ᠵᠧᠦ ᠷᠧᠨ ᠱᠠᠨ ︵1912 - 1984 ᠣᠨ︶
ᠨᠡᠶᠢᠲᠡᠯᠡᠭᠰᠡᠨ ᠴᠠᠭ᠄
2023/3/23
周仁山.jpg
    ᠵᠧᠦ ᠷᠧᠨ ᠱᠠᠨ ︵1912 - 1984 ᠣᠨ︶᠂ ᠡᠷᠡᠭᠲᠡᠢ᠂ ᠬᠢᠲᠠᠳ ᠦᠨᠳᠦᠰᠦᠲᠡᠨ᠂ ᠭᠠᠨᠰᠤ ᠮᠤᠵᠢ ᠶᠢᠨ ᠬᠤᠸᠠᠲ᠋ᠢᠩ ᠰᠢᠶᠠᠨ ᠤ ᠬᠥᠮᠥᠨ᠃ ᠳᠤᠮᠳᠠᠳᠤ ᠰᠤᠷᠭᠠᠭᠤᠯᠢ ᠳᠤ ᠪᠠᠶᠢᠬᠤ ᠳᠠᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠠᠳᠠᠭᠤᠷᠬᠢ ᠵᠣᠬᠢᠶᠠᠨ ᠪᠠᠶᠢᠭᠤᠯᠤᠯᠲᠠ ᠪᠣᠯᠬᠤ ︽ᠳᠤᠮᠳᠠᠳᠤ ᠶᠢᠨ ᠬᠤᠪᠢᠰᠬᠠᠯᠲᠤ ᠵᠠᠯᠠᠭᠤᠴᠤᠳ ᠤᠨ ᠡᠪᠯᠡᠯ︾ ᠳᠤ ᠣᠷᠣᠯᠴᠠᠵᠠᠢ᠃ 1936 ᠣᠨ ᠳᠤ ᠪᠸᠢᠢᠫᠢᠡᠭ ᠤᠨ ᠴᠣᠣᠶᠠᠩ ᠶᠡᠭᠡ ᠰᠤᠷᠭᠠᠭᠤᠯᠢ ᠠᠴᠠ ᠲᠡᠭᠦᠰᠦᠭᠰᠡᠨ ᠤ ᠲᠠᠷᠠᠭ᠎ᠠ᠂ ᠯᠠᠨᠵᠧᠦ ᠶᠢᠨ ᠬᠡᠷᠡᠭ ᠡᠷᠬᠢᠯᠡᠬᠦ ᠭᠠᠵᠠᠷ ᠲᠠᠭᠠᠨ ᠪᠤᠴᠠᠵᠤ᠂ ᠡᠵᠡᠨ᠎ᠡ ᠬᠤᠰᠢᠭᠤᠨ ᠤ ᠰᠠᠬᠢᠨ ᠬᠠᠮᠠᠭᠠᠯᠠᠬᠤ ᠰᠧᠯᠢᠩᠪᠦ᠋ ᠳᠤ ᠲᠣᠮᠢᠯᠠᠭᠳᠠᠨ ᠨᠢᠭᠡᠳᠦᠮᠡᠯ ᠹᠷᠣᠨᠲ ᠤᠨ ᠠᠵᠢᠯ ᠢ ᠬᠢᠪᠡ᠃ 1938 ᠣᠨ ᠤ ᠬᠠᠪᠤᠷ᠂ ᠶᠠᠨ ᠠᠨ ᠤ ᠶᠠᠫᠤᠨ ᠢ ᠡᠰᠡᠷᠬᠦᠴᠡᠬᠦ ᠴᠡᠷᠢᠭ ᠤᠨ ᠶᠠᠪᠤᠳᠠᠯ ᠤᠯᠤᠰ ᠲᠦᠷᠦ ᠶᠢᠨ ᠶᠡᠭᠡ ᠰᠤᠷᠭᠠᠭᠤᠯᠢ ᠳᠤ ᠰᠤᠷᠤᠯᠴᠠᠵᠤ᠂ ᠲᠤᠰ ᠵᠢᠯ ᠳᠡᠭᠡᠨ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠳᠠᠯ ᠦᠭᠡᠢ᠂ ᠬᠤᠶᠠᠷ ᠤᠳᠠᠭ᠎ᠠ ᠡᠵᠡᠨ᠎ᠡ ᠬᠤᠰᠢᠭᠤᠨ ᠳᠤ ᠲᠣᠮᠢᠯᠠᠭᠳᠠᠨ ᠬᠤᠪᠢᠰᠬᠠᠯ ᠤᠨ ᠨᠢᠭᠤᠴᠠ ᠠᠵᠢᠯ ᠬᠢᠪᠡ᠃ ᠬᠤᠶᠠᠳᠠᠬᠢ ᠤᠳᠠᠭ᠎ᠠ ᠳᠤ ᠪᠠᠨ ᠶᠠᠨ ᠠᠨ ᠳᠤ ᠪᠤᠴᠠᠵᠤ ᠢᠷᠡᠭᠡᠳ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠪᠠᠷᠠᠭᠤᠨ ᠬᠤᠶᠢᠲᠤ ᠣᠷᠣᠨ ᠤ ᠠᠵᠢᠯᠯᠠᠬᠤ ᠬᠤᠷᠢᠶᠠᠨ ᠤ ᠦᠨᠳᠦᠰᠦᠲᠡᠨ ᠤ ᠰᠤᠳᠤᠯᠭᠠᠨ ᠤ ᠲᠠᠰᠤᠭ ᠤᠨ ᠰᠤᠳᠤᠯᠤᠭᠴᠢ ᠶᠢᠨ ᠲᠤᠰᠢᠶᠠᠯ ᠢ ᠬᠠᠷᠢᠭᠤᠴᠠᠵᠤ᠂ ︽ᠬᠤᠲᠣᠩ ᠦᠨᠳᠦᠰᠦᠲᠡᠨ ᠤ ᠠᠰᠠᠭᠤᠳᠠᠯ ᠤᠨ ᠲᠣᠪᠴᠢ︾ ᠪᠠ ︽ᠮᠣᠩᠭᠤᠯ ᠦᠨᠳᠦᠰᠦᠲᠡᠨ ᠤ ᠠᠰᠠᠭᠤᠳᠠᠯ ᠤᠨ ᠲᠣᠪᠴᠢ︾ ᠶᠢ ᠲᠤᠭᠤᠷᠪᠢᠨ ᠪᠢᠴᠢᠬᠦ ᠠᠵᠢᠯ ᠳᠤ ᠣᠷᠣᠯᠴᠠᠵᠤ ᠥᠩᠭᠡᠷᠡᠵᠡᠢ᠃ 1941 ᠣᠨ ᠤ ᠨᠠᠮᠤᠷ᠂ ᠶᠠᠨ ᠠᠨ ᠠᠴᠠ ᠭᠤᠷᠪᠠᠨ ᠪᠢᠶᠠᠨ ᠤ ᠭᠠᠵᠠᠷ ᠣᠷᠣᠨ ᠤ ᠠᠵᠢᠯᠯᠠᠬᠤ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠤ ᠬᠦᠷᠴᠤ ᠠᠵᠢᠯᠯᠠᠵᠤ᠂ ᠰᠡᠭᠦᠯᠡᠷ ᠨᠢ ᠱᠠᠨᠰᠢ — ᠭᠠᠨᠰᠤ  — ᠨᠢᠩᠰᠢᠶᠠ ᠶᠢᠨ ᠬᠢᠵᠠᠭᠠᠷ ᠣᠷᠣᠨ ᠤ ᠭᠤᠷᠪᠠᠨ ᠬᠢᠵᠠᠭᠠᠷ ᠣᠷᠣᠨ ᠤ ᠲᠤᠰᠬᠠᠢ ᠵᠠᠬᠢᠷᠭ᠎ᠠ ᠶᠢᠨ ᠦᠨᠳᠦᠰᠦᠲᠡᠨ ᠤ ᠬᠡᠷᠡᠭ ᠡᠷᠬᠢᠯᠡᠬᠦ ᠰᠠᠯᠠᠭᠠᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1943 ᠣᠨ ᠳᠤ ᠭᠤᠷᠪᠠᠨ ᠬᠢᠵᠠᠭᠠᠷ ᠣᠷᠣᠨ ᠤ ᠭᠠᠵᠠᠷ ᠣᠷᠣᠨ ᠤ ᠠᠵᠢᠯᠯᠠᠬᠤ ᠬᠤᠷᠢᠶ᠎ᠠ ᠶᠢᠨ ᠨᠠᠷᠢᠨ ᠪᠢᠴᠢᠭᠡᠴᠢ ᠶᠢᠨ ᠲᠤᠰᠢᠶᠠᠯ ᠢ ᠬᠠᠷᠢᠭᠤᠴᠠᠵᠤ᠂ ᠬᠡᠲᠦ ᠤᠳᠠᠭ᠎ᠠ ᠶᠡᠭᠡ ᠵᠤᠤ ᠠᠶᠢᠮᠠᠭ ᠤᠨ ᠣᠲᠤᠭ ᠬᠤᠰᠢᠭᠤᠨ ᠳᠤ ᠬᠦᠷᠴᠦ ᠬᠤᠪᠢᠰᠬᠠᠯ ᠤᠨ ᠠᠵᠢᠯᠯᠠᠭ᠎ᠠ ᠬᠢᠵᠡᠢ᠃    1940 ᠣᠨ ᠤ ᠡᠪᠦᠯ᠂ ᠤᠲᠤᠭ ᠬᠤᠰᠢᠭᠤᠨ ᠤ ᠠᠮᠤᠷ ᠢ ᠬᠠᠮᠠᠭᠠᠯᠠᠬᠤ ᠰᠧᠯᠢᠩ ᠵᠠᠩ ᠸᠧᠨ ᠰᠢᠤᠸᠠᠨ ᠵᠣᠷᠢᠭᠤᠳᠠ ︽ᠶᠡᠭᠡ ᠰᠢᠭᠡᠷ ᠤᠨ ᠬᠡᠷᠡᠭ ᠶᠠᠪᠤᠳᠠᠯ︾ ᠢ ᠡᠳᠦᠵᠦ᠂ ᠨᠠᠢᠮᠠᠳᠤᠭᠠᠷ ᠵᠠᠮ ᠤᠨ ᠴᠡᠷᠢᠭ ᠲᠠᠢ ᠮᠥᠷᠭᠦᠯᠳᠦᠭᠡᠨ ᠡᠬᠦᠰᠭᠡᠵᠦ᠂ ᠰᠡᠭᠦᠯᠡᠷ ᠨᠢ ᠶᠠᠷᠢᠶ᠎ᠠ ᠬᠡᠯᠡᠯᠴᠡᠭᠡ ᠪᠠ ᠨᠠᠢᠮᠠᠳᠤᠭᠠᠷ ᠵᠠᠮ ᠤᠨ ᠴᠡᠷᠢᠭ ᠤᠨ ᠰᠦᠷ ᠬᠦᠴᠦᠨ ᠳᠤ ᠰᠦᠷᠳᠡᠵᠦ᠂ ︽ᠶᠡᠭᠡ ᠰᠢᠭᠡᠷ ᠤᠨ ᠬᠡᠷᠡᠭ ᠶᠠᠪᠤᠳᠠᠯ︾ ᠢ ᠨᠠᠶᠢᠷᠠᠮᠳᠠᠯ ᠢᠶᠠᠷ ᠰᠢᠢᠳᠪᠦᠷᠢᠯᠡᠪᠡ᠃ 1942 ᠣᠨ ᠤ ᠡᠪᠦᠯ ᠤᠨ ᠡᠬᠢ ᠪᠠᠷ᠂ ᠤᠯᠠᠭᠠᠨᠬᠦᠦ ᠶᠠᠨ ᠠᠨ ᠠᠴᠠ ᠲᠡᠬᠢᠯᠳᠤ ᠳᠤ ᠢᠷᠡᠵᠤ᠂ ᠵᠠᠩ ᠸᠧᠨ ᠰᠢᠤᠸᠠᠨ ᠲᠠᠢ ᠬᠠᠷᠢᠴᠠᠭ᠎ᠠ ᠪᠠᠨ ᠰᠠᠶᠢᠵᠢᠷᠠᠭᠤᠯᠬᠤ ᠳᠤ ᠵᠥᠪᠬᠡᠨ ᠶᠠᠫᠤᠨ ᠢ ᠡᠰᠡᠷᠭᠦᠴᠡᠬᠦ ᠬᠤᠯᠪᠣᠭᠠᠲᠤ ᠬᠤᠷᠠᠯ ᠤᠨ ᠠᠵᠢᠯ ᠳᠤ ᠲᠦᠰᠢᠭᠯᠡᠬᠦ ᠨᠢ ᠬᠦᠴᠢᠷᠳᠡᠯ ᠲᠠᠢ ᠶᠤᠮ᠂ ᠪᠠᠰᠠ ᠲᠤᠰᠬᠠᠢ ᠬᠥᠮᠥᠨ ᠲᠣᠮᠢᠯᠠᠨ ᠵᠠᠩ ᠣᠪᠣᠭᠲᠤ ᠳᠤ ᠤᠬᠠᠭᠤᠯᠭ᠎ᠠ ᠬᠢᠬᠦ ᠬᠡᠷᠡᠭᠲᠡᠢ ᠭᠡᠵᠦ ᠳᠤᠷᠠᠳᠴᠠᠢ᠂ ᠵᠧᠦ ᠷᠧᠨ ᠱᠠᠨ ᠡᠨᠡ ᠬᠦ ᠡᠭᠦᠷᠭᠡ ᠶᠢ ᠡᠭᠦᠷᠭᠡᠯᠡᠵᠦ᠂ ᠲᠠᠷᠠᠭ᠎ᠠ ᠵᠢᠯ ᠳᠤᠨᠢ ᠶᠡᠭᠡ ᠵᠤᠤ ᠠᠶᠢᠮᠠᠭ ᠤᠨ ᠤᠲᠤᠭ ᠬᠤᠰᠢᠭᠤᠨ ᠳᠤ ᠬᠦᠷᠴᠤ ᠦᠨᠳᠦᠰᠦᠲᠡᠨ ᠤ ᠨᠢᠭᠡᠳᠦᠮᠡᠯ ᠹᠷᠣᠨᠲ ᠤᠨ ᠠᠵᠢᠯ ᠢ ᠥᠷᠨᠢᠭᠦᠯᠵᠡᠢ᠃ ᠲᠡᠷᠡ ᠦᠶ᠎ᠡ ᠳᠤ ᠲᠡᠬᠢᠯᠳᠤ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ ᠨᠢ ᠲᠢᠶᠠᠨ ᠸᠠᠨ ᠱᠧᠩ᠂ ᠾᠧ ᠭᠤᠸᠠᠩ ᠺᠤᠸᠠᠨ ᠪᠠᠶᠢᠪᠠ᠃ ᠵᠧᠦ ᠷᠧᠨ ᠱᠠᠨ ᠬᠦᠷᠴᠦ ᠢᠷᠡᠭᠰᠡᠨ ᠤ ᠳᠠᠷᠠᠭ᠎ᠠ᠂ ᠳᠡᠳᠡᠨ ᠲᠠᠢ ᠬᠠᠮᠲᠤ ᠤᠲᠤᠭ ᠬᠤᠰᠢᠭᠤᠨ ᠤ ᠤᠯᠤᠰ ᠳᠦᠷᠦ᠂ ᠠᠵᠤ ᠠᠬᠤᠢ᠂ ᠴᠡᠷᠢᠭ ᠤᠨ ᠶᠠᠪᠤᠳᠠᠯ ᠵᠢᠴᠢ ᠡᠯ᠎ᠡ ᠲᠠᠯ᠎ᠠ ᠶᠢᠨ ᠪᠠᠶᠢᠳᠠᠯ ᠢ ᠰᠤᠳᠤᠯᠵᠤ᠂ ᠭᠤᠮᠢᠨᠳᠠᠩ ᠤᠨ ᠮᠤᠵᠢᠭᠤᠳᠠ ᠡᠲᠡᠭᠡᠳ ᠢ ᠡᠰᠡᠷᠭᠦᠴᠡᠬᠦ ᠳᠦᠷᠦ ᠶᠢᠨ ᠪᠣᠳᠣᠯᠭ᠎ᠠ ᠪᠠ ᠠᠷᠭ᠎ᠠ ᠪᠣᠳᠣᠯᠭ᠎ᠠ ᠶᠢ ᠵᠥᠪᠳᠡᠯᠴᠡᠪᠡ᠃ ᠤᠳᠠᠯ ᠦᠭᠡᠢ ᠲᠡᠬᠢᠯᠳᠤ ᠠᠵᠢᠯᠯᠠᠬᠤ ᠬᠤᠷᠢᠶ᠎ᠠ ︵ᠤᠳᠤᠭ ᠤᠨ ᠠᠵᠢᠯᠯᠠᠬᠤ ᠬᠤᠷᠢᠶ᠎ᠠ︶ ᠶᠢᠨ ᠱᠦᠵᠢ ᠶᠢᠨ ᠲᠤᠰᠢᠶᠠᠯ ᠢ ᠬᠠᠷᠢᠭᠤᠴᠠᠵᠤ᠂ ᠪᠦᠬᠦ ᠤᠯᠤᠰ ᠢ ᠳᠣᠩᠰᠣᠯᠭᠠᠭᠰᠠᠨ ᠶᠡᠭᠡ ᠵᠤᠤ ᠠᠶᠢᠮᠠᠭ ᠤᠨ ︽3 · 26︾ ᠤ ᠠᠷᠠᠯ ᠤᠨ ᠰᠦᠮ᠎ᠡ ᠶᠢᠨ ᠬᠡᠷᠡᠭ ᠶᠠᠪᠤᠳᠠᠯ ᠭᠠᠷᠤᠭᠰᠠᠨ ᠤ ᠳᠠᠷᠠᠭ᠎ᠠ᠂ ᠵᠧᠦ ᠷᠧᠨ ᠱᠠᠨ ᠠᠷᠠᠯ ᠤᠨ ᠰᠦᠮ᠎ᠡ ᠳᠤ ᠣᠯᠠᠨᠲᠠ ᠬᠦᠷᠴᠦ ᠪᠠᠶᠢᠳᠠᠯ ᠢ ᠣᠶᠢᠯᠠᠭᠠᠨ᠂ ᠳᠠᠪᠰᠢᠩᠭᠤᠢ ᠬᠥᠮᠥᠨ ᠤᠪᠰᠢ ᠪᠣᠯᠣᠨ ᠰᠢ ᠭᠤᠸᠠᠨ ᠹᠦ᠋ ᠶᠢ ᠳᠠᠳᠠᠨ ᠠᠪᠴᠤ᠂ ᠵᠠᠩ ᠸᠧᠨ ᠰᠢᠤᠸᠠᠨ ᠲᠠᠢ ᠪᠦᠯᠬᠦᠮᠳᠡᠭᠦᠯᠬᠦ ᠶᠢᠨ ᠬᠠᠮᠲᠤ᠂ ᠭᠤᠤ ᠭᠠᠩ ᠤᠨ ᠵᠢᠭᠠᠪᠤᠷᠢ ᠪᠠᠷ ᠵᠤᠤ ᠲᠦᠩ ᠷᠦ ᠲᠠᠢ ᠬᠠᠮᠲᠤ ᠵᠠᠩ ᠸᠧᠨ ᠰᠢᠤᠸᠠᠨ ᠲᠠᠢ ᠠᠬ᠎ᠠ ᠳᠡᠭᠦᠦ ᠪᠠᠷᠢᠯᠳᠣᠵᠣ᠂ ᠦᠨᠳᠦᠰᠦᠲᠡᠨ ᠤ ᠳᠡᠭᠡᠳᠦ ᠳᠠᠪᠬᠤᠷᠭ᠎ᠠ ᠶᠢᠨ ᠠᠵᠢᠯ ᠢ ᠥᠷᠨᠢᠭᠦᠯᠪᠡ᠃ ᠵᠧᠦ ᠷᠧᠨ ᠱᠠᠨ᠂ ᠲᠢᠶᠠᠨ ᠸᠠᠨ ᠱᠧᠩ ᠨᠠᠷ ᠤᠨ ᠴᠢᠷᠮᠠᠶᠢᠯᠭ᠎ᠠ ᠪᠠᠷ᠂ ᠤᠲᠤᠭ ᠬᠤᠰᠢᠭᠤᠨ ᠤ ᠨᠢᠭᠡᠳᠦᠮᠡᠯ ᠹᠷᠣᠨᠲ ᠤᠨ ᠠᠵᠢᠯ  ᠳᠠᠪᠰᠢᠯᠲᠠ ᠲᠠᠢ ᠪᠤᠯᠪᠠ᠃ ᠵᠠᠩ ᠸᠧᠨ ᠰᠢᠤᠸᠠᠨ ᠡᠪ ᠬᠠᠮᠲᠤ ᠨᠠᠮ ᠢ ᠡᠷᠡᠰ ᠡᠰᠡᠷᠭᠦᠴᠡᠵᠦ ᠪᠠᠶᠢᠭᠰᠠᠨ ᠠᠴᠠ ᠪᠠᠨ ᠬᠡᠪ ᠢᠶᠠᠨ ᠰᠠᠬᠢᠬᠤ ᠪᠣᠯᠤᠭᠰᠠᠨ ᠪᠥᠭᠡᠳ ᠠᠭᠠᠵᠢᠮ ᠢᠶᠠᠷ ᠬᠤᠪᠢᠰᠬᠠᠯ ᠢ ᠳᠡᠮᠵᠢᠵᠦ ᠡᠬᠢᠯᠡᠵᠡᠢ᠃ ᠡᠭᠦᠨ ᠤ ᠬᠠᠮᠲᠤ᠂ ᠵᠧᠦ ᠷᠧᠨ ᠱᠠᠨ ᠪᠠᠰᠠ ᠵᠠᠩ ᠤᠨ ᠳᠣᠣᠷᠠᠬᠢ ᠬᠥᠮᠥᠰ ᠲᠠᠢ ᠢᠳᠡᠪᠬᠢᠲᠡᠢ ᠬᠠᠷᠢᠯᠴᠠᠵᠤ᠂ ᠳᠤᠮᠳᠠ ᠳᠣᠣᠷᠠᠳᠤ ᠳᠠᠪᠬᠤᠷᠭ᠎ᠠ ᠶᠢᠨ ᠳᠠᠷᠤᠭ᠎ᠠ ᠪᠠᠶᠢᠯᠳᠤᠭᠴᠢᠳ ᠢ ᠣᠬᠠᠭᠤᠯᠬᠤ ᠠᠵᠢᠯ  ᠢ ᠥᠷᠨᠢᠭᠦᠯᠵᠡᠢ᠃ ᠣᠲᠤᠭ ᠬᠤᠰᠢᠭᠤᠨ ᠤ ᠠᠮᠤᠷ ᠢ ᠬᠠᠮᠠᠭᠠᠯᠠᠬᠤ ᠰᠧᠯᠢᠩᠪᠦ᠋ ᠶᠢᠨ ᠳᠡᠳ᠋ ᠳᠠᠷᠤᠭ᠎ᠠ ᠱᠠᠨᠵᠢᠮᠢᠳᠤᠪ᠂ ᠨᠠᠷᠢᠨ ᠪᠢᠴᠢᠭᠡᠴᠢ ᠮᠠ ᠹᠦ᠋ ᠭᠠᠩ᠂ ᠳᠤᠮᠳᠠ ᠠᠩᠭᠢ ᠶᠢᠨ ᠳᠠᠷᠤᠭ᠎ᠠ ᠮᠠ ᠯᠢᠶᠠᠩ ᠴᠧᠩ᠂ ᠦᠯᠵᠡᠶᠢᠬᠤᠳᠤᠭ᠂ ᠬᠤᠪᠢᠶᠠᠷᠢ ᠠᠩᠭᠢ ᠶᠢᠨ ᠳᠠᠷᠤᠭ᠎ᠠ ᠮᠠᠨᠳᠤᠭᠡᠷᠡᠯᠳᠤ ᠨᠠᠷ ᠡᠪ ᠬᠠᠮᠲᠤ ᠨᠠᠮ ᠲᠠᠢ ᠨᠢᠭᠲᠠ ᠬᠠᠷᠢᠴᠠᠭ᠎ᠠ ᠪᠠᠶᠢᠭᠤᠯᠤᠭᠰᠠᠨ ᠪᠠᠶᠢᠨ᠎ᠠ᠃      1946 ᠣᠨ ᠤ 1 ᠰᠠᠷ᠎ᠠ ᠶᠢᠨ 14 ᠤ ᠡᠳᠦᠷ᠂ ᠠᠷᠠᠯ ᠤᠨ ᠰᠦᠮ᠎ᠡ ᠶᠢᠨ ᠬᠡᠷᠡᠭ ᠶᠠᠪᠤᠳᠠᠯ ᠡᠭᠦᠰᠴᠦ᠂ ᠵᠠᠩ ᠸᠧᠨ ᠰᠢᠤᠸᠠᠨ ᠠᠯᠠᠭᠳᠠᠪᠠ᠂ ᠵᠧᠦ ᠷᠧᠨ ᠱᠠᠨ ᠵᠤᠤ ᠲᠦᠩ ᠷᠦ ᠶᠢᠨ ᠤᠳᠤᠷᠢᠳᠤᠯᠭ᠎ᠠ ᠳᠣᠣᠷ᠎ᠠ᠂ ᠤᠯᠠᠨ ᠤᠳᠠᠭ᠎ᠠ ᠠᠷᠠᠯ ᠤᠨ ᠰᠦᠮ᠎ᠡ ᠳᠤ ᠬᠦᠷᠴᠦ ᠪᠠᠶᠢᠳᠠᠯ ᠢ ᠣᠶᠢᠯᠠᠭᠠᠨ ᠡᠵᠡᠮᠰᠢᠵᠦ᠂ ᠭᠤᠷᠪᠠᠨ ᠬᠢᠵᠠᠭᠠᠷ ᠣᠷᠣᠨ ᠤ ᠠᠵᠢᠯᠯᠠᠬᠤ ᠬᠤᠷᠢᠶ᠎ᠠ ᠪᠣᠯᠣᠨ ᠪᠠᠷᠠᠭᠤᠨ ᠬᠤᠶᠢᠲᠤ ᠶᠢᠨ ᠲᠣᠪᠴᠢᠶ᠎ᠠ ᠳᠤ ᠬᠠᠷᠢᠭᠤ ᠮᠡᠳᠡᠭᠦᠯᠵᠦ᠂ ᠡᠯ᠎ᠡ ᠵᠦᠢᠯ ᠤᠨ ᠬᠡᠷᠡᠭ ᠶᠠᠪᠤᠳᠠᠯ ᠢ ᠵᠣᠬᠢᠰᠲᠠᠢ ᠰᠢᠢᠳᠪᠦᠷᠢᠯᠡᠵᠦ᠂ ᠪᠠᠶᠢᠳᠠᠯ ᠢ ᠲᠣᠭᠲᠠᠪᠤᠷᠢᠵᠢᠭᠤᠯᠤᠨ᠂ ᠪᠤᠰᠤᠳ ᠵᠦᠷᠢᠴᠡᠯ ᠮᠥᠷᠭᠦᠯᠳᠦᠭᠡᠨ ᠭᠠᠷᠬᠤ ᠠᠴᠠ ᠵᠠᠶᠢᠯᠠᠭᠤᠯᠤᠭᠰᠠᠨ ᠪᠠᠶᠢᠨ᠎ᠠ᠃      ᠴᠢᠯᠦᠭᠡᠯᠡᠬᠦ ᠲᠠᠶᠢᠨ ᠤ ᠦᠶ᠎ᠡ ᠳᠤ᠂ ᠵᠧᠦ ᠷᠧᠨ ᠱᠠᠨ ᠤᠷᠢᠳ ᠬᠤᠵᠢᠳ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠠᠵᠢᠯᠯᠠᠬᠤ ᠬᠤᠷᠢᠶ᠎ᠠ ᠶᠢᠨ ᠱᠦᠵᠢ ᠂ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠪᠥᠭᠡᠳ ᠶᠡᠭᠡ ᠵᠤᠤ ᠠᠶᠢᠮᠠᠭ ᠤᠨ ᠰᠠᠯᠪᠤᠷᠢ ᠠᠩᠭᠢ ᠶᠢᠨ ᠳᠡᠳ᠋ ᠤᠯᠤᠰ ᠲᠦᠷᠦ ᠶᠢᠨ ᠭᠡᠰᠢᠭᠦᠨ ᠤ ᠲᠤᠰᠢᠶᠠᠯ ᠢ ᠬᠠᠪᠰᠣᠷᠭᠠᠨ ᠡᠭᠦᠷᠭᠡᠯᠡᠵᠦ᠂ ᠪᠠᠷᠠᠭᠤᠨ ᠬᠤᠶᠢᠲᠤ ᠣᠷᠣᠨ ᠤ ᠲᠣᠪᠴᠢᠶ᠎ᠠ ᠶᠢᠨ ᠲᠣᠭᠲᠠᠭᠠᠭᠰᠠᠨ ᠶᠡᠭᠡ ᠵᠤᠤ ᠠᠶᠢᠮᠠᠭ ᠤᠨ ᠠᠵᠢᠯ ᠤᠨ ᠶᠡᠷᠦᠩᠬᠡᠢ ᠴᠢᠭᠯᠡᠯᠲᠡ ᠶᠣᠰᠣᠭᠠᠷ᠂ ᠨᠠᠮ ᠤᠨ ᠺᠠᠳ᠋ᠷ ︵ᠣᠨᠴᠠᠭᠠᠶᠢᠯᠠᠨ ᠴᠥᠭᠡᠨ ᠲᠣᠭᠠᠲᠤ ᠦᠨᠳᠦᠰᠦᠲᠡᠨ ᠤ ᠺᠠᠳ᠋ᠷ︶ ᠢ ᠬᠥᠮᠥᠵᠢᠭᠦᠯᠬᠦ᠂ ᠮᠣᠩᠭᠤᠯ ᠬᠢᠲᠠᠳ ᠠᠷᠠᠳ ᠤᠨ ᠵᠡᠪᠰᠡᠭᠲᠦ ᠬᠦᠴᠦᠨ ᠪᠠ ᠵᠠᠰᠠᠭ ᠤᠨ ᠡᠷᠬᠡ ᠶᠢ ᠪᠠᠶᠢᠭᠤᠯᠬᠤ᠂ ᠦᠨᠳᠦᠰᠦᠲᠡᠨ ᠤ ᠳᠡᠭᠡᠳᠦ ᠳᠠᠪᠬᠤᠷᠭᠠᠲᠠᠨ ᠲᠠᠢ ᠪᠦᠯᠬᠦᠮᠳᠡᠨ᠂ ᠨᠢᠭᠡᠳᠦᠮᠡᠯ ᠹᠷᠣᠨᠲ ᠤᠨ ᠠᠵᠢᠯ ᠢ ᠶᠡᠭᠡ ᠪᠠᠷ ᠦᠷᠨᠢᠭᠦᠯᠵᠦ᠂ ᠦᠦᠰᠢᠨ᠂ ᠣᠲᠤᠭ᠂ ᠬᠠᠩᠭᠢᠨ ᠵᠡᠷᠭᠡ ᠬᠤᠰᠢᠭᠤᠨ ᠤ ᠨᠠᠶᠢᠷᠠᠮᠳᠠᠯ  ᠢᠶᠠᠷ ᠪᠣᠰᠣᠯᠭ᠎ᠠ ᠭᠠᠷᠭᠠᠬᠤ᠂ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠢ ᠬᠠᠮᠠᠭᠠᠯᠠᠬᠤ᠂ ᠶᠡᠭᠡ ᠵᠤᠤ ᠠᠶᠢᠮᠠᠭ ᠤᠨ ᠬᠤᠪᠢᠰᠬᠠᠯ ᠤᠨ ᠰᠠᠭᠤᠷᠢᠨ ᠭᠠᠵᠠᠷ ᠢ ᠪᠠᠬᠢᠵᠢᠭᠦᠯᠦᠨ ᠬᠥᠭᠵᠢᠭᠦᠯᠬᠦ ᠳᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃     1949 ᠣᠨ ᠤ ᠨᠠᠮᠤᠷ᠂ ᠵᠧᠦ ᠷᠧᠨ ᠱᠠᠨ ᠶᠡᠭᠡ ᠵᠤᠤ ᠠᠶᠢᠮᠠᠭ ᠠᠴᠠ ᠠᠵᠢᠯ ᠰᠢᠯᠵᠢᠪᠡ᠃ ᠪᠦᠬᠦ ᠤᠯᠤᠰ ᠴᠢᠯᠦᠭᠡᠯᠡᠭᠳᠡᠭᠰᠡᠨ ᠤ ᠲᠠᠷᠠᠭ᠎ᠠ᠂ ᠤᠷᠢᠳ ᠬᠤᠵᠢᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠨᠠᠭᠤᠷ ᠮᠤᠵᠢ ᠶᠢᠨ ᠬᠤᠷᠢᠶᠠᠨ ᠤ ᠦᠨᠳᠦᠰᠦᠲᠡᠨ ᠤ ᠬᠡᠯᠲᠡᠰ ᠤᠨ ᠳᠠᠷᠤᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠮᠤᠵᠢ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠮᠤᠵᠢ ᠶᠢᠨ ᠨᠠᠮ ᠤᠨ ᠬᠤᠷᠢᠶᠠᠨ ᠤ ᠳᠡᠳ᠋ ᠱᠦᠵᠢ᠂ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪᠡᠳ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠣᠷᠣᠯᠠᠭᠴᠢ ᠨᠢᠭᠡᠳᠦᠭᠡᠷ ᠱᠦᠵᠢ᠂ ᠲᠥᠪᠡᠳ ᠤᠨ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠢᠭᠡᠳᠦᠭᠡᠷ ᠳᠡᠳ᠋ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠡᠷᠭᠡ ᠲᠤᠰᠢᠶᠠᠯ ᠢ ᠬᠠᠷᠢᠭᠤᠴᠠᠪᠠ᠃ ︽ᠰᠣᠶᠣᠯ ᠤᠨ ᠶᠡᠭᠡ ᠬᠤᠪᠢᠰᠬᠠᠯ︾ ᠤᠨ ᠬᠤᠭᠤᠴᠠᠭᠠᠨ ᠳᠤ᠂ ᠵᠧᠦ ᠷᠧᠨ ᠱᠠᠨ ᠬᠢᠯᠢᠰᠳᠡᠭᠰᠡᠨ ᠪᠣᠯᠪᠠᠴᠤ ᠲᠡᠷᠡ ᠮᠥᠨ ᠯᠡ ᠨᠠᠮ ᠢ ᠪᠠᠲᠤ ᠢᠳᠡᠭᠡᠨ ᠬᠠᠶᠢᠷᠠᠯᠠᠵᠤ᠂ ᠭᠢᠨᠳᠠᠨ ᠳᠤ ︽ᠯᠧᠨᠢᠨ ᠤ ᠪᠦᠷᠢᠨ ᠵᠣᠬᠢᠶᠠᠯ︾ ᠵᠡᠷᠭᠡ ᠮᠠᠷᠺᠰ ᠯᠧᠨᠢᠨ ᠤ ᠵᠣᠬᠢᠶᠠᠯ ᠢ ᠶᠡᠭᠡ ᠬᠡᠮᠵᠢᠶ᠎ᠡ ᠪᠠᠷ ᠤᠩᠰᠢᠵᠤ᠂ 1978 ᠣᠨ ᠳᠤ ᠠᠵᠢᠯ ᠢᠶᠠᠨ ᠰᠡᠷᠭᠦᠭᠡᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠰᠢᠨᠵᠢᠶᠠᠩ ᠤᠨ ᠤᠶᠢᠭᠤᠷ ᠦᠨᠳᠤᠰᠤᠳᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠬᠤᠶᠠᠳᠤᠭᠠᠷ ᠱᠦᠵᠢ ᠶᠢᠨ ᠲᠤᠰᠢᠶᠠᠯ ᠢ ᠬᠠᠷᠢᠭᠤᠴᠠᠪᠠ᠃ 1981 ᠣᠨ ᠠᠴᠠ ᠬᠤᠶᠢᠰᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠳᠦᠷᠢᠮ ᠤᠨ ᠵᠦᠪᠯᠡᠯ ᠤᠨ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ᠂ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠦᠪᠯᠡᠯ ᠤᠨ ᠵᠦᠪᠯᠡᠭᠴᠢ ᠶᠢᠨ ᠳᠣᠰᠢᠶᠠᠯ ᠢ ᠬᠠᠷᠢᠭᠤᠴᠠᠵᠤ᠂ ᠵᠧᠦ ᠷᠧᠨ ᠱᠠᠨ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠲᠡᠨ ᠤ ᠵᠥᠪᠯᠡᠯ ᠤᠨ ᠭᠡᠰᠢᠭᠦᠨ ᠢᠶᠠᠷ ᠰᠣᠩᠭᠤᠭᠳᠠᠵᠤ ᠥᠩᠭᠡᠷᠡᠵᠡᠢ᠃      1984 ᠣᠨ ᠳᠤ 72 ᠨᠠᠰᠤᠲᠠᠢ ᠳᠠᠭᠠᠨ ᠡᠪᠡᠳᠴᠢᠨ ᠢᠶᠠᠷ ᠨᠠᠰᠤ ᠪᠠᠷᠠᠪᠠ᠃ ᠲᠡᠷᠡᠪᠡᠷ ᠨᠠᠰᠤᠨ ᠳᠣᠷᠰᠢᠲᠠ ᠳᠣᠮᠳᠠᠳᠣ ᠣᠯᠣᠰ ᠤᠨ ᠡᠪ ᠬᠠᠮᠲᠤ ᠨᠠᠮ ᠤᠨ ᠵᠢᠭᠠᠪᠣᠷᠢ ᠶᠢ ᠬᠦᠷᠢᠶᠡᠯᠡᠨ ᠳᠠᠭᠠᠵᠤ᠂ ᠦᠪᠡᠷ ᠤᠨ ᠠᠯᠢᠪᠠ ᠪᠠᠨ ᠨᠠᠮ ᠤᠨ ᠠᠵᠢᠯ ᠳᠤ ᠵᠣᠷᠢᠭᠤᠯᠣᠭᠰᠠᠨ ᠪᠠᠶᠢᠨ᠎ᠠ᠃ 
ᠢᠷᠡᠯᠲᠡ᠄ ᠳᠤᠰ ᠰᠦᠯᠵᠢᠶ᠎ᠡ