡᠨ ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠣᠷᠣᠨ ᠵᠠᠢ ᠶᠢ ᠤᠷᠢᠳᠴᠢᠯᠠᠨ ᠦᠯᠡᠳᠡᠭᠡᠵᠦ᠂ ᠲᠦᠷᠦᠯ ᠵᠦᠢᠯ ᠢ ᠪᠦᠬᠦ ᠲᠠᠯ᠎ᠠ ᠪᠠᠷ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠴᠢ ᠷᠦᠢ ᠶᠢᠨ ᠣᠷᠳᠣᠰ ᠤᠨ ᠪᠦᠬᠦᠯᠢ ᠮᠠᠰᠢᠨ ᠲᠡᠷᠭᠡᠨ ᠤ ᠲᠦᠷᠦᠯ ᠵᠦᠢᠯ ᠤᠨ ᠵᠢᠯ ᠤᠨ ᠦᠢᠯᠡᠳᠬᠦᠨ ᠤ ᠦᠷᠳᠡᠭ ᠢ 100 ᠳ᠋ᠦᠩᠰᠢᠭᠤᠷ ᠲᠥᠭᠦᠷᠢᠭ ᠠᠴᠠ ᠳᠠᠪᠠᠭᠤᠯᠬᠤ ᠪᠠᠷ ᠵᠢᠱᠢᠵᠦ ᠪᠤᠢ᠃ ᠲᠣᠰ ᠲᠥᠷᠥᠯ ᠵᠦᠢᠯ ᠳᠤ  ᠪᠦᠬᠦᠯᠢ ᠮᠠᠰᠢᠨ ᠲᠡᠷᠭᠡ᠂ ᠮᠠᠰᠢᠨ ᠲᠡᠷᠬᠡᠨ ᠤ ᠢᠵᠢ ᠪᠦᠷᠢᠳᠦᠭᠰᠡᠨ ᠰᠡᠯᠪᠢᠭ ᠲᠣᠨᠤᠭ ᠤᠨ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠮᠠᠰᠢᠨ ᠲᠡᠷᠭᠡᠨ ᠤ ᠪᠥᠬᠦ ᠠᠵᠤ ᠦᠢᠯᠡᠰ ᠤᠨ ᠬᠡᠯᠬᠢᠶᠡᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠪᠠᠶᠢᠭᠤᠯᠬᠤ ᠪᠠᠷ ᠲᠦᠯᠦᠪᠵᠢᠬᠦᠯᠵᠤ᠂ ᠡᠭᠦᠨ ᠳᠤ ᠪᠦᠬᠦᠯᠢ ᠮᠠᠰᠢᠨ ᠲᠡᠷᠭᠡ ᠦᠶᠯᠡᠳᠬᠦ᠂ ᠬᠥᠳᠡᠯᠭᠡᠭᠦ ᠬᠦᠴᠦᠨ ᠤ ᠶᠡᠷᠦᠩᠬᠡᠢ ᠴᠤᠭᠴᠠ᠂ ᠰᠢᠨ᠎ᠡ ᠡᠨᠧᠷᠭᠢ ᠶᠢᠨ ᠬᠦᠨᠳᠦ  ᠠᠴᠢᠶᠠᠨ ᠤ ᠮᠠᠰᠢᠨ ᠲᠡᠷᠬᠡ ᠪᠠ ᠰᠡᠯᠪᠢᠭ ᠲᠣᠨᠤᠭ ᠤᠨ ᠠᠵᠤ ᠦᠢᠯᠡᠳᠪᠦᠷᠢ ᠶᠢᠨ ᠬᠦᠷᠢᠶᠡᠯᠡᠩ ᠵᠡᠷᠭᠡ ᠳᠥᠷᠪᠡᠨ ᠶᠡᠭᠡ ᠬᠡᠰᠡᠭ ᠢ ᠪᠠᠭᠲᠠᠭᠠᠨ᠎ᠠ᠃
微信图片_20230202162202.jpg
     ︽ᠪᠢᠳᠡ ᠰᠢᠨ᠎ᠡ ᠶᠢᠨ ᠳᠣᠯᠣᠭᠠᠨ ᠳᠤ ᠵᠢᠩᠬᠢᠨᠢ ᠪᠠᠷ ᠠᠵᠢᠯ ᠢᠶᠠᠨ ᠡᠬᠢᠯᠡᠬᠦᠯᠵᠤ᠂ ᠭᠠᠩᠨᠠᠨ ᠤᠭᠰᠠᠷᠠᠬᠤ ᠦᠢᠯᠡᠳᠪᠦᠷᠢ ᠶᠢᠨ ᠲᠠᠰᠤᠭ ᠤᠨ 200 ᠭᠠᠷᠤᠢ ᠠᠵᠢᠯᠴᠢᠳ ᠠᠵᠢᠯ ᠤᠨ ᠪᠠᠶᠢᠷᠢ ᠳᠤ ᠭᠠᠷᠴᠦ ᠤᠶᠢᠯᠡᠳᠪᠤᠷᠢᠯᠠᠯ ᠢᠶᠠᠨ ᠰᠡᠷᠬᠦᠬᠡᠵᠡᠢ᠃ ᠣᠳᠣᠬᠠᠨ ᠳᠤ ᠭᠠᠳᠠᠭᠠᠳᠤ ᠶᠢᠨ ᠵᠠᠬᠢᠶᠠᠯᠠᠭ᠎ᠠ ᠶᠢᠨ ᠲᠤᠭ᠎ᠠ ᠲᠠᠰᠤᠷᠠᠯᠲᠠ ᠦᠭᠡᠢ ᠨᠡᠮᠡᠭᠳᠡᠵᠦ᠂ ᠬᠤᠪᠢᠶᠠᠷᠢ ᠺᠣᠮᠫᠠᠨᠢ ᠡᠳᠦᠷ ᠪᠦᠷᠢ 120 ᠢᠵᠢ CKD ᠦᠢᠯᠡᠳᠪᠦᠷᠢᠯᠡᠵᠦ ᠭᠠᠳᠠᠭᠠᠳᠤ ᠳᠤ ᠭᠠᠷᠭᠠᠵᠤ ᠪᠠᠶᠢᠨ᠎ᠠ᠃ ᠰᠢᠨ᠎ᠡ ᠨᠢᠭᠡ ᠵᠢᠯ ᠳᠤ ᠮᠠᠨ ᠤ ᠦᠢᠯᠡᠳᠬᠦᠨ ᠤ ᠶᠠᠰᠤ ᠴᠢᠨᠠᠷ ᠪᠣᠯᠣᠨ ᠪᠣᠷᠤᠯᠠᠭᠤᠯᠭ᠎ᠠ ᠶᠢᠨ ᠬᠡᠮᠵᠢᠶ᠎ᠡ ᠪᠠᠰᠠ ᠨᠢᠭᠡᠨ ᠰᠢᠨ᠎ᠡ ᠳᠡᠭᠲᠡᠷ ᠲᠤ ᠭᠠᠷᠬᠤ ᠶᠢ  ᠪᠢ ᠢᠲᠡᠭᠡᠵᠦ ᠪᠠᠶᠢᠨ᠎ᠠ︾              — ᠴᠢ ᠷᠦᠢ ᠮᠠᠰᠢᠨ ᠲᠡᠷᠭᠡᠨ ᠤ ᠣᠷᠳᠣᠰ ᠤᠨ ᠬᠤᠪᠢᠶᠠᠷᠢ ᠺᠣᠮᠫᠠᠨᠢ ᠶᠢᠨ ᠭᠠᠩᠨᠠᠨ ᠤᠭᠰᠠᠷᠠᠬᠤ ᠦᠢᠯᠡᠳᠪᠦᠷᠢ ᠶᠢᠨ ᠲᠠᠰᠤᠭ ᠤᠨ ᠡᠷᠬᠢᠯᠡᠭᠴᠢ ᠯᠢ ᠢᠦᠢ ᠫᠧᠩ
01.jpg
03.jpg
04.jpg
05.gif
 
02.gif
ᠢᠷᠡᠯᠲᠡ᠄ ᠲᠤᠰ ᠰᠦᠯᠵᠢᠶ᠎ᠠ