ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠪᠣᠯ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠤᠨ᠎ᠠ᠂ ᠵᠢᠩᠬᠢᠨᠢ ᠰᠠᠯᠠᠭᠠᠨ ᠳᠡᠰ᠂ ᠳᠣᠲᠣᠭᠠᠳᠤ ᠳᠠᠭᠠᠨ ᠠᠯᠪᠠᠨ ᠬᠡᠷ᠂ ᠶᠡᠷᠦᠩᠬᠡᠢ ᠲᠤᠬᠠᠶᠢᠯᠠᠭᠰᠠᠨ ᠠᠵᠢᠯ ᠤᠨ | ᠲᠠᠰᠤᠭ᠂ ᠰᠤᠷᠪᠤᠯᠵᠢᠯᠠᠭ᠎ᠠ ᠶᠢ ᠭᠥᠯᠢᠶᠡᠨ ᠠᠪᠬᠤ ᠲᠠᠰᠤᠭ ᠭᠡᠵᠤ 3 ᠳᠠᠰᠤᠭ ᠪᠣᠶ᠃ | ᠭᠤᠣᠯ ᠳᠤᠰᠢᠶᠠᠯ ᠴᠢᠳᠠᠪᠬᠢ᠄ | ︵ᠨᠢᠭᠡ︶ ᠳ᠋ᠦᠩᠱᠧᠩ ᠲᠣᠭᠤᠷᠢᠭ ᠤᠨ ᠬᠡᠪᠴᠢᠶᠡᠨ ᠳᠠᠬᠢ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠵᠣᠬᠢᠴᠠᠭᠤᠯᠤᠨ ᠵᠢᠯᠣᠭᠤᠳᠬᠤ ᠶᠢ ᠬᠠᠷᠢᠭᠤᠴᠠᠨ᠎ᠠ᠃ | ︵ᠬᠤᠶᠠᠷ︶ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ | ᠤᠳᠤᠷᠢᠳᠤᠯᠭ᠎ᠠ ᠶᠢᠨ ᠳᠤᠰᠢᠶᠠᠭᠰᠠᠨ᠂ ᠵᠥᠪᠰᠢᠶᠡᠷᠡᠨ ᠬᠦᠢᠴᠡᠳᠬᠡᠯᠬᠡᠭᠰᠡᠨ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠳᠠᠭᠠᠭᠠᠨ ᠭᠦᠢᠴᠡᠳᠬᠡᠨ᠎ᠡ᠃ ᠠᠷᠠᠳ ᠢᠷᠭᠡᠨ᠂ | ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠳᠤᠷᠠᠳᠤᠭᠰᠠᠨ ᠵᠠᠬᠢᠳᠠᠯ ᠰᠤᠷᠪᠤᠯᠵᠢᠯᠠᠭ᠎ᠠ ᠶᠢᠨ ᠵᠦᠢᠯ ᠢ ᠬᠦᠯᠢᠶᠡᠨ ᠠᠪᠴᠤ ᠰᠢᠶᠳᠪᠦᠷᠢᠯᠡᠬᠦ | ᠠᠵᠢᠯ ᠢ ᠬᠠᠷᠢᠭᠤᠴᠠᠨ᠎ᠠ᠃ ᠠᠷᠠᠳ ᠣᠯᠠᠨ ᠤ ᠰᠠᠨᠠᠯ ᠰᠠᠨᠠᠭᠤᠯᠭ᠎ᠠ ᠶᠢ ᠬᠤᠷᠢᠶᠠᠬᠤ ᠠᠵᠢᠯ ᠢ ᠬᠠᠷᠢᠭᠤᠴᠠᠨ᠎ᠠ᠃ | ︵ᠭᠤᠷᠪᠠ︶ ᠡᠯ᠎ᠡ ᠬᠦᠷᠢᠶᠡᠯᠡᠩ ᠲᠣᠭᠤᠷᠢᠭ᠂ ᠡᠯ᠎ᠡ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠡᠯ᠎ᠡ ᠰᠠᠯᠠᠭ᠎ᠠ ᠮᠥᠴᠢᠷ᠂ ᠡᠯ᠎ᠡ ᠠᠷᠠᠳ | ᠤᠨ ᠪᠦᠯᠬᠦᠮ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠳᠤ ᠵᠠᠬᠢᠳᠠᠯ ᠰᠤᠷᠪᠤᠯᠵᠢᠯᠠᠭ᠎ᠠ ᠶᠢᠨ ᠵᠦᠶᠯ ᠢ ᠰᠢᠯᠵᠢᠭᠦᠯᠦᠨ ᠰᠢᠶᠳᠪᠦᠷᠢᠯᠡᠭᠦᠯᠬᠦ᠂ ᠲᠤᠰᠢᠶᠠᠨ | ᠰᠢᠶᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠭ᠎ᠠ ᠶᠢᠨ ᠵᠦᠶᠯ ᠢ ᠭᠦᠶᠴᠡᠳᠬᠡᠬᠦ ᠪᠠ ᠵᠠᠬᠢᠳᠠᠯ ᠰᠤᠷᠪᠤᠯᠵᠢᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠪᠠᠶᠢᠴᠠᠭᠠᠬᠤ ᠶᠢ ᠬᠠᠷᠢᠭᠤᠴᠠᠵᠤ᠂ ᠠᠵᠢᠯ ᠢᠶᠠᠨ ᠰᠠᠶᠢᠵᠢᠷᠠᠭᠤᠯᠬᠤ᠂ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ | ᠰᠢᠳᠬᠡᠯ ᠣᠯᠭᠤᠬᠤ ᠵᠡᠷᠭᠡ ᠰᠠᠨᠠᠭᠤᠯᠭ᠎ᠠ ᠳᠤᠷᠠᠳᠤᠨ᠎ᠠ᠃ ᠭᠠᠵᠠᠷ ᠣᠷᠣᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ | ᠵᠠᠬᠢᠳᠠᠯ ᠰᠤᠷᠪᠤᠯᠵᠢᠯᠠᠭ᠎ᠠ ᠶᠢᠨ ᠵᠤᠶᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠤᠬᠢᠴᠠᠭᠤᠯᠵᠤ ᠱᠠᠯᠠᠪᠳᠠᠭᠤᠯᠤᠨ ᠰᠢᠶᠳᠪᠦᠷᠢᠯᠡᠨ᠎ᠡ᠃ | ︵ᠳᠥᠷᠪᠡ︶ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ᠵᠢᠭᠰᠠᠭᠠᠨ ᠪᠠᠶᠢᠴᠠᠭᠠᠵᠤ ᠰᠢᠢᠳᠪᠤᠷᠢᠯᠡᠬᠦ ᠳᠦᠷᠢᠮ ᠢ ᠬᠠᠷᠢᠭᠤᠴᠠᠨ ᠲᠣᠭᠲᠠᠭᠠᠬᠤ ᠶᠢᠨ ᠬᠠᠮᠲᠤ | ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠢ ᠵᠠᠳᠠᠯᠬᠤ ᠶᠢ ᠬᠠᠷᠢᠭᠤᠴᠠᠵᠤ᠂ ᠲᠤᠷᠰᠢᠯᠭ᠎ᠠ ᠠᠷᠭ᠎ᠠ ᠪᠠᠷᠢᠯ ᠢᠶᠠᠨ ᠳ᠋ᠦᠩᠨᠡᠵᠤ᠂ | ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠳᠤ ᠬᠤᠯᠪᠣᠭᠳᠠᠯ ᠪᠦᠬᠦᠢ ᠰᠠᠨᠠᠯ ᠪᠣᠯᠤᠨ ᠰᠠᠨᠠᠭᠤᠯᠭ᠎ᠠ ᠳᠤᠷᠠᠳᠤᠨ᠎ᠠ᠃ | ︵ᠲᠠᠪᠤ︶ ᠵᠠᠬᠢᠳᠠᠯ ᠰᠤᠷᠪᠤᠯᠵᠢᠯᠠᠭ᠎ᠠ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ᠎ᠠ᠃ ᠵᠠᠬᠢᠳᠠᠯ ᠰᠤᠷᠪᠤᠯᠵᠢᠯᠠᠭ᠎ᠠ ᠶᠢᠨ ᠬᠠᠤᠯᠢᠵᠢᠯ ᠤᠨ ᠪᠠᠶᠢᠭᠤᠯᠤᠯᠲᠠ ᠶᠢᠨ | ᠠᠵᠢᠯ ᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠮᠡᠳᠡᠭᠡ ᠵᠠᠩᠭᠢ ᠶᠢᠨ ᠳᠤᠭᠳᠠᠯᠴᠠᠭ᠎ᠠ ᠶᠢ ᠬᠠᠮᠠᠭᠠᠯᠠᠬᠤ ᠪᠠ ᠬᠠᠮᠢᠶᠠᠷᠬᠤ | ᠠᠵᠢᠯ ᠢ ᠬᠠᠷᠢᠭᠤᠴᠠᠨ ᠵᠢᠯᠣᠭᠤᠳᠤᠨ᠎ᠠ᠃ | ︵ᠵᠢᠷᠭᠤᠭ᠎ᠠ︶ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ | ᠤᠨ ᠪᠠᠶᠢᠭᠤᠯᠤᠯᠲᠠ ᠪᠣᠯᠤᠨ ᠪᠣᠯᠪᠠᠰᠤᠷᠠᠭᠤᠯᠤᠯ ᠤᠨ ᠠᠵᠢᠯ ᠢ ᠬᠠᠷᠢᠭᠤᠴᠠᠨ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠳᠣᠯᠤᠭ᠎ᠠ︶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ ᠤ ᠠᠯᠪᠠᠨ | ᠭᠡᠷ ᠤᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠳ᠋ᠦᠩᠱᠧᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯᠳᠤᠭᠠᠨ | ᠤ ᠲᠣᠭᠲᠠᠭᠠᠭᠰᠠᠨ ᠵᠦᠢᠯ ᠤᠨ ᠨᠠᠶᠢᠳᠠᠪᠤᠷᠢᠵᠢᠭᠤᠯᠤᠯᠲᠠ ᠶᠢ ᠱᠠᠯᠠᠪᠳᠠᠭᠤᠯᠤᠨ ᠪᠠᠶᠢᠴᠠᠭᠠᠨ᠎ᠠ᠃ | ︵ᠨᠠᠢᠮᠠ︶ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠤᠬᠠᠭᠤᠯᠭ᠎ᠠ᠂ ᠮᠡᠳᠡᠭᠡ ᠵᠠᠩᠭᠢ ᠨᠡᠶᠢᠲᠡᠯᠡᠬᠦ ᠪᠠ ᠪᠤᠰᠤᠳ ᠭᠠᠵᠠᠷ ᠲᠠᠢ ᠰᠠᠨᠠᠯ ᠵᠦᠪᠯᠡᠯᠬᠡ ᠪᠠᠨ | ᠰᠣᠯᠢᠯᠴᠠᠬᠤ ᠶᠢ ᠵᠣᠬᠢᠴᠠᠭᠤᠯᠤᠨ᠎ᠠ᠃ | ︵ᠶᠢᠰᠦ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠶᠢ ᠪᠡᠶᠡᠯᠡᠭᠦᠯᠦᠨ᠎ᠡ᠃ | ᠠᠵᠢᠯᠯᠠᠬᠤ ᠭᠠᠵᠠᠷ᠄ ᠣᠲᠤᠭ ᠪᠠᠷᠠᠭᠤᠨ ᠵᠡᠭᠡᠯᠢ ᠶᠢᠨ 79 ᠳ᠋ᠦ᠋ᠭᠡᠷ ᠨᠣᠮᠧᠷ | ᠠᠵᠢᠯᠯᠠᠬᠤ ᠴᠠᠭ᠄ | ᠵᠣᠨ ᠤ ᠤᠯᠠᠷᠢᠯ᠄ ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ 15᠄ 00 — 18᠄ 00 | ᠡᠪᠦᠯ ᠤᠨ ᠤᠯᠠᠷᠢᠯ᠄ | ᠦᠳᠡ ᠶᠢᠨ ᠡᠮᠦᠨ᠎ᠡ 8᠄ 30 — 12᠄ 00 | ᠦᠳᠡ ᠶᠢᠨ ᠬᠤᠶᠢᠨ᠎ᠠ 14᠄ 30 — 17᠄ 30 | ᠬᠠᠷᠢᠯᠴᠠᠬᠤ ᠤᠳᠠᠰᠤ᠄ 0477 - 5110812 | |