ᠳ᠋ᠦᠩᠱᠧᠩ ᠲᠣᠭᠤᠷᠢᠭ ᠭᠠᠯ ᠰᠡᠷᠬᠡᠶᠢᠯᠡᠯᠳᠡ ᠶᠢᠨ ᠠᠮᠤᠷ ᠳᠦᠪᠰᠢᠨ ᠤ ᠲᠤᠰᠬᠠᠢ ᠰᠡᠳᠦᠪᠲᠦ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/3/16
     3 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠭᠠᠯ ᠰᠡᠷᠬᠡᠶᠢᠯᠡᠯᠳᠡ ᠶᠢᠨ ᠠᠮᠤᠷ ᠳᠦᠪᠰᠢᠨ ᠤ ᠲᠤᠰᠬᠠᠢ ᠰᠡᠳᠦᠪᠲᠦ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠣᠳᠣᠬᠠᠨ ᠤ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠪᠠᠶᠢᠳᠠᠯ ᠳᠤ ᠵᠠᠳᠠᠯᠤᠯᠳᠠ ᠬᠢᠵᠤ᠂ ᠪᠥᠬᠦ ᠲᠤᠭᠤᠷᠢᠭ ᠤᠨ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠠᠵᠢᠯ ᠳᠤ ᠳᠠᠬᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ᠂ ᠭᠠᠯ ᠰᠡᠷᠬᠡᠶᠢᠯᠡᠯᠳᠡ ᠶᠢᠨ ᠠᠮᠤᠷ ᠲᠦᠪᠰᠢᠨ ᠤ ᠠᠵᠢᠯ ᠨᠢ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ᠂ ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠶᠠᠮᠠᠷᠪᠠ ᠦᠶ᠎ᠡ ᠳᠤ ᠴᠦ ᠭᠡᠳ ᠮᠢᠨᠴᠦᠭᠦᠷᠡᠨ ᠲᠠᠶᠢᠪᠤᠰᠢᠷᠠᠵᠤ ᠪᠤᠯᠬᠤ ᠦᠭᠡᠢ᠂ ᠡᠷᠬᠡᠪᠰᠢ ᠭᠠᠯ ᠰᠡᠷᠬᠡᠶᠢᠯᠡᠯᠳᠡ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂        ︽ᠴᠠᠭ ᠢᠮᠠᠭᠲᠠ ᠪᠤᠳᠤᠯᠬᠢᠯᠠᠬᠤ︾ ᠬᠠᠷᠢᠭᠤᠴᠠᠯᠭᠠᠲᠤ ᠰᠡᠳᠬᠢᠯᠭᠡ ᠪᠣᠯᠣᠨ ᠨᠢᠮᠭᠡᠨ ᠮᠥᠰᠥᠨ ᠳᠡᠭᠡᠷ᠎ᠡ ᠭᠢᠰᠬᠢᠭᠰᠡᠨ ᠮᠡᠲᠦ ᠳᠡᠭᠡᠳᠦ ᠬᠡᠮᠵᠢᠶᠡᠨ ᠤ ᠰᠡᠷᠡᠮᠵᠢ ᠪᠠᠷ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠠᠵᠢᠯ ᠢ ᠴᠢᠩᠭ᠎ᠠ ᠨᠢᠮᠪᠠᠢ ᠪᠣᠳᠠᠲᠠᠢ ᠰᠠᠶᠢᠲᠤᠷ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠭᠠᠯ ᠢ ᠰᠡᠷᠬᠡᠶᠢᠯᠡᠬᠦ ᠠᠵᠢᠯ ᠤᠨ ᠲᠣᠭᠲᠠᠴᠠ ᠶᠢ ᠪᠦᠷᠢᠨᠰᠢᠬᠦᠯᠦᠨ᠂        ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ᠂ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠲᠦᠭᠰᠢᠭᠦᠷᠢ ᠶᠢ ᠰᠢᠰᠲ᠋ᠧᠮ ᠲᠠᠢ ᠰᠡᠷᠭᠡᠶᠢᠯᠡᠨ ᠠᠷᠢᠯᠭᠠᠵᠤ᠂ ᠲᠦᠭᠰᠢᠭᠦᠷᠢ ᠶᠢ ᠦᠨᠡᠯᠡᠨ ᠵᠢᠱᠢᠬᠦ ᠶᠢ ᠪᠥᠬᠦ ᠲᠠᠯ᠎ᠠ ᠪᠠᠷ ᠴᠢᠩᠭᠠᠳᠬᠠᠨ᠂ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠶᠢᠨ ᠭᠠᠯ ᠤᠨ ᠭᠠᠮᠰᠢᠭ ᠤᠨ ᠳᠠᠯᠳᠠ ᠬᠡᠮ ᠢ ᠲᠤᠰᠬᠠᠢ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠠᠬᠢᠭᠤᠯᠤᠨ᠂ ᠣᠶ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠬᠡᠶᠢᠯᠡᠨ ᠭᠠᠯ ᠢ ᠤᠨᠲᠠᠷᠠᠭᠠᠬᠤ᠂ ᠬᠤᠭ ᠨᠣᠪᠰᠢ ᠶᠢ ᠰᠢᠲᠠᠭᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠵᠡᠷᠭᠡ ᠬᠦᠷᠢᠶ᠎ᠡ ᠴᠠᠷ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠬᠦ ᠶᠢ ᠭᠦᠨᠵᠡᠭᠡᠢ ᠰᠠᠶᠢᠲᠤᠷ ᠠᠳᠬᠤᠵᠤ᠂ ᠭᠠᠯ ᠢ ᠰᠡᠷᠬᠡᠶᠢᠯᠡᠬᠦ ᠠᠮᠤᠷ ᠳᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠦᠯᠳᠡ  ᠶᠢᠨ ᠪᠣᠳᠠᠲᠤ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠣᠯᠠᠨ ᠨᠡᠶᠢᠲᠡ ᠶᠢᠨ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠭᠠᠯ ᠢ ᠰᠡᠷᠬᠡᠶᠢᠯᠡᠬᠦ ᠲᠣᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠤᠨ᠂ ᠭᠠᠯ ᠢ ᠰᠡᠷᠬᠡᠶᠢᠯᠡᠬᠦ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠨᠡᠶᠢᠯᠡᠮᠡᠯ ᠬᠦᠴᠦᠨ ᠢ ᠪᠣᠶ ᠪᠣᠯᠭᠠᠬᠤ ᠶᠢ ᠠᠬᠢᠭᠤᠯᠬᠤ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠠᠨ ᠰᠠᠯᠠᠭ᠎ᠠ ᠮᠥᠴᠢᠷ ᠬᠠᠮᠵᠢᠯᠴᠠᠨ ᠬᠠᠮᠲᠤᠷᠠᠯᠴᠠᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠲᠤᠭᠳᠠᠴᠠ ᠶᠢ ᠪᠦᠷᠢᠨᠰᠢᠬᠦᠯᠦᠨ᠂ ᠦᠨᠳᠦᠰᠦᠨ ᠱᠠᠲᠤᠨ ᠤ ᠰᠡᠷᠭᠡᠶᠢᠯᠡᠨ ᠡᠵᠡᠮᠳᠡᠬᠦ ᠬᠦᠴᠦᠨ ᠤ ᠲᠤᠭᠳᠠᠯᠴᠠᠭ᠎ᠠ ᠶᠢ ᠪᠠᠶᠢᠭᠤᠯᠵᠤ᠂ ᠭᠠᠯ ᠰᠡᠷᠬᠡᠶᠢᠯᠡᠯᠳᠡ ᠶᠢᠨ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠠᠪᠤᠷᠠᠨ ᠲᠤᠰᠠᠯᠠᠬᠤ ᠬᠦᠴᠦᠨ ᠤ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠭᠠᠮᠰᠢᠭ ᠤᠨ ᠪᠠᠴᠢᠮ ᠪᠠᠶᠢᠳᠠᠯ ᠢ ᠠᠷᠭᠠᠴᠠᠬᠤ ᠪᠠ ᠡᠬᠢᠨ ᠤ ᠬᠤᠭᠤᠴᠠᠭᠠᠨ ᠳᠤ ᠰᠢᠢᠳᠪᠦᠷᠢᠯᠡᠬᠦ ᠲᠦᠪᠰᠢᠨ ᠢ ᠳᠡᠭᠡᠭᠰᠢᠯᠡᠭᠦᠯᠵᠦ᠂ ᠳ᠋ᠦᠩᠱᠧᠩ ᠲᠣᠭᠤᠷᠢᠭ ᠤᠨ ᠭᠠᠯ ᠰᠡᠷᠭᠡᠶᠢᠯᠡᠯᠳᠡ ᠶᠢᠨ ᠠᠮᠤᠷ ᠳᠦᠪᠰᠢᠨ ᠤ ᠪᠠᠶᠢᠳᠠᠯ ᠤᠨ ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠵᠠᠢ᠃
ᠢᠷᠡᠯᠲᠡ᠄ ᠳᠤᠰ ᠰᠦᠯᠵᠢᠶ᠎ᠡ