ᠳ᠋ᠦᠩᠱᠧᠩ ᠤᠨ ᠡᠮᠡᠭᠲᠡᠢ ᠪᠠᠶᠢᠴᠠᠭᠠᠭᠴᠢ᠂ ᠦᠨᠡᠬᠡᠷᠬᠡᠨ ᠥᠭᠡᠳᠡ ᠡᠰᠡᠷᠡᠭ︕
ᠨᠡᠶᠢᠲᠡᠯᠡᠭᠰᠡᠨ ᠴᠠᠭ᠄
2023/3/8

      ᠡᠮᠡᠭᠲᠡᠢ ᠺᠠᠳ᠋ᠷ ᠴᠠᠭᠳᠠᠭ᠎ᠠ ᠶᠢᠨ ᠨᠠᠷᠢᠨ ᠬᠢᠨᠠᠮᠠᠭᠠᠢ᠂ ᠬᠦᠯᠢᠴᠡᠩᠭᠦᠢ ᠪᠥᠭᠡᠳ ᠬᠠᠯᠠᠭᠤᠨ ᠰᠡᠳᠬᠢᠯ ᠲᠠᠢ

ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠬᠠᠤᠯᠢ ᠴᠠᠭᠠᠵᠠ ᠪᠠᠷ ᠬᠡᠷᠡᠭ ᠰᠢᠢᠳᠪᠦᠷᠢᠯᠡᠬᠦ ᠪᠠ ᠬᠥᠮᠦᠯᠢᠭ ᠰᠣᠶᠣᠯᠴᠢ

ᠬᠠᠯᠠᠮᠵᠢᠯᠠᠯ᠂ ᠬᠠᠤᠯᠢ ᠴᠠᠭᠠᠵᠠ ᠶᠢᠨ ᠬᠢᠨᠠᠯᠲᠠ ᠲᠠᠯᠪᠢᠬᠤ ᠪᠠ ᠬᠠᠤᠯᠢ ᠴᠠᠭᠠᠵᠠ ᠶᠢᠨ ᠲᠤᠰᠠᠯᠠᠮᠵᠢ ᠦᠵᠡᠬᠦᠯᠬᠦ ᠶᠢ

ᠵᠡᠷᠭᠡ ᠪᠠᠷ ᠴᠢᠬᠤᠯᠠᠴᠢᠯᠠᠵᠤ᠂ ᠤᠯᠠᠨ ᠲᠦᠮᠡᠨ ᠳᠤ ᠠᠷᠠᠳ ᠤᠨ ᠪᠠᠶᠢᠴᠠᠭᠠᠬᠤ ᠠᠵᠢᠯ ᠤᠨ ᠬᠠᠯᠠᠭᠤᠨ ᠳᠤᠯᠠᠭᠠᠨ ᠢ

ᠦᠨᠡᠨ ᠬᠦ ᠮᠡᠳᠡᠷᠡᠭᠦᠯᠵᠦ᠂ ᠲᠡᠮᠡᠴᠡᠯ ᠤᠨ ᠵᠣᠷᠢᠭ ᠰᠠᠨᠠᠭ᠎ᠠ ᠪᠠᠷ ᠰᠤᠳᠤᠨ ᠡᠮᠡᠭᠲᠡᠶᠢᠴᠦᠳ ᠤᠨ ᠬᠠᠷᠢᠭᠤᠴᠠᠯᠭ᠎ᠠ

ᠡᠬᠦᠷᠬᠡᠯᠡᠬᠦ ᠶᠢ ᠬᠠᠷᠢᠭᠤᠯᠵᠤ ᠪᠤᠢ᠃ ᠥᠨᠥᠳᠥᠷ᠂ ᠪᠢᠳᠡ ᠬᠠᠮᠲᠤ ᠪᠠᠷ ︽ᠳ᠋ᠦᠩᠱᠧᠩ ᠲᠣᠭᠤᠷᠢᠭ ᠤᠨ ᠬᠠᠮᠤᠭ ᠤᠨ

ᠭᠤᠶᠣ ᠰᠤᠳᠤᠨ ᠡᠮᠡᠭᠲᠡᠶᠢᠴᠦᠳ ᠤᠨ ᠲᠡᠮᠡᠴᠡᠯ ᠤᠨ ᠬᠠᠮᠲᠤ ᠨᠡᠶᠢᠳᠠ︾  ᠳ᠋ᠦᠩᠱᠧᠩ ᠲᠣᠭᠤᠷᠢᠭ ᠤᠨ ᠠᠷᠠᠳ ᠤᠨ

ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠠᠶᠢᠴᠠᠭᠠᠬᠤ ᠬᠡᠯᠲᠡᠰ ᠲᠠᠢ ᠲᠠᠨᠢᠯᠴᠠᠶ᠎ᠠ︕

微信图片_20230323145536.jpg

       ᠬᠤᠷᠠᠯ ᠤᠨ ᠭᠡᠷ ᠲᠤ᠂ ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠥᠷᠪᠡᠳᠦᠭᠡᠷ

ᠪᠠᠶᠢᠴᠠᠭᠠᠬᠤ ᠬᠡᠯᠲᠡᠰ ᠶᠠᠭ ᠪᠠᠶᠢᠴᠠᠭᠠᠭᠴᠢ ᠶᠢᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠨᠢᠭᠡᠨ ᠢᠷᠭᠡᠨ ᠤ

ᠬᠡᠷᠡᠭ ᠤᠨ ᠲᠠᠰᠤᠯᠤᠨ ᠲᠣᠭᠲᠠᠭᠠᠯᠲᠠ ᠶᠢ ᠬᠦᠴᠦᠨ ᠲᠠᠢ ᠪᠤᠯᠬᠤ ᠶᠢ ᠦᠯᠦ ᠵᠥᠪᠰᠢᠶᠡᠷᠡᠬᠦ ᠬᠡᠷᠡᠭ ᠢ ᠶᠠᠷᠢᠯᠴᠠᠵᠤ 

ᠪᠠᠶᠢᠯ᠎ᠠ᠃ ᠨᠢᠭᠡ ᠵᠢᠯ ᠳᠤ 400 ᠭᠠᠷᠤᠢ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠪᠠᠶᠢᠴᠠᠭᠠᠯᠳᠠ ᠬᠢᠬᠦ ᠬᠢᠨᠠᠯᠳᠠ

ᠲᠠᠯᠪᠢᠬᠤ ᠬᠡᠷᠡᠭ ᠤᠨ ᠡᠮᠦᠨ᠎ᠡ᠂ ᠲᠡᠳᠡ ᠬᠢᠨᠠᠯᠲᠠ ᠲᠠᠯᠪᠢᠬᠤ ᠠᠷᠭ᠎ᠠ ᠪᠠᠷᠢᠯ ᠤᠨ ᠲᠠᠯ᠎ᠠ ᠪᠠᠷ ᠲᠠᠰᠤᠷᠠᠯᠲᠠ ᠦᠭᠡᠢ

ᠰᠢᠨ᠎ᠡ ᠶᠢ ᠡᠭᠦᠳᠴᠦ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ

ᠬᠡᠮᠵᠢᠶ᠎ᠡ ᠪᠠᠷ ᠬᠠᠮᠠᠭᠠᠯᠠᠵᠤ᠂ ᠢᠷᠭᠡᠨ ᠤ ᠬᠡᠷᠡᠭ ᠤᠨ ᠵᠠᠰᠠᠭ ᠵᠠᠬᠢᠷᠭᠠᠨ ᠤ ᠬᠠᠤᠯᠢ ᠴᠠᠭᠠᠵᠠ ᠶᠢᠨ ᠬᠠᠮᠤᠭ ᠡᠴᠦᠰ ᠤᠨ

ᠰᠡᠷᠭᠡᠶᠢᠯᠡᠯᠲᠡ ᠶᠢᠨ ᠱᠤᠭᠤᠮ ᠢ ᠰᠠᠶᠢᠲᠤᠷ ᠪᠠᠲᠤ ᠰᠠᠬᠢᠵᠤ ᠪᠠᠶᠢᠨ᠎ᠠ᠃

       ᠳᠥᠷᠪᠡᠳᠦᠭᠡᠷ ᠪᠠᠶᠢᠴᠠᠭᠠᠬᠤ ᠬᠡᠯᠲᠡᠰ ᠨᠢ ︽ᠪᠠᠶᠢᠴᠠᠭᠠᠭᠴᠢ + ᠪᠢᠴᠢᠭᠡᠴᠢ︾ ᠶᠢᠨ ᠵᠠᠭᠪᠤᠷ ᠢᠶᠠᠷ᠂ ᠬᠡᠷᠡᠭ

ᠰᠢᠢᠳᠪᠦᠷᠢᠯᠡᠬᠦ ᠬᠦᠴᠦᠨ ᠢ ᠪᠦᠷᠢᠨ ᠲᠤᠬᠢᠷᠠᠭᠤᠯᠤᠨ᠂ ᠰᠠᠯᠠᠭ᠎ᠠ ᠮᠥᠴᠢᠷ ᠤᠨ ᠠᠷᠪᠠᠭᠤᠯᠠ ᠪᠠᠨ ᠴᠥᠮ ᠡᠮᠡᠭᠳᠠᠢ

ᠪᠠᠶᠢᠵᠤ᠂ ᠵᠣᠬᠢᠬᠤ ᠬᠡᠮᠵᠢᠶᠡᠨ ᠤ ᠬᠡᠷᠡᠭ ᠰᠢᠢᠳᠪᠦᠷᠢᠯᠡᠬᠦ ᠲᠤᠷᠰᠢᠯᠭ᠎ᠠ ᠪᠠ ᠠᠵᠢᠯ ᠤᠨ ᠴᠢᠳᠠᠪᠤᠷᠢ ᠲᠠᠢ᠃ ᠪᠣᠳᠠᠲᠠᠢ

ᠬᠡᠷᠡᠭ ᠰᠢᠢᠳᠪᠦᠷᠢᠯᠡᠬᠦ ᠶᠠᠪᠤᠴᠠ ᠲᠤᠮᠳᠠ ᠲᠡᠳᠡ ᠬᠠᠤᠯᠢ ᠴᠠᠭᠠᠵᠠ ᠶᠢᠨ ᠴᠢᠳᠠᠮᠠᠭᠠᠢ ᠦᠢᠯᠡᠳᠦᠯ ᠢ ᠭᠦᠢᠴᠡᠳ

ᠪᠠᠳᠠᠷᠠᠭᠤᠯᠵᠤ᠂ ᠡᠶᠡᠳᠡᠬᠦ ᠬᠦᠰᠡᠯ ᠲᠤᠬᠠᠢ ᠶᠢᠨ ᠬᠥᠮᠥᠨ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ ᠪᠠᠶᠢᠭᠠᠳ

ᠡᠶᠡᠳᠡᠭᠦᠯᠵᠦ᠂ ᠵᠥᠷᠢᠴᠡᠯ ᠵᠢᠭᠤᠷᠠᠯᠳᠤᠭᠠᠨ ᠢ ᠦᠨᠡᠨ ᠪᠣᠳᠠᠲᠠᠢ ᠪᠠᠷ ᠨᠠᠮᠳᠠᠭᠤᠯᠵᠤ᠂ ᠡᠮᠡᠭᠲᠡᠶᠢᠴᠦᠳ᠂ ᠬᠡᠦᠬᠡᠳ

ᠵᠡᠷᠭᠡ ᠪᠠᠭᠤᠷᠠᠢ ᠬᠦᠮᠦᠰ ᠤᠨ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃

ᠡᠭᠦᠨ ᠤ ᠬᠠᠮᠳᠤ᠂ ᠢᠷᠭᠡᠨ ᠤ ᠬᠡᠷᠡᠭ ᠤᠨ ᠪᠠᠶᠢᠴᠠᠭᠠᠯᠳᠠ ᠬᠢᠬᠦ ᠬᠢᠨᠠᠯᠳᠠ ᠲᠠᠯᠪᠢᠬᠤ ᠪᠠ ᠬᠠᠤᠯᠢ ᠴᠠᠭᠠᠵᠠ ᠶᠢᠨ

ᠠᠪᠤᠷᠠᠨ ᠲᠤᠰᠠᠯᠠᠯᠲᠠ ᠶᠢ ᠤᠶᠠᠯᠳᠤᠭᠤᠯᠵᠤ᠂ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ ᠶᠢᠨ ᠮᠥᠩᠭᠦ

ᠭᠤᠶᠤᠴᠢᠯᠠᠭᠰᠠᠨ ᠪᠠᠭᠤᠷᠠᠢ ᠬᠦᠮᠦᠰ ᠲᠤ ᠬᠤᠯᠪᠣᠭᠳᠠᠯ ᠪᠦᠬᠦᠢ ᠭᠡᠷᠡᠴᠢ ᠪᠠᠷᠢᠮᠲᠠ ᠶᠢᠨ ᠮᠠᠲ᠋ᠧᠷᠢᠶᠠᠯ ᠢ

ᠢᠳᠡᠪᠬᠢᠲᠡᠢ ᠪᠠᠷ ᠬᠠᠩᠭᠠᠭᠰᠡᠨ ᠤ ᠬᠠᠮᠲᠤ ᠵᠠᠭᠠᠯᠳᠤᠯᠭ᠎ᠠ ᠪᠠ ᠬᠠᠤᠯᠢ ᠴᠠᠭᠠᠵᠠ ᠶᠢᠨ ᠠᠪᠤᠷᠠᠨ ᠲᠤᠰᠠᠯᠠᠯᠲᠠ᠂

ᠨᠠᠰᠤᠨ ᠳᠤ ᠦᠯᠦ ᠬᠦᠷᠦᠭᠰᠡᠳ ᠢ ᠬᠠᠮᠠᠭᠠᠯᠠᠬᠤ ᠵᠡᠷᠭᠡ ᠠᠵᠢᠯ ᠢ ᠤᠶᠠᠯᠳᠤᠭᠤᠯᠵᠤ᠂ ᠠᠷᠠᠳ ᠤᠯᠠᠨ ᠤ ᠬᠠᠤᠯᠢ

ᠶᠣᠰᠣᠨ ᠤ ᠡᠷᠬᠡ ᠠᠰᠢᠭ ᠢ ᠦᠨᠡᠨ ᠬᠦ  ᠬᠠᠮᠠᠭᠠᠯᠠᠪᠠ᠃

微信图片_20230323145539.jpg

       ᠠᠷᠪᠠᠨ ᠵᠢᠯ ᠳᠠᠷᠠᠭᠠᠯᠠᠨ᠂ ᠳᠥᠷᠪᠡᠳᠦᠭᠡᠷ ᠪᠠᠶᠢᠴᠠᠭᠠᠬᠤ ᠬᠡᠯᠲᠡᠰ ᠪᠦᠬᠦ ᠬᠤᠳᠠ ᠶᠢᠨ ᠪᠠᠶᠢᠴᠠᠭᠠᠬᠤ

ᠪᠠᠶᠢᠭᠤᠯᠤᠯᠭ᠎ᠠ ᠶᠢᠨ ᠠᠵᠢᠯ ᠤᠨ ᠠᠮᠵᠢᠯᠲᠠ ᠶᠢᠨ ᠶᠡᠷᠦᠩᠬᠡᠢ ᠨᠡᠷᠡᠰ ᠤᠨ ᠵᠢᠭᠰᠠᠭᠠᠯᠲᠠ ᠳᠤ ᠨᠢᠭᠡᠳᠦᠭᠡᠷ ᠲᠤ

ᠣᠷᠣᠭᠰᠠᠨ ᠪᠥᠭᠡᠳ ᠲᠤᠬᠠᠶᠢᠯᠠᠭᠰᠠᠨ ᠠᠵᠢᠯ ᠤᠨ ᠤᠷᠤᠯᠳᠤᠭᠠᠨ ᠳᠤ ᠬᠠᠮᠲᠤ ᠶᠢᠨ ᠵᠣᠬᠢᠶᠠᠨ ᠪᠠᠶᠢᠭᠤᠯᠤᠯᠲᠠ ᠶᠢᠨ

ᠱᠠᠩᠨᠠᠯ᠂ ᠬᠤᠶᠠᠳᠤᠭᠠᠷ᠂ ᠭᠤᠷᠪᠠᠳᠤᠭᠠᠷ ᠳᠡᠰ ᠤᠨ ᠭᠠᠪᠢᠶ᠎ᠠ᠂ ᠤᠯᠤᠰ ᠲᠦᠷᠦ ᠬᠠᠤᠯᠢ ᠴᠠᠭᠠᠵᠠ ᠶᠢᠨ ᠰᠢᠳᠤᠷᠭᠤ

ᠬᠠᠮᠠᠭᠠᠯᠠᠭᠴᠢ ᠵᠡᠷᠭᠡ ᠤᠯᠠᠨ ᠵᠦᠢᠯ ᠤᠨ ᠢᠷᠠᠭᠤ ᠠᠯᠳᠠᠷ ᠤᠨ ᠴᠣᠯᠠ ᠶᠢ ᠣᠯᠠᠨᠲᠠ ᠭᠥᠷᠳᠡᠭᠰᠡᠨ ᠪᠠᠶᠢᠨ᠎ᠠ᠃

ᠳᠥᠷᠪᠡᠳᠦᠭᠡᠷ ᠪᠠᠶᠢᠴᠠᠭᠠᠬᠤ ᠬᠡᠯᠲᠡᠰ ᠤᠨ ᠡᠮᠡᠭᠲᠡᠢ ᠺᠠᠳ᠋ᠷ ᠴᠠᠭᠳᠠᠭ᠎ᠠ ᠨᠠᠷ ᠪᠣᠯ ᠪᠠᠶᠢᠴᠠᠭᠠᠬᠤ ᠠᠵᠢᠯ ᠤᠨ

ᠹᠷᠣᠨᠲ ᠲᠠᠬᠢ ᠡᠮᠡᠭᠳᠠᠢ ᠺᠠᠳ᠋ᠷᠴᠤᠳ ᠤᠨ ᠬᠤᠷᠢᠶᠠᠩᠭᠤᠢ ᠳᠦᠷᠢ ᠶᠤᠮ᠂ ᠲᠡᠳᠡ ᠥᠪᠡᠷ ᠤᠨ ᠪᠣᠳᠠᠲᠤ

ᠠᠵᠢᠯᠯᠠᠭ᠎ᠠ ᠪᠠᠷ ᠢᠶᠠᠨ ︽ᠨᠡᠶᠢᠲᠡ ᠶᠢᠨ ᠲᠥᠯᠥᠭᠡ ᠪᠠᠶᠢᠴᠠᠭᠠᠬᠤ ᠪᠠᠶᠢᠭᠤᠯᠭ᠎ᠠ ᠶᠢ ᠪᠠᠶᠢᠭᠤᠯᠵᠤ᠂ ᠠᠷᠠᠳ ᠤᠨ

ᠲᠥᠯᠥᠭᠡ ᠬᠠᠤᠯᠢ ᠬᠡᠷᠡᠭᠵᠢᠭᠦᠯᠬᠦ︾ ᠲᠠᠩᠭᠠᠷᠢᠭ ᠢᠶᠠᠨ ᠦᠢᠯᠡᠳᠦᠯᠭᠡᠵᠢᠭᠦᠯᠵᠦ᠂ ᠪᠠᠲᠤᠲᠠᠢ ᠠᠮᠵᠢᠯᠲᠠ

ᠪᠦᠲᠦᠮᠵᠢ ᠪᠠᠷ ᠢᠶᠠᠨ ᠤᠳᠤ ᠦᠶ᠎ᠡ ᠶᠢᠨ ᠡᠮᠡᠭᠲᠡᠢ ᠪᠠᠶᠢᠴᠠᠭᠠᠬᠤ ᠲᠤᠰᠢᠶᠠᠯᠲᠠᠨ ᠤ  ᠴᠤᠭ ᠵᠢᠪᠬᠤᠭᠠᠳᠤ ᠲᠦᠷᠢ

ᠲᠦᠷᠬᠦ ᠶᠢ ᠬᠠᠷᠠᠭᠤᠯᠵᠤ᠂ ᠪᠠᠶᠢᠴᠠᠭᠠᠬᠤ ᠠᠵᠢᠯ ᠤᠨ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠪᠣᠯᠤᠭᠰᠠᠨ

ᠪᠠᠶᠢᠨ᠎ᠠ᠃

微信图片_20230323145500.jpg

    ︽ᠮᠠᠨ ᠤ ᠰᠠᠯᠠᠭ᠎ᠠ ᠮᠥᠴᠢᠷ ᠲᠤ ᠡᠮᠡᠭᠲᠡᠢ ᠪᠠᠶᠢᠴᠠᠭᠠᠭᠴᠢ ᠨᠡᠯᠢᠶᠡᠳ ᠣᠯᠠᠨ ᠪᠠᠶᠢᠳᠠᠭ ᠪᠣᠯᠬᠤᠷ ᠪᠢᠳᠡ ᠡᠮᠡᠭᠲᠡᠢ

ᠪᠠᠶᠢᠴᠠᠭᠠᠭᠴᠢ ᠶᠢᠨ ᠨᠡᠪᠲᠡᠷᠡᠯᠴᠡᠨ ᠲᠣᠬᠤᠨᠢᠭᠤᠯᠵᠤ ᠢᠳᠬᠠᠨ ᠬᠦᠮᠦᠵᠢᠬᠦᠯᠬᠦ ᠲᠠᠯ᠎ᠠ ᠪᠠᠷ ᠬᠢ ᠳᠠᠪᠠᠭᠤᠯᠢᠭ ᠢ

ᠴᠢᠬᠤᠯᠠᠴᠢᠯᠠᠨ ᠪᠠᠳᠠᠷᠠᠭᠤᠯᠵᠤ᠂ ᠢᠯᠠᠩᠭᠤᠶ᠎ᠠ ᠦᠷ᠎ᠡ ᠬᠡᠦᠬᠡᠳ ᠤᠨ ᠠᠰᠠᠷᠠᠨ ᠲᠡᠵᠢᠭᠡᠬᠦ ᠵᠠᠷᠤᠳᠠᠯ᠂ ᠤᠷᠤᠭ ᠡᠳ᠋

ᠬᠥᠷᠥᠩᠭᠡ  ᠶᠢᠨ ᠵᠢᠭᠤᠷᠠᠯᠳᠤᠭᠠᠨ ᠵᠡᠷᠭᠡ ᠳᠤ ᠬᠤᠯᠪᠣᠭᠳᠠᠭᠰᠠᠨ ᠢᠷᠭᠡᠨ ᠤ ᠬᠡᠷᠡᠭ ᠤᠨ ᠬᠢᠨᠠᠯᠲᠠ ᠲᠠᠯᠪᠢᠬᠤ

ᠬᠡᠷᠡᠭ ᠲᠤ ᠡᠮᠡᠭᠲᠡᠶᠢᠴᠦᠳ ᠤᠨ ᠡᠷᠬᠡ ᠠᠰᠢᠭ ᠢ ᠰᠠᠶᠢᠲᠤᠷ ᠬᠠᠮᠠᠭᠠᠯᠠᠵᠤ ᠪᠠᠶᠢᠨ᠎ᠠ︾᠃

        ᠳ᠋ᠦᠩᠱᠧᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠠᠶᠢᠴᠠᠭᠠᠬᠤ

ᠬᠡᠯᠲᠡᠰ ᠤᠨ ᠪᠠᠶᠢᠴᠠᠭᠠᠭᠴᠢ    ᠯᠦ ᠭᠤᠸᠠᠩ ᠸᠧᠢ

微信图片_20230323145541.jpg

微信图片_20230323145544.jpg

 

ᠢᠷᠡᠯᠲᠡ᠄ ᠳᠤᠰ ᠰᠦᠯᠵᠢᠶ᠎ᠡ