28 ᠵᠢᠯ ᠤᠨ ᠡᠮᠦᠨᠡᠬᠢ ᠠᠮᠢᠨ ᠬᠡᠷᠡᠭ ᠢ ᠯᠠᠪᠠᠷᠠᠬᠦᠯᠵᠤ ᠠᠷᠠᠳ ᠤᠯᠠᠨ ᠳᠤ ᠬᠠᠨᠤᠮᠵᠢᠳᠠᠢ ᠬᠠᠷᠢᠭᠤᠯᠳᠠ ᠦᠭᠪᠠ
ᠨᠡᠶᠢᠲᠡᠯᠡᠭᠰᠡᠨ ᠴᠠᠭ᠄
2023/3/5
     ᠤᠶᠢᠷ᠎ᠠ ᠳᠤ ︽1995.9.4︾ ᠤ ᠬᠡᠷᠡᠭ ᠤᠨ ᠶᠠᠯ᠎ᠠ ᠬᠢᠭᠰᠡᠨ ᠰᠡᠵᠢᠭᠳᠡᠨ ᠢ ᠪᠠᠷᠢᠵᠤ ᠬᠦᠷᠬᠡᠭᠰᠡᠨ ᠴᠠᠭᠳᠠᠭᠠᠨ ᠤ ᠲᠡᠷᠬᠡ ᠤᠷᠳᠤᠰ ᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶᠠᠨ ᠤ ᠳ᠋ᠦᠩᠱᠧᠩ ᠬᠤᠪᠢᠶᠠᠷᠢ ᠲᠤᠪᠴᠢᠶᠠᠨ ᠤ ᠭᠤᠤᠯ ᠠᠰᠠᠷ ᠤᠨ ᠡᠮᠦᠨᠡᠬᠢ ᠲᠠᠯᠠᠪᠠᠢ ᠳᠤ ᠤᠷᠤᠵᠤ ᠢᠷᠡᠬᠦ ᠳᠤ᠂ ᠬᠤᠪᠢᠶᠠᠷᠢ ᠲᠤᠪᠴᠢᠶᠠᠨ ᠤ ᠠᠷᠠᠳ ᠤᠨ ᠴᠠᠭᠳᠠᠭ᠎ᠠ ᠨᠠᠷ ᠲᠠᠷᠢ ᠲᠡᠭᠰᠢ ᠮᠦᠷᠯᠡᠨ ᠵᠢᠬᠰᠠᠵᠤ᠂ ᠰᠤᠷᠠᠭ ᠴᠢᠮᠡᠭᠡ ᠪᠠᠷ ᠢᠷᠡᠭᠰᠡᠨ ᠤᠯᠠᠨ ᠲᠦᠮᠡᠨ  ᠲᠠᠢ ᠬᠠᠮᠳᠤ ᠪᠠᠷ ︽1995.9.4︾ ᠤ ᠬᠡᠷᠡᠭ ᠢ ᠲᠡᠩᠨᠡᠨ ᠯᠠᠪᠠᠷᠠᠬᠦᠯᠬᠦ ᠲᠤᠰᠬᠠᠢ ᠬᠡᠷᠡᠭ ᠤᠨ ᠲᠤᠭᠤᠶᠢᠯᠠᠩ ᠤᠨ ᠢᠯᠡᠯᠳᠠ ᠲᠠᠢ ᠪᠠᠷ ᠪᠤᠴᠠᠵᠤ ᠢᠷᠡᠬᠦ ᠶᠢ ᠤᠭᠳᠤᠭᠰᠠᠨ ᠪᠠᠶᠢᠨ᠎ᠠ᠃
2.1.jpg
      1995 ᠤᠨ ᠤ 9 ᠰᠠᠷ᠎ᠠ ᠶᠢᠨ 7 ᠤ ᠡᠳᠦᠷ᠂ ᠳ᠋ᠦᠩᠱᠧᠩ ᠤᠨ ᠲᠤᠳᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ ᠨᠢ ᠳ᠋ᠦᠩᠱᠧᠩ ᠤᠨ ᠭᠧ ᠳ᠋ᠦ᠋ ᠳ᠋ᠦᠢ ᠶᠢᠨ ᠪᠠᠶᠢᠰᠢᠩ ᠤᠨ ᠪᠠᠷᠠᠭᠤᠨ ᠲᠠᠯ᠎ᠠ ᠳᠤ ᠨᠢᠬᠡ ᠡᠮᠡᠭᠳᠠᠢ ᠶᠢᠨ ᠬᠡᠬᠦᠷ ᠢ ᠢᠯᠡᠷᠡᠬᠦᠯᠦᠯ᠎ᠠ ᠬᠡᠰᠡᠨ ᠤᠯᠠᠨ ᠲᠦᠮᠡᠨ ᠤ ᠬᠡᠷᠡᠭ ᠮᠡᠳᠡᠬᠦᠯᠦᠯᠳᠠ ᠶᠢ ᠲᠤᠰᠴᠠᠢ᠃ ᠠᠷᠠᠳ ᠤᠨ ᠴᠠᠭᠳᠠᠭ᠎ᠠ ᠠᠩᠬ᠎ᠠ ᠠᠯᠬᠤᠮ ᠪᠠᠶᠢᠴᠠᠭᠠᠭᠰᠡᠨ ᠢᠶᠠᠷ᠂ ᠦᠬᠦᠭᠴᠢ ᠸᠠᠩ ᠤᠪᠤᠭᠳᠤ 9 ᠰᠠᠷ᠎ᠠ ᠶᠢᠨ 4 ᠤ ᠡᠳᠦᠷ ᠬᠤᠭᠤᠯᠠᠨ ᠬᠡᠷ  ᠤᠨ ᠠᠵᠢᠯ ᠠᠴᠠ ᠪᠠᠨ ᠪᠠᠭᠤᠭᠰᠠᠨ ᠤ ᠲᠠᠷᠠᠭ᠎ᠠ ᠰᠤᠷᠠᠭ ᠦᠬᠡᠢ ᠪᠤᠯᠤᠭᠠᠳ 9 ᠰᠠᠷ᠎ᠠ ᠶᠢᠨ 7 ᠤ ᠡᠳᠦᠷ ᠰᠠᠶ᠋ᠢ ᠬᠦᠮᠦᠨ ᠢᠯᠡᠷᠡᠬᠦᠯᠪᠠ᠃ ᠦᠬᠦᠭᠴᠢ ᠶᠢᠨ ᠬᠤᠶᠠᠷ ᠭᠠᠷ ᠨᠢ ᠬᠦᠯᠢᠭᠳᠡᠵᠤ᠂ ᠪᠤᠰᠤᠳ ᠲᠤ ᠨᠦᠵᠢᠳᠯᠡᠭᠳᠠᠨ ᠠᠯᠠᠭᠳᠠᠵᠠᠢ᠃ ᠬᠡᠷᠡᠭ ᠭᠠᠷᠤᠭᠰᠡᠨ ᠲᠤᠬᠠᠢ ᠶᠢᠨ ᠦᠶ᠎ᠠ ᠳᠤ ᠦᠵᠡᠭᠰᠡᠨ ᠬᠦᠮᠦᠨ ᠦᠬᠡᠢ᠂ ᠡᠷᠬᠢᠨ ᠲᠤᠭᠤᠷᠢᠨ  ᠳᠤᠨᠢ ᠬᠢᠨᠠᠨ ᠡᠵᠡᠮᠳᠡᠬᠦ ᠮᠠᠰᠢᠨ ᠦᠬᠡᠢ ᠪᠦᠬᠡᠳ ᠲᠤᠬᠠᠢ ᠶᠢᠨ ᠦᠶ᠎ᠠ ᠶᠢᠨ ᠡᠷᠡᠬᠦᠦ ᠶᠢᠨ ᠬᠡᠷᠡᠭ ᠢ ᠲᠤᠷᠰᠢᠨ ᠪᠠᠶᠢᠴᠠᠭᠠᠬᠤ ᠮᠡᠷᠬᠡᠵᠢᠯ ᠤᠨ ᠬᠢᠷᠢ ᠬᠡᠮᠵᠢᠶ᠎ᠠ ᠨᠢ ᠬᠠᠷᠢᠴᠠᠩᠭᠤᠢ ᠪᠠᠷ ᠬᠤᠴᠤᠷᠤᠩᠭᠤᠢ᠂ ᠵᠦᠪᠬᠡᠨ ᠤᠯᠠᠮᠵᠢᠯᠠᠯᠳᠤ ᠲᠤᠷᠰᠢᠨ ᠪᠠᠶᠢᠴᠠᠭᠠᠬᠤ ᠠᠷᠭ᠎ᠠ ᠪᠠᠷᠢᠯ ᠳᠤ ᠲᠦᠰᠢᠭᠯᠡᠵᠤ ᠪᠠᠶᠢᠭᠰᠡᠨ ᠪᠤᠯᠬᠤᠷ ᠲᠤᠰ ᠬᠡᠷᠡᠭ ᠢ ᠯᠠᠪᠠᠷᠠᠬᠦᠯᠵᠤ ᠴᠢᠳᠠᠭᠰᠡᠨ ᠦᠬᠡᠢ᠃       2023 ᠤᠨ ᠤ 1 ᠰᠠᠷ᠎ᠠ ᠳᠤ᠂ ᠲᠤᠰᠬᠠᠢ ᠬᠡᠷᠡᠭ ᠤᠨ ᠲᠤᠭᠤᠶᠢᠯᠠᠩ ᠤᠨ ᠬᠢᠨ ᠬᠡᠷᠡᠭ ᠢ ᠲᠠᠬᠢᠨ ᠡᠮᠬᠢᠯᠡᠵᠤ᠂ ᠰᠤᠷᠪᠤᠯᠵᠢᠯᠠᠨ ᠪᠠᠶᠢᠴᠠᠭᠠᠬᠤ ᠶᠢᠨ ᠬᠠᠮᠳᠤ ᠲᠤᠬᠠᠢ ᠶᠢᠨ ᠲᠠᠯᠠᠪᠤᠷ ᠤᠨ ᠪᠤᠳᠠᠰ ᠤᠨ ᠬᠡᠷᠡᠴᠢ ᠶᠢ ᠦᠷᠬᠦᠯᠵᠢᠯᠡᠨ ᠰᠢᠭᠠᠨ ᠪᠠᠶᠢᠴᠠᠭᠠᠵᠤ᠂ ᠲᠤᠭ᠎ᠠ ᠪᠠᠷᠢᠮᠳᠠ ᠶᠢᠨ ᠬᠠᠷᠢᠴᠠᠭᠤᠯᠤᠯ ᠢᠶᠠᠷ ᠲᠠᠮᠵᠢᠨ᠂ ᠨᠢᠬᠡ ᠬᠤᠪᠢ DNA ᠶᠢᠨ ᠦᠯᠢᠬᠡᠷ ᠡᠳ᠋ ᠢ ᠠᠮᠵᠢᠯᠳᠠ ᠲᠠᠢ ᠲᠤᠭᠳᠠᠭᠠᠵᠠᠢ᠃ ᠲᠤᠰᠬᠠᠢ ᠬᠡᠷᠡᠭ ᠤᠨ ᠲᠤᠭᠤᠶᠢᠯᠠᠩ ᠤᠨ ᠠᠷᠠᠳ  ᠤᠨ ᠴᠠᠭᠳᠠᠭ᠎ᠠ ᠨᠠᠷ ᠲᠡᠷᠡ ᠲᠠᠷᠤᠢ ᠳᠤᠨᠢ ᠾᠧᠨᠠᠨ ᠮᠤᠵᠢ ᠶᠢᠨ ᠰᠢᠶᠠᠩ ᠴᠧᠩ ᠬᠤᠳᠠ ᠶᠢᠨ ᠹᠦ᠋ ᠵᠢᠢ ᠤᠷᠤᠨ ᠢᠶᠠᠷ ᠬᠦᠷᠴᠦ ᠪᠠᠶᠢᠴᠠᠭᠠᠯᠳᠠ ᠬᠢᠬᠡᠳ᠂ ᠡᠴᠤᠰ ᠲᠡᠭᠡᠨ ᠸᠠᠩ ᠤᠪᠤᠭᠳᠤ ᠬᠡᠷᠡᠭ ᠤᠶᠢᠯᠡᠳᠦᠭᠰᠡᠨ ᠰᠡᠵᠢᠭ ᠲᠠᠢ ᠪᠠᠶᠢᠬᠤ ᠶᠢ ᠤᠯᠵᠤ ᠮᠡᠳᠡᠪᠠ᠃       2023 ᠤᠨ ᠤ 2 ᠰᠠᠷ᠎ᠠ ᠶᠢᠨ 27 ᠤ ᠡᠳᠦᠷ᠂ ᠲᠤᠰᠬᠠᠢ ᠬᠡᠷᠡᠭ ᠤᠨ ᠲᠤᠭᠤᠶᠢᠯᠠᠩ ᠤᠨ ᠴᠠᠭᠳᠠᠭ᠎ᠠ ᠨᠠᠷ ᠾᠧᠨᠠᠨ ᠮᠤᠵᠢ ᠶᠢᠨ ᠵᠸᠦ ᠺᠸᠦ ᠬᠤᠳᠠ ᠳᠤ ᠸᠠᠩ ᠤᠪᠤᠭᠳᠤ ︵ᠡᠷᠡᠭᠳᠠᠢ᠂ ᠬᠢᠳᠠᠳ ᠦᠨᠳᠦᠰᠦᠳᠡᠨ᠂ 1970 ᠤᠨ ᠳᠤ ᠲᠦᠷᠦᠵᠠᠢ᠂ ᠾᠧᠨᠠᠨ ᠮᠤᠵᠢ ᠨᠤᠳᠤᠭ ᠲᠠᠢ︶ ᠶᠢ ᠪᠠᠷᠢᠪᠴᠢᠯᠠᠪᠠ᠃ ᠸᠠᠩ ᠤᠪᠤᠭᠳᠤ ᠶᠢ ᠱᠠᠯᠠᠪᠳᠠᠨ ᠰᠢᠬᠦᠭᠰᠡᠨ ᠳᠤ᠂ ᠲᠡᠷᠡ ᠬᠦᠴᠦᠷᠬᠡᠭᠯᠡᠨ ᠨᠦᠵᠢᠳᠯᠡᠵᠤ ᠬᠦᠮᠦᠨ ᠠᠯᠠᠭᠰᠡᠨ ᠪᠦᠬᠦ ᠶᠠᠪᠤᠴᠠ ᠪᠠᠨ ᠲᠤᠰᠢᠶᠠᠪᠠ᠃ ᠲᠤᠰᠬᠠᠢ ᠬᠡᠷᠡᠭ ᠤᠨ ᠲᠤᠭᠤᠶᠢᠯᠠᠩ ᠤᠨ ᠬᠢᠨ ᠠᠳᠠ ᠬᠦᠷᠦᠬᠡᠳ ᠲᠤᠰ ᠬᠡᠷᠡᠭ ᠢ ᠠᠮᠵᠢᠯᠳᠠ ᠲᠠᠢ  ᠪᠠᠷ ᠯᠠᠪᠠᠷᠠᠬᠦᠯᠦᠭᠰᠡᠨ ᠪᠠᠶᠢᠨ᠎ᠠ᠃        ᠳ᠋ᠥᠩᠱᠧᠩ ᠤᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠰᠢᠨᠳᠠᠷᠠᠰᠢ ᠦᠬᠡᠢ ᠴᠢᠷᠮᠠᠶᠢᠯᠭ᠎ᠠ ᠪᠠᠷ 28 ᠵᠢᠯ ᠤᠨ ᠡᠴᠤᠰ ᠲᠤ ᠡᠨᠡ ᠬᠦ ᠬᠦᠴᠦᠷᠬᠡᠭᠯᠡᠨ ᠨᠦᠵᠢᠳᠯᠡᠵᠤ ᠬᠦᠮᠦᠨ ᠠᠯᠠᠭᠰᠠᠨ ᠲᠠᠷᠤᠭᠳᠠᠮᠠᠯ ᠬᠡᠷᠡᠭ ᠢ ᠠᠮᠵᠢᠯᠳᠠ ᠲᠠᠢ ᠪᠠᠷ ᠯᠠᠪᠠᠷᠠᠬᠦᠯᠦᠨ᠂ ᠬᠠᠤᠯᠢ ᠭᠠᠳᠠᠭᠤᠷ ᠲᠤᠷ᠎ᠠ ᠪᠠᠷ ᠢᠶᠠᠨ ᠶᠠᠪᠤᠭᠰᠡᠨ ᠬᠡᠷᠡᠭᠳᠡᠨ ᠢ ᠬᠠᠤᠯᠢ ᠪᠠᠷ ᠰᠢᠢᠳᠬᠡᠵᠤ᠂ ᠬᠤᠤᠷ ᠠᠮᠰᠠᠭᠴᠢ ᠵᠢᠴᠢ ᠲᠡᠳᠡᠨ ᠤ ᠲᠦᠷᠦᠯ ᠰᠠᠳᠤᠨ ᠢ ᠲᠠᠶᠢᠳᠬᠤᠷᠠᠭᠤᠯᠤᠨ᠂ ᠠᠷᠠᠳ ᠤᠯᠠᠨ ᠤ ᠬᠦᠰᠡᠯ ᠡᠷᠡᠮᠡᠯᠵᠡᠯ ᠳᠤ ᠬᠠᠷᠢᠭᠤ ᠦᠭᠴᠦ᠂ ᠨᠡᠶᠢᠬᠡᠮ ᠤᠨ ᠲᠦᠪ ᠭᠤᠤᠯᠴᠢ ᠰᠢᠳᠤᠷᠭᠤ ᠶᠤᠰᠤ ᠶᠢ ᠬᠦᠴᠦᠳᠠᠢ ᠬᠠᠮᠠᠭᠠᠯᠠᠭᠰᠡᠨ ᠪᠠᠶᠢᠨ᠎ᠠ᠃
2.2.jpg
 
ᠢᠷᠡᠯᠲᠡ᠄ ᠳᠤᠰ ᠰᠦᠯᠵᠢᠶ᠎ᠡ