| 2 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠠᠷᠪᠠᠨ ᠨᠢᠭᠡᠳᠦᠭᠡᠷ ᠬᠤᠭᠤᠴᠠᠭᠠᠨ ᠤ ︽ᠵᠠᠯᠠᠭᠤᠴᠤᠳ ᠪᠠᠭᠠᠴᠤᠳ ᠤᠨ ᠴᠠᠰᠤ ᠮᠦᠰᠦᠳᠤ | ᠡᠪᠤᠯᠵᠢᠶ᠎ᠠ︾ ︵ᠣᠷᠳᠣᠰ ᠥᠷᠲᠡᠭᠡ︶ ᠵᠢᠴᠢ ᠳ᠋ᠦᠩᠱᠧᠩ ᠲᠣᠭᠤᠷᠢᠭ ᠤᠨ ︽ᠮᠦᠰᠦ ᠴᠠᠰᠤ + ᠪᠡᠶ᠎ᠠ ᠶᠢᠨ ᠲᠠᠮᠢᠷ + ᠵᠤᠭᠠᠴᠠᠯ︾ ᠢ ᠠᠭᠤᠰᠤᠯᠴᠠᠭᠤᠯᠤᠨ | ᠳᠡᠯᠭᠡᠷᠡᠭᠦᠯᠬᠦ ᠠᠵᠢᠯᠯᠠᠭ᠎ᠠ ᠣᠷᠳᠣᠰ ᠬᠤᠲᠠ ᠶᠢᠨ ᠵᠢᠦ ᠴᠧᠩ ᠬᠥᠩ ᠣᠷᠳᠣᠨ ᠤ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠢᠭᠤᠯᠴᠢᠯᠠᠯ ᠤᠨ ᠣᠷᠣᠨ ᠳᠤ | ᠡᠬᠢᠯᠡᠪᠡ᠃ | ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠠᠵᠢᠯᠯᠠᠭ᠎ᠠ ᠶᠢᠨ ᠭᠤᠣᠯ ᠰᠡᠳᠦᠪ ᠨᠢ ︽ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠤ᠂ ᠮᠥᠰᠥ | ᠴᠠᠰᠤᠳᠤ ᠰᠢᠨ᠎ᠡ ᠠᠶᠠᠨ ᠳᠤ ᠮᠤᠷᠳᠠᠶ᠎ᠠ︾ ᠪᠣᠯᠣᠨ᠎ᠠ᠂ ᠣᠷᠳᠣᠰ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ | ᠳ᠋ᠦᠩᠱᠧᠩ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠳ᠋ᠦᠩᠱᠧᠩ ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ᠂ | ᠳ᠋ᠦᠩᠱᠧᠩ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠬᠠᠮᠲᠤᠪᠠᠷ ᠲᠠᠭᠠᠭᠠᠴᠢᠯᠠᠨ ᠡᠷᠭᠢᠯᠡᠵᠦ᠂ ᠣᠷᠳᠣᠰ ᠬᠤᠲᠠ ᠶᠢᠨ ᠵᠢᠦ | ᠴᠧᠩ ᠬᠥᠩ ᠣᠷᠳᠣᠨ ᠤ ᠲᠠᠯ᠎ᠠ ᠨᠤᠲᠤᠭ ᠤᠨ ᠮᠠᠩᠬᠠᠨ ᠠᠶᠠᠯᠭᠤ ᠰᠣᠶᠣᠯ ᠵᠢᠭᠤᠯᠴᠢᠯᠠᠯ ᠤᠨ ᠣᠷᠣᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠬᠠᠮᠵᠢᠯᠴᠠᠨ | ᠡᠷᠭᠢᠯᠡᠪᠡ᠃ ᠠᠵᠢᠯᠯᠠᠭ᠎ᠠ ᠨᠢ ᠤᠯᠠᠨ ᠲᠦᠮᠡᠨ ᠤ ᠮᠥᠰᠥ ᠴᠠᠰᠤᠨ ᠤ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠬᠡᠷᠡᠭᠴᠡᠭᠡ ᠶᠢ ᠬᠠᠩᠭᠠᠬᠤ ᠪᠠᠷ ᠵᠣᠷᠢᠯᠲᠠ ᠪᠣᠯᠭᠠᠵᠤ᠂ | ᠲᠤᠰ ᠤᠳᠠᠭ᠎ᠠ ᠶᠢᠨ ᠠᠵᠢᠯᠯᠠᠭ᠎ᠠ ᠳᠤ ᠣᠷᠣᠯᠴᠠᠭᠰᠠᠨ ᠬᠥᠮᠥᠨ ᠤ ᠲᠤᠭ᠎ᠠ ᠨᠡᠶᠢᠳᠡ 2000 ᠬᠥᠮᠥᠨ ︵ᠤᠳᠠᠭ᠎ᠠ︶ ᠢ ᠳᠠᠪᠠᠵᠤ᠂ ᠠᠵᠢᠯᠯᠠᠭ᠎ᠠ ᠶᠢᠨ ᠡᠳᠦᠷ ᠲᠤ ᠪᠠᠰᠠ | ︽ᠴᠠᠭᠠᠨ ᠰᠠᠷ᠎ᠠ ᠶᠢᠨ ᠠᠷᠪᠠᠨ ᠲᠠᠪᠤᠨ ᠤ ᠥᠯᠵᠡᠶᠢᠲᠦ ᠡᠳᠦᠷ ᠢ ᠪᠡᠯᠬᠡᠯᠡᠬᠦ︾ ᠡᠯᠪᠡᠭ ᠪᠠᠶᠠᠯᠢᠭ ᠣᠨᠴᠠᠯᠢᠭᠲᠤ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ | | | | | | | | | | | | | | | | | | | | | | | | | | | | | |