ᠳᠤᠮᠳᠠᠳᠤ ᠤᠯᠤᠰ ᠤᠨ ᠡᠷᠲᠡᠨ ᠤ ᠬᠦᠷᠡᠯ ᠲᠣᠯᠢ ᠶᠢᠨ ᠦᠵᠡᠬᠦᠯᠬᠡ
ᠨᠡᠶᠢᠲᠡᠯᠡᠭᠰᠡᠨ ᠴᠠᠭ᠄
2023/2/4
       ᠡᠨᠡ ᠤᠳᠠᠭᠠᠨ ᠤ ᠬᠦᠷᠠᠯ ᠲᠣᠯᠢ ᠶᠢᠨ ᠦᠵᠡᠭᠦᠯᠦᠯᠭᠡ ᠳᠤ ᠨᠡᠶᠢᠲᠡ 56 ᠭᠠᠤᠯᠢᠨ ᠲᠣᠯᠢ ᠶᠢ ᠳᠡᠯᠭᠡᠨ ᠦᠵᠡᠬᠦᠯᠤᠨ᠎ᠠ᠃ ᠬᠦᠷᠠᠯ ᠲᠣᠯᠢ ᠪᠣᠯ ᠦᠩᠬᠡ ᠵᠢᠰᠤ ᠪᠠᠨ ᠭᠤᠶᠤᠯᠠᠨ ᠴᠢᠮᠡᠭᠯᠡᠬᠦ ᠳᠤ ᠬᠡᠷᠡᠭᠯᠡᠬᠦ ᠡᠳᠦᠷ ᠲᠤᠳᠦᠮ ᠤᠨ ᠬᠡᠷᠡᠭᠰᠡᠯ ᠪᠣᠯᠬᠤ ᠮᠥᠷᠲᠡᠭᠡᠨ ᠪᠠᠰᠠ ᠨᠠᠷᠢᠯᠢᠭ ᠰᠠᠶᠢᠬᠠᠨ ᠭᠠᠷ ᠤᠷᠠᠯᠠᠯ ᠤᠨ ᠡᠳ᠋ ᠪᠣᠯᠬᠤ ᠶᠤᠮ ᠃ ᠲᠡᠷᠡ ᠨᠢ ᠲᠡᠦᠬᠡ ᠶᠢ ᠪᠤᠳᠤᠭᠰᠢᠷᠠᠭᠤᠯᠤᠨ᠂ ᠰᠣᠶᠣᠯ ᠢ ᠦᠩᠬᠡᠯᠡᠵᠤ᠂ ᠡᠯ᠎ᠡ ᠴᠠᠭ ᠦᠶ᠎ᠡ ᠶᠢᠨ ᠨᠡᠶᠢᠭᠡᠮ ᠤᠨ ᠬᠡᠪ ᠵᠠᠩᠰᠢᠯ ᠪᠠ ᠭᠤᠸ᠎ᠠ ᠲᠠᠭᠠᠰᠢᠶᠠᠯ ᠪᠠ ᠳᠤᠷ᠎ᠠ ᠰᠣᠨᠢᠷᠬᠠᠯ ᠢ ᠲᠤᠰᠬᠠᠵᠤ᠂ ᠲᠡᠦᠬᠡ᠂ ᠰᠢᠨᠵᠢᠯᠡᠬᠦ ᠤᠬᠠᠭᠠᠨ ᠪᠠ ᠤᠷᠠᠯᠢᠭ ᠤᠨ ᠴᠢᠬᠤᠯᠠ ᠦᠨ᠎ᠡ ᠴᠠᠨ᠎ᠠ ᠲᠠᠢ ᠶᠤᠮ᠃ ᠬᠦᠷᠠᠯ ᠢᠶᠠᠷ ᠲᠣᠯᠢ ᠪᠣᠯᠭᠠᠪᠠᠯ᠂ ᠲᠡᠪᠡᠯ ᠮᠠᠯᠠᠭᠠᠢ ᠪᠠᠨ ᠲᠡᠭᠰᠢᠯᠡᠵᠦ ᠪᠤᠯᠤᠮᠤᠢ᠂ ᠲᠡᠤᠬᠡ ᠪᠠᠷ ᠲᠣᠯᠢ ᠪᠣᠯᠭᠠᠪᠠᠯ ᠮᠠᠨᠳᠤᠵᠤ ᠮᠥᠬᠦᠬᠦ ᠶᠢ ᠮᠡᠳᠡᠵᠦ ᠪᠤᠯᠤᠮᠤᠢ᠂ ᠬᠥᠮᠥᠨ ᠢᠶᠠᠷ ᠲᠣᠯᠢ ᠪᠣᠯᠭᠠᠪᠠᠯ᠂ ᠣᠯᠵᠤ ᠠᠯᠳᠠᠬᠤ ᠪᠠᠨ ᠮᠡᠳᠡᠵᠦ ᠪᠤᠯᠤᠮᠤᠢ᠃ᠴᠠᠭ᠄ 2023 ᠣᠨ ᠤ 2 ᠰᠠᠷ᠎ᠠ ᠶᠢᠨ 4 ᠤ ᠡᠳᠦᠷ ᠠᠴᠠ 2 ᠰᠠᠷ᠎ᠠ ᠶᠢᠨ 5 ᠤ ᠡᠳᠦᠷ ᠪᠣᠯᠲᠠᠯ᠎ᠠ ︵ᠴᠠᠭᠠᠨ ᠰᠠᠷ᠎ᠠ ᠶᠢᠨ ᠠᠷᠪᠠᠨ ᠳᠥᠷᠪᠡᠨ ᠠᠴᠠ ᠠᠷᠪᠠᠨ ᠲᠠᠪᠤᠨ ᠪᠤᠯᠳᠠᠯ᠎ᠠ︶ᠭᠠᠵᠠᠷ᠄ ᠬᠦᠷᠡᠯ ᠰᠣᠶᠣᠯ ᠤᠨ ᠠᠭᠤᠳᠠᠮ ᠲᠠᠯᠠᠪᠠᠶ
1.0.jpg
  
ᠢᠷᠡᠯᠲᠡ᠄ ᠲᠤᠰ ᠰᠦᠯᠵᠢᠶ᠎ᠠ