ᠳ᠋ᠦᠩᠱᠧᠩ ᠲᠣᠭᠤᠷᠢᠭ ᠤᠨ ᠤᠯᠤᠰ ᠳᠣᠶᠢᠷᠤ ᠶᠢᠨ ᠵᠦᠪᠯᠡᠯᠬᠡᠨ ᠤ ᠰᠣᠶᠣᠯ ᠲᠡᠦᠬᠡ ᠶᠢᠨ ᠮᠠᠲ᠋ᠧᠷᠢᠶᠠᠯ ᠤᠨ ᠦᠵᠡᠭᠦᠯᠦᠯᠭᠡ ᠵᠢᠴᠢ ᠭᠠᠵᠠᠷ ᠰᠢᠷᠣᠢ ᠶᠢᠨ ᠭᠡᠷ᠎ᠡ  ᠶᠢᠨ ᠴᠤᠭᠯᠠᠭᠤᠯᠭ᠎ᠠ ᠶᠢᠨ ᠦᠵᠡᠬᠦᠯᠬᠡ
ᠨᠡᠶᠢᠲᠡᠯᠡᠭᠰᠡᠨ ᠴᠠᠭ᠄
2023/2/4
      ᠭᠠᠵᠠᠷ ᠰᠢᠷᠣᠢ ᠶᠢᠨ ᠭᠡᠷ᠎ᠡ ᠪᠣᠯ ᠳᠤᠮᠳᠠᠳᠤ ᠶᠢᠨ ᠰᠣᠶᠣᠯ ᠤᠨ ᠣᠨᠴᠠᠯᠢᠭᠲᠤ ᠲᠡᠦᠬᠡ ᠶᠢᠨ ᠳᠤᠷᠠᠰᠬᠠᠯᠲᠤ ᠵᠦᠢᠯ ᠮᠥᠨ᠃ ᠬᠡᠳᠦᠨ ᠮᠢᠩᠭᠠᠨ ᠵᠢᠯ ᠤᠨ ᠲᠠᠷᠢᠶᠠᠯᠠᠬᠤ ᠨᠡᠶᠢᠭᠡᠮ ᠳᠤ ᠭᠠᠵᠠᠷ ᠰᠢᠷᠣᠢ ᠪᠣᠯ ᠢᠮᠠᠭᠲᠠ ᠤᠯᠤᠰ ᠣᠷᠣᠨ ᠤ ᠠᠮᠤᠷ ᠲᠣᠭᠲᠠᠭᠤᠨ ᠪᠠ ᠠᠷᠠᠳ ᠣᠯᠠᠨ ᠤ ᠣᠷᠣᠰᠢᠨ ᠲᠣᠭᠲᠠᠨᠢᠬᠤ ᠶᠢ ᠬᠠᠮᠠᠭᠠᠯᠠᠬᠤ ᠦᠨᠳᠦᠰᠦ ᠪᠤᠯᠵᠤ ᠪᠠᠶᠢᠭᠰᠡᠨ ᠶᠤᠮ᠃ ᠠᠯᠪᠠᠨ ᠤ ᠪᠠ ᠠᠷᠠᠳ ᠴᠦ ᠭᠡᠰᠡᠨ ᠦᠭᠡᠢ ᠴᠦᠮ ᠭᠠᠵᠠᠷ ᠰᠢᠷᠣᠢ ᠶᠢᠨ ᠭᠡᠷ᠎ᠡ ᠶᠢ ᠬᠤᠪᠣᠷ ᠡᠷᠳᠡᠨᠢ ᠪᠠᠷ ᠦᠵᠡᠳᠡᠭ᠃ ᠡᠲᠡᠭᠡᠷ ᠭᠠᠵᠠᠷ ᠰᠢᠷᠣᠢ ᠶᠢᠨ ᠭᠡᠷ᠎ᠡ ᠨᠢ ᠭᠠᠵᠠᠷ ᠰᠢᠷᠣᠢ ᠶᠢᠨ ᠡᠷᠬᠡ ᠶᠢᠨ ᠬᠠᠷᠢᠶᠠᠯᠠᠯ ᠢ ᠬᠤᠪᠢᠷᠠᠭᠤᠯᠤᠭᠰᠠᠨ ᠥᠩᠭᠡᠷᠡᠯᠲᠡ ᠪᠠ ᠶᠠᠪᠤᠴᠠ ᠶᠢ ᠲᠤᠰᠬᠠᠵᠤ᠂ ᠠᠳᠠᠯᠢ ᠪᠤᠰᠤ ᠴᠠᠭ ᠦᠶ᠎ᠡ ᠶᠢᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠪᠠ ᠠᠷᠭ᠎ᠠ ᠶᠢ ᠦᠵᠡᠬᠦᠯᠦᠭᠰᠡᠨ ᠪᠠᠶᠢᠨ᠎ᠠ᠃ ᠨᠢᠭᠡᠨ ᠲᠡᠦᠬᠡᠨ ᠴᠠᠭ ᠦᠶ᠎ᠡ ᠶᠢᠨ ᠨᠡᠶᠢᠭᠡᠮ ᠂ ᠠᠵᠤ ᠠᠬᠤᠢ᠂ ᠤᠯᠤᠰ ᠲᠦᠷᠦ᠂ ᠰᠣᠶᠣᠯ ᠤᠨ ᠬᠥᠭᠵᠢᠯᠲᠡ ᠶᠢᠨ ᠪᠠᠶᠢᠳᠠᠯ ᠢ ᠲᠤᠰᠬᠠᠭᠰᠠᠨ ᠮᠥᠷᠲᠡᠭᠡᠨ ᠪᠠᠰᠠ ᠳᠤᠮᠳᠠᠳᠤ ᠶᠢᠨ ᠦᠨᠳᠦᠰᠦᠲᠡᠨ ᠤ ᠭᠦᠨ ᠵᠤᠵᠠᠭᠠᠨ ᠬᠠᠮᠲᠤ ᠶᠢᠨ ᠴᠣᠭᠴᠠ ᠶᠢᠨ ᠰᠣᠶᠣᠯ ᠤᠨ ᠣᠨᠴᠠᠯᠢᠭ ᠢ ᠠᠴᠢᠶᠠᠯᠠᠵᠤ ᠪᠠᠶᠢᠳᠠᠭ᠃ ᠲᠣᠰ ᠤᠳᠠᠭᠠᠨ ᠤ ᠭᠠᠵᠠᠷ ᠰᠢᠷᠣᠢ ᠶᠢᠨ ᠭᠡᠷ᠎ᠡ ᠶᠢᠨ ᠴᠤᠭᠯᠠᠭᠤᠯᠭ᠎ᠠ  ᠶᠢᠨ ᠬᠤᠷᠢᠶᠠᠨ ᠬᠠᠳᠠᠭᠠᠯᠠᠬᠤ ᠦᠵᠡᠬᠦᠯᠬᠡ ᠳᠤ ᠨᠡᠶᠢᠲᠡ 200 ᠭᠠᠷᠤᠢ ᠬᠤᠪᠢ ᠭᠡᠷ᠎ᠡ ᠶᠢᠨ ᠪᠢᠴᠢᠭ ᠬᠠᠷ᠎ᠠ ᠶᠢ ᠳᠡᠯᠭᠡᠨ  ᠦᠵᠡᠬᠦᠯᠦᠨ᠎ᠠ᠃ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠰᠣᠶᠣᠯ ᠲᠡᠦᠬᠡ ᠶᠢᠨ ᠮᠠᠲ᠋ᠧᠷᠢᠶᠠᠯ ᠤᠨ ᠦᠵᠡᠬᠦᠯᠬᠡ᠄ 2 ᠰᠠᠷ᠎ᠠ ᠶᠢᠨ 4 ᠤ ᠡᠳᠦᠷ — ᠣᠷᠳᠣ ᠬᠤᠭᠤᠴᠠᠭ᠎ᠠ︽ᠭᠠᠵᠠᠷ ᠰᠢᠷᠣᠢ ᠶᠢᠨ ᠭᠡᠷ᠎ᠡ︾ ᠶᠢ ᠬᠤᠷᠢᠶᠠᠨ ᠬᠠᠳᠠᠭᠠᠯᠠᠬᠤ ᠦᠵᠡᠬᠦᠯᠬᠡ᠄ 2 ᠰᠠᠷ᠎ᠠ ᠶᠢᠨ 4 ᠤ ᠡᠳᠦᠷ ᠠᠴᠠ 2 ᠰᠠᠷ᠎ᠠ ᠶᠢᠨ 6 ᠤ ᠡᠳᠦᠷᠭᠡᠷ ᠤᠨ ᠴᠠᠳᠢᠭ ᠤᠨ ᠦᠵᠡᠭᠦᠯᠦᠯᠭᠡ᠄ 2 ᠰᠠᠷ᠎ᠠ ᠶᠢᠨ 4 ᠤ ᠡᠳᠦᠷ — ᠣᠷᠳᠣ ᠬᠤᠭᠤᠴᠠᠭ᠎ᠠᠳᠡᠯᠭᠡᠨ ᠦᠵᠡᠭᠦᠯᠬᠦ ᠭᠠᠵᠠᠷ᠄ ᠳ᠋ᠦᠩᠱᠧᠩ ᠲᠣᠭᠤᠷᠢᠭ ᠤᠨ ᠨᠣᠮ ᠤᠨ ᠰᠠᠩ ᠤᠨ ᠲᠠᠮᠦᠷ ᠵᠠᠮ ᠤᠨ ᠪᠠᠷᠠᠭᠤᠨᠳᠡᠬᠢ ᠶᠡᠷᠦᠩᠬᠡᠢ ᠣᠷᠳᠣᠨ  B ᠰᠠᠭᠤᠳᠠᠯ ᠤᠨ 4 ᠳ᠋ᠦ᠋ᠬᠡᠷ ᠳᠠᠪᠬᠤᠷᠭ᠎ᠠ ᠶᠢᠨ ᠣᠷᠣᠨ ᠨᠤᠲᠤᠭ ᠤᠨ ᠰᠤᠷᠪᠤᠯᠵᠢ ᠪᠢᠴᠢᠭ ᠤᠨ ᠲᠣᠭᠤᠷᠢᠭ 
 
ᠢᠷᠡᠯᠲᠡ᠄ ᠲᠤᠰ ᠰᠦᠯᠵᠢᠶ᠎ᠠ