ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ ᠠᠩᠬᠠᠳᠤᠭᠠᠷ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠭᠡᠴᠢ ᠵᠠᠰᠠᠭ  ᠤᠨ ᠪᠠᠶᠢᠭᠤᠯᠤᠯᠳᠠ ᠪᠠ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
     3 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ ᠠᠩᠬᠠᠳᠤᠭᠠᠷ ᠪᠦᠬᠦᠳᠡ ᠬᠤᠷᠠᠯ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠨᠢᠶᠧ ᠵᠢᠶᠦ᠋ᠨ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠸ ᠮᠢᠩ ᠬᠤᠷᠠᠯ ᠢ ᠡᠷᠭᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠬᠤᠷᠠᠯ ᠳᠤ       ᠣᠷᠣᠯᠴᠠᠵᠠᠢ᠃     ᠬᠤᠷᠠᠯ ᠠᠴᠠ᠂ ᠪᠦᠬᠦ ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠪᠦᠬᠦ ᠬᠤᠲᠠ ᠶᠢᠨ ᠨᠠᠮ ᠤᠨ ᠰᠤᠷᠲᠠᠯ ᠴᠢᠭᠡᠴᠢ ᠵᠠᠰᠠᠭ ᠤᠨ ᠪᠠᠶᠢᠭᠤᠯᠤᠯᠳᠠ᠂ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ         ︽ᠲᠠᠪᠤᠨ ᠶᠡᠭᠡ ᠡᠭᠦᠷᠭᠡ︾᠂ ᠪᠥᠬᠦ ᠬᠤᠲᠠ ᠶᠢᠨ ︽ᠭᠤᠷᠪᠠᠨ ᠳᠥᠷᠪᠡ︾ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠨᠡᠩ ᠴᠢᠩᠭ᠎ᠠ ᠤᠯᠤᠰ ᠲᠥᠷᠥ ᠶᠢᠨ ᠡᠭᠦᠷᠭᠡᠯᠡᠯ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠬᠦ ᠠᠵᠢᠯ ᠤᠨ ᠰᠤᠷᠲᠠᠯ ᠢᠶᠠᠷ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠥᠬᠦ ᠬᠦᠴᠦᠨ ᠢᠶᠠᠷ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠪᠦᠬᠦ ᠵᠢᠯ ᠤᠨ ᠲᠣᠭᠲᠠᠭᠰᠠᠨ ᠬᠠᠷᠠᠯᠲᠠ ᠡᠭᠦᠷᠭᠡ ᠶᠢ ᠰᠠᠶᠢᠳᠤᠷ ᠠᠩᠬᠠᠷᠴᠤ᠂ ᠣᠷᠭᠢᠯᠤᠮ᠎ᠠ ᠬᠠᠯᠠᠭᠤᠨ ᠰᠡᠳᠬᠢᠯᠭᠡ᠂ ᠤᠬᠠᠮᠰᠠᠷᠲᠤ ᠠᠵᠢᠯᠯᠠᠭ᠎ᠠ᠂ ᠯᠠᠪᠳᠠᠭᠤᠨ ᠪᠠᠲᠤᠲᠠᠢ ᠰᠤᠷᠲᠠᠯ ᠢᠶᠠᠷ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯ ᠲᠦᠭᠰᠢᠭᠦᠷᠢ ᠵᠥᠷᠢᠴᠡᠯ ᠢ ᠰᠡᠷᠭᠡᠶᠢᠯᠡᠨ ᠨᠠᠮᠳᠠᠭᠤᠯᠬᠤ ᠵᠡᠷᠭᠡ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠳᠤ ᠬᠤᠯᠪᠣᠭᠳᠠᠬᠤ ᠡᠯ᠎ᠡ ᠵᠦᠢᠯ ᠤᠨ ᠴᠢᠬᠤᠯᠠ ᠶᠡᠭᠡ ᠡᠭᠦᠷᠭᠡ ᠶᠢ ᠪᠣᠳᠠᠲᠠᠢ ᠪᠥᠭᠡᠳ ᠨᠠᠷᠢᠯᠢᠭ ᠠᠳᠬᠤᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠳᠠ ᠡᠬᠦᠷᠭᠡ ᠶᠢ ᠴᠢᠨᠠᠷ ᠰᠠᠶᠢᠲᠠᠢ ᠪᠡᠶᠡᠯᠡᠭᠦᠯᠬᠦ ᠪᠠᠷ ᠪᠦᠬᠦ ᠬᠦᠴᠦᠨ ᠢᠶᠠᠷ ᠴᠢᠷᠮᠠᠶᠢᠬᠤ ᠬᠡᠷᠡᠭᠲᠡᠢ᠃ ᠲᠡᠷᠢᠭᠦᠨ ᠤ ᠬᠢ ᠲᠠᠢ ᠬᠠᠷᠢᠴᠠᠭᠤᠯᠬᠤ᠂ ᠲᠡᠷᠢᠭᠦᠨ ᠤ ᠪᠤᠯᠬᠤ ᠪᠠᠷ ᠲᠡᠮᠡᠴᠡᠬᠦ ᠤᠬᠠᠮᠰᠠᠷ ᠢᠶᠠᠨ ᠴᠢᠩᠭᠠᠳᠬᠠᠵᠤ᠂ ᠬᠦᠭᠵᠢᠯᠳᠡ ᠶᠢ ᠴᠢᠩᠭ᠎ᠠ ᠠᠳᠬᠤᠨ ᠬᠥᠭᠵᠢᠯᠲᠡ ᠶᠢ ᠪᠤᠵᠠᠭᠠᠶᠢᠷᠠᠭᠤᠯᠬᠤ ᠣᠶᠢᠯᠠᠭᠠᠭᠳᠠᠬᠤᠨ ᠢ ᠪᠠᠬᠢᠵᠢᠬᠦᠯᠦᠨ᠂ ᠲᠦᠷᠦᠯ ᠵᠤᠶᠢᠯ ᠪᠠ ᠬᠦᠭᠵᠢᠯᠳᠡ ᠪᠠᠷ ᠭᠤᠤᠯᠳᠠᠯᠭ᠎ᠠ ᠪᠤᠯᠭᠠᠵᠤ᠂ ᠪᠠᠷᠢᠮᠵᠢᠶ᠎ᠠ ᠶᠢ ᠦᠨᠳᠦᠷ ᠪᠤᠯᠭᠠᠨ ᠦᠪᠡᠷ ᠤᠨ ᠪᠡᠶ᠎ᠡ ᠳᠡᠭᠡᠨ ᠳᠠᠷᠤᠯᠳᠠ ᠦᠭᠴᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠴᠢᠩᠭᠠᠳᠬᠠᠨ᠂ ᠬᠡᠪᠴᠢᠶ᠎ᠡ ᠪᠠᠨ ᠥᠷᠭᠡᠳᠬᠡᠵᠦ᠂ ᠶᠠᠰᠤ ᠴᠢᠨᠠᠷ ᠢ ᠳᠡᠭᠡᠭᠰᠢᠯᠡᠬᠦᠯᠦᠨ᠂ ᠳᠡᠮᠵᠢᠯᠭᠡ ᠶᠢ ᠲᠡᠮᠡᠴᠡᠨ ᠣᠯᠵᠤ᠂ ᠠᠵᠠ ᠲᠣᠬᠢᠶᠠᠯ ᠢ ᠠᠮᠵᠢᠨ᠂ ᠲᠡᠷᠢᠭᠦᠨ ᠳᠤ ᠤᠷᠤᠬᠤ ᠪᠠᠷ ᠲᠡᠮᠡᠴᠡᠬᠦ᠂ ᠲᠡᠷᠢᠭᠦᠨ ᠤ ᠬᠢ ᠶᠢ ᠡᠬᠦᠳᠬᠦ ᠪᠠ ᠬᠢᠯᠠᠰ ᠴᠡᠭ ᠭᠠᠷᠭᠠᠬᠤ ᠪᠠᠷ ᠴᠢᠷᠮᠠᠶᠢᠵᠤ᠂ ᠳ᠋ᠦᠩᠱᠧᠩ ᠤᠨ ᠪᠦᠬᠦ ᠬᠤᠲᠠ ᠴᠢᠨᠠᠭᠰᠢᠯᠠᠪᠠᠯ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠠᠬᠢ ᠪᠠᠶᠢᠷᠢ ᠰᠠᠭᠤᠷᠢ ᠶᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠬᠡᠷᠡᠭᠲᠡᠢ᠃ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠡᠳ᠋ ᠤᠨ ᠵᠠᠰᠠᠭ ᠪᠡᠯᠡ ᠮᠥᠩᠭᠦ᠂ ᠪᠠᠶᠢᠭᠠᠯᠢ ᠶᠢᠨ ᠡᠬᠢ ᠪᠠᠶᠠᠯᠢᠭ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠪᠣᠯᠣᠨ ᠵᠠᠩᠭᠢᠯᠠᠭ᠎ᠠ ᠶᠢᠨ ᠭᠤᠭᠴᠤᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠳᠦᠷᠢᠮ︾ ᠢ ᠴᠢᠩᠭ᠎ᠠ ᠬᠡᠷᠡᠭᠵᠢᠬᠦᠯᠦᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠵᠢᠷᠤᠮᠵᠢᠭᠤᠯᠵᠤ᠂ ᠬᠠᠤᠯᠢ ᠬᠡᠷᠡᠭᠵᠢᠬᠦᠯᠦᠯᠳᠡ  ᠶᠢᠨ ᠲᠦᠪᠰᠢᠨ ᠢ ᠪᠦᠲᠦᠮᠵᠢᠲᠡᠢ ᠳᠡᠭᠡᠭᠰᠢᠯᠡᠭᠦᠯᠬᠦ ᠬᠡᠷᠡᠭᠲᠡᠢ᠃ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠴᠢᠩᠭ᠎ᠠ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢ ᠴᠢᠨᠠᠭᠰᠢᠳᠠ ᠬᠦᠨᠵᠡᠭᠡᠶᠢᠷᠡᠬᠦᠯᠦᠨ᠂ ᠬᠥᠭᠵᠢᠯᠲᠡ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢ ᠪᠠᠬᠢᠵᠢᠬᠦᠯᠵᠤ᠂ ᠠᠵᠢᠯ ᠤᠨ ᠦᠷ᠎ᠡ ᠪᠦᠲᠦᠮᠵᠢ ᠶᠢ ᠡᠷᠴᠢᠮᠳᠠᠢ ᠪᠥᠭᠡᠳ ᠪᠦᠲᠦᠮᠵᠢᠲᠡᠢ ᠳᠡᠭᠡᠭᠰᠢᠯᠡᠬᠦᠯᠦᠨ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠵᠤ ᠬᠤᠷᠢᠭ᠎ᠠ ᠱᠤᠭᠤᠮ ᠢ ᠰᠠᠬᠢᠬᠤ ᠪᠠ ᠡᠷᠴᠢ ᠵᠣᠷᠢᠭ ᠢᠶᠠᠨ ᠬᠥᠪᠴᠢᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠠᠷ ᠬᠦᠴᠦᠯᠡᠨ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠳᠡᠭᠡᠷ᠎ᠡ᠂ ᠲᠤᠭᠤᠷᠢᠭ ᠤᠨ ᠦᠬᠡᠷᠡᠴᠢᠯᠡᠯᠳᠡ ᠬᠦᠭᠵᠢᠬᠦᠯᠦᠯᠳᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠵᠢᠯᠳᠠ ᠪᠠ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ ᠵᠡᠷᠭᠡ ᠪᠠᠶᠢᠭᠤᠯᠭ᠎ᠠ ᠶᠢᠨ ᠬᠢᠨ ᠰᠠᠨᠠᠯ ᠢᠶᠠᠨ ᠰᠤᠯᠢᠯᠴᠠᠨ ᠶᠠᠷᠢᠶ᠎ᠠ ᠲᠠᠯᠪᠢᠪᠠ᠃ 
ᠢᠷᠡᠯᠲᠡ᠄ ᠳᠤᠰ ᠰᠦᠯᠵᠢᠶ᠎ᠡ