ᠳ᠋ᠦᠩᠱᠧᠩ ᠲᠣᠭᠤᠷᠢᠭ 2023 ᠣᠨ ᠤ ᠠᠩᠬᠠᠳᠤᠭᠠᠷ ᠤᠳᠠᠭᠠᠨ ᠤ ᠬᠤᠳᠠ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠷᠠᠯ ᠪᠠ ᠬᠤᠶᠠᠳᠤᠭᠠᠷ ᠤᠳᠠᠭᠠᠨ  ᠤ ᠭᠠᠵᠠᠷ ᠰᠢᠷᠣᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/14
     3 ᠰᠠᠷ᠎ᠠ ᠶᠢᠨ 13 ᠤ ᠡᠳᠦᠷ᠂ ᠲᠤᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠳ᠋ᠦᠩᠱᠧᠩ ᠲᠣᠭᠤᠷᠢᠭ ᠤᠨ 2023 ᠣᠨ ᠤ ᠠᠩᠬᠠᠳᠤᠭᠠᠷ ᠤᠳᠠᠭᠠᠨ ᠤ ᠬᠤᠳᠠ ᠶᠢᠨ ᠲᠥᠯᠦᠪᠵᠢᠭᠦᠯᠭᠡ ᠶᠢᠨ ᠵᠥᠪᠯᠡᠯ ᠤᠨ ᠬᠤᠷᠠᠯ ᠪᠠ ᠬᠤᠶᠠᠳᠤᠭᠠᠷ ᠤᠳᠠᠭᠠᠨ ᠤ ᠭᠠᠵᠠᠷ ᠰᠢᠷᠣᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃     ᠬᠤᠷᠠᠯ ᠳᠡᠭᠡᠷ᠎ᠡ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢ ᠪᠦᠷᠢᠨᠰᠢᠬᠦᠯᠬᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠳᠠᠬᠢ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ᠂ ᠵᠥᠪᠰᠢᠶᠡᠷᠡᠭᠰᠡᠨ ᠪᠠᠶᠢᠲᠠᠯ᠎ᠠ ᠬᠠᠩᠭᠠᠭᠰᠠᠨ ᠦᠭᠡᠢ ᠪᠠ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠶᠡᠭᠡ ᠪᠠᠷ ᠰᠢᠢᠳᠪᠦᠷᠢᠯᠡᠬᠦ ᠵᠡᠷᠭᠡ ᠲᠠᠯ᠎ᠠ ᠶᠢᠨ ᠭᠠᠷ ᠭᠦᠢᠴᠡᠳᠬᠡᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃     ᠬᠤᠷᠠᠯ ᠠᠴᠠ᠂ ᠣᠳᠣᠬᠠᠨ ᠳᠤ ᠶᠠᠭ ᠲᠦᠷᠦᠯ ᠵᠦᠢᠯ ᠤᠨ ᠭᠠᠷᠳᠠᠮ ᠢ ᠲᠥᠪᠯᠡᠷᠡᠭᠦᠯᠦᠨ ᠭᠦᠢᠴᠡᠳᠬᠡᠬᠦ ᠵᠠᠩᠭᠢᠯᠠᠭ᠎ᠠ ᠶᠢᠨ ᠦᠶ᠎ᠡ ᠪᠠ ᠪᠣᠭᠤᠮᠲᠠ ᠰᠢᠪᠲᠤᠯᠬᠤ ᠬᠤᠭᠤᠴᠠᠭ᠎ᠠ ᠪᠣᠯᠣᠨ᠎ᠠ᠃ ᠡᠯ᠎ᠡ ᠬᠠᠮᠢᠶ᠎ᠠ ᠪᠦᠬᠦᠢ ᠨᠢᠭᠡᠴᠡ ᠪᠠ ᠰᠠᠯᠠᠭ᠎ᠠ ᠮᠥᠴᠢᠷ ᠤᠳ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠤᠶᠢᠯ ᠤᠨ ᠲᠥᠬᠦᠮ︾ ᠪᠠ ︽ᠲᠤᠶᠢᠯ ᠤᠨ ᠰᠢᠯᠢᠳᠡᠭ︾ ᠢᠶᠠᠷ ᠬᠠᠷᠠᠯᠲᠠ ᠪᠣᠯᠭᠠᠨ᠂ ᠲᠥᠷᠥᠯ ᠵᠦᠢᠯ ᠤᠨ ᠭᠠᠷᠳᠠᠮ ᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ  ᠬᠡᠷᠡᠭᠲᠡᠢ᠃ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠭᠤᠣᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠬᠤᠯᠪᠤᠭᠠᠯᠠᠨ ᠬᠥᠳᠡᠯᠦᠯᠴᠡᠵᠦ ᠬᠢᠨᠠᠨ ᠵᠥᠪᠰᠢᠶᠡᠷᠡᠬᠦ ᠪᠠᠷ ᠭᠠᠷᠳᠠᠴᠠ ᠪᠣᠯᠭᠠᠨ᠂ ᠲᠥᠷᠥᠯ ᠵᠦᠢᠯ ᠤᠨ ᠭᠠᠷᠳᠠᠮ ᠤᠨ ︽ᠬᠠᠪᠰᠤᠷᠤᠨ ᠭᠦᠢᠴᠡᠳᠬᠡᠬᠦ︾ ︽ᠣᠷᠣᠯᠠᠨ ᠭᠦᠢᠴᠡᠳᠬᠡᠬᠦ︾ ᠲᠣᠭᠲᠠᠴᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶᠢᠭᠤᠯᠬᠤ᠂ ᠡᠷᠲᠡ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠨ ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂      ︽ᠲᠡᠦᠬᠡ ᠶᠢ ᠬᠦᠨᠳᠦᠳᠬᠡᠨ᠂ ᠪᠤᠳᠠᠳᠠᠢ ᠲᠠᠢ ᠤᠶᠠᠯᠳᠤᠭᠤᠯᠵᠤ᠂ ᠬᠠᠤᠯᠢ ᠲᠣᠭᠲᠠᠭᠠᠯ ᠳᠤ ᠨᠡᠶᠢᠴᠡᠬᠦ︾ ᠵᠠᠷᠴᠢᠮ ᠶᠣᠰᠣᠭᠠᠷ᠂ ᠪᠠᠶᠢᠭᠤᠯᠵᠤ ᠪᠠᠶᠢᠭ᠎ᠠ ᠪᠠᠷᠢᠯᠭ᠎ᠠ᠂ ᠭᠠᠵᠠᠷ ᠰᠢᠷᠣᠢ ᠶᠢ ᠨᠡᠭᠡᠭᠡᠨ ᠠᠰᠢᠭᠯᠠᠬᠤ ᠵᠡᠷᠭᠡ ᠬᠦᠷᠢᠶ᠎ᠡ ᠴᠠᠷᠠᠨ ᠳᠠᠬᠢ ᠭᠠᠷᠳᠠᠮ ᠢ ᠭᠦᠢᠴᠡᠳᠬᠡᠬᠦ ᠳᠤ ᠦᠯᠡᠳᠡᠭᠳᠡᠯ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠬᠤ ᠬᠡᠷᠡᠭᠲᠡᠢ᠃ ︽ᠲᠠᠪᠤ ᠶᠢ ᠲᠤᠶᠢᠯᠪᠤᠷᠢᠳᠠᠢ ᠪᠠᠶᠢᠴᠠᠭᠠᠬᠤ︾ ᠠᠵᠢᠯᠯᠠᠭ᠎ᠠ ᠶᠢᠨ ᠭᠠᠷᠳᠠᠮ ᠢ ᠭᠦᠢᠴᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠵᠥᠪᠰᠢᠶᠡᠷᠡᠭᠦᠯᠬᠦ ᠪᠠᠷ ᠪᠠᠶᠢᠭ᠎ᠠ ᠲᠦᠷᠦᠯ ᠵᠦᠢᠯ ᠢ ᠴᠠᠭ ᠬᠢᠵᠠᠭᠠᠷᠯᠠᠨ ᠭᠦᠢᠴᠡᠳᠬᠡᠵᠦ᠂ ︽ᠬᠠᠭᠠᠰ ᠳᠤᠲᠠᠭᠤ︾ ᠢᠨᠵᠧᠨᠧᠷᠢᠩ ᠢ ᠡᠮᠬᠢ ᠵᠢᠷᠤᠮ ᠲᠠᠢ ᠠᠬᠢᠭᠤᠯᠵᠤ᠂ ᠵᠥᠪᠰᠢᠶᠡᠷᠡᠭᠰᠡᠨ ᠪᠣᠯᠪᠠᠴᠤ ᠬᠠᠩᠭᠠᠭᠠᠳᠤᠢ᠂ ᠰᠤᠯᠠ ᠪᠠᠶᠢᠭ᠎ᠠ ᠭᠠᠵᠠᠷ ᠰᠢᠷᠣᠢ ᠶᠢ ᠲᠦᠷᠭᠡᠨ ᠰᠢᠢᠳᠪᠦᠷᠢᠯᠡᠵᠦ᠂ ᠲᠣᠭᠲᠠᠭᠰᠠᠨ ᠬᠤᠭᠤᠴᠠᠭᠠᠨ ᠳᠤ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃
ᠢᠷᠡᠯᠲᠡ᠄ ᠳᠤᠰ ᠰᠦᠯᠵᠢᠶ᠎ᠡ