3 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ 2023 ᠣᠨ ᠤ ᠦᠵᠡᠯ ᠰᠠᠨᠠᠭ᠎ᠠ ᠰᠤᠶᠤᠯ ᠤᠬᠠᠭᠤᠯᠭ᠎ᠠ ᠶᠢᠨ ᠠᠵᠢᠯ ᠤᠨ ᠬᠤᠷᠠᠯ ᠢ ᠡᠷᠬᠢᠯᠡᠨ | ᠬᠤᠷᠠᠯᠳᠤᠭᠤᠯᠪᠠ᠃ ᠬᠤᠷᠠᠯ ᠳᠡᠭᠡᠷ᠎ᠡ᠂ ᠪᠦᠬᠦ ᠤᠯᠤᠰ᠂ ᠦᠪᠡᠷᠳᠡᠭᠡᠨ ᠵᠠᠰᠠᠬᠤ ᠤᠷᠤᠨ᠂ ᠪᠦᠬᠦ ᠬᠤᠳᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ | ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠨ ᠲᠤᠤᠱᠯᠠᠭᠤᠯᠵᠤ᠂ 2022 ᠣᠨ ᠤ ᠪᠦᠬᠦ ᠲᠤᠭᠤᠷᠢᠭ ᠤᠨ ᠦᠵᠡᠯ ᠰᠠᠨᠠᠭ᠎ᠠ ᠰᠤᠶᠤᠯ ᠤᠬᠠᠭᠤᠯᠭ᠎ᠠ ᠶᠢᠨ | ᠠᠵᠢᠯ ᠢ ᠡᠷᠭᠢᠴᠡᠭᠦᠯᠦᠨ ᠳ᠋ᠦᠩᠨᠡᠵᠦ᠂ 2023 ᠣᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠡᠨᠡ ᠵᠢᠯ ᠤᠨ ᠦᠵᠡᠯ ᠰᠠᠨᠠᠭ᠎ᠠ ᠰᠣᠶᠣᠯ ᠤᠬᠠᠭᠤᠯᠭ᠎ᠠ ᠶᠢᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ | ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠭᠤᠣᠯ ᠰᠢᠵᠢᠮ ᠲᠠᠢ ᠨᠢᠭᠲᠠ ᠤᠶᠠᠯᠳᠤᠭᠤᠯᠤᠨ᠂ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ | ᠡᠬᠦᠳᠦᠭᠰᠡᠨ ᠣᠨᠣᠯ ᠢᠶᠠᠷ ᠪᠦᠬᠦ ᠨᠠᠮ ᠢ ᠵᠡᠪᠰᠡᠭᠯᠡᠵᠦ᠂ ᠠᠷᠠᠳ ᠲᠦᠮᠡᠨ ᠢ ᠰᠤᠷᠭᠠᠨ ᠬᠥᠮᠥᠵᠢᠭᠦᠯᠵᠦ᠂ ᠦᠢᠯᠡᠳᠦᠯᠭᠡ ᠶᠢ ᠵᠢᠯᠣᠭᠤᠳᠤᠭᠤᠯᠵᠤ᠂ ︽ᠲᠠᠪᠤᠨ ᠶᠡᠭᠡ | ᠡᠭᠦᠷᠭᠡ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ | ᠪᠠᠶᠢᠭᠤᠯᠵᠤ᠂ ᠬᠤᠲᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠶᠢᠰᠦᠳᠦᠭᠡᠷ | ᠬᠤᠭᠤᠴᠠᠭᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠭ ᠢᠶᠠᠨ ᠦᠨᠳᠦᠷ ᠮᠠᠨᠳᠤᠭᠤᠯᠬᠤ᠂ | ᠠᠷᠠᠳ ᠤᠨ ᠰᠡᠳᠬᠢᠯ ᠢ ᠨᠢᠭᠳᠠᠷᠠᠭᠤᠯᠬᠤ᠂ ᠰᠢᠨ᠎ᠡ ᠬᠥᠮᠥᠨ ᠢ ᠬᠦᠮᠦᠵᠢᠬᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠬᠠᠷᠠᠭᠤᠯᠬᠤ ᠡᠭᠦᠷᠭᠡ | ᠬᠠᠷᠢᠭᠤᠴᠠᠯᠭ᠎ᠠ ᠶᠢ ᠪᠦᠬᠦ ᠲᠠᠯ᠎ᠠ ᠪᠠᠷ ᠦᠢᠯᠡᠳᠦᠯᠭᠡᠵᠢᠭᠦᠯᠵᠦ᠂ ᠣᠨᠴᠠᠯᠢᠭ ᠢ ᠡᠭᠦᠳᠬᠦ᠂ ᠬᠢᠯᠠᠰ ᠴᠡᠭ ᠢ ᠭᠠᠷᠭᠠᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠠᠷ | ᠬᠦᠴᠦᠯᠡᠵᠦ᠂ ᠰᠢᠨ᠎ᠡ ᠳᠦᠷᠰᠦ ᠪᠠᠶᠢᠳᠠᠯ ᠰᠢᠨ᠎ᠡ ᠵᠢᠳᠬᠦᠯ ᠴᠢᠷᠮᠠᠶᠢᠯᠭ᠎ᠠ ᠪᠠᠷ ᠦᠵᠡᠯ ᠰᠠᠨᠠᠭ᠎ᠠ ᠰᠤᠶᠤᠯ ᠤᠬᠠᠭᠤᠯᠭ᠎ᠠ ᠶᠢᠨ ᠠᠵᠢᠯ ᠤᠨ ᠰᠢᠨ᠎ᠡ ᠪᠠᠶᠢᠳᠠᠯ ᠢ | ᠡᠭᠦᠳᠴᠦ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ | ᠰᠠᠨᠠᠭᠠᠨ ᠤ ᠬᠦᠳᠡᠯᠬᠡᠬᠦ ᠬᠦᠴᠦᠨ ᠢ ᠬᠠᠩᠭᠠᠨ᠎ᠠ᠃ | ᠬᠤᠷᠠᠯ ᠠᠴᠠ᠂ ᠨᠢᠭᠡ ᠭᠤᠣᠯ ᠰᠢᠵᠢᠮ ᠢ ᠳᠤᠪᠤᠶᠢᠯᠭᠠᠵᠤ᠂ ᠦᠨᠳᠦᠰᠦ ᠰᠠᠭᠤᠷᠢ ᠪᠠᠨ ᠪᠠᠬᠢᠵᠢᠬᠦᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠬᠠᠮᠳᠤᠳᠬᠠᠬᠤ ᠬᠡᠪ ᠪᠠᠶᠢᠳᠠᠯ ᠢ ᠪᠤᠢ ᠪᠣᠯᠭᠠᠬᠤ ᠬᠡᠷᠡᠭᠲᠡᠢ᠃ ᠨᠢᠭᠡ ᠪᠠᠬᠢᠯᠡᠯᠳᠡ ᠶᠢᠨ ᠭᠠᠵᠠᠷ ᠢ ᠪᠠᠬᠢᠵᠢᠭᠦᠯᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ | ᠬᠠᠮᠲᠤᠳᠬᠠᠵᠤ᠂ ᠪᠦᠯᠬᠦᠮᠳᠡᠨ ᠲᠡᠮᠡᠴᠡᠬᠦ ᠰᠢᠨ᠎ᠡ ᠬᠦᠴᠦᠷᠬᠡᠭ ᠳᠠᠭᠤᠨ ᠢ ᠬᠠᠩᠭᠢᠨᠠᠭᠤᠯᠬᠤ ᠬᠡᠷᠡᠭᠲᠡᠢ᠃ ᠨᠢᠭᠡ ᠤᠳᠠᠭᠠᠨ ᠤ ᠶᠡᠭᠡ ᠰᠢᠯᠭᠠᠯᠲᠠ ᠶᠢ ᠤᠭᠲᠤᠵᠤ᠂ | ᠬᠤᠳᠠ ᠶᠢᠨ ᠪᠣᠯᠪᠠᠰᠤᠨ᠂ ᠨᠡᠶᠢᠭᠡᠮ ᠤᠨ ᠲᠠᠪᠰᠢᠯᠳᠠ ᠶᠢᠨ ᠰᠢᠨ᠎ᠡ ᠬᠡᠪ ᠳᠠᠭᠤᠷᠢᠶᠠᠯ ᠢ ᠪᠤᠢ ᠪᠣᠯᠭᠠᠬᠤ ᠬᠡᠷᠡᠭᠲᠡᠢ᠃ ᠨᠢᠭᠡ ᠨᠡᠷᠡᠳᠤ ᠳᠡᠮᠳᠡᠭᠳᠤ ᠶᠢ ᠡᠭᠦᠳᠴᠦ᠂ | ᠳᠣᠲᠣᠭᠠᠳᠤ ᠭᠠᠳᠠᠭᠠᠳᠤ ᠶᠢ ᠵᠡᠷᠭᠡᠪᠡᠷ ᠪᠣᠯᠪᠠᠰᠤᠷᠠᠭᠤᠯᠵᠤ᠂ ᠥᠪᠡᠷᠮᠢᠴᠡ ᠣᠨᠴᠠᠯᠢᠭ ᠲᠠᠢ ᠰᠢᠨ᠎ᠡ ᠳᠦᠷᠢ ᠲᠥᠷᠬᠦ ᠶᠢ ᠢᠯᠡᠷᠡᠭᠦᠯᠬᠦ ᠬᠡᠷᠡᠭᠲᠡᠢ᠃ ᠨᠢᠭᠡ ᠵᠦᠢᠯ ᠤᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠷᠡᠭᠦᠯ ᠲᠣᠭᠲᠠᠭᠤᠨ᠂ ᠠᠮᠤᠷ ᠲᠦᠪᠰᠢᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ᠃ ︽ᠨᠢᠭᠡᠨ ᠡᠩᠨᠡᠭᠡ︾ ᠶᠢ ᠳᠠᠪᠲᠠᠨ | ᠪᠣᠯᠪᠠᠰᠤᠷᠠᠭᠤᠯᠵᠤ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ᠂ ᠲᠡᠷᠢᠭᠦᠨ ᠳᠤ ᠣᠷᠣᠬᠤ ᠪᠠᠷ ᠴᠢᠷᠮᠠᠶᠢᠵᠤ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ | ᠰᠢᠨ᠎ᠡ ᠴᠠᠭ ᠦᠶ᠎ᠡ ᠶᠢᠨ ᠳ᠋ᠦᠩᠱᠧᠩ ᠤᠨ ᠦᠵᠡᠯ ᠰᠠᠨᠠᠭ᠎ᠠ ᠰᠣᠶᠣᠯ ᠤᠬᠠᠭᠤᠯᠭ᠎ᠠ ᠶᠢᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠪᠣᠳᠠᠲᠤ | ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠳ᠋ᠦᠩᠱᠧᠩ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ | ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃ | ᠬᠤᠷᠠᠯ ᠳᠡᠭᠡᠷ᠎ᠡ ᠪᠠᠰᠠ 2022 ᠣᠨ ᠤ ᠪᠦᠬᠦ ᠲᠤᠭᠤᠷᠢᠭ ᠤᠨ ᠦᠵᠡᠯ ᠰᠠᠨᠠᠭ᠎ᠠ ᠰᠣᠶᠣᠯ ᠤᠬᠠᠭᠤᠯᠭ᠎ᠠ ᠶᠢᠨ ᠠᠵᠢᠯ ᠤᠨ ᠲᠡᠷᠢᠭᠦᠨ ᠤ ᠬᠠᠮᠲᠤ ᠨᠡᠶᠢᠳᠡ | ᠪᠣᠯᠣᠨ ᠬᠤᠪᠢ ᠬᠥᠮᠥᠨ ᠢ ᠬᠥᠬᠢᠭᠦᠯᠦᠨ ᠰᠠᠶᠢᠰᠢᠶᠠᠪᠠ᠃ | | | |