3 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ 2023 ᠣᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠬᠤᠷᠠᠯ ᠢ ᠬᠤᠷᠠᠯᠳᠤᠭᠤᠯᠪᠠ᠃ | | | | ᠬᠤᠷᠠᠯ ᠳᠡᠭᠡᠷ᠎ᠡ᠂ ᠥᠩᠭᠡᠷᠡᠭᠰᠡᠨ ᠨᠢᠭᠡ ᠵᠢᠯ ᠤᠨ ᠠᠵᠢᠯ ᠢ ᠳ᠋ᠦᠩᠨᠡᠵᠦ᠂ ᠡᠨᠡ ᠵᠢᠯ ᠤᠨ ᠠᠵᠢᠯ ᠳᠤ ᠳᠤᠬᠢᠷᠠᠭᠤᠯᠤᠯᠳᠠ ᠪᠠᠶᠢᠷᠢᠯᠠᠭᠤᠯᠤᠯᠳᠠ ᠬᠢᠪᠡ᠃ | ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠠᠴᠠ ᠠᠵᠢᠯ ᠤᠨ ᠮᠡᠳᠡᠭᠦᠯᠦᠯᠲᠡ ᠬᠢᠵᠦ᠂ ᠳ᠋ᠦᠩᠱᠧᠩ ᠲᠣᠭᠤᠷᠢᠭ ᠤᠨ ᠰᠤᠷᠭᠠᠨ | ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ᠂ ᠲᠣᠭᠤᠷᠢᠭ ᠤᠨ ᠡᠪᠯᠡᠯ ᠤᠨ | ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠬᠠᠷᠢᠭᠤᠴᠠᠯᠭᠠᠳᠠᠳ ᠳᠤᠰ ᠳᠤᠰ ᠶᠠᠷᠢᠶ᠎ᠠ ᠳᠠᠯᠪᠢᠭᠰᠠᠨ ᠪᠦᠭᠡᠳ ᠬᠤᠶᠢᠴᠢ ᠦᠶ᠎ᠡ ᠪᠠᠨ | ᠬᠠᠯᠠᠮᠵᠢᠯᠠᠭᠰᠠᠨ ᠲᠡᠷᠢᠭᠦᠨ ᠤ ᠬᠠᠮᠲᠤ ᠨᠡᠶᠢᠳᠡ ᠪᠣᠯᠣᠨ ᠲᠡᠷᠢᠭᠦᠨ ᠤ ᠠᠵᠢᠯᠳᠠᠳ ᠢ ᠬᠥᠬᠢᠭᠦᠯᠦᠨ ᠰᠠᠶᠢᠰᠢᠶᠠᠪᠠ᠃ | ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠪᠠᠯᠭᠠᠰᠤ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠣᠨ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ᠡᠯ᠎ᠡ ᠪᠦᠷᠢᠯᠳᠦᠭᠦᠨ | ᠨᠢᠭᠡᠴᠡ ᠪᠣᠯᠣᠨ ᠥᠷᠭᠡᠨ ᠤᠯᠠᠨ ︽ᠲᠠᠪᠤᠨ ᠠᠬᠠᠮᠠᠳ︾ ᠨᠦᠬᠦᠳ ᠦᠵᠡᠯ ᠰᠠᠨᠠᠭ᠎ᠠ ᠲᠠᠨᠢᠯᠲᠠ ᠪᠠᠨ ᠴᠢᠨᠠᠭᠰᠢᠳᠠ ᠳᠡᠭᠡᠭᠰᠢᠯᠡᠭᠦᠯᠵᠦ᠂ ᠪᠦᠬᠦ ᠲᠤᠭᠤᠷᠢᠭ ᠤᠨ | ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ᠰᠢᠰᠲ᠋ᠧᠮ ᠪᠣᠯᠣᠨ ᠥᠷᠭᠡᠨ ᠤᠯᠠᠠ ᠵᠠᠯᠠᠭᠤᠴᠤᠳ ᠪᠠᠭᠠᠴᠤᠳ ᠲᠤ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠰᠢᠷᠢᠰ ᠠᠵᠢᠯᠯᠠᠭ᠎ᠠ ᠶᠢ ᠥᠷᠨᠢᠭᠦᠯᠬᠦ ᠬᠡᠷᠡᠭᠲᠡᠢ᠃ ᠵᠠᠯᠠᠭᠤᠴᠤᠳ ᠪᠠᠭᠠᠴᠤᠳ ᠢ ᠰᠤᠷᠭᠠᠨ ᠬᠥᠮᠥᠵᠢᠭᠦᠯᠵᠦ | ᠬᠥᠲᠥᠯᠥᠨ ᠵᠢᠯᠤᠭᠤᠳᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠳᠡᠷᠭᠡᠳᠡᠬᠢ ᠬᠤᠪᠢᠰᠬᠠᠯ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠰᠠᠶᠢᠲᠤᠷ | ᠠᠰᠢᠭᠯᠠᠨ᠂ ᠵᠠᠯᠠᠭᠤᠴᠤᠳ ᠪᠠᠭᠠᠴᠤᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠦᠢᠯᠡᠰ ᠤᠨ ᠨᠠᠶᠢᠳᠠᠪᠤᠷᠢᠲᠠᠢ ᠵᠠᠯᠭᠠᠮᠵᠢᠯᠠᠭᠴᠢ ᠪᠣᠯᠭᠠᠬᠤ | ᠬᠡᠷᠡᠭᠲᠡᠢ᠃ ᠵᠠᠯᠠᠭᠤᠴᠤᠳ ᠪᠠᠭᠠᠴᠤᠳ ᠤᠨ ᠦᠰᠦᠨ ᠪᠣᠶᠢᠵᠢᠵᠤ ᠴᠢᠳᠠᠪᠤᠷᠢᠲᠠᠨ ᠪᠣᠯᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠬᠦ ᠬᠦᠴᠦ ᠪᠠᠷ ᠢᠶᠠᠨ ᠪᠤᠢ | ᠪᠣᠯᠭᠠᠵᠤ᠂ ᠵᠠᠯᠠᠭᠤᠴᠤᠳ ᠪᠠᠭᠠᠴᠤᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠲᠡᠳᠡᠨ ᠢ ᠬᠠᠪᠰᠤᠷᠤᠨ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠵᠦ ᠥᠭᠬᠦ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠳᠡᠰ ᠤᠨ ᠬᠤᠰᠢᠭᠤ ᠲᠤᠭᠤᠷᠢᠭ ᠤᠨ ︽ᠲᠠᠪᠤᠨ ᠰᠠᠶᠢᠨᠲᠠᠢ︾ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ | ᠵᠥᠪᠯᠡᠯ ᠢ ᠢᠳᠡᠪᠬᠢᠲᠡᠢ ᠪᠠᠷ ᠡᠭᠦᠳᠦᠨ ᠪᠠᠶᠢᠭᠤᠯᠵᠤ᠂ ᠬᠠᠮᠤᠭ ᠤᠨ ᠰᠢᠨ᠎ᠡ ᠡᠭᠦᠳᠦᠨ ᠪᠠᠶᠢᠭᠤᠯᠬᠤ ᠪᠠᠷᠢᠮᠵᠢᠶ᠎ᠠ ᠲᠠᠢ ᠬᠠᠷᠢᠴᠠᠭᠤᠯᠤᠨ᠂ ᠠᠩᠬᠠᠳᠠᠭᠴᠢ ᠥᠪᠡᠷᠲᠡᠭᠡᠨ | ᠵᠠᠰᠠᠬᠤ ᠣᠷᠣᠨ ᠤ ᠳᠡᠰ ᠤᠨ ᠬᠤᠰᠢᠭᠤ ᠲᠤᠭᠤᠷᠢᠭ ᠤᠨ ︽ᠲᠠᠪᠤᠨ ᠰᠠᠶᠢᠨᠲᠠᠢ︾ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠢᠷᠠᠭᠤ ᠠᠯᠳᠠᠷ ᠢ | ᠭᠥᠷᠳᠡᠭᠰᠡᠨ ᠬᠤᠰᠢᠭᠤ ᠲᠤᠭᠤᠷᠢᠭ ᠪᠣᠯᠬᠤ ᠪᠠᠷ ᠴᠢᠷᠮᠠᠶᠢᠬᠤ ᠬᠡᠷᠡᠭᠲᠡᠢ᠃ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠬᠦᠴᠦᠷᠬᠡᠭ ᠶᠡᠭᠡ ᠨᠡᠶᠢᠯᠡᠮᠡᠯ ᠬᠦᠴᠦᠨ ᠢ | ᠪᠦᠬᠦ ᠲᠠᠯ᠎ᠠ ᠪᠠᠷ ᠪᠦᠷᠢᠯᠳᠦᠭᠦᠯᠵᠦ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠤᠨ ᠪᠦᠷᠢᠯᠳᠦᠭᠦᠨ ᠨᠢᠭᠡᠴᠡ ᠶᠢᠨ ᠬᠤᠯᠪᠤᠭᠠᠳᠤ ᠬᠤᠷᠠᠯ ᠤᠨ | ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠮ ᠵᠠᠰᠠᠭ ᠬᠠᠮᠳᠤᠪᠠᠷ ᠠᠳᠬᠤᠵᠤ ᠬᠠᠮᠲᠤᠪᠠᠷ ᠬᠠᠮᠢᠶᠠᠷᠬᠤ᠂ ᠡᠯ᠎ᠡ ᠰᠠᠯᠠᠭ᠎ᠠ ᠮᠥᠴᠢᠷ ᠤᠳ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ᠂ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ ᠰᠠᠨᠠᠭᠠᠴᠢᠯᠠᠭ᠎ᠠ ᠠᠴᠠ ᠪᠠᠨ ᠠᠵᠢᠯ ᠬᠢᠬᠦ᠂ ᠪᠥᠬᠦ | ᠨᠡᠶᠢᠭᠡᠮ ᠢᠶᠠᠷ ᠢᠶᠠᠨ ᠬᠠᠮᠳᠤᠪᠠᠷ ᠣᠷᠤᠯᠴᠠᠬᠤ︾ ᠠᠵᠢᠯ ᠤᠨ ᠪᠠᠶᠢᠳᠠᠯ ᠢ ᠪᠣᠶ ᠪᠣᠯᠭᠠᠵᠤ᠂ ᠳ᠋ᠦᠩᠱᠧᠩ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠴᠦ᠂ ᠳ᠋ᠦᠩᠱᠧᠩ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ ᠳᠤ ᠨᠠᠩ | ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃ | |