3 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ 2023 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠡᠭᠡᠷ᠎ᠠ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ | ᠤᠬᠠᠭᠤᠯᠬᠤ ᠬᠡᠯᠳᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠪᠠ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠶᠢᠨ ︽ᠱᠠᠯᠢᠭ | ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ | ᠬᠢᠨᠠᠮᠠᠭᠠᠢ ᠰᠤᠷᠤᠯᠴᠠᠨ ᠲᠤᠤᠱᠯᠠᠭᠤᠯᠵᠤ᠂ 2022 ᠣᠨ ᠤ ᠳ᠋ᠦᠩᠱᠧᠩ ᠲᠣᠭᠤᠷᠢᠭ ᠤᠨ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ | ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠢ ᠳ᠋ᠦᠩᠨᠡᠵᠦ᠂ 2023 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ | ᠴᠣᠬᠢᠯᠲᠠ ᠥᠭᠬᠦ︾ ᠠᠵᠢᠯ ᠤᠨ ᠡᠭᠦᠷᠭᠡ ᠶᠢ ᠪᠠᠶᠢᠷᠢᠯᠠᠭᠤᠯᠪᠠ᠃ | ᠬᠤᠷᠠᠯ ᠠᠴᠠ᠂ ᠪᠠᠶᠢᠳᠠᠯ ᠢ ᠲᠣᠳᠣᠷᠬᠠᠢ ᠲᠠᠨᠢᠵᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ | ᠠᠵᠢᠯ ᠢ ᠰᠠᠶᠢᠲᠤᠷ ᠬᠢᠬᠦ ᠡᠭᠦᠷᠭᠡᠲᠦ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠰᠢᠨ᠎ᠡ ᠪᠠᠶᠢᠳᠠᠯ᠂ ᠰᠢᠨ᠎ᠡ | ᠥᠷᠢᠰᠦᠯᠳᠦᠭᠡᠨ ᠤ ᠡᠮᠦᠨ᠎ᠡ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠳᠡᠭᠡᠭᠰᠢᠯᠡᠬᠦᠯᠦᠨ᠂ | ᠲᠡᠮᠡᠴᠡᠯ ᠤᠨ ᠵᠣᠷᠢᠭ ᠰᠠᠨᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠬᠤ ᠳᠤᠮᠳᠠ ᠭᠤᠤᠯᠯᠠᠭᠴᠢ ᠡᠷᠬᠡ ᠶᠢ ᠪᠠᠲᠤ ᠡᠵᠡᠮᠳᠡᠨ᠂ | ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠪᠣᠯᠣᠨ ᠰᠣᠶᠣᠯ ᠤᠨ ᠠᠮᠤᠷ ᠲᠦᠪᠰᠢᠨ ᠢ ᠬᠦᠴᠦᠲᠡᠢ ᠪᠠᠲᠤᠯᠠᠬᠤ ᠬᠡᠷᠡᠭᠲᠡᠢ᠃ ᠭᠤᠣᠯᠳᠠᠯᠭ᠎ᠠ ᠶᠢ | ᠲᠣᠪᠤᠶᠢᠯᠭᠠᠨ᠂ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠪᠥᠬᠦ ᠬᠦᠴᠦᠨ ᠢᠶᠠᠷ ᠪᠠᠲᠤᠯᠠᠵᠤ᠂ ᠤᠯᠤᠰ ᠲᠥᠷᠥ ᠶᠢᠨ ᠴᠢᠨᠠᠷᠲᠠᠢ ᠬᠦᠨᠦᠬᠡᠯᠳᠤ ᠬᠡᠪᠯᠡᠭᠳᠡᠬᠦᠨ ᠤ ᠲᠠᠷᠬᠠᠭᠠᠯᠲᠠ ᠳᠤ ᠴᠣᠬᠢᠯᠲᠠ ᠥᠭᠬᠦ ︽ᠪᠣᠭᠤᠮᠲᠠ | ᠰᠢᠪᠲᠤᠯᠬᠤ ᠳᠠᠶᠢᠯᠠᠯᠳᠤᠭᠠᠨ︾ ᠢ ᠦᠨᠡᠨᠬᠦ ᠰᠠᠶᠢᠲᠤᠷ ᠬᠢᠵᠦ᠂ ᠰᠦᠯᠵᠢᠶᠡᠨ ᠤ ᠣᠷᠣᠨ ᠵᠠᠢ ᠶᠢᠨ ︽ᠪᠠᠬᠢᠯᠡᠯᠳᠡ ᠶᠢᠨ ᠳᠠᠶᠢᠯᠠᠯᠳᠤᠭᠠᠨ︾ ᠢ ᠦᠨᠡᠨᠬᠦ ᠰᠠᠶᠢᠲᠤᠷ | ᠬᠢᠵᠦ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ︽ᠤᠳᠠᠭᠠᠨ ᠳᠠᠭᠠᠭᠠᠮᠠᠭᠠᠢ ᠳᠠᠶᠢᠯᠠᠯᠳᠤᠭᠠᠨ︾ ᠢ ᠦᠨᠡᠨᠬᠦ ᠰᠠᠶᠢᠲᠤᠷ ᠬᠢᠬᠦ ᠬᠡᠷᠡᠭᠲᠡᠢ᠃ ᠬᠠᠮᠵᠢᠯᠴᠠᠭ᠎ᠠ ᠪᠠᠨ | ᠴᠢᠩᠭᠠᠳᠬᠠᠵᠤ᠂ ︽ᠱᠠᠯᠢᠭ ᠵᠠᠪᠠᠭ᠋ᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠬᠠᠮᠵᠢᠯᠴᠠᠨ ᠬᠠᠪᠰᠤᠷᠤᠯᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠶᠢ ᠴᠢᠩᠭᠠᠳᠬᠠᠵᠤ᠂ ᠪᠦᠬᠦ ᠶᠠᠪᠤᠴᠠ ᠪᠦᠬᠦ ᠬᠡᠯᠬᠢᠶᠡᠵᠢᠯ ᠤᠨ ᠲᠤᠰᠬᠠᠢ ᠵᠠᠰᠠᠯᠲᠠ ᠶᠢ ᠠᠬᠢᠭᠤᠯᠵᠤ᠂ ᠠᠭᠤᠰᠤᠯᠴᠠᠨ ᠬᠥᠭᠵᠢᠬᠦ | ᠣᠶᠢᠯᠠᠭᠠᠭᠳᠠᠬᠤᠨ ᠢ ᠪᠤᠢ ᠪᠤᠯᠭᠠᠨ᠂ ᠬᠠᠤᠯᠢ ᠲᠣᠭᠲᠠᠭᠠᠯ ᠲᠦᠷᠦ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ ᠲᠦᠭᠡᠮᠡᠯᠵᠢᠭᠦᠯᠬᠦ ᠶᠢ ᠴᠢᠩᠭᠠᠳᠬᠠᠵᠤ᠂ ᠤᠯᠠᠨ | ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠡᠯ᠎ᠡ ᠲᠦᠷᠦᠯ ᠤᠨ ᠬᠠᠤᠯᠢ ᠪᠤᠰᠤ ᠬᠡᠪᠯᠡᠭᠳᠡᠬᠦᠨ ᠪᠠ ᠰᠣᠶᠣᠯ ᠤᠨ ᠬᠤᠭ ᠨᠣᠪᠰᠢ ᠶᠢ ᠤᠬᠠᠮᠰᠠᠷ ᠠᠴᠠ ᠪᠠᠨ | ᠡᠰᠡᠷᠭᠦᠴᠡᠬᠦ ᠬᠡᠷᠡᠭᠲᠡᠢ᠃ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠡᠷᠴᠢ ᠵᠣᠷᠢᠭ ᠢᠶᠠᠨ ᠬᠥᠪᠴᠢᠯᠡᠨ ᠡᠷᠡᠯᠬᠡᠭᠯᠡᠨ ᠤᠷᠤᠭᠰᠢᠯᠠᠵᠤ᠂ | ᠬᠠᠷᠢᠭᠤᠴᠠᠯᠭᠠᠲᠤ ᠣᠪᠣᠷ ᠢᠶᠠᠷ ᠡᠭᠦᠷᠭᠡ ᠬᠠᠷᠢᠭᠤᠴᠠᠯᠭ᠎ᠠ ᠪᠠᠨ ᠡᠬᠦᠷᠭᠡᠯᠡᠨ᠂ ᠭᠤᠣᠯᠳᠠᠯᠭ᠎ᠠ ᠲᠠᠢ ᠬᠦᠴᠢᠷ ᠠᠰᠠᠭᠤᠳᠠᠯ ᠳᠤ ᠴᠢᠭᠯᠡᠬᠦᠯᠦᠨ ᠲᠠᠪᠤᠨ ᠶᠡᠭᠡ | ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠡᠯ᠎ᠡ ᠲᠤᠰᠬᠠᠢ ᠲᠦᠷᠦᠯ ᠤᠨ ᠴᠡᠭᠴᠡᠯᠡᠨ ᠵᠠᠰᠠᠯᠲᠠ ᠶᠢ ᠤᠨᠤᠴᠢᠳᠠᠢ ᠬᠡᠷᠡᠭᠵᠢᠬᠦᠯᠦᠨ᠂ ᠠᠷᠭ᠎ᠠ ᠪᠠᠷᠢᠯ ᠤᠨ ᠰᠢᠨ᠎ᠡ ᠶᠢ | ᠡᠭᠦᠳᠴᠦ᠂ ᠬᠠᠤᠯᠢᠵᠢᠯ ᠤᠨ ᠴᠡᠭᠴᠡᠯᠡᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠬᠦᠯᠦᠨ᠂ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠪᠣᠯᠣᠨ | ᠬᠤᠳᠠ ᠶᠢᠨ ᠨᠠᠮ ᠤᠨ ᠬᠤᠷᠢᠶ᠎ᠠ ᠶᠢᠨ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢᠨ ᠲᠥᠯᠥᠭᠡ᠂ ᠳ᠋ᠦᠩᠱᠧᠩ ᠤᠨ ᠴᠢᠨᠠᠷ ᠰᠠᠶᠢᠲᠠᠢ | ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠨ ᠰᠠᠶᠢᠬᠠᠨ ᠨᠡᠶᠢᠭᠡᠮ ᠤᠨ ᠰᠣᠶᠣᠯ ᠤᠨ ᠣᠷᠴᠢᠨ ᠲᠣᠭᠤᠷᠢᠨ ᠢ ᠪᠤᠢ ᠪᠤᠯᠭᠠᠬᠤ ᠬᠡᠷᠡᠭᠳᠠᠢ ᠭᠡᠵᠤ | ᠴᠢᠬᠤᠯᠠᠴᠢᠯᠠᠪᠠ᠃ | |