ᠯᠢ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠤᠳᠤᠯᠤᠨ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠶᠠᠷᠢᠯᠴᠠᠪᠠ  ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶ᠎ᠠ ᠡᠭᠦᠷᠭᠡ ᠲᠤᠰᠢᠶᠠᠯ  ᠢᠶᠠᠨ ᠪᠥᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ
ᠨᠡᠶᠢᠲᠡᠯᠡᠭᠰᠡᠨ ᠴᠠᠭ᠄
2023/3/17
     ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 14 ᠤ ᠡᠳᠦᠷ ᠤᠨ ᠮᠡᠳᠡᠭᠡ   ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 3 ᠳ᠋ᠤᠭᠠᠷ ᠰᠠᠷ᠎ᠠ  ᠶᠢᠨ 14 ᠤ ᠡᠳᠦᠷ ᠰᠢᠨ᠎ᠡ ᠨᠢᠭᠡ ᠬᠤᠭᠤᠴᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠬᠤᠯᠪᠣᠭᠳᠠᠯ ᠪᠦᠬᠦᠢ ᠠᠵᠢᠯ ᠢ ᠰᠤᠳᠤᠯᠵᠤ᠂ ︽ᠲᠥᠷᠥ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶︾ ᠢ ᠶᠠᠷᠢᠯᠴᠠᠨ᠂ ᠰᠢᠨ᠎ᠡ ᠨᠢᠭᠡ ᠬᠤᠭᠤᠴᠠᠭᠠᠨ ᠤ ᠲᠦᠷᠦ ᠶᠢᠨ ᠶᠠᠪᠤᠳᠠᠯ ᠤᠨ ᠬᠤᠷᠢᠶ᠎ᠠ ᠡᠭᠦᠷᠭᠡ ᠲᠤᠰᠢᠶᠠᠯ ᠢᠶᠠᠨ ᠪᠦᠬᠦ ᠲᠠᠯ᠎ᠠ ᠪᠠᠷ ᠬᠡᠷᠡᠭᠵᠢᠭᠦᠯᠵᠦ ᠡᠬᠢᠯᠡᠪᠡ᠃     ᠬᠤᠷᠠᠯ ᠠᠴᠠ ᠴᠢᠬᠤᠯᠠᠴᠢᠯᠠᠬᠤ ᠳᠤ ᠪᠠᠨ᠂ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠠᠯᠢ ᠤᠯᠠᠨ ᠴᠢᠬᠤᠯᠠ ᠶᠠᠷᠢᠶ᠎ᠠ ᠲᠠᠯᠪᠢᠭᠰᠠᠨ ᠨᠢ ᠮᠠᠰᠢ ᠴᠢᠩᠭ᠎ᠠ ᠤᠯᠤᠰ ᠲᠥᠷᠥᠴᠢ ᠴᠢᠨᠠᠷ᠂ ᠦᠵᠡᠯ ᠰᠠᠨᠠᠭᠠᠨ ᠤ ᠴᠢᠨᠠᠷ᠂ ᠵᠢᠯᠤᠭᠤᠳᠬᠤ ᠴᠢᠨᠠᠷ᠂ ᠬᠠᠨᠳᠤᠯᠭᠠᠲᠤ ᠴᠢᠨᠠᠷ ᠲᠠᠢ ᠶᠤᠮ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ  ᠤᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠨᠠᠷᠢᠨ ᠬᠢᠨᠠᠮᠠᠭᠠᠢ ᠠᠳᠬᠤᠬᠤ ᠬᠡᠷᠡᠭᠲᠡᠢ ᠭᠡᠵᠡᠢ᠃ ᠬᠤᠷᠠᠯ ᠠᠴᠠ ᠴᠢᠬᠤᠯᠠᠴᠢᠯᠠᠭᠰᠠᠨ ᠨᠢ᠂ ᠲᠦᠷᠦ ᠶᠢᠨ ᠶᠠᠪᠤᠳᠠᠯ ᠤᠨ ᠬᠤᠷᠢᠶ᠎ᠠ ᠪᠣᠯ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ ᠪᠣᠯᠣᠨ᠎ᠠ᠂ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠰᠢᠰᠲ᠋ᠧᠮ  ᠲᠠᠢ ᠰᠤᠷᠤᠯᠴᠠᠨ ᠡᠵᠡᠮᠰᠢᠵᠦ᠂ ᠪᠠᠶᠢᠴᠠᠭᠠᠨ ᠰᠤᠳᠤᠯᠤᠯᠲᠠ ᠬᠢᠬᠦ ᠣᠪᠣᠷ ᠰᠤᠷᠲᠠᠯ ᠢ ᠪᠠᠳᠠᠷᠠᠭᠤᠯᠵᠤ᠂ ᠴᠢᠬᠤᠯᠠ ᠶᠡᠭᠡ ᠠᠰᠠᠭᠤᠳᠠᠯ ᠢ ᠭᠦᠨᠵᠡᠭᠡᠢ ᠰᠤᠳᠤᠯᠤᠨ᠂ ᠴᠢᠬᠤᠯᠠ ᠶᠡᠭᠡ ᠠᠷᠭ᠎ᠠ ᠬᠡᠮᠵᠢᠶ᠎ᠡ ᠶᠢ ᠳᠤᠷᠠᠳᠴᠤ᠂ ᠴᠢᠬᠤᠯᠠ ᠶᠡᠭᠡ ᠠᠵᠢᠯ ᠢ ᠠᠬᠢᠭᠤᠯᠤᠨ᠂ ᠪᠦᠲᠦᠭᠡᠯᠴᠢ ᠪᠠᠷ ᠡᠯ᠎ᠡ ᠵᠦᠢᠯ ᠤᠨ ᠡᠭᠦᠷᠭᠡ ᠶᠢ ᠪᠣᠳᠠᠲᠠᠢ ᠮᠥᠷᠲᠡᠭᠡᠨ ᠰᠠᠶᠢᠲᠤᠷ ᠠᠳᠬᠤᠬᠤ ᠬᠡᠷᠡᠭᠲᠡᠢ᠃ ᠪᠥᠬᠦ ᠲᠠᠯ᠎ᠠ  ᠶᠢᠨ ᠤᠬᠠᠮᠰᠠᠷ ᠢᠶᠠᠨ ᠴᠢᠩᠭᠠᠳᠬᠠᠨ᠂ ᠪᠦᠯᠬᠦᠮᠳᠡᠯᠲᠡᠢ ᠪᠠᠷ ᠬᠠᠮᠲᠤᠷᠠᠨ ᠠᠵᠢᠯᠯᠠᠵᠤ᠂ ᠬᠦᠴᠦ ᠨᠢᠭᠡᠳᠦᠨ ᠦᠢᠯᠡᠰ ᠴᠣᠭᠴᠠᠯᠠᠵᠤ᠂ ᠬᠠᠷᠢᠯᠴᠠᠨ ᠳᠡᠮᠵᠢᠯᠴᠡᠨ᠂ ᠬᠠᠷᠢᠯᠴᠠᠨ ᠬᠠᠮᠵᠢᠯᠴᠠᠵᠤ᠂ ᠵᠣᠬᠢᠴᠠᠩᠭᠤᠢ ᠪᠥᠭᠡᠳ ᠥᠨᠳᠥᠷ ᠪᠦᠲᠦᠮᠵᠢᠲᠡᠢ ᠪᠠᠷ ᠠᠵᠢᠯ ᠢᠶᠠᠨ ᠥᠷᠨᠢᠭᠦᠯᠬᠦ ᠬᠡᠷᠡᠭᠲᠡᠢ ᠭᠡᠰᠡᠨ ᠪᠠᠶᠢᠨ᠎ᠠ᠃     ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠠᠴᠠ ᠬᠢᠨᠠᠨ ᠪᠠᠲᠤᠯᠠᠭᠰᠠᠨ ︽ᠨᠠᠮ ᠪᠠ ᠲᠦᠷᠦ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠬᠢᠨᠠᠨ ᠵᠥᠪᠰᠢᠶᠡᠷᠡᠭᠰᠡᠨ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ ᠢ ᠦᠨᠳᠦᠰᠦᠯᠡᠨ᠂ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠰᠢᠭᠤᠳ ᠬᠠᠷᠢᠶ᠎ᠠ ᠣᠨᠴᠠ ᠲᠣᠬᠢᠷᠠᠭᠤᠯᠤᠭᠰᠠᠨ ᠪᠠᠶᠢᠭᠤᠯᠤᠮᠵᠢ᠂ ᠰᠢᠭᠤᠳ ᠬᠠᠷᠢᠶ᠎ᠠ ᠪᠠᠶᠢᠭᠤᠯᠤᠮᠵᠢ᠂ ᠬᠡᠷᠡᠭ ᠡᠷᠬᠢᠯᠡᠬᠦ ᠪᠠᠶᠢᠭᠤᠯᠤᠮᠵᠢ᠂ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠢ᠂ ᠶᠠᠮᠤᠨ ᠬᠤᠷᠢᠶ᠎ᠠ ᠶᠢᠨ ᠬᠠᠮᠢᠶᠠᠷᠴᠤ ᠪᠠᠶᠢᠭ᠎ᠠ ᠤᠯᠤᠰ ᠤᠨ ᠲᠣᠪᠴᠢᠶ᠎ᠠ ᠶᠢᠨ ᠪᠠᠶᠢᠷᠢᠯᠠᠭᠤᠯᠤᠯᠲᠠ ᠶᠢ ᠬᠢᠨᠠᠨ ᠪᠠᠲᠤᠯᠠᠪᠠ᠃ ᠬᠤᠷᠠᠯ ᠠᠴᠠ ᠪᠠᠶᠢᠭᠤᠯᠤᠮᠵᠢ ᠶᠢᠨ ᠥᠭᠡᠷᠡᠴᠢᠯᠡᠯᠲᠡ ᠪᠣᠯ ᠣᠳᠣᠬᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠣᠨ᠎ᠠ᠃ ᠪᠢᠳᠡ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨ ᠬᠦ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠤᠯᠤᠰ ᠲᠦᠷᠦ ᠶᠢ ᠡᠷᠬᠢᠮᠯᠡᠨ᠂ ᠪᠥᠬᠦ ᠲᠠᠯ᠎ᠠ ᠶᠢ ᠬᠠᠷᠠᠭᠠᠯᠵᠠᠵᠤ᠂ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠠᠶᠢᠭᠤᠯᠤᠮᠵᠢ᠂ ᠡᠭᠦᠷᠭᠡ ᠬᠠᠷᠢᠭᠤᠴᠠᠯᠭ᠎ᠠ᠂ ᠡᠩᠨᠡᠭᠡ ᠵᠡᠷᠭᠡ ᠶᠢ ᠴᠠᠭ ᠲᠤᠬᠠᠢ  ᠳᠤ ᠨᠢ ᠵᠦᠢ ᠵᠣᠬᠢᠰᠲᠠᠢ ᠲᠣᠬᠢᠷᠠᠭᠤᠯᠬᠤ ᠶᠢ ᠪᠠᠲᠤᠯᠠᠵᠤ᠂ ᠥᠭᠡᠷᠡᠴᠢᠯᠡᠯᠲᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠠᠵᠢᠯ ᠢ ᠬᠡᠪ ᠤᠨ ᠶᠣᠰᠣᠭᠠᠷ ᠥᠷᠨᠢᠭᠦᠯᠵᠦ᠂ ᠡᠮᠬᠢ ᠵᠢᠷᠤᠮ ᠲᠠᠢ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ ᠡᠨᠡ ᠤᠳᠠᠭ᠎ᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠪᠠᠷ ᠠᠵᠠ ᠲᠣᠬᠢᠶᠠᠯ ᠪᠣᠯᠭᠠᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠴᠡᠭᠡ ᠱᠠᠭᠠᠷᠳᠠᠯᠭ᠎ᠠ ᠳᠤ ᠵᠣᠬᠢᠴᠠᠭᠤᠯᠤᠨ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠤᠯᠠᠮ ᠨᠢᠭᠡ ᠠᠯᠬᠤᠮ ᠬᠤᠪᠢᠷᠠᠭᠤᠯᠵᠤ᠂ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠠᠵᠢᠯ ᠤᠨ ᠣᠪᠣᠷ ᠰᠤᠷᠲᠠᠯ ᠢᠶᠠᠨ ᠰᠠᠶᠢᠵᠢᠷᠠᠭᠤᠯᠤᠨ᠂ ᠦᠷ᠎ᠡ ᠪᠦᠲᠦᠮᠵᠢᠲᠠᠢ ᠵᠠᠬ᠎ᠠ ᠳᠡᠯᠭᠡᠭᠦᠷ ᠪᠣᠯᠣᠨ ᠠᠵᠢᠯ ᠦᠢᠯᠡᠰᠴᠢ ᠵᠠᠰᠠᠭ ᠤᠨ ᠣᠷᠳᠣᠨ ᠢ ᠨᠡᠩ ᠰᠠᠶᠢᠨ ᠤᠶᠠᠯᠳᠤᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠬᠤᠷᠠᠯ ᠠᠴᠠ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠤᠨ ᠳᠦᠷᠢᠮ︾ ᠢ ᠶᠠᠷᠢᠯᠴᠠᠵᠤ᠂ ᠵᠠᠰᠠᠪᠤᠷᠢ ᠣᠷᠣᠭᠤᠯᠤᠭᠰᠠᠨ ᠨᠣᠣᠷᠠᠭ ᠢ ᠲᠦᠷᠦ ᠶᠢᠨ ᠶᠠᠪᠤᠳᠠᠯ ᠤᠨ ᠬᠤᠷᠢᠶᠠᠨ ᠤ ᠠᠩᠬᠠᠳᠤᠭᠠᠷ ᠪᠦᠬᠦᠳᠡ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠠᠵᠢᠯ ᠢ ᠰᠠᠶᠢᠲᠤᠷ ᠬᠢᠬᠦ ᠳᠤ᠂ ᠡᠷᠬᠡᠪᠰᠢ ᠨᠠᠮ ᠤᠨ ᠲᠥᠪ ᠬᠤᠷᠢᠶᠠᠨ ᠤ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ ᠪᠠᠷ ᠬᠠᠮᠤᠭ ᠤᠨ ᠦᠨᠳᠦᠰᠦᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠪᠣᠯᠭᠠᠵᠤ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠲᠠᠴᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠤᠬᠠᠮᠰᠠᠷ ᠠᠴᠠ ᠪᠠᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠱᠠᠭᠠᠷᠳᠠᠯᠭ᠎ᠠ ᠲᠠᠢ ᠬᠠᠷᠭᠤᠭᠤᠯᠤᠨ ᠪᠠᠶᠢᠴᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠵᠠᠰᠠᠭ ᠤᠨ ᠣᠷᠳᠣᠨ ᠤ ᠠᠵᠢᠯ ᠤᠨ ᠳᠦᠷᠢᠮᠵᠢᠯ ᠲᠠᠢ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠵᠢᠯᠯᠠᠭᠠᠨ ᠢ ᠲᠦᠯᠬᠢᠨ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶ᠎ᠡ