ᠭᠤᠤ ᠽᠧᠩ ᠫᠧᠢ ︵1916-1996 ᠣᠨ︶
ᠨᠡᠶᠢᠲᠡᠯᠡᠭᠰᠡᠨ ᠴᠠᠭ᠄
2023/3/16
      ᠭᠤᠤ ᠽᠧᠩ ᠫᠧᠢ ︵1916-1996 ᠣᠨ︶᠂ ᠡᠷᠡᠭᠲᠡᠢ᠂ ᠬᠢᠲᠠᠳ ᠦᠨᠳᠦᠰᠦᠲᠡᠨ᠂ 1916 ᠣᠨ ᠤ 7 ᠰᠠᠷ᠎ᠠ ᠳᠤ ᠱᠠᠨᠰᠢ ᠮᠤᠵᠢ ᠶᠢᠨ ᠾᠧᠩ ᠱᠠᠨ ᠰᠢᠶᠠᠨ ᠤ ᠳ᠋ᠢᠶᠠᠨ ᠱᠢ ᠪᠠᠯᠭᠠᠰᠤᠨ ᠤ ᠯᠢ ᠵᠢᠢ ᠴᠢᠶᠠᠨ ᠲᠣᠰᠬᠤᠨ ᠤ ᠨᠢᠭᠡᠨ ᠲᠠᠷᠢᠶᠠᠴᠢᠨ ᠤ ᠭᠡᠷ ᠲᠤ ᠲᠦᠷᠦᠵᠡᠢ᠃      1935 ᠣᠨ ᠤ 8 ᠰᠠᠷ᠎ᠠ ᠳᠤ ᠬᠤᠪᠢᠰᠬᠠᠯ ᠳᠤ ᠣᠷᠣᠯᠴᠠᠵᠤ᠂ 10 ᠰᠠᠷ᠎ᠠ ᠳᠤ ᠸᠧᠢ ᠬᠤᠸᠠᠢ ᠯᠢ ᠵᠡᠷᠭᠡ ᠬᠦᠮᠦᠰ ᠤᠨ ᠲᠠᠨᠢᠯᠴᠠᠭᠤᠯᠭ᠎ᠠ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠷᠢᠳ ᠬᠤᠵᠢᠳ ᠾᠧᠩ ᠱᠠᠨ ᠰᠢᠶᠠᠨ ᠤ ᠰᠣᠪᠢᠶᠠᠳ ᠵᠠᠰᠠᠭ ᠤᠨ ᠣᠷᠳᠣᠨ ᠤ ᠭᠠᠵᠠᠷ ᠰᠢᠷᠣᠢ ᠶᠢᠨ ᠶᠠᠮᠤᠨ ᠤ ᠪᠢᠴᠢᠭᠡᠴᠢ᠂ ᠴᠡᠷᠢᠭ ᠤᠨ ᠶᠠᠪᠤᠳᠠᠯ ᠤᠨ ᠶᠠᠮᠤᠨ ᠤ ᠪᠢᠴᠢᠭᠡᠴᠢ᠂  ᠴᠢᠮᠡᠭᠡ ᠮᠡᠳᠡᠭᠡᠨ ᠤ ᠰᠠᠯᠠᠭᠠᠨ ᠤ ᠳᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠤ ᠪᠠᠶᠢᠪᠠ᠃ 1937 ᠣᠨ ᠳᠤ᠂ ᠲᠡᠷᠡ ᠨᠠᠮ ᠤᠨ ᠰᠤᠷᠭᠠᠭᠤᠯᠢ ᠠᠴᠠ ᠲᠡᠭᠦᠰᠦᠭᠡᠳ ᠲᠥᠪ ᠤᠨ ᠴᠥᠭᠡᠨ ᠲᠣᠭᠠᠲᠤ ᠦᠨᠳᠦᠰᠦᠲᠡᠨ ᠤ ᠠᠵᠢᠯ ᠤᠨ ᠵᠥᠪᠯᠡᠯ ᠳᠤ ᠬᠤᠪᠢᠶᠠᠭᠳᠠᠨ ᠠᠵᠢᠯᠯᠠᠵᠤ᠂ ᠬᠠᠮᠢᠶᠠᠷᠤᠯᠲᠠ ᠶᠢᠨ ᠰᠠᠯᠠᠭ᠎ᠠ ᠶᠢᠨ ᠳᠠᠷᠤᠭ᠎ᠠ᠂ ᠨᠠᠷᠢᠨ ᠪᠢᠴᠢᠭᠡᠴᠢ ᠶᠢᠨ ᠰᠠᠯᠠᠭ᠎ᠠ ᠶᠢᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1938 ᠣᠨ ᠤ 4 ᠰᠠᠷ᠎ᠠ ᠳᠤ᠂ ᠰᠦᠢᠶᠤᠸᠠᠨ ᠥᠪᠥᠷ ᠮᠣᠩᠭᠤᠯ ᠤᠨ ᠠᠵᠢᠯᠯᠠᠬᠤ ᠬᠤᠷᠢᠶ᠎ᠠ ᠶᠢᠨ ᠨᠠᠷᠢᠨ ᠪᠢᠴᠢᠭ ᠤᠨ ᠳᠠᠷᠤᠭ᠎ᠠ ᠶᠢᠨ ᠲᠤᠰᠢᠶᠠᠯ ᠳᠤ ᠰᠢᠯᠵᠢᠵᠦ᠂ ᠲᠣᠭᠤᠷᠢᠮ ᠳᠤ ᠣᠴᠢᠪᠠ᠃ 8 ᠰᠠᠷ᠎ᠠ ᠳᠤ᠂ ᠤᠲᠤᠭ ᠬᠤᠰᠢᠭᠤᠨ ᠤ ᠲᠠᠬᠢᠯᠳᠤ ᠶᠢᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠭᠦᠷᠭᠡᠯᠡᠵᠦ᠂ ᠤᠳᠠᠯ ᠦᠭᠡᠢ ᠪᠠᠰᠠ ᠪᠤᠭᠤᠲᠤ᠂ ᠵᠦᠩ ᠲᠠᠨ ᠳᠤ ᠰᠢᠯᠵᠢᠵᠦ ᠪᠤᠤ ︵ᠪᠤᠭᠤᠲᠤ︶ ᠭᠦ᠋ ︵ᠭᠦᠶᠠᠩ︶ ᠶᠢᠨ ᠠᠵᠢᠯᠯᠠᠬᠤ ᠬᠤᠷᠢᠶ᠎ᠠ ᠶᠢ ᠪᠠᠶᠢᠭᠤᠯᠤᠭᠰᠠᠨ ᠪᠥᠭᠡᠳ ᠱᠦᠵᠢ ᠶᠢᠨ ᠲᠤᠰᠢᠶᠠᠯ ᠢ ᠬᠠᠷᠢᠭᠤᠴᠠᠪᠠ᠃ 1939 ᠣᠨ ᠤ ᠨᠠᠮᠤᠷ᠂ ᠲᠠᠬᠢᠨ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠳᠤ ᠪᠤᠴᠠᠨ  ᠢᠷᠡᠵᠦ ᠬᠠᠩᠭᠠᠯᠭ᠎ᠠ ᠶᠢᠨ ᠭᠠᠵᠠᠷ ᠤᠨ ᠠᠵᠢᠯ ᠢ ᠬᠠᠷᠢᠭᠤᠴᠠᠪᠠ᠃ 1940 ᠣᠨ ᠳᠤ᠂ ᠦᠦᠰᠢᠨ ᠬᠤᠰᠢᠭᠤᠨ ᠤ ᠠᠵᠢᠯᠯᠠᠬᠤ ᠬᠤᠷᠢᠶ᠎ᠠ ᠳᠤ ᠰᠢᠯᠵᠢᠨ ᠠᠵᠢᠯᠯᠠᠵᠤ᠂ 1941 ᠣᠨ ᠤ ᠬᠠᠪᠤᠷ ᠲᠥᠪ ᠤᠨ ᠨᠠᠮ ᠤᠨ ᠰᠤᠷᠭᠠᠭᠤᠯᠢ ᠳᠤ ᠬᠦᠷᠭᠡᠭᠳᠡᠨ ᠰᠤᠷᠤᠯᠴᠠᠵᠤ᠂ 1942 ᠣᠨ ᠤ 7 ᠰᠠᠷ᠎ᠠ ᠳᠤ ᠲᠡᠭᠦᠰᠦᠭᠰᠡᠨ ᠤ ᠳᠠᠷᠠᠭ᠎ᠠ ᠤᠳᠤᠭ ᠤᠨ ᠠᠵᠢᠯᠯᠠᠬᠤ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠲᠠᠬᠢᠯᠳᠤ ᠶᠢᠨ ᠰᠠᠭᠤᠷᠢᠨ ᠭᠠᠵᠠᠷ ᠢ ᠪᠠᠬᠢᠵᠢᠭᠦᠯᠦᠨ ᠬᠥᠭᠵᠢᠭᠦᠯᠬᠦ ᠪᠠᠷ ᠴᠢᠷᠮᠠᠶᠢᠪᠠ᠃      ᠶᠡᠭᠡ ᠵᠤᠤ ᠠᠶᠢᠮᠠᠭ ᠤᠨ ︽3 · 26︾ ᠤ ᠬᠡᠷᠡᠭ ᠬᠤᠪᠢᠰᠤᠯ ᠡᠭᠦᠰᠦᠭᠰᠡᠨ ᠤ ᠲᠠᠷᠠᠭ᠎ᠠ᠂ ᠲᠡᠷᠡ ᠪᠠᠷᠠᠭᠤᠨ ᠬᠤᠶᠢᠲᠤ ᠶᠢᠨ ᠲᠣᠪᠴᠢᠶᠠᠨ ᠤ ᠵᠢᠭᠠᠪᠤᠷᠢ ᠶᠢ ᠨᠠᠷᠢᠨ ᠬᠢᠨᠠᠮᠠᠭᠠᠢ ᠬᠡᠷᠡᠭᠵᠢᠭᠦᠯᠵᠦ᠂ ᠴᠧᠨ ᠴᠠᠩ ᠵᠢᠶᠧ ᠶᠢᠨ ᠶᠠᠯᠠᠲᠤ ᠠᠵᠢᠯᠯᠠᠭ᠎ᠠ ᠶᠢ ᠢᠯᠡᠴᠢᠯᠡᠵᠦ᠂ ᠭᠤᠮᠢᠨᠳᠠᠩ ᠤᠨ ︽ᠡᠪ ᠬᠠᠮᠲᠤ ᠨᠠᠮ ᠢ ᠡᠰᠡᠷᠭᠦᠴᠡᠨ ᠮᠣᠩᠭᠤᠯ ᠢ ᠤᠰᠠᠳᠬᠠᠬᠤ︾ ᠲᠦᠷᠦ ᠶᠢᠨ ᠪᠣᠳᠣᠯᠭ᠎ᠠ ᠶᠢ ᠰᠦᠢᠷᠡᠭᠦᠯᠪᠡ᠃ ᠰᠡᠭᠦᠯᠡᠷ ᠨᠢ ᠪᠤᠷᠤᠪᠠᠯᠭᠠᠰᠤᠨ ᠤ ᠠᠵᠢᠯᠯᠠᠬᠤ ᠬᠤᠷᠢᠶᠠᠨ ᠤ ᠱᠦᠵᠢ ᠶᠢᠨ ᠲᠤᠰᠢᠶᠠᠯ ᠳᠤ ᠰᠢᠯᠵᠢᠨ ᠠᠵᠢᠯᠯᠠᠵᠤ᠂ 1945 ᠣᠨ ᠤ ᠬᠠᠪᠤᠷ᠂ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ ᠭᠡᠰᠢᠭᠦᠨ ᠪᠥᠭᠡᠳ ᠨᠠᠷᠢᠨ ᠪᠢᠴᠢᠭ ᠤᠨ ᠳᠠᠷᠤᠭ᠎ᠠ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠪᠰᠣᠷᠭᠠᠨ ᠬᠠᠷᠢᠭᠤᠴᠠᠪᠠ᠃ ︽ᠤᠯᠠᠭᠠᠨ ᠦᠯᠦᠩ ︾ ᠤᠨ ᠭᠡᠷᠡᠭ ᠬᠤᠪᠢᠰᠤᠯ ᠤᠨ ᠲᠠᠷᠠᠭ᠎ᠠ᠂ ᠲᠡᠷᠡ ᠤᠷᠢᠳ ᠬᠤᠵᠢᠳ᠂ 1946 ᠣᠨ ᠤ 1 ᠰᠠᠷ᠎ᠠ ᠳᠤ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ ᠣᠷᠣᠯᠠᠭᠴᠢ ᠱᠦᠵᠢ᠂ 1947 ᠣᠨ ᠤ 2 ᠰᠠᠷ᠎ᠠ ᠳᠤ ᠶᠡᠭᠡ ᠵᠤᠤ ᠠᠶᠢᠮᠠᠭ ᠤᠨ ᠵᠡᠭᠦᠨ ᠬᠡᠰᠡᠭ ᠤᠨ ᠠᠵᠢᠯᠯᠠᠬᠤ ᠬᠤᠷᠢᠶ᠎ᠠ ᠶᠢᠨ ᠱᠦᠵᠢ᠂ 1947 ᠣᠨ ᠤ 4 ᠰᠠᠷ᠎ᠠ ᠳᠤ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ ᠱᠦᠵᠢ᠂ 1948 ᠣᠨ ᠤ 7 ᠰᠠᠷ᠎ᠠ ᠳᠤ ᠬᠤᠶᠠᠳᠤᠭᠠᠷ ᠬᠤᠭᠤᠴᠠᠭᠠᠨ ᠤ ᠶᠡᠭᠡ ᠵᠤᠤ ᠠᠶᠢᠮᠠᠭ ᠤᠨ ᠵᠡᠭᠦᠨ ᠬᠡᠰᠡᠭ ᠤᠨ ᠠᠵᠢᠯᠯᠠᠬᠤ ᠬᠤᠷᠢᠶ᠎ᠠ ᠶᠢᠨ ᠱᠦᠵᠢ᠂ 1949 ᠣᠨ ᠤ 7 ᠰᠠᠷ᠎ᠠ ᠳᠤ ᠶᠡᠭᠡ ᠵᠤᠤ ᠠᠶᠢᠮᠠᠭ ᠤᠨ ᠨᠠᠮ ᠤᠨ ᠬᠤᠷᠢᠶ᠎ᠠ ᠶᠢᠨ ᠱᠦᠵᠢ᠂ ᠶᠡᠭᠡ ᠵᠤᠤ ᠠᠶᠢᠮᠠᠭ ᠤᠨ ᠰᠠᠯᠪᠤᠷᠢ ᠠᠩᠬᠢ ᠶᠢᠨ ᠤᠯᠤᠰ ᠲᠦᠷᠦ ᠶᠢᠨ ᠭᠡᠰᠢᠭᠦᠨ᠂ ᠶᠡᠭᠡ ᠵᠤᠤ ᠠᠶᠢᠮᠠᠭ ᠤᠨ ᠴᠡᠷᠢᠭ ᠤᠨ ᠬᠤᠪᠢᠶᠠᠷᠢ ᠲᠣᠭᠤᠷᠢᠭ ᠤᠨ ᠣᠯᠣᠰ ᠲᠦᠷᠦ ᠶᠢᠨ ᠭᠡᠰᠢᠭᠦᠨ ᠵᠡᠷᠭᠡ ᠲᠤᠰᠢᠶᠠᠯ ᠢ ᠬᠠᠪᠰᠤᠷᠭᠠᠨ ᠬᠠᠷᠢᠭᠤᠴᠠᠪᠠ᠃ ᠴᠢᠯᠦᠭᠡᠯᠡᠭᠳᠡᠭᠰᠡᠨ ᠤ ᠲᠠᠷᠠᠭ᠎ᠠ᠂ ᠲᠡᠷᠡ ᠶᠡᠭᠡ ᠵᠤᠤ ᠠᠶᠢᠮᠠᠭ ᠤᠨ ᠨᠠᠮ ᠤᠨ ᠬᠤᠷᠢᠶᠠᠨ ᠤ ᠠᠵᠢᠯ ᠢ ᠡᠷᠬᠢᠯᠡᠵᠤ᠂ ᠨᠠᠮ ᠤᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠵᠢᠱᠢᠶᠡᠴᠢ ᠪᠠᠷ ᠪᠦᠲᠦᠭᠡᠯᠴᠢ ᠪᠠᠷ ᠬᠡᠷᠡᠭᠵᠢᠭᠦᠯᠵᠦ᠂ ᠶᠡᠭᠡ ᠵᠤᠤ ᠠᠶᠢᠮᠠᠭ ᠤᠨ ᠭᠠᠵᠠᠷ ᠰᠢᠷᠣᠢ ᠶᠢᠨ ᠥᠭᠡᠷᠡᠴᠢᠯᠡᠯᠲᠡ ᠶᠢᠨ ᠬᠥᠳᠡᠯᠭᠡᠭᠡᠨ ᠢ ᠤᠷᠤᠭᠰᠢᠲᠠᠢ ᠤᠳᠤᠷᠢᠳᠴᠤ᠂ ᠹᠧᠣᠳᠠᠯ ᠤᠨ ᠬᠦᠴᠦᠨ ᠢ ᠰᠦᠢᠷᠡᠭᠦᠯᠵᠦ᠂ ᠦᠢᠯᠡᠳᠪᠦᠷᠢᠯᠡᠯ ᠤᠨ ᠬᠦᠴᠦᠨ ᠢ ᠤᠯᠠᠮ ᠨᠢᠭᠡ ᠠᠯᠬᠤᠮ ᠴᠢᠯᠦᠭᠡᠯᠡᠨ᠂ ᠶᠡᠭᠡ ᠵᠤᠤ ᠠᠶᠢᠮᠠᠭ ᠤᠨ ᠮᠠᠯᠵᠢᠬᠤ ᠣᠷᠣᠨ ᠳᠤ ᠨᠡᠶᠢᠭᠡᠮ ᠵᠢᠷᠤᠮ ᠤᠨ ᠥᠭᠡᠷᠡᠴᠢᠯᠡᠯᠲᠡ ᠶᠢ ᠯᠠᠪᠳᠠᠭᠤᠨ ᠪᠠᠳᠤᠳᠠᠢ ᠶᠠᠪᠤᠭᠳᠠᠭᠤᠯᠣᠭᠰᠠᠨ ᠪᠠᠶᠢᠨ᠎ᠠ᠃ ᠭᠤᠤ ᠽᠧᠩ ᠫᠧᠢ ᠪᠠᠰᠠ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠳᠠᠶᠢᠨ ᠤ ᠳᠤᠮᠳᠠ᠂ ᠴᠡᠷᠢᠭ ᠠᠷᠠᠳ ᠢ ᠳᠠᠶᠢᠴᠢᠯᠠᠨ ᠦᠬᠡᠷ ᠤᠨ ᠮᠢᠬ᠎ᠠ ᠴᠢᠨᠠᠵᠤ᠂ ᠬᠠᠭᠤᠷᠤᠭᠰᠠᠨ ᠭᠤᠯᠢᠷ ᠬᠢᠵᠦ᠂ ᠡᠳ᠋ ᠪᠣᠳᠠᠰ ᠬᠠᠨᠳᠢᠪᠯᠠᠨ᠂ ᠡᠮᠦᠨ᠎ᠡ ᠹᠷᠣᠨᠲ ᠢ ᠲᠤᠰᠠᠯᠠᠭᠰᠠᠨ ᠠᠴᠠ ᠳᠡᠭᠡᠳᠦ ᠱᠠᠲᠤᠨ ᠤ ᠮᠠᠭᠲᠠᠭᠠᠯ ᠰᠠᠶᠢᠰᠢᠶᠠᠯ ᠢ ᠤᠯᠪᠠ᠃ 1952 ᠣᠨ ᠤ 9 ᠰᠠᠷ᠎ᠠ ᠶᠢᠨ 26 ᠤ ᠡᠳᠦᠷ᠂ ᠲᠡᠷᠡ 15 ᠵᠢᠯ ᠡᠷᠡᠯᠬᠡᠭᠯᠡᠨ ᠲᠡᠮᠡᠴᠡᠭᠰᠡᠨ ᠶᠡᠭᠡ ᠵᠤᠤ ᠠᠶᠢᠮᠠᠭ ᠠᠴᠠ ᠰᠠᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠰᠦᠢᠶᠤᠸᠠᠨ ᠤ ᠬᠤᠪᠢᠶᠠᠷᠢ ᠲᠣᠪᠴᠢᠶ᠎ᠠ ᠶᠢᠨ ᠣᠷᠣᠯᠠᠭᠴᠢ ᠨᠠᠷᠢᠨ ᠪᠢᠴᠢᠭ ᠤᠨ ᠳᠠᠷᠤᠭ᠎ᠠ᠂ ᠲᠠᠷᠢᠶᠠᠯᠠᠩ ᠮᠠᠯ ᠠᠵᠤ ᠠᠬᠤᠢ ᠶᠢᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠪᠥᠭᠡᠳ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠬᠡᠯᠲᠡᠰ ᠤᠨ ᠳᠠᠷᠤᠭ᠎ᠠ᠂ ᠥᠪᠥᠷ ᠮᠣᠩᠭᠤᠯ ᠤᠨ ᠠᠷᠠᠳ ᠤᠨ ᠵᠥᠪᠯᠡᠯ ᠤᠨ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠭᠡᠰᠢᠭᠦᠨ ᠵᠡᠷᠭᠡ ᠲᠤᠰᠢᠶᠠᠯ ᠢ ᠬᠠᠷᠢᠭᠤᠴᠠᠪᠠ᠃ ᠡᠨᠡ ᠬᠤᠭᠤᠴᠠᠭᠠᠨ ᠳᠤ᠂ ᠲᠡᠷᠡ ᠲᠥᠪ ᠪᠠ ᠥᠪᠥᠷ ᠮᠣᠩᠭᠤᠯ ᠤᠨ ᠨᠠᠮ ᠤᠨ ᠬᠤᠷᠢᠶᠠᠨ ᠤ ᠵᠢᠭᠠᠪᠤᠷᠢ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠪᠠᠶᠢᠴᠠᠭᠠᠨ ᠰᠤᠳᠤᠯᠤᠯᠲᠠ ᠬᠢᠵᠦ᠂ ᠠᠷᠭ᠎ᠠ ᠪᠣᠳᠣᠯᠭ᠎ᠠ ᠳᠣᠭᠳᠠᠭᠠᠨ᠂ ᠢᠳᠡᠪᠬᠢᠲᠡᠢ ᠠᠵᠢᠯᠯᠠᠵᠤ᠂ ᠥᠪᠥᠷ ᠮᠣᠩᠭᠤᠯ ᠤᠨ ᠮᠠᠯ ᠠᠵᠤ ᠠᠬᠤᠢ ᠶᠢᠨ ᠦᠢᠯᠡᠳᠪᠦᠷᠢᠯᠡᠯ ᠢ ᠬᠥᠭᠵᠢᠭᠦᠯᠬᠦ ᠳᠤ ᠶᠡᠭᠡ ᠬᠡᠮᠵᠢᠶᠡᠨ ᠤ ᠬᠦᠴᠦ ᠬᠥᠳᠡᠯᠮᠦᠷᠢ ᠵᠠᠷᠤᠴᠠᠭᠤᠯᠵᠠᠢ᠃      1958 ᠣᠨ ᠳᠤ᠂ ᠭᠤᠤ ᠽᠧᠩ ᠫᠧᠢ ᠬᠥᠯᠥᠨ ᠪᠤᠶᠢᠷ ᠠᠶᠢᠮᠠᠭ ᠤᠨ ᠨᠢᠭᠡᠳᠦᠭᠡᠷ ᠱᠦᠵᠢ ᠪᠥᠭᠡᠳ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠢᠨ ᠲᠤᠰᠢᠶᠠᠯ ᠳᠤ ᠰᠢᠯᠵᠢᠪᠡ᠃ ᠲᠡᠷᠡ ᠨᠢᠭᠡ ᠪᠠᠭ ᠬᠥᠮᠥᠰ ᠢᠶᠠᠨ ᠳᠠᠭᠠᠭᠤᠯᠤᠨ᠂ ᠠᠵᠤ ᠠᠬᠤᠢ ᠶᠢᠨ ᠪᠦ᠋ᠳᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠡᠯ᠎ᠡ ᠵᠦᠢᠯ ᠤᠨ ᠠᠵᠢᠯ ᠢ ᠬᠠᠮᠲᠤ ᠳᠤᠨᠢ ᠬᠠᠷᠠᠭᠠᠯᠵᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠠᠪᠴᠤ᠂ ᠪᠦᠯᠬᠦᠮᠳᠡᠵᠦ ᠪᠣᠯᠬᠤ ᠬᠦᠴᠦᠨ ᠪᠦᠬᠦᠨ ᠲᠠᠢ ᠪᠦᠯᠬᠦᠮᠳᠡᠵᠦ᠂ ᠲᠠᠶᠢᠴᠢᠯᠠᠵᠤ ᠪᠣᠯᠬᠤ ᠢᠳᠡᠪᠬᠢ ᠬᠦᠴᠦᠨ ᠵᠦᠢᠯ ᠪᠦᠬᠦᠨ ᠢ ᠲᠠᠶᠢᠴᠢᠯᠠᠵᠦ᠂ ᠠᠵᠤ ᠠᠬᠤᠢ ᠶᠢ ᠬᠥᠭᠵᠢᠭᠦᠯᠬᠦ ᠶᠢᠨ ᠲᠥᠯᠥᠭᠡ ᠨᠢᠭᠡ ᠰᠡᠳᠬᠢᠯ ᠨᠢᠭᠡ ᠵᠣᠷᠢᠭ ᠢᠶᠠᠷ ᠰᠢᠷᠭᠠᠭᠤ ᠬᠠᠲᠠᠭᠤᠵᠢᠯᠲᠠᠢ ᠠᠵᠢᠯᠯᠠᠵᠠᠢ᠃ ᠪᠥᠬᠦ ᠠᠶᠢᠮᠠᠭ ᠲᠤ ᠨᠠᠮ ᠤᠨ ᠭᠡᠰᠢᠭᠦᠨ᠂ ᠨᠠᠮ ᠤᠨ ᠡᠭᠦᠷ ᠤᠨ ︽ᠲᠤᠯᠤᠭᠠᠨ ᠰᠠᠶᠢᠨᠲᠠᠢ︾ ᠶᠢ ᠰᠢᠯᠭᠠᠷᠠᠭᠤᠯᠬᠤ ᠠᠵᠢᠯᠯᠠᠭ᠎ᠠ ᠶᠢ ᠦᠷᠨᠢᠭᠦᠯᠵᠦ᠂ ᠨᠠᠮ ᠤᠨ ᠡᠭᠦᠷ ᠪᠠ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠪᠠᠳᠠᠷᠠᠭᠤᠯᠪᠠ᠃ ᠪᠠᠰᠠ ᠡᠮᠡᠭᠲᠡᠶᠢᠴᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠡᠯ᠎ᠡ ᠲᠦᠷᠦᠯ ᠤᠨ ᠢᠳᠡᠪᠬᠢᠳᠡᠨ ᠤ ᠲᠥᠯᠥᠭᠡᠯᠡᠭᠴᠢᠳ ᠤᠨ ᠶᠡᠭᠡ ᠬᠤᠷᠠᠯ ᠢ ᠤᠷᠢᠳ ᠬᠤᠵᠢᠳ ᠬᠤᠷᠠᠯᠳᠤᠭᠤᠯᠵᠤ᠂ ᠲᠥᠯᠥᠭᠡᠯᠡᠭᠴᠢ ᠬᠥᠮᠥᠰ ᠤᠨ ᠬᠥᠭᠦᠷᠭᠡ᠂ ᠭᠤᠣᠯᠯᠠᠭᠴᠢ ᠦᠢᠯᠡᠳᠦᠯ ᠢ ᠪᠠᠳᠠᠷᠠᠭᠤᠯᠵᠤ᠂ ᠨᠡᠶᠢᠲᠡᠯᠢᠭ ᠵᠢᠱᠢᠶ᠎ᠡ ᠪᠠᠷ ᠵᠠᠮ ᠳᠠᠭᠠᠭᠤᠯᠵᠤ᠂ ᠠᠵᠢᠯ ᠲᠦᠷᠦᠯ ᠪᠦᠬᠦᠨ ᠳᠤ ᠰᠤᠷᠤᠯᠴᠠᠬᠤ ᠡᠲᠡᠭᠡᠳ ᠲᠠᠢ᠂ ᠬᠥᠭᠡᠭᠡᠴᠡᠯᠳᠦᠬᠦ ᠬᠠᠷᠠᠯᠲᠠ ᠲᠠᠢ ᠪᠠᠶᠢᠬᠤ ᠶᠢ ᠪᠡᠶᠡᠯᠡᠭᠦᠯᠪᠡ᠃ ᠲᠡᠷᠡ ᠰᠣᠶᠣᠯ ᠰᠤᠷᠭᠠᠨ ᠬᠥᠮᠦᠵᠢᠯ ᠢ ᠴᠢᠬᠤᠯᠠᠴᠢᠯᠠᠵᠤ᠂ ᠬᠥᠯᠥᠨ ᠪᠤᠶᠢᠷ ᠤᠨ ᠠᠩᠬᠠᠳᠠᠭᠴᠢ ᠶᠡᠭᠡ ᠰᠤᠷᠭᠠᠭᠤᠯᠢ ᠶᠢ ᠡᠭᠦᠰᠬᠡᠨ ᠪᠠᠶᠢᠭᠤᠯᠪᠠ᠃ ᠪᠠᠰᠠ ᠵᠥᠪᠯᠡᠯᠲᠦ ᠮᠣᠩᠭᠤᠯ ᠤᠨ ᠬᠢᠯᠢ ᠶᠢᠨ ᠵᠠᠭᠠᠭ ᠤᠨ ᠬᠠᠷᠢᠴᠠᠭ᠎ᠠ ᠶᠢ ᠵᠣᠬᠢᠰᠲᠠᠢ ᠰᠢᠢᠳᠪᠦᠷᠢᠯᠡᠵᠦ᠂ ᠬᠢᠯᠢ ᠶᠢᠨ ᠠᠷᠠᠯᠵᠢᠶ᠎ᠠ ᠪᠣᠯᠣᠨ ᠠᠷᠠᠳ ᠤᠨ ᠬᠤᠭᠤᠷᠣᠨᠳᠣᠬᠢ ᠨᠥᠬᠦᠷᠰᠡᠭ ᠶᠠᠪᠤᠯᠴᠠᠭ᠎ᠠ ᠶᠢ ᠠᠬᠢᠭᠤᠯᠪᠠ᠃ ᠬᠦᠯᠦᠨ ᠪᠤᠶᠢᠷ ᠠᠶᠢᠮᠠᠭ ᠲᠤ ᠠᠵᠢᠯᠯᠠᠭᠰᠠᠨ ᠭᠠᠪᠢᠶ᠎ᠠ ᠵᠢᠳᠭᠦᠯ ᠤᠯᠠᠨ᠂ ᠤᠯᠤᠰ ᠲᠦᠷᠦ ᠶᠢᠨ ᠠᠮᠵᠢᠯᠲᠠ ᠪᠦᠲᠦᠮᠵᠢ ᠲᠣᠪᠣᠶᠢᠮ᠎ᠠ ᠪᠣᠯᠬᠤᠷ ᠲᠥᠪ ᠤᠨ ᠤᠳᠤᠷᠢᠳᠤᠯᠭ᠎ᠠ ᠶᠢᠨ ᠴᠢᠬᠤᠯᠠᠴᠢᠯᠠᠭ᠎ᠠ ᠶᠢ ᠣᠯᠵᠤ᠂ ᠤᠯᠤᠰ ᠤᠨ ᠲᠡᠷᠢᠭᠦᠯᠡᠭᠴᠢ ᠯᠢᠦ ᠱᠣᠸ ᠴᠢ ᠪᠣᠯᠣᠨ ᠶᠧ ᠵᠢᠶᠠᠨ ᠶᠢᠩ ᠶᠣᠸᠠᠨᠱᠤᠸᠠᠢ ᠤᠷᠢᠳ ᠬᠤᠵᠢᠳ ᠬᠦᠯᠦᠨ ᠪᠤᠶᠢᠷ ᠠᠶᠢᠮᠠᠭ ᠲᠤ ᠬᠦᠷᠴᠦ ᠰᠢᠨᠵᠢᠯᠡᠨ ᠪᠠᠶᠢᠴᠠᠭᠠᠨ ᠵᠢᠯᠤᠭᠤᠳᠴᠤ᠂ ᠠᠵᠢᠯ ᠢ ᠨᠢ ᠦᠨᠡᠯᠡᠵᠦ᠂ ᠮᠠᠭᠲᠠᠨ ᠰᠠᠶᠢᠰᠢᠶᠠᠪᠠ᠃     1960 ᠣᠨ ᠳᠤ᠂ ᠲᠡᠷᠡ ᠥᠪᠥᠷ ᠮᠣᠩᠭᠤᠯ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠶᠢᠨ ᠲᠤᠰᠢᠶᠠᠯ ᠳᠤ ᠰᠢᠯᠵᠢᠵᠦ᠂ ᠠᠵᠤ ᠠᠬᠤᠢ ᠶᠢᠨ ᠠᠵᠢᠯ ᠢ  ᠬᠤᠪᠢᠶᠠᠨ ᠬᠠᠮᠢᠶᠠᠷᠪᠠ᠃ 1963 ᠣᠨ ᠳᠤ ᠠᠵᠢᠯ ᠠᠴᠠ ᠪᠠᠨ ᠰᠠᠯᠵᠤ᠂ ᠡᠪᠡᠳᠴᠢᠨ ᠢᠶᠠᠨ ᠡᠮᠨᠡᠬᠦᠯᠵᠦ ᠪᠡᠶ᠎ᠡ ᠪᠠᠨ ᠰᠤᠪᠢᠯᠠᠪᠠ᠃ ︽ᠰᠣᠶᠣᠯ ᠤᠨ ᠬᠤᠪᠢᠰᠬᠠᠯ︾ ᠤᠨ ᠳᠤᠮᠳᠠ᠂ ︽ᠬᠤᠪᠢᠰᠬᠠᠯ ᠤᠨ ᠡᠰᠡᠷᠭᠦᠴᠦᠳ︾᠂ ︽ᠬᠥᠷᠥᠩᠭᠡᠲᠦ ᠶᠣᠰᠣᠨ ᠤ ᠵᠠᠮ ᠢᠶᠠᠷ ᠶᠠᠪᠤᠭᠴᠢ ᠡᠷᠬᠡ ᠪᠠᠷᠢᠭᠴᠢ︾ ᠭᠡᠵᠦ ᠲᠡᠮᠡᠴᠡᠭᠳᠡᠨ ᠳᠠᠷᠣᠯᠠᠭᠳᠠᠪᠠ᠃ 1977 ᠣᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠵᠥᠪᠯᠡᠯ ᠤᠨ ᠵᠥᠪᠯᠡᠭᠴᠢ ᠶᠢᠨ ᠲᠤᠰᠢᠶᠠᠯ ᠢ ᠡᠭᠦᠷᠭᠡᠯᠡᠵᠦ᠂ 1979 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠲᠣᠰᠢᠶᠠᠯ ᠢ ᠬᠠᠷᠢᠭᠤᠴᠠᠵᠤ᠂ 1985 ᠣᠨ ᠳᠤ ᠠᠵᠢᠯ ᠠᠴᠠ  ᠪᠠᠨ ᠠᠮᠠᠷᠠᠵᠦ᠂ ᠵᠢᠩᠬᠢᠨᠢ ᠮᠤᠵᠢ ᠶᠢᠨ ᠲᠡᠰ ᠤᠨ ᠬᠠᠷᠠᠭᠠᠯᠵᠠᠯ ᠢ ᠬᠦᠷᠲᠡᠵᠡᠢ᠃      1996 ᠣᠨ ᠤ 1 ᠰᠠᠷ᠎ᠠ ᠶᠢᠨ 15  ᠤ ᠡᠳᠦᠷ᠂ ᠭᠤᠤ ᠽᠧᠩ ᠫᠧᠢ ᠨᠦᠬᠦᠷ 80 ᠨᠠᠰᠤᠲᠠᠢ ᠳᠠᠭᠠᠨ ᠬᠥᠬᠡᠬᠤᠲᠠ ᠳᠤ ᠡᠪᠡᠳᠴᠢᠨ ᠢᠶᠠᠷ ᠨᠠᠰᠤ ᠪᠠᠷᠠᠪᠠ᠃ ᠲᠡᠬᠦᠨ ᠤ ᠨᠠᠰᠤᠨ ᠳᠣᠷᠰᠢᠲᠠ ᠪᠠᠨ ᠠᠷᠠᠳ ᠲᠦᠮᠡᠨ ᠤ ᠴᠢᠯᠦᠭᠡᠯᠡᠯᠲᠡ ᠶᠢᠨ ᠦᠢᠯᠡᠰ᠂ ᠠᠮᠣᠷ ᠵᠢᠮᠣᠷ ᠠᠵᠤ ᠲᠦᠷᠦᠬᠦ ᠦᠢᠯᠡᠰ ᠲᠤ ᠮᠠᠷᠠᠶᠢᠨ ᠴᠢᠷᠮᠠᠶᠢᠭᠰᠠᠨ ᠭᠠᠪᠢᠶ᠎ᠠ ᠵᠢᠳᠭᠦᠯ ᠨᠢ ᠲᠡᠦᠬᠡᠨ ᠳᠤ ᠪᠠᠯᠠᠷᠠᠰᠢ ᠦᠭᠡᠢ ᠶᠣᠮ᠃
ᠢᠷᠡᠯᠲᠡ᠄ ᠳᠤᠰ ᠰᠦᠯᠵᠢᠶ᠎ᠡ