ᠪᠤᠯᠪᠠᠰᠤᠨ ᠤ ᠴᠡᠴᠡᠬᠡᠰ ᠭᠠᠵᠡᠷ ᠪᠦᠬᠦᠨ᠎ᠠ ᠲᠡᠯᠬᠡᠷᠡᠬᠦ ᠳᠤ ᠡᠵᠡᠨ ᠬᠦᠮᠦᠨ ᠤ ᠪᠤᠶᠠᠨ ᠵᠢᠷᠭᠠᠯ ᠡᠷᠬᠡ ᠦᠬᠡᠢ ᠨᠡᠮᠡᠭᠳᠡᠨᠠᠮ
ᠨᠡᠶᠢᠲᠡᠯᠡᠭᠰᠡᠨ ᠴᠠᠭ᠄
2023/3/4

            — ᠳ᠋ᠦᠩᠱᠧᠩ ᠲᠤᠭᠤᠷᠢᠭ ᠤᠨ ᠪᠦᠬᠦ ᠤᠯᠤᠰ ᠤᠨ ᠪᠤᠯᠪᠠᠰᠤᠨ ᠤ ᠨᠡᠶᠢᠳᠡᠯᠢᠭ ᠲᠠᠭᠤᠷᠢᠶᠠᠯ

ᠦᠵᠡᠬᠦᠯᠬᠦ ᠬᠤᠳᠠ ᠶᠢ ᠡᠬᠦᠳᠤᠨ ᠪᠠᠶᠢᠭᠤᠯᠬᠤ ᠠᠵᠢᠯ ᠢ ᠠᠬᠢᠭᠤᠯᠤᠭᠰᠡᠨ ᠲᠤᠬᠠᠢ ᠲᠠᠳᠠᠯᠠᠭ᠎ᠠ

     

       ᠳ᠋ᠦᠩᠱᠧᠩ ᠤᠨ ᠶᠡᠭᠡ ᠵᠡᠬᠡᠯᠢ ᠪᠠᠷ ᠲᠡᠷᠬᠡ ᠮᠠᠰᠢᠨ ᠵᠡᠷᠬᠡᠯᠡᠨ ᠡᠮᠬᠢ ᠴᠡᠭᠴᠡ ᠲᠠᠢ ᠤᠷᠤᠭᠰᠢᠯᠠᠨ᠎ᠠ︔

       ᠴᠡᠴᠡᠷᠯᠢᠭ ᠤᠨ ᠦᠩᠬᠡ ᠦᠵᠡᠮᠵᠢ ᠨᠢ ᠰᠡᠯᠡᠬᠦᠴᠡᠨ ᠠᠯᠬᠤᠯᠠᠭᠰᠡᠳ ᠤᠨ ᠤᠷᠮ᠎ᠠ ᠰᠡᠳᠬᠢᠯ ᠢ ᠰᠡᠷᠬᠦᠬᠡᠨ᠎ᠠ︔

       ᠬᠤᠳᠠ ᠶᠢᠨ ᠭᠤᠳᠤᠮᠵᠢ ᠪᠠᠷ ᠵᠤᠷᠴᠢᠬᠤ ᠬᠦᠮᠦᠰ ᠬᠠᠯᠠᠭᠤᠮᠰᠤᠭ ᠲᠤᠳᠤᠨᠤ ᠪᠠᠷ ᠮᠡᠨᠳᠤᠴᠢᠯᠠᠨ᠎ᠠ

       ᠬᠦᠷᠰᠢ ᠵᠡᠷᠬᠡᠯᠡᠳᠡᠭᠡ ᠠᠶᠢᠯ ᠰᠠᠭᠠᠬᠠᠯᠳᠠ ᠡᠶ᠎ᠡ ᠨᠠᠶᠢᠷᠳᠠᠢ ᠬᠠᠷᠢᠯᠴᠠᠨ ᠬᠠᠪᠰᠤᠷᠤᠯᠴᠠᠨ᠎ᠠ ᠁

       ᠳ᠋ᠥᠩᠱᠧᠩ ᠲᠤᠭᠤᠷᠢᠭ ᠤᠨ ᠪᠤᠯᠪᠠᠰᠤᠨ ᠰᠠᠶᠢᠬᠠᠨ ᠦᠵᠡᠮᠵᠢ ᠨᠢ ᠴᠢᠨᠠᠷ ᠲᠡᠰ ᠪᠦᠬᠦᠢ ᠬᠤᠳᠠ ᠶᠢᠨ

ᠦᠪᠡᠷᠮᠢᠴᠡ ᠬᠡᠪ ᠨᠡᠮᠪᠠ ᠶᠢ ᠪᠢᠳᠡᠨ ᠳᠤ ᠦᠵᠡᠬᠦᠯᠵᠤ ᠪᠠᠶᠢᠯ᠎ᠠ᠃

   ᠬᠦᠮᠦᠨ ᠪᠦᠬᠦᠨ ᠤᠷᠤᠯᠴᠠᠵᠤ᠂ ᠬᠦᠮᠦᠨ ᠪᠦᠬᠦᠨ ᠡᠬᠦᠳᠤᠨ ᠪᠠᠶᠢᠭᠤᠯᠵᠤ᠂ ᠬᠦᠮᠦᠨ ᠪᠦᠬᠦᠨ ᠠᠰᠢᠭ ᠬᠦᠷᠳᠡᠨ᠎ᠠ

       ᠪᠦᠬᠦ ᠤᠯᠤᠰ ᠤᠨ ᠪᠤᠯᠪᠠᠰᠤᠨ ᠤ ᠨᠡᠶᠢᠳᠡᠯᠢᠭ ᠲᠠᠭᠤᠷᠢᠶᠠᠯ ᠦᠵᠡᠬᠦᠯᠬᠦ ᠬᠤᠳᠠ ᠶᠢ ᠡᠬᠦᠳᠤᠨ ᠪᠠᠶᠢᠭᠤᠯᠬᠤ

 ᠪᠠᠷ᠂ ᠳ᠋ᠦᠩᠱᠧᠩ ᠲᠤᠭᠤᠷᠢᠭ ︽ᠠᠷᠠᠳ ᠤᠨ ᠲᠦᠯᠦᠬᠡ ᠬᠤᠳᠠ ᠪᠠᠨ ᠪᠦᠳᠦᠬᠡᠨ ᠪᠠᠶᠢᠭᠤᠯᠵᠤ᠂ ᠠᠷᠠᠳ ᠤᠯᠠᠨ

ᠬᠤᠳᠠ ᠪᠠᠨ ᠪᠦᠳᠦᠬᠡᠨ ᠪᠠᠶᠢᠭᠤᠯᠬᠤ︾ ᠤᠳᠤᠷᠢᠳᠤᠮᠵᠢ ᠶᠢ ᠪᠠᠳᠤ ᠠᠳᠬᠤᠵᠤ᠂ ᠨᠡᠩ ᠦᠨᠳᠦᠷ ᠴᠢᠨᠠᠷ ᠲᠡᠰ

ᠪᠦᠬᠦᠢ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠪᠠᠷ ᠴᠢᠷᠮᠠᠶᠢᠵᠤ᠂ ᠬᠤᠳᠠ ᠶᠢᠨ ᠵᠠᠰᠠᠯᠳᠠ ᠶᠢᠨ ᠴᠢᠳᠠᠪᠤᠷᠢ

ᠪᠠ ᠵᠠᠰᠠᠯᠳᠠ ᠶᠢᠨ ᠬᠢᠷᠢ ᠲᠦᠪᠰᠢᠨ ᠢ ᠴᠢᠨᠠᠭᠰᠢᠳᠠ ᠠᠬᠢᠭᠤᠯᠵᠤ᠂ ᠰᠢᠨ᠎ᠠ ᠴᠠᠭ ᠦᠶ᠎ᠠ ᠶᠢᠨ ᠪᠤᠯᠪᠠᠰᠤᠨ ᠤ

ᠨᠡᠶᠢᠳᠡᠯᠢᠭ ᠲᠠᠭᠤᠷᠢᠶᠠᠯ ᠦᠵᠡᠬᠦᠯᠬᠦ ᠬᠤᠳᠠ ᠶᠢ ᠡᠬᠦᠳᠤᠨ ᠪᠠᠶᠢᠭᠤᠯᠤᠭᠰᠡᠨ ᠵᠤᠯ ᠵᠢᠷᠭᠠᠯᠳᠤ ᠦᠵᠡᠮᠵᠢ ᠶᠢ

ᠵᠢᠷᠤᠭᠯᠠᠨ᠎ᠠ᠃

    ᠪᠦᠬᠦ ᠠᠷᠠᠳ ᠢᠶᠠᠷ ᠢᠶᠠᠨ ᠤᠷᠤᠯᠴᠠᠵᠤ᠂ ᠪᠦᠬᠦ ᠤᠷᠤᠨ ᠪᠦᠰᠠ ᠪᠠᠷ ᠪᠦᠳᠦᠬᠡᠨ ᠪᠠᠶᠢᠭᠤᠯᠵᠤ᠂ ᠡᠬᠦᠳᠤᠨ

ᠪᠠᠶᠢᠭᠤᠯᠤᠯᠳᠠ ᠨᠢ ᠠᠮᠢᠵᠢᠷᠠᠯ ᠤᠨ ᠬᠦᠴᠦᠨ ᠢᠶᠠᠷ ᠪᠢᠯᠬᠠᠨ᠎ᠠ

          ᠬᠤᠳᠠ ᠶᠢᠨ ᠪᠤᠯᠪᠠᠰᠤᠨ ᠢ ᠡᠬᠦᠳᠤᠨ ᠪᠠᠶᠢᠭᠤᠯᠬᠤ ᠳᠤ ᠬᠦᠮᠦᠨ ᠪᠦᠬᠦᠨ ᠤᠷᠤᠯᠴᠠᠵᠤ᠂ ᠭᠠᠵᠡᠷ

ᠪᠤᠯᠭᠠᠨ ᠳᠤ ᠵᠢᠬᠰᠠᠭᠠᠯ ᠤᠨ ᠭᠠᠵᠡᠷ ᠲᠠᠢ ᠪᠠᠶᠢᠳᠠᠭ᠃ ᠦᠨᠳᠦᠷ ᠬᠢᠷᠢ ᠲᠦᠪᠰᠢᠨ ᠪᠦᠬᠦᠢ ᠪᠤᠯᠪᠠᠰᠤᠨ ᠬᠤᠳᠠ ᠶᠢ

ᠡᠬᠦᠳᠤᠨ ᠪᠠᠶᠢᠭᠤᠯᠬᠤ ᠳᠤ ᠠᠷᠠᠳ ᠤᠯᠠᠨ ᠪᠤᠯ ᠭᠤᠤᠯ ᠤᠷᠤᠯᠴᠠᠭᠴᠢ ᠮᠦᠨ᠃ ︽ᠪᠤᠯᠪᠠᠰᠤᠨ ᠪᠤᠰᠤ ᠦᠵᠡᠭᠳᠠᠯ ᠢ

ᠰᠡᠬᠦᠳᠡᠷᠯᠡᠨ ᠲᠠᠮᠵᠢᠭᠤᠯᠵᠤ ᠬᠤᠪᠢ ᠬᠦᠮᠦᠨ ᠳᠤᠨᠢ ᠲᠤᠰᠬᠠᠪᠠᠯ ᠲᠡᠷᠠ ᠲᠠᠷᠤᠢ ᠳᠤᠨᠢ ᠰᠢᠢᠳᠪᠤᠷᠢᠯᠡᠵᠤ ᠬᠤᠳᠠ ᠶᠢᠨ

ᠠᠷᠠᠳ ᠪᠤᠯᠤᠭᠰᠡᠨ ᠪᠢᠳᠡᠨ ᠤ ᠡᠵᠡᠨ ᠬᠦᠮᠦᠨ ᠤ ᠤᠪᠤᠷ ᠢ ᠨᠡᠮᠡᠭᠳᠡᠬᠦᠯᠳᠡᠭ︾ ᠬᠡᠵᠤ ᠬᠤᠳᠠ ᠶᠢᠨ ᠠᠷᠠᠳ ᠳ᠋ᠠᠨ

ᠢᠦᠢ ᠱᠧᠩ ᠬᠡᠯᠡᠨ᠎ᠠ᠃ ᠲᠡᠷᠬᠡ ᠮᠠᠰᠢᠨ ᠢᠶᠠᠨ ᠲᠤᠷ᠎ᠠ ᠪᠠᠷ ᠢᠶᠠᠨ ᠵᠤᠭᠰᠤᠭᠠᠵᠤ᠂ ᠮᠠᠰᠢᠨ ᠲᠡᠷᠬᠡ ᠶᠢᠨ ᠵᠤᠭᠰᠤᠭᠠᠯ ᠢ

ᠲᠤᠷ᠎ᠠ ᠪᠠᠷ ᠡᠵᠡᠯᠡᠬᠦ᠂ ᠨᠡᠬᠦᠳᠡᠯ ᠬᠤᠳᠠᠯᠳᠤᠭᠠᠴᠢᠨ ᠵᠠᠮ ᠢ ᠪᠦᠭᠯᠡᠨ ᠡᠵᠡᠩᠨᠡᠯᠳᠠ ᠬᠢᠬᠦ ᠮᠡᠳᠤ ᠶᠢᠨ ᠪᠤᠯᠪᠠᠰᠤᠨ ᠪᠤᠰᠤ

ᠤᠶᠢᠯᠠ ᠠᠵᠢᠯᠯᠠᠭ᠎ᠠ ᠶᠢ ᠤᠯᠵᠤ ᠦᠵᠡᠭᠰᠡᠳ ︽ᠳ᠋ᠥᠩᠱᠧᠩ ᠤᠨ ᠬᠤᠳᠠ ᠶᠢᠨ ᠬᠠᠮᠢᠶᠠᠷᠤᠯᠳᠠ︾ ᠶᠢᠨ ᠵᠢᠷᠬᠢᠶ᠎ᠠ

ᠳᠠᠪᠴᠠᠩ ᠤᠷᠤᠭᠤ ᠠᠰᠠᠭᠤᠳᠠᠯ ᠢᠶᠠᠨ ᠲᠤᠰᠬᠠᠭᠠᠳ ᠬᠤᠳᠠ ᠶᠢᠨ ᠵᠠᠰᠠᠯᠳᠠ ᠳᠤ ᠬᠠᠮᠳᠤ ᠪᠠᠷ ᠤᠷᠤᠯᠴᠠᠵᠤ

ᠰᠢᠢᠳᠪᠤᠷᠢᠯᠡᠳᠡᠭ᠃

       ᠦᠩᠬᠡᠷᠡᠭᠰᠡᠨ ᠵᠤᠨ ᠤ ᠲᠡᠯᠬᠡᠷ ᠤᠯᠠᠷᠢᠯ ᠳᠤ᠂ ᠳ᠋ᠦᠩᠱᠧᠩ ᠲᠤᠭᠤᠷᠢᠭ ᠤᠨ ᠭᠤᠤᠯ ᠵᠠᠮ ᠤᠨ ᠠᠭᠤᠯᠵᠠᠷ

 ᠲᠤ᠂ ᠵᠠᠮ ᠬᠠᠷᠢᠯᠴᠠᠭ᠎ᠠ ᠶᠢ ᠬᠠᠪᠰᠤᠷᠤᠨ ᠵᠢᠯᠤᠭᠤᠳᠴᠦ᠂ ᠪᠤᠯᠪᠠᠰᠤᠨ ᠠᠵᠢᠯᠯᠠᠭ᠎ᠠ ᠶᠢ ᠤᠬᠠᠭᠤᠯᠤᠭᠰᠡᠨ ᠰᠠᠶᠢᠨ

ᠲᠤᠷ᠎ᠠ ᠶᠢᠨ ᠨᠢᠬᠡ ᠪᠦᠯᠦᠭ ᠤᠶᠢᠯᠡᠴᠢᠯᠡᠭᠴᠢᠳ ᠬᠠᠷᠠᠭᠳᠠᠵᠤ ᠪᠠᠶᠢᠪᠠ᠃ ᠲᠠᠳᠠ ᠳ᠋ᠥᠩᠱᠧᠩ ᠲᠤᠭᠤᠷᠢᠭ ᠤᠨ ᠡᠯ᠎ᠡ

ᠱᠠᠳᠤᠨ ᠤ ᠨᠠᠮ ᠵᠠᠰᠠᠭ ᠤᠨ ᠰᠠᠯᠠᠭ᠎ᠠ ᠮᠦᠴᠢᠷ᠂ ᠠᠵᠤ ᠠᠬᠤᠶᠢᠯᠠᠯ ᠠᠵᠢᠯ ᠤᠶᠢᠯᠡᠰ ᠤᠨ ᠪᠠᠶᠢᠭᠤᠯᠭ᠎ᠠ ᠨᠢᠬᠡᠴᠡ᠂

ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠡᠷᠦᠬᠡ ᠶᠢᠨ ᠴᠡᠷᠢᠭ ᠪᠠ ᠬᠤᠪᠢ ᠶᠢᠨ ᠤᠶᠢᠯᠡᠳᠪᠤᠷᠢ ᠬᠤᠳᠠᠯᠳᠤᠭᠠᠨ ᠤ

ᠡᠷᠦᠬᠡ ᠠᠴᠠ ᠬᠦᠷᠦᠯᠴᠠᠨ ᠢᠷᠡᠵᠤ ᠠᠭᠠᠬᠢᠮ᠎ᠠ ᠬᠠᠯᠠᠭᠤᠨ᠂ ᠰᠠᠯᠬᠢ ᠪᠤᠷᠤᠭᠠᠨ ᠠᠴᠠ ᠪᠡᠷᠬᠡᠰᠢᠶᠠᠯ ᠦᠬᠡᠢ ᠪᠠᠷ ᠠᠵᠢᠯ

 ᠢᠶᠠᠨ ᠰᠢᠳᠤᠷᠭᠤ ᠬᠦᠢᠴᠡᠳᠬᠡᠨ ᠵᠤᠭᠰᠤᠭᠰᠡᠨ ᠰᠠᠶᠢᠨ ᠲᠤᠷ᠎ᠠ ᠶᠢᠨ ᠤᠶᠢᠯᠡᠴᠢᠯᠡᠭᠴᠢ ᠪᠠᠶᠢᠵᠤ᠂ ᠦᠪᠡᠷ ᠤᠨ ᠡᠬᠦᠷᠬᠡ

ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠬᠦᠢᠴᠡᠳᠬᠡᠵᠤ ᠪᠠᠶᠢᠭᠰᠡᠨ ᠢᠶᠠᠷ ᠬᠤᠳᠠ ᠶᠢᠨ ᠪᠤᠯᠪᠠᠰᠤᠨ ᠳᠤ

ᠶᠠᠭᠠᠬᠢᠬᠤ ᠶᠢᠨ ᠠᠷᠭ᠎ᠠ ᠦᠬᠡᠢ ᠬᠦᠴᠦ ᠨᠡᠮᠡᠷᠢᠯᠡᠵᠠᠢ᠃

1.1.jpg

   ᠦᠪᠡᠷ ᠤᠨ ᠬᠤᠳᠠ ᠪᠠᠨ ᠦᠪᠡᠰᠦᠪᠡᠨ ᠬᠠᠮᠢᠶᠠᠷᠴᠦ ᠦᠪᠡᠷ ᠤᠨ ᠬᠤᠳᠠ ᠪᠠᠨ ᠦᠪᠡᠰᠦᠪᠡᠨ ᠪᠦᠳᠦᠬᠡᠨ

ᠪᠠᠶᠢᠭᠤᠯᠤᠨ᠎ᠠ

        ᠤᠯᠠᠨ ᠵᠢᠯ ᠤᠨ ᠲᠤᠷᠰᠢ ᠪᠤᠯᠪᠠᠰᠤᠨ ᠢ ᠦᠷᠬᠦᠯᠵᠢᠯᠠᠨ ᠲᠠᠰ ᠲᠡᠪᠰᠢᠬᠦᠯᠦᠭᠰᠡᠨ ᠪᠤᠯᠬᠤᠷ ᠦᠨᠦᠳᠦᠷ ᠤᠨ

ᠳ᠋ᠦᠩᠱᠧᠩ ᠲᠤᠭᠤᠷᠢᠭ ᠲᠤ ᠪᠤᠯᠪᠠᠰᠤᠨ ᠤ ᠨᠡᠶᠢᠳᠡᠯᠢᠭ ᠲᠠᠭᠤᠷᠢᠶᠠᠯ ᠦᠵᠡᠬᠦᠯᠬᠦ ᠬᠤᠳᠠ ᠶᠢ ᠡᠬᠦᠳᠤᠨ ᠪᠠᠶᠢᠭᠤᠯᠬᠤ

 ᠨᠢ ᠨᠢᠬᠡᠨᠳᠠ ᠬᠤᠳᠠ ᠶᠢᠨ ᠠᠷᠠᠳ ᠤᠨ ᠤᠬᠠᠮᠰᠠᠷᠳᠤ ᠤᠶᠢᠯᠡ ᠠᠵᠢᠯᠯᠠᠭ᠎ᠠ ᠪᠠ ᠰᠠᠨᠠᠭᠠᠴᠢᠯᠠᠭᠠᠳᠤ ᠤᠶᠢᠯᠡ

ᠠᠵᠢᠯᠯᠠᠭ᠎ᠠ ᠪᠤᠯᠤᠭᠰᠡᠨ ᠪᠠᠶᠢᠵᠤ᠂ ᠬᠤᠳᠠ ᠶᠢᠨ ᠠᠷᠠᠳ ᠪᠤᠯᠪᠠᠰᠤᠨ ᠤ ᠦᠷ᠎ᠠ ᠠᠰᠢᠭ ᠪᠠ ᠪᠤᠶᠠᠨ ᠵᠢᠷᠭᠠᠯ ᠢ

ᠰᠢᠭᠤᠳ ᠬᠦᠷᠳᠡᠵᠤ᠂ ᠪᠤᠯᠪᠠᠰᠤᠨ ᠢ ᠡᠬᠦᠳᠤᠨ ᠪᠠᠶᠢᠭᠤᠯᠤᠭᠰᠡᠨ ᠤᠷᠤᠯᠴᠠᠭᠴᠢ᠂ ᠪᠤᠯᠪᠠᠰᠤᠨ ᠦᠬᠡ ᠶᠠᠷᠢᠶ᠎ᠠ

ᠤᠶᠢᠯᠠ ᠠᠵᠢᠯᠯᠠᠭ᠎ᠠ ᠶᠢᠨ ᠤᠶᠢᠯᠡᠳᠦᠯᠬᠡᠵᠢᠬᠦᠯᠦᠭᠴᠢ᠂ ᠪᠤᠯᠪᠠᠰᠤᠨ ᠬᠤᠳᠠ ᠶᠢᠨ ᠪᠦᠳᠦᠬᠡᠨ ᠪᠠᠶᠢᠭᠤᠯᠤᠭᠴᠢ᠂

ᠪᠤᠯᠪᠠᠰᠤᠨ ᠨᠡᠶᠢᠬᠡᠮ ᠤᠨ ᠰᠠᠬᠢᠨ ᠬᠠᠮᠠᠭᠠᠯᠠᠭᠴᠢ ᠪᠤᠯᠵᠠᠭᠠᠵᠤ ᠪᠠᠶᠢᠨ᠎ᠠ᠃ ᠢᠩᠬᠢᠬᠦ ᠳᠤ ᠨᠠᠮ ᠤᠨ ᠬᠡᠰᠢᠬᠦᠨ ᠺᠠᠳ᠋ᠷ᠂

ᠬᠤᠳᠠ ᠶᠢᠨ ᠠᠷᠠᠳ᠂ ᠬᠤᠳᠠ ᠶᠢᠨ ᠲᠤᠭᠤᠷᠢᠭ ᠤᠨ ᠵᠡᠬᠡᠯᠢ ᠭᠤᠳᠤᠮᠵᠢ ᠠᠴᠠ ᠬᠦᠳᠡᠭᠡ ᠲᠤᠰᠬᠤᠨ ᠤᠷᠤᠭᠤ

ᠬᠦᠨᠵᠡᠬᠡᠶᠢᠷᠡᠵᠤ᠂ ᠪᠦᠬᠦ ᠨᠡᠶᠢᠬᠡᠮ ᠤᠨ ᠬᠦᠴᠦᠨ ᠢ ᠪᠠᠳᠠᠷᠠᠭᠤᠯᠵᠤ᠂ ᠪᠦᠬᠦ ᠠᠷᠠᠳ ᠤᠨ ᠨᠡᠶᠢᠯᠡᠯ ᠬᠦᠴᠦᠨ ᠪᠤᠯᠤᠨ

ᠪᠦᠷᠢᠯᠳᠦᠵᠤ᠂ ᠭᠠᠷ ᠬᠤᠯᠪᠤᠯᠴᠠᠨ ᠪᠤᠯᠪᠠᠰᠤᠨ ᠤ ᠠᠶ᠎ᠠ ᠶᠢ ᠬᠠᠮᠳᠤ ᠪᠠᠷ ᠪᠢᠴᠢᠭᠯᠡᠵᠤ ᠪᠠᠶᠢᠯ᠎ᠠ᠃

       ᠺᠠᠳ᠋ᠷᠴᠤᠳ ᠤᠨ ᠬᠦᠴᠦᠨ ᠢ ᠲᠦᠪᠯᠡᠷᠡᠬᠦᠯᠪᠠ᠃ ᠨᠠᠮ ᠤᠨ ᠬᠡᠰᠢᠬᠦᠨ ᠺᠠᠳ᠋ᠷᠴᠤᠳ ᠲᠤᠯᠤᠭᠠᠶᠢᠯᠠᠵᠤ᠂ ᠺᠠᠳ᠋ᠷ

ᠦᠨᠳᠦᠰᠦᠨ ᠱᠠᠳᠤᠨ ᠳᠤ ᠪᠠᠭᠤᠬᠤ ᠶᠢ ᠦᠷᠬᠦᠯᠵᠢᠯᠡᠨ ᠵᠤᠷᠢᠭᠵᠢᠭᠤᠯᠵᠤ᠂ ᠰᠢᠶᠠᠨ ᠤ ᠭᠠᠵᠡᠷ ᠤᠨ ᠲᠡᠰ ᠤᠨ

ᠤᠳᠤᠷᠢᠳᠤᠯᠭ᠎ᠠ ᠱᠠᠯᠠᠪᠳᠠᠭᠤᠯᠤᠨ ᠪᠠᠶᠢᠴᠠᠭᠠᠵᠤ ᠵᠢᠯᠤᠭᠤᠳᠤᠨ᠂ ᠪᠠᠶᠢᠭᠤᠯᠭ᠎ᠠ ᠨᠢᠬᠡᠴᠡ ᠲᠠᠭᠠᠭᠠᠴᠢᠯᠠᠵᠤ᠂ ᠺᠠᠳ᠋ᠷᠴᠤᠳ

ᠴᠡᠭ ᠲᠤ ᠰᠠᠭᠤᠬᠤ ᠶᠢ ᠬᠦᠨᠵᠡᠬᠡᠶᠢᠷᠡᠬᠦᠯᠬᠦ ᠠᠵᠢᠯ ᠤᠨ ᠠᠷᠠᠭ᠎ᠠ ᠶᠢ ᠪᠦᠷᠢᠯᠳᠦᠬᠦᠯᠵᠤ᠂ ︽ᠭᠤᠤᠯᠳᠤ ᠪᠠᠷ ᠢᠷᠤᠭᠠᠷ

 ᠲᠤᠨᠢ ᠲᠤᠯᠵᠤ᠂ ᠬᠦᠨᠳᠡᠯᠡᠨ ᠢᠶᠠᠷ ᠬᠢᠵᠠᠭᠠᠷ ᠲᠤᠨᠢ ᠬᠦᠷᠴᠦ᠂ ᠭᠤᠭᠴᠤᠭ᠎ᠠ ᠪᠦᠷᠢ ᠨᠢᠬᠳᠠ ᠬᠤᠯᠪᠤᠯᠳᠤᠭᠰᠡᠨ︾

ᠬᠠᠷᠢᠭᠤᠴᠠᠯᠭ᠎ᠠ ᠶᠢᠨ ᠬᠡᠯᠬᠢᠶ᠎ᠠ ᠶᠢ ᠪᠦᠷᠢᠯᠳᠦᠬᠦᠯᠵᠤ᠂ ︽ᠳ᠋ᠥᠩᠱᠧᠩ ᠲᠤᠭᠤᠷᠢᠭ ᠤᠨ ᠠᠵᠢᠯ ᠤᠨ ᠪᠠᠶᠢᠷᠢᠨ ᠳᠤ

ᠪᠠᠶᠢᠭ᠎ᠠ ᠨᠠᠮ ᠤᠨ ᠬᠡᠰᠢᠬᠦᠨ ᠨᠡᠶᠢᠬᠡᠮ ᠲᠤᠭᠤᠷᠢᠭ ᠲᠤ ᠤᠷᠤᠬᠤ︾  ᠵᠡᠷᠬᠡ ᠠᠵᠢᠯᠯᠠᠭ᠎ᠠ ᠲᠠᠢ ᠬᠠᠮᠳᠤᠳᠬᠠᠨ᠂

ᠪᠤᠯᠪᠠᠰᠤᠨ ᠤ ᠮᠡᠳᠡᠯᠬᠡ ᠶᠢ ᠤᠬᠠᠭᠤᠯᠵᠤ ᠤᠷᠴᠢᠨ ᠲᠤᠭᠤᠷᠢᠨ ᠤ ᠡᠮᠬᠢ ᠲᠢᠭᠯᠢᠮ ᠢ ᠴᠡᠭᠴᠡᠯᠡᠨ ᠵᠠᠰᠠᠬᠤ ᠠᠵᠢᠯ ᠢ

ᠪᠠᠶᠢᠩᠭᠤ ᠦᠷᠨᠢᠬᠦᠯᠦᠬᠡᠳ᠂ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ︽ᠡᠴᠤᠰ ᠤᠨ ᠨᠢᠬᠡ ᠺᠢᠯᠤᠮᠧᠲᠷ︾ ᠢ

ᠪᠦᠳᠦᠮᠵᠢᠳᠠᠢ ᠨᠡᠪᠳᠡᠷᠡᠬᠦᠯᠵᠠᠢ᠃

       ᠪᠦᠬᠦ ᠠᠷᠠᠳ ᠢᠶᠠᠷ ᠢᠶᠠᠨ ᠬᠦᠴᠦ ᠪᠠᠨ ᠬᠠᠮᠳᠤᠳᠬᠠᠪᠠ᠃ ᠠᠷᠠᠳ ᠤᠯᠠᠨ ᠪᠠᠶᠠᠴᠢ ᠴᠤᠭᠴᠠ ᠶᠢᠨ

ᠤᠶᠢᠯᠡᠳᠤᠯ ᠢ ᠬᠦᠨᠳᠦᠳᠬᠡᠨ ᠦᠵᠡᠵᠤ ᠬᠦᠢᠴᠡᠳ ᠪᠠᠳᠠᠷᠠᠭᠤᠯᠤᠨ᠂ ᠠᠷᠠᠳ ᠤᠨ ᠲᠦᠯᠦᠬᠡᠯᠡᠭᠴᠢ ᠪᠠ ᠤᠯᠤᠰ

ᠲᠦᠷᠦ ᠶᠢᠨ ᠵᠦᠪᠯᠡᠯᠬᠡᠨ ᠤ ᠬᠡᠰᠢᠬᠦᠳ ᠤᠨ ᠲᠤᠰᠬᠠᠢ ᠪᠠᠶᠢᠴᠠᠭᠠᠨ ᠦᠵᠡᠬᠦ ᠠᠵᠢᠯᠯᠠᠭ᠎ᠠ᠃ ᠬᠤᠳᠠ ᠶᠢᠨ ᠠᠷᠠᠳ

 ᠤᠨ ᠪᠤᠯᠪᠠᠰᠤᠨ ᠤ ᠲᠤᠭᠤᠷᠢᠨ ᠰᠤᠷᠪᠤᠯᠵᠢᠯᠠᠬᠤ ᠪᠦᠯᠬᠦᠮ ᠢ ᠵᠤᠬᠢᠶᠠᠨ ᠪᠠᠶᠢᠭᠤᠯᠬᠤ ᠠᠵᠢᠯᠯᠠᠭ᠎ᠠ ᠵᠡᠷᠬᠡ ᠤᠯᠠᠨ

ᠶᠠᠩᠵᠤ ᠶᠢᠨ ᠠᠵᠢᠯᠯᠠᠭ᠎ᠠ ᠪᠠᠷ ᠲᠠᠮᠵᠢᠨ ᠡᠯ᠎ᠡ ᠠᠵᠢᠯ ᠲᠦᠷᠦᠯ᠂ ᠡᠯ᠎ᠡ ᠤᠷᠤᠨ ᠲᠤᠭᠤᠷᠢᠭ ᠤᠨ ᠬᠦᠮᠦᠰ ᠤᠨ

ᠢᠳᠡᠪᠬᠢᠵᠢᠯ ᠢ ᠶᠡᠭᠡ ᠪᠠᠷ ᠲᠠᠶᠢᠴᠢᠯᠠᠵᠤ᠂ ᠨᠡᠩ ᠤᠯᠠᠨ ᠬᠤᠳᠠ ᠶᠢᠨ ᠠᠷᠠᠳ ᠢ ᠪᠤᠯᠪᠠᠰᠤᠨ ᠬᠤᠳᠠ ᠶᠢᠨ ᠡᠬᠦᠳᠤᠨ

ᠪᠠᠶᠢᠭᠤᠯᠤᠯᠳᠠ ᠳᠤ ᠤᠷᠤᠯᠴᠠᠭᠤᠯᠤᠨ᠂ ᠬᠤᠳᠠ ᠶᠢᠨ ᠵᠠᠰᠠᠯᠳᠠ ᠪᠠ ᠤᠶᠤᠨ ᠰᠠᠨᠠᠭᠠᠨ ᠤ ᠪᠤᠯᠪᠠᠰᠤᠨ ᠪᠠᠶᠢᠭᠤᠯᠤᠯᠳᠠ

 ᠳᠤ ᠤᠷᠤᠰᠢᠵᠤ ᠪᠠᠶᠢᠭ᠎ᠠ ᠠᠰᠠᠭᠤᠳᠠᠯ ᠢ ᠨᠠᠷᠢᠯᠢᠭ ᠤᠨᠤᠪᠴᠢᠳᠠᠢ ᠪᠠᠷ ᠰᠢᠢᠳᠪᠤᠷᠢᠯᠡᠨ ᠪᠤᠯᠪᠠᠰᠤᠨ ᠬᠤᠳᠠ ᠶᠢ

ᠡᠬᠦᠳᠤᠨ ᠪᠠᠶᠢᠭᠤᠯᠬᠤ ᠳᠤ ᠬᠦᠴᠦᠨ ᠨᠡᠮᠡᠷᠢᠯᠡᠪᠠ᠃

       ᠪᠦᠬᠦ ᠤᠷᠤᠨ ᠲᠤᠭᠤᠷᠢᠭ ᠢᠶᠠᠷ ᠢᠶᠠᠨ ᠬᠦᠴᠦᠯᠡᠪᠠ᠃ ᠤᠯᠠᠨ ᠬᠦᠷᠢᠶ᠎ᠠ ᠴᠠᠷᠠᠭᠠᠨ ᠳᠤ ᠪᠤᠯᠪᠠᠰᠤᠨ ᠢ

ᠡᠬᠦᠳᠤᠨ ᠪᠠᠶᠢᠭᠤᠯᠬᠤ ᠶᠢ ᠦᠷᠬᠦᠯᠵᠢᠯᠡᠨ ᠠᠬᠢᠭᠤᠯᠵᠤ᠂ ᠪᠤᠯᠪᠠᠰᠤᠨ ᠢ ᠠᠳᠠᠯᠢᠳᠬᠠᠨ ᠰᠢᠯᠭᠠᠷᠠᠭᠤᠯᠬᠤ ᠠᠵᠢᠯᠯᠠᠭ᠎ᠠ

 ᠶᠢ ᠬᠤᠳᠠ ᠶᠢᠨ ︽ᠡᠰ︾  ᠨᠢᠬᠡ ᠪᠦᠷᠢ ᠳᠤ ᠤᠷᠤᠭᠤᠯᠵᠤ᠂ ᠴᠤᠩᠬᠤᠪᠴᠢ ᠠᠵᠢᠯ ᠲᠦᠷᠦᠯ ᠨᠢᠬᠡ ᠪᠦᠷᠢ ᠳᠤ

ᠬᠦᠷᠳᠡᠯ᠎ᠠ ᠦᠷᠬᠡᠳᠬᠡᠵᠤ᠂ ᠪᠤᠯᠪᠠᠰᠤᠨ ᠲᠤᠰᠬᠤᠨ ᠪᠠᠯᠭᠠᠰᠤ᠂ ᠪᠤᠯᠪᠠᠰᠤᠨ ᠪᠠᠶᠢᠭᠤᠯᠭ᠎ᠠ ᠨᠢᠬᠡᠴᠡ᠂ ᠪᠤᠯᠪᠠᠰᠤᠨ ᠬᠡᠷ

ᠪᠦᠯᠢ᠂ ᠪᠤᠯᠪᠠᠰᠤᠨ ᠰᠤᠷᠭᠠᠭᠤᠯᠢ ᠶᠢᠨ ᠬᠦᠷᠢᠶ᠎ᠠ᠂ ᠪᠤᠯᠪᠠᠰᠤᠨ ᠨᠡᠶᠢᠬᠡᠮ ᠲᠤᠭᠤᠷᠢᠭ ᠵᠡᠷᠬᠡ ᠤᠯᠠᠨ ᠭᠤᠤᠯ ᠴᠤᠭᠴᠠ

 ᠶᠢᠨ᠂ ᠤᠯᠠᠨ ᠲᠡᠰ ᠲᠠᠪᠬᠤᠷᠭ᠎ᠠ ᠶᠢᠨ ᠪᠤᠯᠪᠠᠰᠤᠨ ᠢ ᠡᠬᠦᠳᠤᠨ ᠪᠠᠶᠢᠭᠤᠯᠬᠤ ᠠᠵᠢᠯᠯᠠᠭ᠎ᠠ ᠪᠠᠷ ᠲᠠᠮᠵᠢᠭᠤᠯᠤᠨ᠂

ᠬᠤᠳᠠ ᠬᠦᠳᠡᠭᠡ ᠶᠢ ᠬᠤᠯᠪᠤᠭᠠᠯᠠᠨ ᠡᠬᠦᠳᠴᠦ᠂ ᠰᠤᠯᠪᠢᠴᠠᠵᠤ ᠬᠤᠯᠪᠤᠭᠠᠯᠠᠨ ᠬᠦᠳᠡᠯᠦᠯᠴᠡᠵᠤ᠂ ᠪᠤᠯᠪᠠᠰᠤᠨ ᠬᠡᠪ

ᠰᠤᠷᠳᠠᠯ ᠢ ᠬᠤᠳᠠ ᠶᠢᠨ ᠦᠨᠴᠦᠭ ᠪᠤᠯᠤᠩ ᠪᠦᠬᠦᠨ ᠳᠤ ᠪᠦᠷᠬᠦᠬᠦᠯᠪᠠ᠃

1.2.jpg

    ᠭᠤᠤᠯᠠᠬᠤ ᠦᠷᠳᠡᠭ ᠤᠨ ᠦᠵᠡᠯᠳᠠ ᠪᠠᠷ ᠬᠦᠳᠦᠯᠦᠨ ᠲᠠᠭᠠᠭᠤᠯᠵᠤ᠂ ᠬᠡᠪ ᠪᠤᠯᠪᠠᠰᠤᠷᠠᠯ ᠢ ᠲᠡᠭᠡᠭᠰᠢᠯᠡᠬᠦᠯᠦᠨ᠎ᠠ᠃

         ᠳ᠋ᠥᠩᠱᠧᠩ ᠲᠤᠭᠤᠷᠢᠭ ᠤᠨ ᠶᠤᠸᠠᠢ ᠶᠢ ᠴᠡᠴᠡᠷᠯᠢᠭ ᠤᠨ ᠦᠵᠡᠮᠵᠢᠳᠤ ᠨᠠᠭᠤᠷ ᠤᠨ ᠪᠠᠷᠠᠭᠤᠨ ᠲᠠᠯ᠎ᠠ ᠶᠢᠨ

ᠠᠭᠤᠳᠠᠮ ᠲᠠᠯᠠᠪᠠᠢ ᠳᠤ᠂ ᠨᠠᠮ ᠤᠨ ᠲᠡᠤᠬᠡ ᠶᠢ ᠤᠬᠠᠭᠤᠯᠤᠨ ᠲᠠᠶᠢᠯᠪᠤᠷᠢᠯᠠᠭᠴᠢ ᠠᠴᠠ ᠨᠢᠬᠡᠨ ᠤᠷᠠᠨ ᠵᠢᠷᠤᠭ ᠤᠨ

ᠪᠦᠳᠦᠬᠡᠯ ᠢ ᠤᠯᠠᠨ᠎ᠠ ᠲᠠᠯᠬᠡᠨ ᠦᠵᠡᠬᠦᠯᠵᠤ᠂ ᠪᠦᠳᠦᠬᠡᠯ ᠤᠨ ᠴᠠᠭᠠᠨᠠᠬᠢ ᠨᠠᠮ ᠤᠨ ᠲᠡᠤᠬᠡᠳᠤ ᠦᠯᠢᠬᠡᠷ ᠢ ᠶᠠᠷᠢᠵᠤ᠂

ᠵᠢᠷᠤᠭ ᠢᠶᠠᠷ ᠦᠨᠡᠨ ᠢ ᠬᠡᠯᠡᠵᠤ᠂ ᠬᠦᠮᠦᠰ ᠤᠨ ᠠᠩᠬᠠᠷᠤᠯ ᠢ ᠲᠠᠳᠠᠪᠠ᠃ ᠡᠶᠢᠮᠦᠷᠬᠦ ᠤᠬᠠᠭᠤᠯᠤᠨ ᠲᠠᠶᠢᠯᠪᠤᠷᠢᠯᠠᠬᠤ

ᠠᠷᠭ᠎ᠠ ᠮᠠᠶ᠋ᠢᠭ ᠨᠢ ᠠᠷᠠᠳ ᠤᠨ ᠰᠡᠳᠬᠢᠯ ᠢ ᠬᠦᠢᠴᠡᠳ ᠲᠠᠳᠠᠵᠤ᠂ ᠨᠢᠬᠡ ᠴᠠᠭ ᠤᠨ ᠤᠬᠠᠭᠤᠯᠭ᠎ᠠ ᠮᠠᠰᠢ ᠲᠦᠷᠬᠡᠨ

ᠲᠠᠭᠤᠰᠬᠤ ᠳᠤ ᠬᠦᠮᠦᠰ ᠰᠤᠨᠤᠰᠴᠤ ᠬᠠᠨᠤᠭᠰᠡᠨ ᠦᠬᠡᠢ ᠬᠡᠮᠡᠨ ᠶᠠᠷᠢᠵᠤ ᠪᠠᠶᠢᠯ᠎ᠠ᠃

        ᠪᠤᠯᠪᠠᠰᠤᠨ ᠤ ᠲᠠᠪᠰᠢᠯᠳᠠ ᠶᠢᠨ ᠠᠶᠠᠨ ᠳᠤ᠂ ᠳ᠋ᠦᠩᠱᠧᠩ ᠲᠤᠭᠤᠷᠢᠭ ᠤᠨ ᠬᠢᠨ ᠬᠦᠰᠡᠯᠡᠩ ᠢᠳᠡᠬᠡᠯ

ᠪᠢᠰᠢᠷᠡᠯ ᠢᠶᠠᠨ ᠪᠠᠳᠤᠳᠬᠠᠬᠤ ᠶᠢ ᠲᠡᠷᠢᠬᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠵᠤ᠂ ᠨᠡᠶᠢᠬᠡᠮ ᠵᠢᠷᠤᠮ ᠤᠨ

ᠭᠤᠤᠯᠯᠠᠬᠤ ᠦᠷᠳᠡᠭ ᠤᠨ ᠦᠵᠡᠯᠳᠠ ᠶᠢ ᠪᠠᠳᠤᠳᠬᠠᠬᠤ ᠪᠠᠷ ᠭᠤᠤᠯ ᠰᠢᠵᠢᠮ ᠪᠤᠯᠭᠠᠵᠤ ᠲᠤᠭ ᠢ ᠦᠨᠳᠦᠷ

ᠮᠠᠨᠳᠤᠭᠤᠯᠤᠨ᠂ ᠰᠠᠭᠤᠷᠢ ᠶᠢ ᠪᠠᠳᠤᠳᠬᠠᠵᠤ᠂ ᠰᠢᠨ᠎ᠠ ᠬᠦᠮᠦᠨ ᠢ ᠬᠦᠮᠦᠵᠢᠬᠦᠯᠬᠦ ᠲᠡᠭᠡᠷ᠎ᠠ ᠬᠦᠴᠦ ᠪᠠᠨ

ᠲᠦᠪᠯᠡᠷᠡᠬᠦᠯᠵᠤ ᠪᠠᠶᠢᠭᠠᠳ᠂ ᠤᠷᠤᠨ ᠨᠤᠳᠤᠭ ᠤᠨ ᠬᠦᠭᠵᠢᠯᠳᠠ ᠳᠤ ᠪᠠᠳᠤ ᠴᠢᠩᠭ᠎ᠠ ᠤᠶᠤᠨ ᠰᠠᠨᠠᠭᠠᠨ ᠤ

ᠪᠠᠳᠤᠯᠠᠭ᠎ᠠ᠂ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠪᠠ ᠡᠯᠪᠡᠭ ᠪᠠᠶᠠᠯᠢᠭ ᠶᠤᠰᠤ ᠰᠤᠷᠳᠠᠬᠤᠨ ᠤ ᠰᠢᠮ᠎ᠠ

ᠲᠡᠵᠢᠬᠡᠯ ᠢ ᠬᠠᠩᠭᠠᠪᠠ᠃

        ᠲᠡᠷᠢᠬᠦᠨ ᠤ ᠦᠵᠡᠯ ᠰᠠᠨᠠᠭ᠎ᠠ ᠪᠠᠷ ᠬᠦᠮᠦᠰ ᠢ ᠬᠦᠳᠦᠯᠦᠨ ᠲᠠᠭᠠᠭᠤᠯᠪᠠ᠃ ᠨᠠᠮ ᠤᠨ ᠲᠡᠤᠬᠡ ᠶᠢᠨ

ᠰᠤᠷᠤᠯᠴᠠᠯᠭ᠎ᠠ ᠬᠦᠮᠦᠵᠢᠯ ᠳᠤ ᠲᠦᠰᠢᠭᠯᠡᠨ᠂ ︽ᠨᠠᠮ ᠢᠶᠠᠨ ᠡᠬᠦᠷᠢᠳᠠ ᠲᠠᠭᠠᠶ᠎ᠠ︾ ᠵᠡᠷᠬᠡ ᠭᠤᠤᠯ ᠰᠡᠳᠤᠪᠳᠤ

ᠤᠶᠢᠯᠡᠳᠦᠯᠬᠡ ᠶᠢᠨ ᠠᠵᠢᠯᠯᠠᠭ᠎ᠠ ᠦᠷᠨᠢᠬᠦᠯᠵᠤ ᠠᠷᠠᠳ ᠤᠯᠠᠨ ᠤ ᠤᠬᠠᠭᠤᠯᠤᠨ ᠲᠠᠶᠢᠯᠪᠤᠷᠢᠯᠠᠭᠴᠢ᠂ ᠰᠦᠯᠵᠢᠶᠠᠨ ᠤ

ᠤᠬᠠᠭᠤᠯᠤᠨ ᠲᠠᠶᠢᠯᠪᠤᠷᠢᠯᠠᠭᠴᠢ᠂ ᠠᠯᠠᠭᠠᠨ ᠲᠡᠬᠡᠷᠡᠬᠢ ᠤᠬᠠᠭᠤᠯᠤᠨ ᠲᠠᠶᠢᠯᠪᠤᠷᠢᠯᠠᠭᠴᠢ ᠶᠢ ᠵᠤᠬᠢᠶᠠᠨ ᠪᠠᠶᠢᠭᠤᠯᠵᠤ᠂

ᠪᠠᠶᠠᠳᠤ ᠬᠡᠯᠪᠡᠷᠢ ᠶᠢᠨ ᠵᠠᠭᠪᠤᠷ ᠢᠶᠠᠷ ᠲᠠᠮᠵᠢᠭᠤᠯᠤᠨ ᠤᠨᠤᠯ ᠲᠡᠤᠬᠡ ᠶᠢ ᠤᠬᠠᠭᠤᠯᠤᠨ ᠲᠠᠶᠢᠯᠪᠤᠷᠢᠯᠠᠵᠤ᠂ ︽

ᠡᠷᠳᠡᠮᠳᠡᠨ ᠮᠡᠷᠬᠡᠳ ᠨᠠᠮ ᠤᠨ ᠲᠡᠤᠬᠡ ᠶᠢ ᠶᠠᠷᠢᠬᠤ︾᠂ ᠰᠦᠨᠢ ᠤᠬᠠᠭᠤᠯᠤᠨ ᠲᠠᠶᠢᠯᠪᠤᠷᠢᠯᠠᠬᠤ ᠵᠡᠷᠬᠡ ᠰᠢᠨ᠎ᠠ

ᠠᠮᠢᠳᠤᠯᠢᠭ ᠠᠷᠭ᠎ᠠ ᠶᠢ ᠬᠠᠪᠰᠤᠷᠭᠠᠪᠠ᠃ ᠡᠯ᠎ᠡ ᠠᠵᠢᠯ ᠲᠦᠷᠦᠯ ᠤᠨ ᠬᠢᠨ ᠤ ᠲᠤᠰᠬᠠᠢ ᠮᠡᠷᠬᠡᠵᠢᠯᠳᠠᠨ᠂ ᠶᠤᠰᠤ

ᠰᠤᠷᠳᠠᠬᠤᠨ ᠤ ᠲᠠᠭᠤᠷᠢᠶᠠᠯ᠂ ᠬᠠᠵᠠᠭᠤᠳᠠᠬᠢ ᠰᠠᠶᠢᠨ ᠬᠦᠮᠦᠨ᠂ ᠠᠬᠠᠮᠠᠳ ᠨᠠᠮ ᠤᠨ ᠬᠡᠰᠢᠬᠦᠨ᠂ ᠡᠩ ᠤᠨ ᠬᠤᠳᠠ

 ᠶᠢᠨ ᠠᠷᠠᠳ ᠢ ᠬᠠᠮᠤᠷᠤᠭᠰᠡᠨ ᠬᠦᠴᠦᠷᠬᠡ ᠶᠡᠭᠡ ᠤᠬᠠᠭᠤᠯᠤᠨ ᠲᠠᠶᠢᠯᠪᠤᠷᠢᠯᠠᠬᠤ ᠡᠩᠨᠡᠭᠡ ᠶᠢ ᠬᠦᠮᠦᠵᠢᠬᠦᠯᠵᠤ᠂

ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ ᠬᠦᠷ ᠬᠦᠭᠵᠢᠶᠠᠨ ᠲᠠᠢ ᠦᠷᠨᠢᠬᠦᠯᠵᠤ᠂ ᠪᠠᠶᠢᠭᠤᠯᠭ᠎ᠠ ᠨᠢᠬᠡᠴᠡ᠂

ᠴᠡᠴᠡᠷᠯᠢᠭ᠂ ᠨᠡᠶᠢᠬᠡᠮ ᠲᠤᠭᠤᠷᠢᠭ᠂ ᠤᠶᠢᠯᠡᠳᠪᠤᠷᠢ ᠶᠢᠨ ᠲᠠᠰᠤᠭ ᠪᠠ ᠰᠤᠷᠭᠠᠭᠤᠯᠢ ᠳᠤ ᠬᠦᠷᠬᠡᠵᠡᠢ᠃

        ᠰᠠᠶᠢᠨ ᠬᠦᠮᠦᠨ ᠤ ᠠᠵᠢᠯᠯᠠᠭ᠎ᠠ ᠪᠠᠷ ᠬᠦᠮᠦᠰ ᠤᠨ ᠰᠡᠳᠬᠢᠯ ᠢ ᠤᠮᠳᠠᠯᠠᠪᠠ᠃ ᠰᠠᠶᠢᠨ ᠬᠦᠮᠦᠨ ᠢ

ᠢᠯᠡᠷᠡᠬᠦᠯᠬᠦ ᠠᠷᠭ᠎ᠠ ᠵᠠᠮ ᠢ ᠦᠷᠬᠦᠯᠵᠢᠯᠡᠨ ᠬᠠᠶᠢᠵᠤ᠂ ᠰᠠᠶᠢᠨ ᠬᠦᠮᠦᠨ ᠢ ᠤᠬᠠᠭᠤᠯᠬᠤ ᠠᠷᠭ᠎ᠠ ᠬᠡᠯᠪᠡᠷᠢ ᠪᠠᠨ

ᠪᠠᠶᠠᠯᠢᠭᠵᠢᠭᠤᠯᠤᠨ᠂ ᠰᠠᠶᠢᠨ ᠬᠦᠮᠦᠨ ᠳᠤ ᠶᠤᠰᠤᠷᠬᠠᠭ ᠬᠠᠨᠳᠤᠬᠤ ᠲᠦᠷᠢᠮ ᠢ ᠲᠡᠬᠦᠯᠳᠡᠷᠵᠢᠬᠦᠯᠵᠤ᠂ ᠨᠡᠶᠢᠳᠡᠯᠢᠭ

ᠲᠠᠭᠤᠷᠢᠶᠠᠯ ᠢ ᠤᠯᠠᠨ ᠠᠷᠭ᠎ᠠ ᠪᠠᠷ ᠰᠤᠩᠭᠤᠬᠤ ᠠᠵᠢᠯᠯᠠᠭ᠎ᠠ ᠶᠢ ᠦᠷᠨᠢᠬᠦᠯᠦᠨ᠂ ᠲᠠᠷᠢᠬᠦᠨ ᠤ ᠨᠡᠶᠢᠳᠡᠯᠢᠭ

ᠲᠠᠭᠤᠷᠢᠶᠠᠯ ᠤᠨ ᠲᠠᠶᠢᠴᠢᠯᠠᠨ ᠲᠠᠭᠠᠭᠤᠯᠬᠤ ᠤᠶᠢᠯᠡᠳᠤᠯ ᠢ ᠬᠦᠢᠴᠡᠳ ᠪᠠᠳᠠᠷᠠᠭᠤᠯᠤᠨ᠂ ᠤᠷᠳᠤ ᠬᠤᠭᠤᠴᠠᠭ᠎ᠠ ᠪᠠᠷ

ᠪᠠᠷᠢᠮᠳᠠᠯᠠᠵᠤ ᠴᠢᠳᠠᠭᠰᠡᠨ ᠰᠠᠶᠢᠨ ᠲᠤᠷᠠᠴᠤᠤᠯ᠂ ᠡᠬᠡᠯ ᠠᠷᠠᠳ ᠤᠨ ᠲᠤᠮᠳᠠ ᠠᠴᠠ ᠬᠠᠵᠠᠭᠤᠳᠠᠬᠢ ᠰᠠᠶᠢᠨ ᠬᠦᠮᠦᠨ ᠢ

ᠰᠤᠩᠭᠤᠵᠤ᠂ ᠰᠠᠶᠢᠨ ᠬᠦᠮᠦᠨ ᠨᠢ ᠪᠤᠰᠤᠳ ᠢᠶᠠᠨ ᠲᠠᠭᠠᠭᠤᠯᠤᠨ ᠨᠡᠶᠢᠬᠡᠮ ᠲᠠᠶᠠᠭᠠᠷ ᠲᠤ ᠰᠠᠶᠢᠨ ᠬᠦᠮᠦᠨ ᠪᠤᠯᠬᠤ ᠶᠢ

ᠤᠷᠢᠶᠠᠯᠠᠵᠤ᠂ ᠪᠦᠬᠦ ᠨᠡᠶᠢᠬᠡᠮ ᠳᠤ ᠲᠡᠷᠢᠬᠦᠨ ᠤ ᠬᠢ ᠠᠴᠠ ᠰᠤᠷᠤᠯᠴᠠᠵᠤ᠂ ᠲᠡᠷᠢᠬᠦᠨ ᠤ ᠬᠢ ᠪᠤᠯᠬᠤ ᠪᠠᠷ

ᠴᠢᠷᠮᠠᠶᠢᠬᠤ ᠦᠷᠨᠢᠯᠳᠠ ᠶᠢ ᠪᠤᠢ ᠪᠤᠯᠭᠠᠪᠠ᠃

       ᠭᠤᠤᠯᠯᠠᠬᠤ ᠦᠷᠳᠡᠭ ᠤᠨ ᠦᠵᠡᠯᠳᠠ ᠶᠢᠨ ᠤᠬᠠᠭᠤᠯᠭ᠎ᠠ ᠬᠦᠮᠦᠵᠢᠯ ᠢ ᠴᠢᠩᠭᠠᠳᠬᠠᠪᠠ᠃ ᠭᠤᠤᠯᠯᠠᠬᠤ

ᠦᠷᠳᠡᠭ ᠤᠨ ᠦᠵᠡᠯᠳᠠ ᠶᠢᠨ ᠤᠬᠠᠭᠤᠯᠭ᠎ᠠ ᠬᠦᠮᠦᠵᠢᠯ ᠢ ᠴᠢᠬᠤᠯᠠᠴᠢᠯᠠᠵᠤ᠂ ᠤᠯᠠᠨ ᠨᠡᠶᠢᠳᠠ ᠶᠢᠨ ᠲᠠᠯᠠᠪᠤᠷ᠂

ᠴᠤᠩᠬᠤᠪᠴᠢ ᠪᠠᠶᠢᠭᠤᠯᠭ᠎ᠠ ᠨᠢᠬᠡᠴᠡ᠂ ᠤᠯᠠᠨ ᠨᠡᠶᠢᠳᠠ ᠶᠢᠨ ᠮᠠᠰᠢᠨ ᠡᠷᠬᠡ ᠵᠡᠷᠬᠡ ᠳᠤ ᠨᠠᠶᠢᠳᠠ ᠶᠢᠨ ᠠᠰᠠᠷᠠᠮᠵᠢ ᠶᠢᠨ

ᠵᠠᠷ ᠮᠡᠳᠡᠭᠡ ᠨᠠᠭᠠᠵᠤ᠂ ᠮᠦᠨ ᠴᠦ ᠵᠠᠭᠤᠴᠢᠯᠠᠭᠤᠷ ᠢᠶᠠᠷ ᠨᠡᠪᠳᠡᠷᠡᠬᠦᠯᠦᠨ ᠨᠠᠶᠢᠳᠠᠯᠡᠵᠤ᠂ ᠴᠡᠴᠡᠯᠢᠭ ᠠᠭᠤᠳᠠᠮ

ᠲᠠᠯᠠᠪᠠᠢ᠂ ᠬᠤᠳᠠᠯᠳᠤᠭᠠᠨ ᠤ ᠵᠠᠬ᠎ᠠ ᠵᠡᠬᠡᠯᠢ ᠳᠤ ᠮᠡᠳᠡᠬᠡᠨ ᠤ ᠱᠤᠭᠯᠢᠭ ᠦᠵᠡᠮᠵᠢ ᠶᠢ ᠪᠠᠶᠢᠷᠢᠯᠠᠭᠤᠯᠵᠤ᠂ ᠨᠡᠶᠢᠬᠡᠮ

ᠵᠢᠷᠤᠮ ᠤᠨ ᠭᠤᠤᠯᠯᠠᠬᠤ ᠦᠷᠳᠡᠭ ᠤᠨ ᠦᠵᠡᠯᠳᠠ ᠶᠢ ᠠᠮᠢᠳᠤᠷᠠᠯ ᠤᠨ ᠤᠷᠤᠨ ᠵᠠᠢ ᠳᠤ ᠦᠯᠦ ᠮᠡᠳᠡᠭᠳᠡᠮ᠎ᠠ

ᠠᠭᠤᠰᠤᠯᠴᠠᠭᠤᠯᠪᠠ᠃

        ᠪᠤᠯᠪᠠᠰᠤᠨ ᠤ ᠦᠷ᠎ᠠ ᠶᠢ ᠬᠦᠮᠦᠰ ᠤᠨ ᠰᠡᠳᠬᠢᠯ ᠳᠤ ᠬᠡᠷᠬᠢᠨ ᠦᠨᠳᠦᠰᠦᠯᠡᠬᠦᠯᠬᠦ ᠪᠤᠯ︖ ᠪᠢᠳᠡᠨ ᠤ

ᠠᠮᠢᠳᠤᠷᠠᠯ ᠪᠤᠯ ᠬᠠᠮᠤᠭ ᠤᠨ ᠰᠠᠶᠢᠨ ᠬᠦᠷᠦᠰᠦ ᠰᠢᠷᠤᠢ ᠪᠠᠶᠢᠵᠠᠢ᠃ ︽ᠪᠢᠳᠡᠨ ᠤ ᠪᠠᠶᠠᠷ ᠲᠤᠷᠠᠰᠬᠠᠯ ᠤᠨ ᠡᠳᠦᠷ︾

 ᠤᠨ ᠰᠢᠷᠢᠰ ᠭᠤᠤᠯ ᠰᠡᠳᠤᠪᠳᠤ ᠠᠵᠢᠯᠯᠠᠭ᠎ᠠ ᠲᠤᠬᠠᠶᠢᠯᠠᠪᠠᠯ ᠴᠠᠭᠠᠨ ᠰᠠᠷ᠎ᠠ ᠶᠢᠨ ᠠᠷᠪᠡᠨ ᠲᠠᠪᠤᠨ ᠤ ᠦᠯᠵᠡᠶᠢᠳᠤ

ᠡᠳᠦᠷ ᠤᠨ ᠪᠠᠶᠠᠷ᠂ ᠲᠠᠪᠤᠨ ᠰᠠᠷ᠎ᠠ ᠶᠢᠨ ᠰᠢᠨ᠎ᠠ ᠶᠢᠨ ᠲᠠᠪᠤᠨ ᠤ ᠪᠠᠶᠠᠷ᠂ ᠨᠠᠢᠮᠠᠨ ᠰᠠᠷ᠎ᠠ ᠶᠢᠨ ᠠᠷᠪᠡᠨ ᠲᠠᠪᠤᠨ ᠤ

ᠪᠠᠶᠠᠷ ᠵᠡᠷᠬᠡ ᠦᠨᠳᠦᠰᠦᠳᠡᠨ ᠤ ᠤᠯᠠᠮᠵᠢᠯᠠᠯᠳᠤ ᠪᠠᠶᠠᠷ ᠲᠤᠷᠠᠰᠬᠠᠯ ᠤᠨ ᠡᠳᠦᠷ ᠨᠢ ᠨᠢᠬᠡᠨᠳᠠ ᠳ᠋ᠦᠩᠱᠧᠩ ᠤᠨ ᠠᠷᠠᠳ

ᠤᠯᠠᠨ ᠤ ᠤᠯᠤᠰ ᠢᠶᠠᠨ ᠬᠠᠶᠢᠷᠠᠯᠠᠬᠤ ᠪᠠᠶᠠᠷ᠂ ᠰᠤᠶᠤᠯ ᠨᠠᠶᠢᠷ ᠤᠨ ᠪᠠᠶᠠᠷ᠂ ᠤᠯᠠᠮᠵᠢᠯᠠᠯ ᠤᠨ ᠪᠠᠶᠠᠷ ᠪᠤᠯᠤᠭᠰᠡᠨ

ᠪᠠᠶᠢᠨ᠎ᠠ᠃ ᠰᠠᠶᠢᠨ ᠲᠤᠷ᠎ᠠ ᠠᠴᠠ ᠪᠠᠨ ᠤᠶᠢᠯᠡᠴᠢᠯᠡᠬᠦ᠂ ᠬᠦᠷᠰᠢ ᠵᠡᠷᠬᠡᠯᠡᠳᠡᠭᠡ ᠪᠠᠷ ᠢᠶᠠᠨ ᠬᠠᠷᠢᠯᠴᠠᠨ

ᠬᠠᠪᠰᠤᠷᠤᠯᠴᠠᠬᠤ᠂ ᠤᠯᠠᠮᠵᠢᠯᠠᠯᠳᠤ ᠵᠠᠩ ᠤᠶᠢᠯᠠ ᠶᠢᠨ ᠲᠡᠯᠬᠡᠨ ᠦᠵᠡᠬᠦᠯᠬᠡ ᠬᠢᠬᠦ᠂ ᠤᠯᠤᠰ ᠢᠶᠠᠨ ᠬᠠᠶᠢᠷᠠᠯᠠᠬᠤ

ᠲᠠᠭᠤᠤ ᠬᠤᠭᠤᠷ ᠢᠶᠠᠨ ᠤᠯᠠᠮᠵᠢᠯᠠᠨ ᠲᠠᠭᠤᠯᠠᠬᠤ ᠵᠡᠷᠬᠡ ᠤᠯᠠᠨ ᠠᠭᠤᠯᠭ᠎ᠠ ᠪᠦᠬᠦᠢ ᠪᠤᠯᠪᠠᠰᠤᠨ ᠢ

ᠤᠶᠢᠯᠡᠳᠦᠯᠬᠡᠵᠢᠬᠦᠯᠬᠦ ᠠᠵᠢᠯᠯᠠᠭ᠎ᠠ ᠨᠢ ᠨᠡᠶᠢᠬᠡᠮ ᠲᠤᠭᠤᠷᠢᠭ ᠤᠨ ᠠᠭᠤᠷ ᠠᠮᠢᠰᠬᠤᠯ ᠢ ᠡᠳᠦᠷ ᠢᠷᠡᠬᠦᠶ᠎ᠠ ᠡᠶ᠎ᠡ

ᠨᠠᠶᠢᠷᠠᠳᠠᠢ ᠪᠤᠯᠭᠠᠨ ᠦᠳᠬᠡᠷᠡᠬᠦᠯᠵᠤ᠂ ᠦᠨᠳᠦᠰᠦᠨ ᠱᠠᠳᠤᠨ ᠤ ᠵᠠᠰᠠᠯᠳᠠ ᠶᠢᠨ ᠦᠪᠡᠷᠳᠡᠬᠡᠨ ᠵᠠᠰᠠᠵᠤ ᠬᠠᠷᠢᠯᠴᠠᠨ

ᠬᠠᠪᠰᠤᠷᠤᠯᠴᠠᠬᠤ ᠲᠠᠶᠢᠰᠢ ᠬᠦᠭᠵᠢᠬᠦ ᠶᠢ ᠠᠬᠢᠭᠤᠯᠵᠤ᠂ ᠰᠠᠭᠤᠭᠠᠯᠢ ᠠᠷᠠᠳ ᠤᠨ ᠦᠪᠡᠷ ᠤᠨ ᠪᠡᠶ᠎ᠡ ᠳᠡᠭᠡᠨ

ᠤᠶᠢᠯᠡᠴᠢᠯᠡᠵᠤ ᠦᠪᠡᠷ ᠤᠨ ᠬᠦᠴᠢᠷᠳᠡᠯ ᠢᠶᠠᠨ ᠰᠢᠢᠳᠪᠤᠷᠢᠯᠡᠬᠦ ᠴᠢᠳᠠᠪᠤᠷᠢ ᠶᠢ ᠴᠢᠨᠠᠭᠰᠢᠳᠠ ᠲᠡᠭᠡᠭᠰᠢᠯᠡᠬᠦᠯᠵᠤ᠂

ᠤᠯᠠᠨ ᠲᠦᠮᠡᠨ ᠳᠤ ᠨᠡᠩ ᠢᠯᠡᠬᠦᠦ ᠬᠦᠷᠳᠡᠬᠡᠮᠵᠢ ᠶᠢᠨ ᠲᠦᠷᠦᠭᠳᠡᠯ᠂ ᠵᠤᠯ ᠵᠢᠷᠭᠠᠯᠳᠤ ᠲᠦᠷᠦᠭᠳᠡᠯ ᠢ ᠤᠯᠭᠤᠪᠠ᠃

         ᠶᠤᠰᠤ ᠲᠦᠷᠢᠮ ᠦᠬᠡᠢ ᠪᠤᠯ ᠬᠡᠪ ᠵᠠᠩᠰᠢᠯ ᠪᠦᠷᠢᠯᠳᠤᠵᠤ ᠴᠢᠳᠠᠬᠤ ᠦᠬᠡᠢ᠃ ︽ᠤᠷᠳᠤᠰ ᠬᠤᠳᠠ ᠶᠢᠨ

ᠪᠤᠯᠪᠠᠰᠤᠨ ᠤᠶᠢᠯᠡ ᠠᠵᠢᠯᠯᠠᠭ᠎ᠠ ᠶᠢ ᠠᠬᠢᠭᠤᠯᠬᠤ ᠲᠦᠷᠢᠮ︾ ᠳᠤ ᠲᠦᠰᠢᠭᠯᠡᠨ᠂ ᠳ᠋ᠦᠩᠱᠧᠩ ᠲᠤᠭᠤᠷᠢᠭ ᠤᠨ ᠬᠢᠨ

ᠬᠠᠤᠯᠢᠵᠢᠯ ᠤᠨ ᠰᠡᠳᠬᠢᠬᠦᠢ ᠪᠠ ᠬᠠᠤᠯᠢᠵᠢᠯ ᠤᠨ ᠠᠷᠭ᠎ᠠ ᠪᠠᠷᠢᠯ ᠢ ᠦᠷᠬᠦᠯᠵᠢᠯᠡᠨ ᠬᠡᠷᠡᠭᠯᠡᠵᠤ᠂ ᠪᠦᠬᠦ ᠨᠡᠶᠢᠬᠡᠮ ᠤᠨ

ᠪᠤᠯᠪᠠᠰᠤᠨ ᠤᠶᠢᠯᠡ ᠠᠵᠢᠯᠯᠠᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ ᠲᠦᠷᠢᠮ ᠢ ᠨᠠᠶᠢᠳᠠᠪᠤᠷᠢᠵᠢᠭᠤᠯᠤᠨ

ᠬᠡᠷᠡᠭᠵᠢᠬᠦᠯᠬᠦ ᠶᠢ ᠠᠬᠢᠭᠤᠯᠵᠤ᠂ ᠪᠤᠯᠪᠠᠰᠤᠨ ᠤᠶᠢᠯᠡ ᠠᠵᠢᠯᠯᠠᠭ᠎ᠠ ᠶᠢ ᠵᠢᠷᠤᠮᠯᠠᠬᠤ ᠠᠴᠠ ᠬᠠᠤᠯᠢ ᠲᠠᠢ ᠪᠤᠯᠭᠠᠵᠤ᠂

ᠪᠤᠯᠪᠠᠰᠤᠨ ᠪᠤᠰᠤ ᠤᠶᠢᠯᠡ ᠠᠵᠢᠯᠯᠠᠭ᠎ᠠ ᠶᠢ ᠬᠠᠤᠯᠢ ᠶᠤᠰᠤᠭᠠᠷ ᠵᠠᠯᠬᠠᠭᠠᠨ ᠰᠢᠢᠳᠬᠡᠵᠤ᠂ ᠬᠤᠳᠠ ᠶᠢᠨ ᠠᠷᠠᠳ ᠤᠨ

ᠪᠦᠬᠦᠯᠢ ᠴᠤᠭᠴᠠ ᠶᠢᠨ ᠪᠤᠯᠪᠠᠰᠤᠨ ᠤ ᠬᠡᠪ ᠪᠤᠯᠪᠠᠰᠤᠷᠠᠯ ᠢ ᠮᠡᠳᠡᠭᠳᠡᠮ᠎ᠠ ᠲᠡᠭᠡᠭᠰᠢᠯᠡᠬᠦᠯᠪᠠ᠃

         ᠰᠦᠯᠵᠢᠶᠠᠨ ᠲᠡᠬᠡᠷ᠎ᠡ ᠪᠠ ᠰᠦᠯᠵᠢᠶᠠᠨ ᠠᠴᠠ ᠭᠠᠳᠠᠨᠠᠬᠢ ᠪᠠᠶᠠᠳᠤ ᠴᠤᠭᠴᠠ ᠶᠢᠨ ᠰᠤᠯᠪᠢᠴᠠᠯ ᠢ

ᠪᠠᠶᠡᠯᠡᠬᠦᠯᠪᠠ᠃ ᠰᠦᠯᠵᠢᠶᠠᠨ ᠲᠡᠬᠡᠷᠡᠬᠢ ᠪᠠ ᠰᠦᠯᠵᠢᠶᠠᠨ ᠠᠴᠠ ᠭᠠᠳᠠᠨᠠᠬᠢ ᠡᠯ᠎ᠡ ᠵᠠᠭᠤᠴᠢᠯᠠᠭᠤᠷ ᠤᠨ ᠡᠬᠢ ᠪᠠᠶᠠᠯᠢᠭ

 ᠢ ᠬᠦᠢᠴᠡᠳ ᠠᠰᠢᠭᠯᠠᠨ᠂ ︽ᠪᠤᠯᠪᠠᠰᠤᠨ ᠶᠤᠰᠤ ᠮᠤᠷᠠᠯ ᠲᠠᠢ ᠳ᠋ᠦᠩᠱᠧᠩ ᠤᠨ ᠠᠷᠠᠳ ᠪᠤᠯᠬᠤ︾᠂ ︽ᠪᠦᠬᠦ

ᠤᠯᠤᠰ ᠤᠨ ᠪᠤᠯᠪᠠᠰᠤᠨ ᠬᠤᠳᠠ ᠶᠢ ᠡᠬᠦᠳᠤᠨ ᠪᠠᠶᠢᠭᠤᠯᠬᠤ ᠶᠢᠨ ᠭᠤᠤᠯ ᠲᠦᠷᠢ ᠪᠤᠯ ᠠᠷᠠᠳ ᠤᠯᠠᠨ︾ ᠵᠡᠷᠬᠡ

ᠭᠤᠤᠯ ᠰᠡᠳᠤᠪᠳᠤ ᠤᠬᠠᠭᠤᠯᠭ᠎ᠠ ᠬᠦᠮᠦᠵᠢᠯ ᠢ ᠢᠳᠡᠪᠬᠢᠳᠠᠢ ᠬᠢᠵᠤ᠂ ᠪᠤᠯᠪᠠᠰᠤᠨ ᠬᠤᠳᠠ ᠶᠢᠨ ᠡᠬᠦᠳᠤᠨ

ᠪᠠᠶᠢᠭᠤᠯᠤᠯᠳᠠ ᠶᠢᠨ ᠲᠤᠬᠠᠢ ᠮᠡᠳᠡᠵᠤ ᠤᠶᠢᠯᠠᠭᠠᠬᠤ ᠨᠤᠷᠮ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠵᠤ᠂ ᠪᠤᠯᠪᠠᠰᠤᠨ ᠤ

ᠦᠵᠡᠯᠳᠠ ᠶᠢ ᠲᠦᠭ ᠲᠦᠮᠡᠨ ᠠᠵᠢᠯ ᠡᠷᠦᠬᠡ ᠳᠤ ᠬᠦᠷᠬᠡᠪᠠ᠃

       ᠰᠠᠶᠢᠨ ᠲᠤᠷ᠎ᠠ ᠶᠢᠨ ᠤᠶᠢᠯᠡᠴᠢᠯᠡᠬᠡᠨ ᠤ ᠨᠡᠷᠡᠳᠤ ᠲᠡᠮᠳᠡᠭᠳᠤ ᠶᠢ ᠡᠬᠦᠳᠴᠦ᠂ ᠶᠡᠭᠡ ᠬᠠᠶᠢᠷ᠎ᠠ ᠶᠢ

ᠲᠦᠬᠡᠮᠡᠯᠵᠢᠬᠦᠯᠪᠠ᠃ ᠳ᠋ᠦᠩᠱᠧᠩ ᠳᠤ ᠪᠠᠶᠢᠭ᠎ᠠ ᠰᠠᠶᠢᠨ ᠲᠤᠷ᠎ᠠ ᠶᠢᠨ ᠤᠶᠢᠯᠡᠴᠢᠯᠡᠭᠴᠢ ᠨᠢᠬᠡᠨᠳᠠ 10 ᠲᠦᠮᠡ ᠭᠠᠷᠤᠢ

ᠬᠦᠮᠦᠨ ᠳᠤ ᠬᠦᠷᠴᠦ᠂ ᠤᠨᠴᠠᠯᠢᠭᠳᠤ ᠰᠠᠶᠢᠨ ᠲᠤᠷ᠎ᠠ ᠶᠢᠨ ᠤᠶᠢᠯᠡᠴᠢᠯᠡᠬᠡᠨ ᠤ 40 ᠭᠠᠷᠤᠢ ᠲᠦᠷᠦᠯ ᠵᠤᠶᠢᠯ ᠢᠶᠠᠷ

ᠲᠠᠭᠤᠷᠢᠶᠠᠯ ᠦᠵᠡᠬᠦᠯᠦᠨ ᠲᠠᠭᠠᠭᠤᠯᠵᠤ᠂ ᠰᠢᠨ᠎ᠠ ᠴᠠᠭ ᠦᠶ᠎ᠠ ᠶᠢᠨ ᠪᠤᠯᠪᠠᠰᠤᠨ ᠤ ᠤᠶᠢᠯᠡᠳᠦᠯᠬᠡ ᠶᠢᠨ 409

ᠰᠠᠶᠢᠨ ᠲᠤᠷ᠎ᠠ ᠶᠢᠨ ᠤᠶᠢᠯᠡᠴᠢᠯᠡᠬᠡᠨ ᠤ ᠵᠤᠬᠢᠶᠠᠨ ᠪᠠᠶᠢᠭᠤᠯᠤᠯᠳᠠ ᠶᠢ ᠬᠦᠭᠵᠢᠬᠡᠨ᠂ ᠪᠦᠬᠦ ᠵᠢᠯ ᠳᠤ ᠶᠡᠭᠡ ᠵᠡᠬᠡᠯᠢ

ᠪᠠᠭ᠎ᠠ ᠭᠤᠳᠤᠮᠵᠢ ᠳᠤ ᠪᠤᠯᠪᠠᠰᠤᠨ ᠵᠠᠮ ᠬᠠᠷᠢᠯᠴᠠᠭ᠎ᠠ᠂ ᠤᠷᠴᠢᠨ ᠲᠤᠭᠤᠷᠢᠨ ᠢ ᠴᠡᠭᠴᠡᠯᠡᠨ ᠵᠠᠰᠠᠬᠤ᠂ ᠠᠯᠪᠡᠨ

ᠵᠢᠷᠤᠮ ᠤᠨ ᠦᠰᠦ ᠵᠠᠰᠠᠬᠤ᠂ ᠠᠯᠪᠡᠨ ᠵᠢᠷᠤᠮ ᠤᠨ ᠲᠤᠭᠯᠠᠯᠳᠠ ᠭᠠᠷᠭᠠᠬᠤ᠂ ᠬᠡᠷ ᠲᠡᠭᠡᠨ ᠬᠤᠴᠤᠷᠤᠭᠰᠡᠨ

ᠨᠠᠰᠤᠳᠠᠶᠢᠴᠤᠳ ᠢ ᠬᠠᠶᠢᠷᠠᠯᠠᠨ ᠬᠠᠯᠠᠮᠵᠢᠯᠠᠬᠤ ᠵᠡᠷᠬᠡ ᠤᠯᠠᠨ ᠲᠡᠰ ᠲᠠᠪᠬᠤᠷᠭ᠎ᠠ ᠶᠢᠨ᠂ ᠤᠯᠠᠨ ᠬᠦᠷᠢᠶ᠎ᠠ ᠴᠠᠷᠠᠭᠠᠨ ᠤ

ᠰᠠᠶᠢᠨ ᠲᠤᠷ᠎ᠠ ᠶᠢᠨ ᠠᠵᠢᠯᠯᠠᠭ᠎ᠠ ᠶᠢ ᠦᠷᠨᠢᠬᠦᠯᠵᠤ᠂ ᠰᠠᠶᠢᠨ ᠲᠤᠷ᠎ᠠ ᠶᠢᠨ ᠤᠶᠢᠯᠡᠴᠢᠯᠡᠬᠡᠨ ᠤ ᠠᠵᠢᠯᠯᠠᠭ᠎ᠠ ᠤᠯᠠᠨ

ᠲᠦᠮᠡᠨ ᠤ ᠲᠡᠷᠬᠡᠳᠠ ᠬᠦᠷᠴᠦ ᠤᠯᠠᠨ ᠲᠦᠮᠡᠨ ᠤ ᠰᠡᠳᠬᠢᠯ ᠢ ᠲᠤᠯᠠᠭᠠᠴᠠᠭᠤᠯᠪᠠ᠃

1.3.jpg

    ᠦᠩᠬᠡᠨ ᠲᠠᠯ᠎ᠠ ᠶᠢ ᠭᠤᠶᠤᠵᠢᠭᠤᠯᠤᠭᠰᠡᠨ ᠮᠦᠷᠳᠡᠬᠡᠨ ᠴᠢᠨᠠᠷ ᠲᠡᠰ ᠢ ᠨᠡᠩ ᠴᠢᠬᠤᠯᠠᠴᠢᠯᠠᠵᠤ᠂ ᠪᠤᠯᠪᠠᠰᠤᠨ ᠤ

ᠨᠡᠶᠢᠳᠡᠯᠢᠭ ᠲᠠᠭᠤᠷᠢᠶᠠᠯ ᠦᠵᠡᠬᠦᠯᠬᠦ ᠬᠤᠳᠠ ᠶᠢᠨ ᠪᠦᠳᠦᠬᠡᠨ ᠪᠠᠶᠢᠭᠤᠯᠤᠯᠳᠠ ᠨᠢ ᠲᠠᠳᠠᠬᠤ ᠬᠦᠴᠦᠨ ᠲᠠᠢ ᠪᠤᠯᠤᠯ᠎ᠠ

        ᠡᠳᠦᠬᠡ ᠪᠠᠶᠢᠬᠤ 100 ᠭᠠᠷᠤᠢ ᠴᠡᠴᠡᠷᠯᠢᠭ ᠤᠨ ᠠᠭᠤᠳᠠᠮ ᠲᠠᠯᠠᠪᠠᠢ ᠪᠠ ᠵᠡᠬᠡᠯᠢ ᠶᠢᠨ

ᠨᠤᠭᠤᠭᠠᠷᠠᠭᠤᠯᠤᠭᠰᠡᠨ ᠭᠠᠵᠡᠷ ᠨᠢ ᠳ᠋ᠦᠩᠱᠧᠩ ᠤᠨ ᠵᠡᠬᠡᠯᠢ ᠵᠠᠬ᠎ᠠ ᠶᠢ ᠴᠢᠮᠡᠭᠯᠡᠵᠤ᠂ ᠨᠤᠭᠤᠭᠠᠷᠠᠭᠤᠯᠤᠯᠳᠠ ᠶᠢᠨ

ᠪᠦᠷᠬᠦᠴᠡ ᠶᠢᠨ ᠨᠤᠷᠮ᠎ᠠ 43% ᠳᠤ ᠬᠦᠷᠴᠦ᠂ ᠬᠦᠮᠦᠨ ᠲᠤᠮᠳᠠᠴᠢ ᠶᠢᠨ ᠴᠡᠴᠡᠷᠯᠢᠭ ᠤᠨ ᠨᠤᠭᠤᠭᠠᠨ ᠭᠠᠵᠡᠷ ᠤᠨ

ᠲᠠᠯᠠᠪᠠᠢ 15 ᠲᠡᠭᠰᠢ ᠲᠦᠷᠪᠡᠯᠵᠢᠨ ᠮᠧᠲᠷ ᠲᠤ ᠬᠦᠷᠴᠦ᠂ ᠬᠤᠳᠠ ᠶᠢᠨ ᠲᠤᠭᠤᠷᠢᠭ ᠲᠤ ᠲᠦᠬᠡᠭᠰᠡᠨ ᠴᠢᠳᠠᠪᠬᠢᠳᠤ

ᠵᠢᠵᠢᠭ ᠴᠡᠴᠡᠷᠯᠢᠭ ᠤᠳ ᠨᠢ ᠳ᠋ᠥᠩᠱᠧᠩ ᠬᠤᠳᠠ ᠶᠢᠨ ᠠᠷᠠᠳ ᠤᠨ ᠠᠮᠢᠳᠤᠷᠠᠯ ᠤᠨ ᠡᠷᠬᠡᠪᠰᠢ ᠪᠦᠷᠢᠯᠳᠦᠬᠦᠯᠬᠦ

ᠪᠠᠷᠢᠮᠵᠢᠶ᠎ᠠ ᠪᠤᠯᠤᠭᠰᠡᠨ ᠪᠠᠶᠢᠨ᠎ᠠ᠃

        ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠰᠢᠨ᠎ᠠ ᠲᠦᠷᠢ ᠲᠦᠷᠬᠦ ᠲᠠᠢ ᠪᠤᠯᠪᠠ᠃ ᠳ᠋ᠦᠩᠱᠧᠩ

ᠲᠤᠭᠤᠷᠢᠭ ᠤᠨ ᠡᠯ᠎ᠡ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠬᠢᠨ ᠪᠠᠶᠢᠴᠠᠭᠠᠨ ᠰᠤᠳᠤᠯᠤᠯᠳᠠ ᠬᠢᠵᠤ

ᠰᠠᠭᠠᠳ ᠶᠠᠷᠢᠯᠴᠠᠬᠤ ᠪᠠᠷ ᠲᠠᠮᠵᠢᠨ᠂ ᠰᠠᠨᠠᠯ ᠵᠦᠪᠯᠡᠯᠬᠡ ᠶᠢ ᠬᠦᠯᠢᠶᠠᠨ ᠠᠪᠴᠦ᠂ ᠵᠡᠬᠡᠯᠢ ᠭᠤᠳᠤᠮᠵᠢ ᠶᠢᠨ ᠬᠡᠷᠡᠭ

ᠡᠷᠬᠢᠯᠡᠬᠦ ᠭᠠᠵᠡᠷ ᠨᠡᠶᠢᠬᠡᠮ ᠲᠤᠭᠤᠷᠢᠭ ᠤᠨ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠤᠶᠢᠯ ᠤᠨ

ᠬᠦᠮᠦᠷᠬᠡ ᠶᠢ ᠪᠠᠶᠢᠭᠤᠯᠵᠤ᠂ ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠤᠨ ᠰᠠᠭᠤᠷᠢ ᠢᠵᠢ ᠪᠦᠷᠢᠳᠦᠬᠦᠯᠬᠦ

ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠪᠠᠷᠢᠯᠭ᠎ᠠ ᠶᠢ ᠭᠤᠤᠯᠳᠠᠯᠭ᠎ᠠ ᠲᠠᠢ ᠠᠬᠢᠭᠤᠯᠵᠤ᠂ ᠬᠠᠭᠤᠴᠢᠨ

ᠰᠠᠭᠤᠭᠠᠯᠢ ᠠᠷᠠᠳ ᠤᠨ ᠲᠤᠭᠤᠷᠢᠭ ᠤᠨ ᠬᠤᠭᠤᠯᠠᠢ ᠲᠤᠤᠷ᠂ ᠡᠪᠳᠡᠷᠡᠵᠤ ᠰᠤᠶᠢᠳᠦᠭᠰᠡᠨ ᠵᠠᠮ ᠤᠨ ᠭᠠᠳᠠᠷᠭᠤ᠂ ᠵᠠᠮ

 ᠤᠨ ᠳ᠋ᠧᠩ᠂ ᠴᠠᠬᠢᠯᠭᠠᠨ ᠬᠦᠳᠡᠯᠬᠡᠬᠦᠷᠳᠤ ᠲᠡᠷᠬᠡᠨ ᠤ ᠰᠠᠷᠠᠪᠴᠢ᠂ ᠪᠠᠶ᠎ᠠ ᠴᠢᠬᠢᠷᠠᠭᠵᠢᠭᠤᠯᠬᠤ ᠲᠠᠯᠠᠪᠠᠢ ᠲᠤᠳᠠᠭᠳᠠᠵᠤ

ᠪᠠᠶᠢᠬᠤ ᠵᠡᠷᠬᠡ ᠰᠠᠭᠤᠭᠠᠯᠢ ᠠᠷᠠᠳ ᠤᠨ ᠴᠢᠩᠭ᠎ᠠ ᠲᠤᠰᠬᠠᠭᠰᠡᠨ ᠠᠰᠠᠭᠤᠳᠠᠯ ᠤᠳ ᠢ ᠰᠢᠢᠳᠪᠤᠷᠢᠯᠡᠵᠤ᠂ ᠬᠤᠳᠠ ᠶᠢᠨ

ᠠᠷᠠᠳ ᠲᠤ ᠬᠠᠨᠤᠮᠵᠢᠳᠠᠢ ᠬᠠᠷᠢᠭᠤᠯᠳᠠ ᠦᠭᠪᠠ᠃

        ᠤᠷᠴᠢᠨ ᠲᠤᠭᠤᠷᠢᠭᠨ ᠢ ᠤᠯᠠᠮ ᠭᠤᠶᠤᠵᠢᠭᠤᠯᠪᠠ᠃ ᠨᠢᠬᠡ ᠡᠳᠦᠷ ᠲᠤ ᠬᠤᠶᠠᠷ ᠤᠳᠠᠭ᠎ᠠ ᠱᠦᠬᠦᠷᠳᠤᠨ

ᠴᠡᠪᠡᠷᠯᠡᠬᠦ᠂ ᠪᠦᠬᠦᠯᠢ ᠡᠳᠦᠷ ᠢᠶᠠᠷ ᠴᠡᠪᠡᠷᠯᠡᠬᠦ ᠠᠵᠢᠯ ᠤᠨ ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠵᠤ᠂ ᠬᠤᠳᠠ

 ᠶᠢᠨ ᠲᠤᠭᠤᠷᠢᠭ ᠤᠨ ᠬᠦᠭᠵᠢᠶᠠᠨ ᠨᠠᠷᠬᠢᠶᠠᠨ ᠲᠠᠢ ᠭᠠᠵᠡᠷ᠂ ᠬᠤᠳᠠ ᠲᠤᠳᠤᠷᠠᠬᠢ ᠲᠤᠰᠬᠤᠨ᠂ ᠬᠠᠭᠤᠴᠢᠨ ᠵᠡᠬᠡᠯᠢ

ᠭᠤᠳᠤᠮᠵᠢ᠂ ᠲᠠᠷᠢᠶᠠᠯᠠᠩ ᠤᠨ ᠠᠷᠠᠯᠵᠢᠶᠠᠨ ᠢ ᠵᠠᠬ᠎ᠠ ᠲᠡᠯᠬᠡᠬᠦᠷ᠂ ᠲᠡᠷᠬᠡᠨ ᠦᠷᠳᠡᠭᠡ᠂ ᠠᠭᠤᠳᠠᠮ ᠲᠠᠯᠠᠪᠠᠢ ᠵᠡᠷᠬᠡ

ᠭᠤᠤᠯᠳᠠᠯᠭ᠎ᠠ ᠲᠠᠢ ᠤᠷᠤᠨ ᠪᠦᠰᠡ ᠶᠢ ᠪᠦᠳᠦᠮᠵᠢᠳᠠᠢ ᠴᠡᠪᠡᠷᠯᠡᠵᠤ᠂ ᠬᠤᠭ ᠨᠤᠪᠰᠢ ᠶᠢ ᠴᠡᠪᠡᠷᠯᠡᠨ ᠲᠡᠭᠡᠬᠡᠪᠦᠷᠢᠯᠡᠬᠦ

ᠨᠤᠷᠮ᠎ᠠ ᠪᠠ ᠬᠤᠤᠷ ᠦᠬᠡᠢ ᠰᠢᠢᠳᠪᠤᠷᠢᠯᠡᠭᠰᠡᠨ ᠨᠤᠷᠮ᠎ᠠ ᠶᠢ ᠴᠦᠮ 100%%  ᠬᠦᠷᠪᠠ᠃ ᠠᠮᠤᠭᠤᠯᠠᠩ ᠬᠤᠳ

 ᠶᠢ ᠪᠠᠶᠢᠭᠤᠯᠵᠤ ᠪᠦᠬᠦ ᠤᠯᠤᠰ ᠤᠨ ᠬᠠᠮᠤᠭ ᠤᠨ ᠲᠡᠬᠡᠳᠤ ᠢᠷᠡᠭᠤ ᠠᠯᠳᠠᠷ ᠪᠤᠯᠬᠤ ︽ᠤᠷᠳᠤ ᠬᠤᠭᠤᠴᠠᠭᠠᠳᠤ

ᠠᠮᠤᠭᠤᠯᠠᠩ ᠬᠤᠨᠳᠠᠭᠠᠳᠤ︾ ᠶᠢ ᠬᠦᠷᠳᠡᠬᠦ ᠳᠤ ᠬᠦᠴᠦᠨ ᠨᠡᠮᠡᠷᠢᠯᠡᠪᠠ᠃ ᠨᠡᠶᠢᠬᠡᠮ ᠲᠤᠭᠤᠷᠢᠭ ᠲᠤ ᠲᠦᠰᠢᠭᠯᠡᠨ᠂ ︽

15 ᠮᠢᠨᠦ᠋ᠲ ᠤᠨ ᠠᠷᠠᠳ ᠲᠤ ᠲᠦᠬᠦᠮ ᠦᠵᠡᠬᠦᠯᠬᠦ ᠠᠮᠢᠳᠤᠷᠠᠯ ᠤᠨ ᠲᠤᠭᠤᠷᠢᠭ︾ ᠢ ᠪᠤᠢ ᠪᠤᠯᠭᠠᠵᠤ᠂

ᠳ᠋ᠦᠩᠱᠧᠩ ᠤᠨ ᠬᠤᠳᠠ ᠶᠢᠨ ᠠᠷᠠᠳ ᠲᠤ ᠲᠦᠬᠦᠮ ᠲᠠᠭᠠᠯᠠᠮᠵᠢᠳᠠᠢ ᠠᠮᠢᠳᠤᠷᠠᠯ ᠤᠨ ᠲᠤᠭᠤᠷᠢᠭ ᠢ ᠪᠦᠷᠢᠯᠳᠦᠬᠦᠯᠵᠤ

ᠦᠭᠪᠠ᠃

          ᠢᠷᠡᠬᠡᠳᠦᠢ ᠪᠠᠨ ᠪᠠᠷᠠᠯᠠᠬᠤᠶ᠎ᠠ ᠪᠤᠯᠪᠠᠰᠤᠨ ᠤ ᠨᠡᠶᠢᠳᠡᠯᠢᠭ ᠲᠠᠭᠤᠷᠢᠶᠠᠯ ᠦᠵᠡᠬᠦᠯᠬᠦ ᠬᠤᠳᠠ ᠶᠢ ᠡᠬᠦᠳᠤᠨ

ᠪᠠᠶᠢᠭᠤᠯᠬᠤ ᠵᠠᠮ ᠰᠠᠷᠠᠭᠤᠯᠬᠠᠨ ᠲᠤᠷᠠᠶᠢᠵᠤ᠂ ᠪᠦᠬᠦ ᠠᠷᠠᠳ ᠢᠶᠠᠷ ᠢᠶᠠᠨ ᠤᠷᠤᠯᠴᠠᠭᠰᠡᠨ᠂ ᠪᠦᠬᠦ ᠨᠡᠶᠢᠬᠡᠮ ᠢᠶᠠᠷ ᠢᠶᠠᠨ

ᠬᠦᠭᠵᠢᠭᠰᠡᠨ᠂ ᠤᠷᠤᠰᠢᠨ ᠰᠠᠭᠤᠬᠤ ᠳᠤ ᠲᠤᠬᠢᠳᠠᠢ ᠤᠶᠢᠯᠡᠰ ᠪᠤᠰᠬᠠᠬᠤ ᠳᠤ ᠲᠤᠬᠢᠷᠠᠮᠵᠢᠳᠠᠢ ᠲᠠᠳᠠᠬᠤ ᠬᠦᠴᠦᠨ

ᠪᠦᠬᠦᠢ ᠳ᠋ᠥᠩᠱᠧᠩ ᠲᠤᠭᠤᠷᠢᠭ ᠶᠠᠭ ᠰᠠᠶᠢᠬᠠᠨ ᠰᠦᠷᠯᠢᠬᠦᠨ ᠬᠦᠭᠵᠢᠨ ᠪᠠᠳᠠᠷᠠᠵᠤ ᠪᠠᠶᠢᠨᠠᠮ᠃

1.6.jpg

1.7.jpg

 

ᠢᠷᠡᠯᠲᠡ᠄ ᠤᠷᠳᠤᠰ ᠮᠤᠩᠭᠤᠯ ᠰᠦᠯᠵᠢᠶ᠎ᠡ