︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ | ᠲᠦᠷᠢᠮ ᠲᠣᠭᠲᠠᠭᠠᠯ ᠢ ᠲᠤᠤᠱᠯᠠᠭᠤᠯᠤᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠡᠮᠴᠢᠯᠡᠭᠡᠨ ᠤ ᠳᠠᠭᠠᠳᠬᠠᠯ᠂ ᠦᠷᠡᠵᠢᠯ ᠤᠨ ᠳᠠᠭᠠᠳᠬᠠᠯ᠂ | ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠳ᠋ᠦᠩᠱᠧᠩ ᠲᠣᠭᠤᠷᠢᠭ ᠤᠨ | ᠡᠮᠴᠢᠯᠡᠭᠡᠨ ᠤ ᠪᠠᠲᠤᠯᠠᠭ᠎ᠠ ᠶᠢᠨ ᠬᠥᠭᠵᠢᠯᠲᠡ ᠶᠢᠨ ᠲᠥᠯᠥᠪᠵᠢᠭᠦᠯᠭᠡ᠂ ᠲᠥᠰᠦᠯ ᠵᠡᠷᠭᠡ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠰᠤᠳᠤᠯᠤᠨ ᠲᠤᠭᠤᠷᠪᠢᠬᠤ | ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠤᠬᠠᠭᠤᠯᠬᠤ ᠠᠵᠢᠯ ᠢ ᠬᠠᠷᠢᠭᠤᠴᠠᠨ᠎ᠠ᠃ | ︵ᠬᠤᠶᠠᠷ︶ ᠬᠤᠯᠪᠣᠭᠳᠠᠯ ᠪᠥᠬᠦᠢ ᠰᠠᠯᠠᠭ᠎ᠠ ᠮᠥᠴᠢᠷ ᠲᠠᠢ ᠬᠠᠮᠵᠢᠯᠴᠠᠨ ᠳ᠋ᠦᠩᠱᠧᠩ ᠲᠣᠭᠤᠷᠢᠭ ᠤᠨ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ | ᠲᠥᠰᠦᠪ ᠪᠠ ᠲᠥᠰᠦᠪ ᠤᠨ ᠭᠦᠢᠴᠡᠳᠬᠡᠯ ᠤᠨ ᠲᠥᠰᠦᠯ ᠢ ᠨᠠᠶᠢᠷᠠᠭᠤᠯᠤᠨ ᠵᠣᠬᠢᠶᠠᠵᠤ᠂ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ | ᠬᠠᠮᠢᠶᠠᠷᠤᠯᠲᠠ ᠶᠢᠨ ᠠᠷᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠠᠶᠤᠯ ᠥᠭᠡᠢ ᠶᠢ ᠰᠡᠷᠭᠡᠶᠢᠯᠡᠨ ᠡᠵᠡᠮᠳᠡᠬᠦ | ᠲᠣᠭᠲᠠᠴᠠ ᠶᠢ ᠪᠠᠶᠢᠭᠤᠯᠤᠨ ᠪᠥᠷᠢᠨᠰᠢᠬᠦᠯᠵᠤ᠂ ᠡᠮᠨᠡᠯᠭᠡ ᠶᠢᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠲᠤᠭᠠᠴᠠᠭ᠎ᠠ ᠭᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ | ᠠᠬᠢᠭᠤᠯᠤᠨ᠎ᠠ᠃ | ︵ᠭᠤᠷᠪᠠ︶ ᠣᠷᠳᠣᠰ ᠬᠤᠲᠠ ᠶᠢᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ ᠬᠦᠯᠦᠰᠦ ᠣᠯᠭᠤᠮᠵᠢ ᠶᠢᠨ ᠲᠥᠷᠥ ᠶᠢᠨ | ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠵᠦ᠂ ᠲᠤᠭᠤᠷᠢᠭ ᠤᠨ ᠲᠤᠰ ᠱᠠᠲᠤᠨ ᠤ ᠢᠵᠢ ᠪᠦᠷᠢᠨ ᠡᠮᠴᠢᠯᠡᠭᠡᠨ ᠤ ᠪᠠᠲᠤᠯᠠᠭ᠎ᠠ ᠶᠢᠨ ᠪᠡᠯᠡ ᠴᠤᠭᠯᠠᠭᠤᠯᠬᠤ ᠪᠠ | ᠬᠦᠯᠦᠰᠦ ᠣᠯᠭᠤᠮᠵᠢ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠲᠣᠬᠢᠷᠠᠯᠴᠠᠭᠰᠠᠨ ᠬᠦᠯᠦᠰᠦ | ᠣᠯᠭᠤᠮᠵᠢ ᠶᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠤᠷᠲᠤ ᠬᠤᠭᠤᠴᠠᠭ᠎ᠠ ᠪᠠᠷ ᠰᠤᠪᠢᠯᠠᠬᠤ ᠳᠠᠭᠠᠳᠬᠠᠯ ᠤᠨ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ᠃ | ︵ᠳᠦᠷᠪᠡ︶ ᠤᠯᠤᠰ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ ᠤᠷᠤᠭᠤᠯᠬᠤ ᠶᠢ ᠵᠦᠪᠰᠢᠶᠡᠷᠡᠭᠰᠡᠨ ᠬᠡᠯᠡᠯᠴᠡᠭᠡ ᠶᠢᠨ | ᠳᠦᠷᠢᠮ ᠢ ᠲᠤᠤᠱᠯᠠᠭᠤᠯᠤᠨ ᠬᠡᠷᠡᠭᠵᠢᠭᠦᠯᠦᠨ᠎ᠡ᠃ ᠣᠷᠳᠣᠰ ᠬᠤᠲᠠ ᠶᠢᠨ ᠬᠤᠲᠠ ᠬᠥᠳᠡᠭᠡ ᠶᠢᠨ ᠨᠢᠭᠡᠳᠦᠯᠲᠡᠶ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ | ᠬᠤᠷᠣᠭᠳᠠᠯ ᠮᠠᠲ᠋ᠧᠷᠢᠶᠠᠯ᠂ ᠡᠮᠴᠢᠯᠡᠭᠡᠨ ᠤ ᠦᠶᠯᠡᠴᠢᠯᠡᠭᠡ ᠶᠢᠨ ᠲᠥᠷᠥᠯ ᠵᠦᠶᠯ᠂ ᠡᠮᠴᠢᠯᠡᠭᠡᠨ ᠤ ᠦᠶᠯᠡᠴᠢᠯᠡᠭᠡ ᠶᠢᠨ ᠳᠦᠬᠦᠭᠡᠷᠦᠮᠵᠢ ᠵᠡᠷᠭᠡ ᠡᠮᠴᠢᠯᠡᠭᠡᠨ ᠤ | ᠳᠠᠭᠠᠳᠬᠠᠯ ᠤᠨ ᠭᠠᠷᠴᠠᠭ ᠪᠠ ᠲᠣᠭᠠᠴᠠᠭ᠎ᠠ ᠬᠢᠬᠦ ᠪᠠᠷᠢᠮᠵᠢᠶ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠲᠠᠪᠤ︶ ᠡᠮᠴᠢᠯᠡᠭᠡᠨ ᠤ ᠳᠠᠭᠠᠳᠬᠠᠯ ᠤᠨ ᠡᠮ ᠡᠮᠨᠡᠯᠭᠡ ᠶᠢᠨ ᠲᠤᠭᠠᠴᠠᠭ᠎ᠠ ᠬᠢᠬᠦ ᠦᠶᠯᠡᠴᠢᠯᠡᠭᠡᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠪᠠ | ᠬᠥᠳᠡᠯᠦᠩᠭᠦᠶ ᠪᠠᠷ ᠲᠣᠬᠢᠷᠠᠭᠤᠯᠬᠤ ᠲᠣᠭᠲᠠᠴᠠ ᠶᠢ ᠲᠤᠤᠱᠯᠠᠭᠤᠯᠤᠨ ᠬᠡᠷᠡᠭᠵᠢᠭᠦᠯᠵᠦ᠂ ᠡᠮ ᠤᠨ ᠵᠦᠶᠯ᠂ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ | ᠦᠨ᠎ᠡ ᠬᠠᠩᠰᠢ᠂ ᠡᠮᠴᠢᠯᠡᠭᠡᠨ ᠤ ᠦᠶᠯᠡᠴᠢᠯᠡᠭᠡᠨ ᠤ ᠲᠥᠷᠥᠯ ᠵᠦᠶᠯ᠂ ᠡᠮᠴᠢᠯᠡᠭᠡᠨ ᠤ ᠦᠶᠯᠡᠴᠢᠯᠡᠭᠡᠨ ᠤ ᠳᠦᠬᠦᠭᠡᠷᠦᠮᠵᠢ ᠶᠢᠨ ᠰᠦᠶᠳᠬᠡᠯ ᠬᠤᠷᠢᠶᠠᠬᠤ ᠵᠡᠷᠭᠡ | ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ | ︵ᠵᠢᠷᠭᠤᠭ᠎ᠠ︶ ᠣᠷᠳᠣᠰ ᠬᠤᠲᠠ ᠶᠢᠨ ᠡᠮ ᠤᠨ ᠵᠦᠶᠯ᠂ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠳᠠᠭᠠᠭᠠᠴᠢᠯᠠᠯᠲᠠ ᠵᠠᠷᠯᠠᠨ ᠬᠤᠳᠠᠯᠳᠤᠨ | ᠠᠪᠤᠭᠤᠯᠬᠤ᠂ ᠳᠣᠭᠢᠷᠠᠭᠤᠯᠤᠨ ᠬᠦᠷᠭᠡᠬᠦ ᠵᠢᠴᠢ ᠳ᠋ᠦᠩᠨᠡᠨ ᠪᠤᠳᠤᠬᠤ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠬᠠᠮᠲᠤ | ᠬᠢᠨᠠᠯᠲᠠ ᠳᠠᠯᠪᠢᠨ᠎ᠠ᠃ | ︵ᠳᠣᠯᠤᠭ᠎ᠠ︶ ᠣᠷᠳᠣᠰ ᠬᠤᠲᠠ ᠶᠢᠨ ᠴᠢᠭ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢᠨ ᠬᠡᠯᠡᠯᠴᠡᠭᠡᠷ ᠪᠠ ᠲᠤᠭᠠᠴᠠᠭ᠎ᠠ ᠬᠢᠬᠦ ᠬᠠᠮᠢᠶᠠᠷᠤᠯᠲᠠ ᠶᠢᠨ | ᠠᠷᠭ᠎ᠠ ᠶᠢ ᠲᠤᠤᠱᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢ ᠦᠨᠡᠯᠡᠬᠦ ᠳᠤᠭᠳᠠᠯᠴᠠᠭ᠎ᠠ ᠪᠣᠯᠤᠨ ᠮᠡᠳᠡᠭᠡ ᠵᠠᠩᠭᠢ ᠨᠡᠶᠢᠲᠡᠯᠡᠬᠦ | ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠡᠮᠨᠡᠯᠭᠡ ᠶᠢᠨ ᠳᠠᠭᠠᠳᠬᠠᠯ ᠤᠨ ᠬᠡᠪᠴᠢᠶᠡᠨ ᠳᠤ ᠣᠷᠣᠭᠤᠯᠤᠭᠰᠠᠨ ᠡᠮᠴᠢᠯᠡᠭᠡᠨ ᠤ ᠦᠢᠯᠡᠴᠢᠯᠡᠭᠡᠨ ᠤ ᠦᠢᠯᠡ ᠠᠵᠢᠯᠯᠠᠭ᠎ᠠ | ᠪᠣᠯᠤᠨ ᠡᠮᠴᠢᠯᠡᠭᠡᠨ ᠤ ᠵᠠᠷᠤᠳᠠᠯ ᠢ ᠬᠢᠨᠠᠨ ᠬᠠᠮᠢᠶᠠᠷᠤᠨ᠎ᠠ᠃ ᠳ᠋ᠦᠩᠱᠧᠩ ᠲᠣᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠬᠦᠷᠢᠶ᠎ᠡ ᠴᠠᠷᠠᠨ ᠤ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠶᠳᠪᠦᠷᠢᠯᠡᠨ᠎ᠡ᠃ | ︵ᠨᠠᠢᠮᠠ ) ᠡᠮᠨᠡᠯᠭᠡ ᠶᠢᠨ ᠪᠠᠲᠤᠯᠠᠭ᠎ᠠ ᠶᠢᠨ ᠡᠷᠬᠢᠯᠡᠨ ᠭᠦᠢᠴᠡᠳᠬᠡᠬᠦ ᠬᠠᠮᠢᠶᠠᠷᠤᠯᠲᠠ ᠪᠣᠯᠤᠨ ᠤᠯᠠᠨ ᠨᠡᠶᠢᠲᠡ ᠶᠢᠨ ᠦᠢᠯᠡᠴᠢᠯᠡᠭᠡᠨ ᠤ ᠳᠤᠭᠳᠠᠯᠴᠠᠭ᠎ᠠ᠂ | ᠮᠡᠳᠡᠭᠡ ᠵᠠᠩᠬᠢᠵᠢᠯᠳᠠ ᠶᠢᠨ ᠪᠠᠶᠢᠭᠤᠯᠤᠯᠲᠠ ᠶᠢ ᠬᠠᠷᠢᠭᠤᠴᠠᠨ᠎ᠠ᠃ ᠣᠨᠳᠣᠣ ᠭᠠᠵᠠᠷ ᠲᠤ ᠡᠮᠨᠡᠬᠦᠯᠬᠦ ᠬᠠᠮᠢᠶᠠᠷᠤᠯᠳᠠ ᠪᠠ ᠳᠠᠩᠰᠠ ᠳᠠᠶᠢᠯᠬᠤ ᠳᠦᠷᠢᠮ ᠢ | ᠲᠤᠤᠱᠯᠠᠭᠤᠯᠤᠨ ᠬᠡᠷᠡᠭᠵᠢᠭᠦᠯᠦᠨ᠎ᠡ᠃ ᠡᠮᠴᠢᠯᠡᠭᠡᠨ ᠤ ᠪᠠᠲᠤᠯᠠᠭ᠎ᠠ ᠶᠢᠨ ᠬᠠᠷᠢᠴᠠᠭ᠎ᠠ ᠶᠢ ᠰᠢᠯᠵᠢᠬᠦᠯᠬᠦ ᠦᠷᠭᠦᠯᠵᠢᠯᠡᠭᠦᠯᠬᠦ ᠲᠦᠷᠢᠮ ᠢ ᠨᠠᠶᠢᠳᠠᠪᠤᠷᠢᠵᠢᠭᠤᠯᠤᠨ᠎ᠠ᠃ | ᠡᠮᠴᠢᠯᠡᠭᠡᠨ ᠤ ᠪᠠᠲᠤᠯᠠᠭ᠎ᠠ ᠶᠢᠨ ᠬᠦᠷᠢᠶ᠎ᠡ ᠴᠠᠷᠠᠨ ᠳᠠᠬᠢ ᠬᠠᠮᠲᠤᠷᠠᠯᠴᠠᠭ᠎ᠠ ᠰᠣᠯᠢᠯᠴᠠᠭ᠎ᠠ ᠶᠢ ᠥᠷᠨᠢᠭᠦᠯᠦᠨ᠎ᠡ᠃ | ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠤᠯᠤᠰ᠂ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠳᠦᠷᠢᠮ᠂ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠪᠠ ᠡᠮᠴᠢᠯᠡᠭᠡ ᠪᠠᠷ ᠠᠪᠤᠷᠠᠨ ᠲᠤᠰᠠᠯᠠᠬᠤ ᠳᠦᠷᠢᠮ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠠᠷᠠᠳ ᠢ | ᠬᠠᠮᠤᠷᠤᠭᠰᠠᠨ᠂ ᠬᠤᠲᠠ ᠬᠥᠳᠡᠭᠡ ᠶᠢ ᠨᠢᠭᠡᠳᠦᠯᠲᠡᠢ ᠲᠥᠯᠥᠪᠵᠢᠭᠦᠯᠦᠭᠰᠡᠨ ᠣᠯᠠᠨ ᠳᠡᠰ ᠳᠠᠪᠬᠤᠷᠭ᠎ᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠳᠤᠭᠳᠠᠯᠴᠠᠭ᠎ᠠ ᠶᠢ | ᠪᠠᠶᠢᠭᠤᠯᠤᠨ ᠪᠦᠷᠢᠨᠰᠢᠭᠦᠯᠵᠦ᠂ ᠡᠮᠴᠢᠯᠡᠭᠡ ᠶᠢᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠡᠮᠴᠢᠯᠡᠭᠡ ᠶᠢᠨ ᠳᠠᠭᠠᠳᠬᠠᠯ ᠤᠨ | ᠪᠡᠯᠡ ᠮᠥᠩᠭᠦ ᠶᠢᠨ ᠵᠦᠢ ᠵᠣᠬᠢᠰᠲᠠᠢ ᠬᠡᠷᠡᠭᠯᠡᠯᠳᠡ᠂ ᠠᠮᠤᠷ ᠲᠦᠪᠰᠢᠨ ᠢ ᠡᠵᠡᠮᠳᠡᠵᠦ ᠪᠣᠯᠬᠤ ᠶᠢ ᠦᠨᠡᠨᠬᠦ ᠪᠠᠲᠤᠯᠠᠵᠤ᠂ ᠡᠮᠴᠢᠯᠡᠭᠡ᠂ ᠡᠮᠴᠢᠯᠡᠭᠡ ᠶᠢᠨ ᠳᠠᠭᠠᠳᠬᠠᠯ᠂ | ᠡᠮ ᠡᠮᠨᠡᠯᠭᠡ ︽ᠭᠤᠷᠪᠠᠨ ᠬᠠᠮᠲᠤᠷᠠᠨ ᠬᠥᠳᠡᠯᠦᠯᠴᠡᠬᠦ︾ ᠥᠭᠡᠷᠡᠴᠢᠯᠡᠯᠲᠡ ᠶᠢ ᠠᠬᠢᠭᠤᠯᠤᠨ᠂ ᠠᠷᠠᠳ ᠣᠯᠠᠨ ᠤ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ | ᠶᠢ ᠨᠠᠩ ᠰᠠᠶᠢᠨ ᠪᠠᠲᠤᠯᠠᠵᠤ᠂ ᠡᠮ ᠡᠮᠨᠡᠯᠭᠡ ᠶᠢᠨ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠦᠨ᠎ᠡ᠃ | ᠪᠠᠶᠢᠭᠤᠯᠤᠮᠵᠢ ᠶᠢᠨ ᠪᠠᠶᠢᠷᠢᠯᠠᠭᠤᠯᠤᠯᠲᠠ᠄ | ︵ᠨᠢᠭᠡ︶ ᠠᠯᠪᠠᠨ ᠭᠡᠷ | ︵ᠬᠤᠶᠠᠷ︶ ᠬᠦᠯᠦᠰᠦ ᠣᠯᠭᠤᠮᠵᠢ ᠪᠠᠲᠤᠯᠠᠭ᠎ᠠ ᠬᠢᠭᠡᠳ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠠᠰᠤᠭ ︵ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠲᠠᠰᠤᠭ︶ | ︵ᠭᠤᠷᠪᠠ︶ ᠡᠮ ᠡᠮᠨᠡᠯᠭᠡ ᠶᠢᠨ ᠶᠡᠷᠦᠩᠬᠡᠶᠢᠯᠡᠭᠰᠡᠨ ᠰᠠᠷ᠎ᠠ ᠶᠢᠨ ᠡᠴᠦᠰ ᠤᠨ ᠶᠠᠪᠤᠳᠠᠯ ᠤᠨ ᠬᠠᠮᠢᠶᠠᠷᠤᠯᠲᠠ ᠶᠢᠨ ᠲᠠᠰᠤᠭ | ᠠᠵᠢᠯᠯᠠᠬᠤ ᠬᠠᠶ᠋ᠢᠭ᠄ ᠳ᠋ᠦᠩᠱᠧᠩ ᠲᠣᠭᠤᠷᠢᠭ ᠤᠨ ᠯᠢᠶᠠᠨ ᠪᠠᠩ ᠲᠣᠮᠣ ᠠᠰᠠᠷ ᠤᠨ ᠬᠤᠲᠠ ᠶᠢᠨ ᠠᠷᠠᠳ ᠤᠨ ᠲᠥᠪ ᠤᠨ A ᠰᠠᠭᠤᠳᠠᠯ ᠤᠨ ᠬᠤᠶᠠᠳᠤᠭᠠᠷ | ᠳᠠᠪᠬᠤᠷᠯᠢᠭ | ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ | ᠭᠠᠳᠠᠨ᠎ᠠ︶ | ᠵᠣᠨ ᠤ ᠤᠯᠠᠷᠢᠯ᠄ ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ 15᠄ 00 —18᠄ 00 | ᠡᠪᠦᠯ ᠤᠨ ᠤᠯᠠᠷᠢᠯ᠄ | ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ 14᠄ 30 — 17᠄ 30 | ᠬᠠᠷᠢᠯᠴᠠᠬᠤ ᠤᠳᠠᠰᠤ᠄ | ᠰᠠᠭᠤᠭᠠᠯᠢ ᠠᠷᠠᠳ ᠤᠨ ᠳᠠᠭᠠᠳᠬᠠᠯ ᠳᠤ ᠣᠷᠣᠯᠴᠠᠬᠤ᠄ 5115701 | ᠠᠵᠢᠯᠲᠠᠨ ᠠᠵᠢᠯᠴᠢᠨ ᠤ ᠳᠠᠭᠠᠳᠬᠠᠯ ᠳᠤ ᠣᠷᠣᠯᠴᠠᠬᠤ᠄ 8123924 | ᠰᠠᠭᠤᠭᠠᠯᠢ ᠠᠷᠠᠳ ᠤᠨ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ᠄ 8575029 | ᠠᠵᠢᠯᠲᠠᠨ ᠠᠵᠢᠯᠴᠢᠨ ᠤ ᠡᠮᠨᠡᠯᠭᠡ ᠶᠢᠨ ᠵᠠᠷᠤᠳᠠᠯ ᠤᠨ ᠲᠠᠩᠰᠠ ᠲᠠᠶᠢᠯᠬᠤ᠄ 5115788 | ᠣᠨᠳᠣᠤ ᠭᠠᠵᠠᠷ ᠲᠤ ᠡᠮᠨᠡᠭᠦᠯᠬᠦ ᠳᠠᠩᠰᠠᠯᠠᠯ᠄ 5115702 | ᠠᠯᠪᠠᠨ ᠭᠡᠷ᠄ 5115711 |