3 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠰᠦᠳᠦᠭᠡᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ 54 | ᠤᠳᠠᠭᠠᠨ ᠤ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠥᠪᠯᠡᠯ ᠤᠨ 10 ᠳ᠋ᠤᠭᠠᠷ ᠤᠳᠠᠭᠠᠨ ᠤ ᠬᠤᠷᠠᠯ᠂ ᠴᠢᠳᠠᠪᠤᠷᠢᠲᠠᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ | ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠸ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ | ᠪᠠᠶᠢᠭᠤᠯᠭ᠎ᠠ ᠳᠠᠭᠠᠨ ᠪᠠᠶᠢᠭ᠎ᠠ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠵᠢᠴᠢ ᠲᠤᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃ | ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠦᠪᠯᠡᠬᠦ ᠳᠤ ᠤᠷᠤᠯᠴᠠᠬᠤ ᠦᠶ᠎ᠡ ᠶᠢᠨ ᠶᠠᠷᠢᠶ᠎ᠠ ᠪᠠ | ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠩᠬᠠᠳᠤᠭᠠᠷ ᠤᠳᠠᠭᠠᠨ ᠤ ᠪᠦᠬᠦᠳᠡ ᠬᠤᠷᠠᠯ ᠳᠤ ᠤᠷᠤᠯᠴᠠᠭᠰᠠᠨ | ᠡᠯ᠎ᠡ ᠠᠷᠠᠳᠴᠢᠯᠠᠭᠰᠠᠨ ᠨᠠᠮ ᠪᠦᠯᠦᠭ᠂ ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠬᠢᠨ ᠤ ᠬᠡᠰᠢᠬᠦᠳ ᠢ ᠪᠤᠯᠭᠤᠭᠠᠨ ᠦᠵᠡᠬᠦ ᠦᠶᠡᠰ ᠲᠤ ᠶᠠᠷᠢᠭᠰᠠᠨ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ︔ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠨ ᠰᠤᠷᠤᠯᠴᠠᠵᠤ ᠨᠠᠶᠢᠳᠠᠪᠤᠷᠢᠵᠢᠭᠤᠯᠪᠠ︔ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠰᠢ ᠶᠢᠨ ᠫᠢᠩ ᠶᠡᠷᠦᠩᠬᠡᠢ ᠱᠦᠵᠢ ᠶᠢᠨ | ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠪᠠ︔ ᠳ᠋ᠦᠩᠱᠧᠩ ᠲᠣᠭᠤᠷᠢᠭ ᠤᠨ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠤᠨ ᠬᠤᠯᠪᠤᠭᠳᠠᠯ ᠪᠦᠬᠦᠢ ᠪᠠᠶᠢᠳᠠᠯ | ᠤᠨ ᠬᠠᠷᠢᠭᠤ ᠮᠡᠳᠡᠬᠦᠯᠦᠯᠳᠡ ᠶᠢ ᠰᠣᠨᠣᠰᠬᠤ ᠶᠢᠨ ᠬᠠᠮᠲᠤ ᠲᠣᠬᠢᠷᠠᠭᠤᠯᠤᠨ ᠪᠠᠶᠢᠷᠢᠯᠠᠭᠤᠯᠪᠠ︔ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ 2023 | ᠣᠨ ᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠵᠦᠪᠯᠡᠬᠦ ᠲᠥᠯᠥᠪᠯᠡᠭᠡ ᠪᠠ ᠭᠤᠣᠯᠳᠠᠯᠭ᠎ᠠ ᠲᠠᠢ ᠰᠠᠨᠠᠯ ᠳᠤᠷᠠᠳᠤᠯᠭ᠎ᠠ︾ | ︽ᠳ᠋ᠦᠩᠱᠧᠩ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ ᠵᠢᠯ ︵2023 ᠣᠨ ︱ 2025 ᠣᠨ︶ ᠤᠨ ᠠᠵᠢᠯᠯᠠᠭᠠᠨ ᠤ | ᠲᠥᠰᠥᠯ︾ ︽ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2023 ᠣᠨ ᠤ ᠠᠵᠢᠯ ᠤᠨ ᠭᠤᠣᠯᠳᠠᠯᠭ᠎ᠠ︾ ︽ᠳ᠋ᠦᠩᠱᠧᠩ | ᠲᠣᠭᠤᠷᠢᠭ ᠤᠨ ᠬᠦᠨᠳᠦ ᠨᠤᠴᠢᠳᠠᠢ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠤᠨ ᠠᠵᠢᠯᠯᠠᠭᠠᠨ ᠤ ᠲᠣᠭᠲᠠᠴᠠ ᠶᠢᠨ ᠠᠵᠢᠯ ᠤᠨ ᠳᠦᠷᠢᠮ ᠪᠠ ᠡᠯ᠎ᠡ ᠲᠤᠰᠬᠠᠢ | ᠠᠵᠢᠯ ᠤᠨ ᠳᠤᠭᠤᠶᠢᠯᠠᠩ ᠤᠨ ᠠᠵᠢᠯ ᠤᠨ ᠳᠦᠷᠢᠮ︾ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ ᠬᠢᠨᠠᠨ ᠵᠥᠪᠯᠡᠪᠡ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠪᠣᠯᠣᠨ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠣᠶᠢᠯᠠᠭᠠᠵᠤ᠂ ᠰᠤᠷᠤᠯᠴᠠᠨ ᠲᠤᠤᠱᠯᠠᠭᠤᠯᠤᠭᠰᠠᠨ ᠪᠣᠳᠠᠲᠤ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠬᠤ︾ ᠶᠢ ᠬᠦᠷᠢᠶᠡᠯᠡᠵᠦ᠂ ︽ᠬᠤᠶᠠᠷ ᠢ | ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠬᠡᠷᠡᠭᠲᠡᠢ᠃ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠵᠣᠬᠢᠶᠠᠨ ᠪᠠᠶᠢᠭᠤᠯᠬᠤ ᠬᠡᠯᠲᠡᠰ ᠤᠨ | ᠳᠠᠷᠤᠭ᠎ᠠ᠂ ᠤᠬᠠᠭᠤᠯᠬᠤ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠮᠠᠨ ᠤ ᠲᠤᠭᠤᠷᠢᠭ ᠤᠨ 2023 | ᠣᠨ ᠤ ᠵᠣᠬᠢᠶᠠᠨ ᠪᠠᠶᠢᠭᠤᠯᠬᠤ ᠪᠠ ᠤᠬᠠᠭᠤᠯᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠠᠳᠬᠤᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠰᠢᠨ᠎ᠡ ᠶᠢ | ᠡᠬᠦᠳᠦᠭᠰᠡᠨ ᠤᠨᠤᠯ ᠢᠶᠠᠷ ᠵᠡᠪᠰᠡᠭᠯᠡᠬᠦ ᠶᠢ ᠦᠷᠭᠦᠯᠵᠢᠯᠡᠨ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠬᠦᠷᠭᠡᠯᠡᠯ ᠲᠠᠢ ᠺᠠᠳ᠋ᠷ ᠤᠨ | ᠡᠩᠨᠡᠭᠡ ᠶᠢ ᠬᠦᠴᠦᠯᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠴᠢᠳᠠᠪᠤᠷᠢᠲᠠᠨ ᠤ ᠠᠵᠢᠯ ᠤᠨ ᠲᠤᠭᠳᠠᠯᠴᠠᠭ᠎ᠠ ᠶᠢ ᠪᠠᠶᠢᠭᠤᠯᠤᠨ᠂ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠪᠬᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ | ᠴᠢᠩᠭᠠᠳᠬᠠᠵᠤ᠂ ᠪᠦᠬᠦ ᠲᠤᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠰᠢᠨ᠎ᠡ ᠶᠢ ᠡᠭᠦᠳᠬᠦ ᠰᠢᠪᠲᠤᠯᠤᠯᠲᠠ᠂ ᠪᠦᠬᠦᠯᠢ ᠴᠣᠭᠴᠠ ᠶᠢᠨ | ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠭᠤᠣᠯ | ᠰᠢᠵᠢᠮ ᠲᠠᠢ ᠨᠢᠭᠲᠠ ᠤᠶᠠᠯᠳᠤᠭᠤᠯᠤᠨ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠳᠤ ᠠᠩᠬᠠᠷᠤᠯ ᠢᠶᠠᠨ ᠳᠦᠪᠯᠡᠷᠡᠬᠦᠯᠵᠤ᠂ ᠬᠤᠲᠠ ᠶᠢᠨ ᠨᠠᠮ ᠤᠨ ᠬᠤᠷᠢᠶᠠᠨ ᠤ ︽ᠭᠤᠷᠪᠠᠨ ᠳᠥᠷᠪᠡ︾ ᠶᠢᠨ ᠬᠠᠷᠠᠯᠲᠠᠲᠤ | ᠡᠭᠦᠷᠭᠡ ᠪᠠ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠳᠥᠷᠪᠡᠳᠦᠭᠡᠷ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ᠂ ᠠᠷᠠᠳ ᠤᠨ ᠠᠮᠢᠳᠤᠷᠠᠯ ᠤᠨ ᠢᠨᠵᠧᠨᠧᠷᠢᠩ᠂ ᠣᠯᠠᠨ ᠨᠡᠶᠢᠲᠡ ᠶᠢᠨ ᠦᠢᠯᠡᠴᠢᠯᠡᠭᠡ᠂ | ᠪᠥᠬᠦ ᠤᠯᠤᠰ ᠤᠨ ᠪᠣᠯᠪᠠᠰᠤᠨ ᠤ ᠬᠡᠪ ᠳᠠᠭᠤᠷᠢᠶᠠᠯᠳᠤ ᠬᠤᠲᠠ ᠶᠢ ᠡᠭᠦᠳᠦᠨ ᠪᠠᠶᠢᠭᠤᠯᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ᠂ ᠪᠥᠬᠦ ᠲᠠᠯ᠎ᠠ | ᠶᠢᠨ᠂ ᠰᠢᠰᠲ᠋ᠧᠮᠲᠦ ᠴᠢᠨᠠᠷᠲᠠᠢ᠂ ᠪᠠᠶᠢᠩᠭᠤᠵᠢᠭᠰᠠᠨ ᠤᠬᠠᠭᠤᠯᠭ᠎ᠠ ᠶᠢ ᠥᠷᠨᠢᠭᠦᠯᠵᠦ᠂ ᠳ᠋ᠦᠩᠱᠧᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ | ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠣᠶᠤᠨ ᠰᠠᠨᠠᠭᠠᠨ ᠤ ᠬᠦᠳᠡᠯᠬᠡᠬᠦ ᠬᠦᠴᠦᠨ ᠢ ᠬᠠᠩᠭᠠᠬᠤ ᠬᠡᠷᠡᠭᠳᠠᠢ ᠭᠡᠵᠤ ᠱᠠᠭᠠᠷᠳᠠᠪᠠ᠃ | ᠬᠤᠷᠠᠯ ᠠᠴᠠ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠪᠣᠯ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ | ᠰᠢᠯᠢᠳᠡᠭᠵᠢᠭᠦᠯᠬᠦ᠂ ᠠᠷᠠᠳ ᠲᠤ ᠲᠦᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠢᠬᠤᠯᠠ ᠠᠵᠢᠯ ᠤᠨ ᠠᠷᠭ᠎ᠠ ᠬᠡᠮᠵᠢᠶ᠎ᠡ ᠪᠤᠯᠤᠨ᠎ᠠ᠃ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠵᠢᠯ ᠢᠶᠠᠨ ᠨᠢᠭᠡᠳᠦᠯᠲᠡᠢ | ᠲᠥᠯᠥᠪᠯᠡᠬᠦ ᠶᠢ ᠴᠢᠩᠭᠠᠳᠬᠠᠨ᠂ ᠠᠩᠬ᠎ᠠ ᠰᠢᠢᠳᠪᠦᠷᠢᠯᠡᠬᠦ ᠬᠠᠷᠢᠭᠤᠴᠠᠯᠭ᠎ᠠ ᠶᠢᠨ ᠳᠦᠷᠢᠮ ᠢ ᠪᠠᠷᠢᠮᠲᠠᠯᠠᠵᠤ᠂ ᠠᠵᠢᠯ ᠤᠨ ᠬᠠᠭᠤᠳᠠᠰᠤ ᠶᠢ ᠠᠩᠬᠠᠷᠴᠤ ᠰᠢᠢᠳᠪᠦᠷᠢᠯᠡᠬᠦ | ᠡᠷᠴᠢᠮ ᠢᠶᠠᠨ ᠴᠢᠩᠭᠠᠷᠠᠭᠤᠯᠤᠨ᠂ ᠴᠤᠤᠷᠢᠶᠠᠳᠤᠨ ᠳᠠᠭᠠᠬᠤ ᠨᠤᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠶᠢ ᠦᠨᠡᠨ ᠬᠦ ᠳᠡᠭᠡᠭᠰᠢᠯᠡᠭᠦᠯᠵᠦ᠂ ᠪᠣᠳᠠᠲᠤ | ᠠᠵᠢᠯᠯᠠᠭ᠎ᠠ ᠪᠠ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠤᠨ ᠲᠥᠯᠥᠭᠡ ᠪᠣᠳᠠᠲᠠᠢ ᠠᠵᠢᠯ ᠬᠢᠬᠦ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ᠃ | ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠶᠢ ︽ᠨᠢᠭᠡᠳᠦᠭᠡᠷ ᠬᠠᠷᠢᠭᠤᠴᠠᠯᠭᠠᠳᠠᠨ︾ ᠤ ᠢᠨᠵᠧᠨᠧᠷᠢᠩ ᠪᠣᠯᠭᠠᠵᠤ᠂ | ᠰᠠᠨᠠᠭᠠᠴᠢᠯᠠᠭ᠎ᠠ ᠠᠴᠠ ᠪᠠᠨ ᠭᠠᠷᠳᠠᠨ ᠰᠤᠳᠤᠯᠵᠤ᠂ ᠡᠷᠲᠡ ᠠᠴᠠ ᠲᠣᠬᠢᠷᠠᠭᠤᠯᠤᠨ ᠪᠠᠶᠢᠷᠢᠯᠠᠭᠤᠯᠵᠤ᠂ ᠦᠨᠡᠨ ᠬᠦ ᠪᠣᠯᠣᠮᠵᠢᠲᠠᠢ ᠠᠷᠭ᠎ᠠ ᠬᠡᠮᠵᠢᠶ᠎ᠡ ᠠᠪᠴᠤ᠂ | ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠤᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠬᠦ ᠶᠢ ᠠᠬᠢᠭᠤᠯᠬᠤ ᠬᠡᠷᠡᠭᠲᠡᠢ᠃ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠱᠠᠭᠠᠷᠳᠠᠯᠭ᠎ᠠ ᠶᠢ ᠬᠢᠨᠠᠮᠠᠭᠠᠢ ᠰᠤᠷᠤᠯᠴᠠᠨ᠂ | ᠠᠵᠢᠯᠲᠠᠨ ᠤ ᠴᠢᠳᠠᠪᠤᠷᠢ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ᠂ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠬᠦᠴᠦᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠨᠡᠪᠲᠡᠷᠡᠯᠴᠡᠨ ᠵᠣᠬᠢᠴᠠᠭᠤᠯᠬᠤ ᠶᠢ ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ | ᠰᠢᠯᠭᠠᠬᠤ ᠶᠢ ᠴᠢᠩᠭᠠᠳᠬᠠᠨ᠂ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠢ ᠥᠷᠨᠢᠭᠦᠯᠦᠭᠰᠡᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠵᠠᠷᠯᠠᠨ ᠮᠡᠳᠡᠭᠳᠡᠵᠦ᠂ ᠴᠢᠩᠭ᠎ᠠ ᠨᠢᠮᠪᠠᠢ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠲᠣᠭᠲᠠᠴᠠ ᠪᠠᠷ ︽ᠵᠠᠭᠠᠯᠳᠤᠯᠭ᠎ᠠ ᠶᠢ ᠭᠥᠯᠢᠶᠡᠨ | ᠠᠪᠤᠪᠠᠯ ᠳᠠᠷᠤᠢ ᠳᠤᠨᠢ ᠰᠢᠢᠳᠪᠦᠷᠢᠯᠡᠬᠦ︾ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠰᠢᠰᠲ᠋ᠧᠮ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠬᠡᠪ | ᠳᠠᠭᠤᠷᠢᠶᠠᠯ ᠢ ᠪᠠᠶᠢᠭᠤᠯᠬᠤ ᠳᠤ ᠰᠠᠭᠤᠷᠢᠯᠠᠨ᠂ ᠲᠤᠤᠷᠵᠢᠭᠤᠯᠤᠭᠰᠠᠨ ᠵᠠᠰᠠᠯᠲᠠ ᠶᠢᠨ ᠴᠢᠳᠠᠪᠤᠷᠢ ᠪᠣᠯᠣᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠵᠦ᠂ ᠵᠥᠷᠢᠴᠡᠯ | ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠶᠢ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ | ᠴᠣᠬᠢᠯᠲᠠ ᠥᠭᠴᠦ᠂ ᠨᠡᠶᠢᠭᠡᠮ ᠤᠨ ᠲᠣᠭᠲᠠᠭᠤᠨ ᠪᠣᠯᠣᠨ ᠤᠯᠠᠨ ᠨᠡᠶᠢᠲᠡ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠨᠡᠩ ᠥᠨᠳᠥᠷ ᠲᠦᠪᠰᠢᠨ ᠪᠦᠬᠦᠢ ᠠᠮᠤᠷ | ᠠᠮᠤᠭᠤᠯᠠᠩ ᠳ᠋ᠦᠩᠱᠧᠩ ᠢ ᠪᠦᠳᠦᠬᠡᠨ ᠪᠠᠶᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ︽ᠬᠤᠳᠠᠯᠳᠤᠭᠠᠴᠢᠨ ᠤᠷᠢᠬᠤ ᠶᠢ ᠬᠠᠮᠲᠤᠪᠠᠷ ᠠᠳᠬᠤᠵᠤ᠂ ᠬᠥᠭᠵᠢᠯᠲᠡ ᠶᠢ | ᠬᠠᠮᠲᠤᠪᠠᠷ ᠠᠬᠢᠭᠤᠯᠬᠤ︾ ᠢᠯᠡ ᠲᠣᠳᠣ ᠤᠳᠤᠷᠢᠳᠤᠮᠵᠢ ᠶᠢ ᠪᠠᠷᠢᠮᠲᠠᠯᠠᠵᠤ᠂ ︽ᠳ᠋ᠦᠩᠱᠧᠩ ᠤᠨ ᠦᠢᠯᠡᠴᠢᠯᠡᠭᠡ︾ ᠶᠢᠨ ᠨᠡᠷᠡᠳᠤ ᠳᠡᠮᠳᠡᠭᠳᠤ ᠶᠢ ᠲᠠᠰᠤᠷᠠᠯᠳᠡ | ᠦᠭᠡᠢ ᠳᠠᠭᠤᠷᠢᠰᠤᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠨ᠂ 2023 ᠣᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠤᠳᠠᠳᠠᠢ ᠨᠠᠶᠢᠳᠠᠪᠤᠷᠢᠵᠢᠭᠤᠯᠤᠭᠰᠠᠨ ᠪᠡᠯᠡ ᠮᠥᠩᠭᠦ ᠶᠢᠨ ᠶᠡᠷᠦᠩᠬᠡᠢ ᠬᠡᠮᠵᠢᠶ᠎ᠡ ᠪᠣᠯᠣᠨ ᠨᠡᠮᠡᠭᠳᠡᠯ ᠤᠨ ᠬᠤᠷᠳᠤᠴᠠ ᠶᠢᠨ | ᠰᠢᠨ᠎ᠡ ᠰᠢᠪᠲᠤᠯᠤᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠣᠨ ᠬᠤᠳᠠ ᠶᠢᠨ ᠨᠠᠮ ᠤᠨ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠵᠤ᠂ ᠪᠦᠬᠦ ᠲᠤᠭᠤᠷᠢᠭ ᠤᠨ ᠳᠡᠭᠡᠳᠦ ᠳᠣᠣᠷᠠᠳᠤ ᠱᠠᠲᠤ ᠶᠢ ᠳᠠᠭᠠᠭᠤᠯᠤᠨ ᠬᠤᠳᠠ ᠶᠢᠨ ᠨᠠᠮ ᠤᠨ ᠬᠤᠷᠢᠶ᠎ᠠ ᠶᠢᠨ ᠳᠤᠷᠠᠳᠤᠭᠰᠠᠨ ︽ᠭᠤᠷᠪᠠᠨ ᠳᠥᠷᠪᠡ︾ | ᠶᠢᠨ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢᠨ ᠲᠣᠭᠤᠷᠢᠨ ᠳᠤ ᠡᠷᠡᠯᠬᠡᠭᠯᠡᠨ ᠤᠷᠤᠭᠰᠢᠯᠠᠵᠤ᠂ ᠳ᠋ᠦᠩᠱᠧᠩ ᠤᠨ ᠣᠳᠣᠬᠢᠴᠢᠯᠠᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ᠃ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠡᠯ᠎ᠡ ᠪᠦᠷᠢᠯᠳᠦᠭᠦᠨ ᠨᠠᠷ ᠲᠤᠰᠢᠶᠠᠯ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷ᠎ᠠ ᠪᠠ ᠭᠤᠣᠯᠳᠠᠯᠭ᠎ᠠ ᠲᠠᠢ ᠠᠵᠢᠯ ᠤᠨ | ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠮᠥᠷᠳᠡᠨ ᠲᠣᠬᠢᠷᠠᠭᠤᠯᠬᠤ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠵᠦᠢᠯ ᠤᠨ ᠰᠢᠢᠳᠪᠦᠷᠢᠲᠦ | ᠪᠣᠳᠣᠯᠭ᠎ᠠ ᠪᠠᠶᠢᠷᠢᠯᠠᠭᠤᠯᠤᠯᠲᠠ ᠶᠢ ᠴᠠᠭ ᠬᠤᠭᠤᠴᠠᠭᠠᠨ ᠤ ᠵᠠᠩᠭᠢᠯᠠᠭ᠎ᠠ ᠴᠢᠭ ᠶᠣᠰᠣᠭᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠡᠯ᠎ᠡ ᠰᠠᠯᠠᠭ᠎ᠠ ᠮᠥᠴᠢᠷ | ᠡᠯ᠎ᠡ ᠨᠢᠭᠡᠴᠡ ᠶᠢᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠬᠢᠵᠢᠬᠦᠯᠦᠨ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠤᠭᠠᠯᠠᠨ | ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠬᠤ ᠪᠠ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠣᠶ ᠪᠣᠯᠭᠠᠵᠤ᠂ ᠠᠷᠭ᠎ᠠ | ᠪᠣᠳᠣᠯᠭ᠎ᠠ ᠲᠤᠭᠳᠠᠭᠠᠨ ᠳᠠᠷᠤᠢ ᠳᠤᠨᠢ ᠬᠦᠳᠡᠯᠦᠯᠴᠡᠵᠤ᠂ ᠪᠥᠬᠦ ᠵᠢᠯ ᠤᠨ ᠡᠯ᠎ᠡ ᠵᠦᠢᠯ ᠤᠨ ᠬᠠᠷᠠᠯᠳᠠᠳᠤ ᠡᠭᠦᠷᠭᠡ ᠶᠢ ᠡᠷᠡᠰ ᠪᠡᠶᠡᠯᠡᠭᠦᠯᠬᠦ ᠬᠡᠷᠡᠭᠲᠡᠢ ᠭᠡᠵᠤ | ᠱᠠᠭᠠᠷᠳᠠᠪᠠ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | | |