ᠮᠠ ᠹᠦ᠋ ᠭᠠᠩ ︵1912 — 1989 ᠣᠨ︶
ᠨᠡᠶᠢᠲᠡᠯᠡᠭᠰᠡᠨ ᠴᠠᠭ᠄
2023/4/13
图片1.png
      ᠮᠠ ᠹᠦ᠋ ᠭᠠᠩ ︵1912 — 1989 ᠣᠨ︶᠂ ᠡᠷᠡᠭᠲᠡᠢ᠂ ᠮᠣᠩᠭᠤᠯ ᠦᠨᠳᠦᠰᠦᠲᠡᠨ᠂ ᠮᠣᠩᠭᠤᠯ ᠨᠡᠷ᠎ᠡ ᠨᠢ ᠪᠠᠶᠠᠨᠳᠣᠷᠵᠢ᠂ 1912 ᠣᠨ ᠤ 11 ᠰᠠᠷ᠎ᠠ ᠶᠢᠨ 18 ᠤ ᠡᠳᠦᠷ ᠣᠲᠤᠭ ᠤᠨ ᠡᠮᠦᠨᠡᠲᠦ ᠬᠤᠰᠢᠭᠤᠨ ᠤ ᠵᠠᠷᠠ ᠰᠤᠮᠤᠨ ᠳᠤ ᠳᠦᠷᠦᠵᠡᠶ᠂ ᠲᠣᠰ ᠬᠤᠰᠢᠭᠤᠨ ᠤ ᠨᠢᠭᠡᠳᠦᠭᠡᠷ ᠳᠡᠰ ᠤᠨ ᠲᠠᠶᠢᠵᠢ ᠮᠥᠩᠬᠡ ᠶᠢᠨ ᠠᠯᠪᠠᠲᠤ ︵ᠭᠡᠷ ᠤᠨ ᠪᠣᠭᠤᠯ︶ ᠪᠣᠯᠣᠨ᠎ᠠ᠃      1926 ᠣᠨ ᠤ ᠵᠤᠨ᠂ ᠵᠠᠷᠠ ᠭᠠᠵᠠᠷ ᠣᠷᠣᠨ ᠤ ︽ᠳᠣᠭᠤᠶᠢᠯᠠᠩ︾ ᠤᠨ ᠬᠦᠳᠡᠯᠭᠡᠭᠡᠨ ᠳᠤ ᠣᠷᠣᠯᠴᠠᠭᠰᠠᠳ ᠶᠡᠬᠡᠨ᠋ᠤᠰᠤ ᠰᠦᠮ᠎ᠡ ᠳᠤ ᠴᠤᠭᠯᠠᠷᠠᠵᠤ᠂ ᠸᠠᠩ ᠤᠨ ᠣᠷᠳᠣᠨ ᠶᠠᠮᠤᠨ ᠤ ᠨᠦᠰᠡᠷ ᠬᠦᠨᠳᠦ  ᠭᠠᠶᠢᠯᠢ ᠭᠤᠪᠴᠢᠭᠤᠷ ᠢ ᠡᠰᠡᠷᠭᠦᠴᠡᠵᠦ᠂ ᠸᠠᠩ ᠤᠨ ᠣᠷᠳᠣᠨ ᠠᠴᠠ ᠲᠣᠮᠢᠯᠠᠵᠤ ᠢᠷᠡᠭᠦᠯᠦᠭᠰᠡᠨ ᠨᠣᠶᠠᠳ ᠲᠦᠰᠢᠮᠡᠳ ᠢ ᠬᠥᠭᠡᠭᠡᠨ ᠶᠠᠪᠤᠭᠤᠯᠪᠠ᠃ ᠡᠨᠡ ᠬᠦ ᠶᠠᠪᠤᠳᠠᠯ ᠨᠢ ᠮᠠ ᠹᠦ᠋ ᠭᠠᠩ ᠤᠨ ᠨᠢᠯᠬ᠎ᠠ ᠪᠠᠯᠴᠢᠷ ᠰᠡᠳᠬᠢᠯ ᠳᠤ ᠭᠦᠨ ᠰᠠᠭᠤᠭᠳᠠᠯ ᠦᠯᠡᠳᠡᠭᠡᠵᠦ᠂ ᠠᠷᠠᠳ ᠤᠯᠠᠨ ᠤ ᠯᠤᠲᠤ ᠶᠡᠭᠡ ᠰᠦᠷ ᠬᠦᠴᠦᠨ ᠢ ᠲᠡᠭᠦᠨ ᠳᠤ ᠣᠶᠢᠯᠠᠭᠠᠭᠤᠯᠤᠭᠰᠠᠨ ᠪᠠᠶᠢᠨ᠎ᠠ᠃ 1928 ᠣᠨ ᠤ ᠬᠠᠪᠤᠷ᠂ ᠮᠠ ᠹᠦ᠋ ᠭᠠᠩ ᠤᠨ ᠪᠠᠶᠢᠭ᠎ᠠ ᠰᠤᠮᠤ ᠠᠴᠠ ᠲᠡᠭᠦᠨ ᠢ ᠬᠤᠰᠢᠭᠤᠨ ᠤ ᠠᠮᠤᠷ ᠢ ᠬᠠᠮᠠᠭᠠᠯᠠᠬᠤ ᠶᠡᠭᠡ ᠠᠩᠭᠢ ᠶᠢᠨ ᠵᠠᠬᠢᠷᠭ᠎ᠠ ᠳᠤ ᠴᠡᠷᠢᠭ ᠪᠣᠯᠭᠠᠬᠤ ᠪᠠᠷ ᠲᠣᠮᠢᠯᠠᠪᠠ᠃ ᠵᠣᠬᠢᠬᠤ ᠬᠡᠮᠵᠢᠶᠡᠨ ᠤ ᠰᠣᠶᠣᠯ ᠪᠣᠯᠪᠠᠰᠤᠷᠠᠯ ᠲᠠᠢ ᠪᠣᠯᠬᠤᠷ ᠳᠡᠮᠡᠢ ᠤᠳᠠᠯ ᠦᠭᠡᠢ ᠠᠮᠤᠷ ᠢ ᠬᠠᠮᠠᠭᠠᠯᠠᠬᠤ ᠶᠡᠭᠡ ᠠᠩᠭᠢ ᠶᠢᠨ ᠰᠧᠯᠢᠩ ᠵᠠᠩ ᠸᠧᠨ ᠰᠢᠤᠸᠠᠨ ᠲᠡᠭᠦᠨ ᠢ ᠰᠧᠯᠢᠩᠪᠦ᠋ ᠳᠤ ᠰᠢᠯᠵᠢᠭᠦᠯᠵᠦ ᠨᠠᠷᠢᠨ ᠪᠢᠴᠢᠭᠡᠴᠢ ᠪᠠᠷ ᠠᠵᠢᠯᠯᠠᠭᠤᠯᠪᠠ᠃ ᠮᠠ ᠹᠦ᠋ ᠭᠠᠩ ᠲᠤᠶᠢᠯ ᠤᠨ ᠠᠵᠢᠯᠴᠢ ᠬᠥᠳᠡᠯᠮᠦᠷᠢᠴᠢ᠂ ᠤᠴᠢᠷ ᠶᠠᠪᠤᠳᠠᠯ ᠬᠢᠬᠦ ᠳᠡᠭᠡᠨ ᠪᠣᠯᠭᠤᠮᠵᠢᠲᠠᠢ᠂ ᠵᠠᠷᠯᠢᠭ ᠢ ᠲᠠᠭᠠᠳᠠᠭ ᠪᠣᠯᠬᠤᠷ ᠵᠠᠩ ᠸᠧᠨ ᠰᠢᠤᠸᠠᠨ ᠤ ᠳᠠᠭᠠᠰᠢᠶᠠᠯ ᠢ ᠣᠯᠣᠭᠰᠠᠨ ᠪᠠᠶᠢᠨ᠎ᠠ᠃ 1938 ᠣᠨ ᠳᠤ᠂ ᠵᠠᠩ ᠸᠧᠨ ᠰᠢᠤᠸᠠᠨ ᠲᠡᠭᠦᠨ ᠢ ᠳᠡᠳ᠋ ᠳᠠᠷᠤᠭ᠎ᠠ ᠪᠠᠷ ᠲᠣᠮᠢᠯᠠᠵᠤ᠂ ᠳᠡᠷᠭᠡᠳᠡ ᠪᠠᠨ ᠨᠠᠷᠢᠨ ᠪᠢᠴᠢᠭᠡᠴᠢ ᠪᠠᠷ ᠲᠣᠬᠢᠷᠠᠭᠤᠯᠤᠭᠰᠠᠨ ᠪᠥᠭᠡᠳ ᠲᠡᠭᠦᠨ ᠢᠶᠠᠷ ᠴᠡᠷᠢᠭ ᠤᠨ ᠬᠡᠷᠡᠭᠰᠡᠯ ᠤᠨ ᠶᠠᠪᠤᠳᠠᠯ ᠢ ᠣᠷᠣᠯᠠᠨ ᠭᠦᠢᠴᠡᠳᠬᠡᠭᠦᠯᠪᠡ᠃ ᠭᠡᠪᠡᠴᠦ ᠵᠠᠩ ᠸᠧᠨ ᠰᠢᠤᠸᠠᠨ ᠤ ᠭᠠᠭᠴᠠᠭᠠᠷ ᠡᠵᠡᠷᠬᠡᠭᠯᠡᠯ ᠶᠠᠪᠤᠬᠤ ᠲᠤᠲᠤᠮ ᠬᠡᠴᠡᠭᠦᠳᠡᠵᠦ᠂ ᠮᠠ ᠹᠦ᠋ ᠭᠠᠩ ᠤᠨ ᠲᠣᠷ᠎ᠠ ᠦᠭᠡᠶᠢᠴᠡᠯ ᠢ ᠬᠦᠷᠭᠡᠵᠦ ᠪᠠᠶᠢᠪᠠ᠃ 1938 — 1939 ᠣᠨ ᠤ ᠬᠤᠭᠤᠷᠣᠨᠳᠤ᠂ ᠮᠠ ᠹᠦ᠋ ᠭᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠤᠷᠪᠠᠨ ᠪᠢᠶᠠᠨ ᠣᠷᠣᠨ ᠤ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠵᠧᠦ ᠷᠧᠨ ᠱᠠᠨ᠂ ᠲᠡᠬᠢᠯᠳᠤ ᠠᠵᠢᠯᠯᠠᠬᠤ ᠬᠤᠷᠢᠶ᠎ᠠ ᠶᠢᠨ ᠱᠦᠵᠢ ᠭᠤᠤ ᠽᠧᠩ ᠫᠧᠢ᠂ ᠭᠡᠰᠢᠭᠦᠨ ᠲᠢᠶᠠᠨ ᠸᠠᠨ ᠱᠧᠩ ᠵᠡᠷᠭᠡ ᠬᠥᠮᠥᠰ ᠲᠠᠢ ᠤᠯᠠᠨ ᠤᠳᠠᠭ᠎ᠠ ᠨᠢᠭᠤᠴᠠ ᠪᠠᠷ ᠬᠠᠷᠢᠯᠴᠠᠵᠤ᠂ ᠮᠠᠰᠢ ᠤᠯᠠᠨ ᠬᠤᠪᠢᠰᠬᠠᠯ ᠤᠨ ᠶᠣᠰᠣ ᠤᠴᠢᠷ ᠢ ᠣᠶᠢᠯᠠᠭᠠᠭᠰᠠᠨ ᠪᠠᠶᠢᠨ᠎ᠠ᠃ 1941 ᠣᠨ ᠤ ᠡᠪᠦᠯ᠂ ᠵᠧᠦ ᠷᠧᠨ ᠱᠠᠨ ᠮᠠ ᠹᠦ᠋ ᠭᠠᠩ ᠲᠠᠢ ᠬᠤᠯᠪᠣᠭ᠎ᠠ ᠠᠪᠴᠤ᠂ ᠠᠷᠠᠯ ᠤᠨ ᠰᠦᠮ᠎ᠡ ᠳᠤ ᠨᠢᠭᠤᠴᠠ ᠪᠠᠷ ᠬᠦᠷᠴᠦ᠂ ᠵᠠᠩ ᠸᠧᠨ ᠰᠢᠤᠸᠠᠨ ᠳᠤ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠪᠠᠶᠢᠳᠠᠯ ᠪᠣᠯᠣᠨ ᠨᠠᠮ ᠤᠨ ᠨᠢᠭᠡᠳᠦᠮᠡᠯ ᠹᠷᠣᠨᠲ ᠤᠨ ᠲᠦᠷᠦ ᠶᠢᠨ ᠪᠣᠳᠣᠯᠭ᠎ᠠ ᠶᠢ ᠣᠬᠠᠭᠤᠯᠣᠨ ᠶᠠᠷᠢᠵᠤ᠂ ᠲᠡᠭᠦᠨ ᠤ ᠡᠪ ᠬᠠᠮᠲᠤ ᠨᠠᠮ ᠤᠨ ᠲᠠᠯ᠎ᠠ ᠶᠢᠨ ᠬᠢᠨ ᠲᠠᠢ ᠨᠥᠬᠦᠷᠰᠡᠭ ᠬᠠᠷᠢᠴᠠᠭ᠎ᠠ ᠪᠠᠨ ᠪᠠᠲᠤᠯᠠᠬᠤ ᠶᠢ ᠠᠬᠢᠭᠤᠯᠪᠠ᠃ ᠡᠭᠦᠨ ᠠᠴᠠ ᠰᠡᠭᠦᠯᠡᠷ᠂ ᠵᠧᠦ ᠷᠧᠨ ᠱᠠᠨ ᠠᠷᠠᠯ ᠤᠨ ᠰᠦᠮ᠎ᠡ ᠳᠤ ᠬᠡᠳᠦ ᠤᠳᠠᠭ᠎ᠠ ᠬᠦᠷᠴᠦ ᠵᠠᠩ ᠸᠧᠨ ᠰᠢᠤᠸᠠᠨ ᠢ ᠲᠠᠲᠠᠵᠤ ᠠᠪᠬᠤ ᠠᠵᠢᠯ ᠢ ᠬᠢᠵᠡᠢ᠃ ᠮᠠ ᠹᠦ᠋ ᠭᠠᠩ ᠪᠠᠰᠠ ᠥᠪᠡᠷ ᠤᠨ ᠡᠷᠬᠡ ᠲᠤᠰᠢᠶᠠᠯ ᠪᠣᠯᠣᠨ ᠲᠦᠷᠦᠯ ᠰᠠᠳᠤᠨ ᠨᠠᠶᠢᠵᠠ ᠨᠥᠬᠦᠳ ᠤᠨ ᠬᠠᠷᠢᠴᠠᠭ᠎ᠠ ᠪᠠᠨ ᠠᠰᠢᠭᠯᠠᠵᠤ᠂ ᠤᠲᠤᠭ ᠬᠤᠰᠢᠭᠤᠨ ᠤ ᠴᠡᠷᠢᠭ ᠵᠠᠰᠠᠭ ᠤᠨ ᠡᠲᠡᠭᠡᠳ ᠤᠨ ᠳᠤᠮᠳᠠ ᠳᠣᠣᠷᠠᠳᠤ ᠳᠠᠪᠬᠤᠷᠭ᠎ᠠ ᠶᠢᠨ ᠬᠥᠮᠥᠰ ᠲᠤ ᠪᠠᠶᠢᠳᠠᠯ ᠢ ᠶᠠᠷᠢᠵᠤ᠂ ᠰᠡᠩᠬᠡᠷᠡᠭᠦᠯᠦᠨ ᠳᠠᠭᠠᠭᠤᠯᠬᠤ ᠠᠵᠢᠯ ᠬᠢᠵᠦ᠂ ᠥᠪᠡᠷ ᠤᠨ ᠲᠣᠭᠤᠷᠢᠨ ᠳᠠᠭᠠᠨ ᠨᠢᠭᠡ ᠪᠦᠯᠦᠭ ᠬᠦᠴᠦᠨ ᠢ ᠪᠦᠯᠬᠦᠮᠳᠡᠭᠦᠯᠪᠡ᠃      1945 ᠣᠨ ᠤ ᠰᠡᠭᠦᠯᠴᠢ ᠪᠠᠷ᠂ ᠵᠠᠩ ᠸᠧᠨ ᠰᠢᠤᠸᠠᠨ ᠨᠢᠭᠡᠨᠲᠡ ᠭᠤᠮᠢᠨᠳᠠᠩ ᠤᠨ ᠡᠪ ᠬᠠᠮᠲᠤ ᠨᠠᠮ ᠢ ᠡᠰᠡᠷᠭᠦᠴᠡᠬᠦ ᠤᠷᠤᠰᠬᠠᠯ ᠳᠤ ᠪᠦᠷᠢᠮᠦᠰᠦᠨ ᠬᠠᠮᠤᠷᠤᠭᠳᠠᠨ ᠣᠷᠣᠵᠤ᠂ ᠮᠠ ᠹᠦ᠋ ᠭᠠᠩ ᠵᠡᠷᠭᠡ ᠬᠥᠮᠥᠰ ᠪᠣᠯᠣᠨ ᠡᠪ ᠬᠠᠮᠲᠤ ᠨᠠᠮ ᠤᠨ ᠨᠢᠭᠤᠴᠠ ᠠᠵᠢᠯᠯᠠᠭ᠎ᠠ ᠶᠢ ᠰᠡᠷᠡᠵᠦ ᠮᠡᠳᠡᠭᠡᠳ᠂ ᠮᠠ ᠹᠦ᠋ ᠭᠠᠩ ᠵᠡᠷᠭᠡ ᠬᠥᠮᠥᠰ ᠢ ᠤᠰᠠᠳᠬᠠᠬᠤ ᠪᠠᠷ ᠬᠤᠤᠪᠢᠯᠳᠤᠪᠠ᠃ 1946 ᠣᠨ ᠤ 1 ᠰᠠᠷ᠎ᠠ ᠶᠢᠨ 14 ᠤ ᠡᠳᠦᠷ᠂ ᠮᠠ ᠹᠦ᠋ ᠭᠠᠩ ᠠᠮᠤᠷ ᠢ ᠬᠠᠮᠠᠭᠠᠯᠠᠬᠤ ᠴᠡᠷᠢᠭ ᠠᠩᠭᠢ ᠶᠢᠨ ᠵᠠᠷᠠ ᠳᠤᠮᠳᠠ ᠠᠩᠭᠢ ᠶᠢᠨ ᠳᠠᠷᠤᠭ᠎ᠠ ᠭᠦ᠋ ᠱᠸᠤ ᠱᠠᠨ᠂ ᠴᠠᠭᠠᠨᠲᠣᠯᠤᠭᠠᠢ ᠳᠤᠮᠳᠠ ᠠᠩᠭᠢ ᠶᠢᠨ ᠳᠠᠷᠤᠭ᠎ᠠ ᠮᠠ ᠯᠢᠶᠠᠩ ᠴᠧᠩ ᠲᠠᠢ ᠬᠠᠮᠲᠤ ᠲᠠᠪᠤᠨ ᠵᠠᠭᠤ ᠭᠠᠷᠤᠢ ᠳᠠᠷᠤᠭ᠎ᠠ ᠪᠠᠶᠢᠯᠳᠤᠭᠴᠢᠳ ᠢ ᠳᠠᠶᠢᠴᠢᠯᠠᠨ ᠠᠷᠠᠯ ᠤᠨ ᠰᠦᠮ᠎ᠡ ᠶᠢᠨ ᠪᠣᠰᠣᠯᠭ᠎ᠠ  ᠶᠢ ᠡᠭᠦᠰᠬᠡᠨ ᠵᠠᠩ ᠸᠧᠨ ᠰᠢᠤᠸᠠᠨ ᠤ ᠨᠣᠶᠠᠷᠬᠠᠯ ᠢ ᠲᠦᠯᠬᠢᠨ ᠤᠨᠠᠭᠠᠵᠠᠢ᠃ ᠵᠠᠯᠭᠠᠭᠠᠳ ᠨᠠᠮ ᠤᠨ ᠪᠦᠯᠬᠦᠮᠳᠡᠬᠦ᠂ ᠰᠤᠷᠭᠠᠨ ᠬᠥᠮᠥᠵᠢᠭᠦᠯᠬᠦ᠂ ᠲᠠᠲᠠᠵᠤ ᠠᠪᠬᠤ ᠴᠢᠭᠯᠡᠯᠲᠡ ᠶᠢ ᠦᠨᠳᠦᠰᠦᠯᠡᠨ᠂ ᠠᠮᠤᠷ ᠢ ᠬᠠᠮᠠᠭᠠᠯᠠᠬᠤ ᠳᠡᠳ᠋ ᠰᠧᠯᠢᠩ᠂ ᠳᠡᠳ᠋ ᠲᠤᠰᠠᠯᠠᠭᠴᠢ ᠴᠢ ᠡᠸ᠋ᠨ ᠴᠧᠩ ᠪᠣᠯᠣᠨ ᠲᠤᠰᠠᠯᠠᠭᠴᠢ ᠶᠠᠩᠰᠠᠷᠵᠠᠪ ᠢ ᠲᠠᠲᠠᠵᠤ ᠠᠪᠬᠤ ᠠᠵᠢᠯ ᠢ ᠬᠢᠭᠰᠡᠨ ᠪᠣᠯᠪᠠᠴᠤ ᠥᠴᠥᠬᠡᠨ ᠴᠦ ᠦᠢᠯᠡᠳᠦᠯ ᠭᠠᠷᠣᠭᠰᠠᠨ ᠦᠭᠡᠢ ᠪᠠᠶᠢᠪᠠ᠃ 1947 ᠣᠨ ᠤ 3 ᠰᠠᠷ᠎ᠠ ᠳᠤ᠂ ᠨᠢᠩᠰᠢᠶᠠ ᠶᠢᠨ ᠮᠠ ᠬᠤᠩ ᠺᠦᠢ᠂ ᠮᠠ ᠬᠤᠩ ᠪᠢᠨ ᠭᠤᠷᠪᠠᠨ ᠪᠢᠶᠠᠨ ᠣᠷᠣᠨ ᠵᠢᠴᠢ ᠤᠳᠤᠭ ᠬᠤᠰᠢᠭᠤ᠂ ᠦᠦᠰᠢᠨ ᠬᠤᠰᠢᠭᠤᠨ ᠤ ᠪᠠᠷᠠᠭᠤᠨ ᠬᠡᠰᠡᠭ ᠤᠨ ᠨᠢᠭᠡᠳᠦᠭᠡᠷ ᠹᠷᠣᠨᠲ ᠲᠤ ︽ᠪᠦᠰᠡᠯᠡᠨ ᠤᠰᠠᠳᠬᠠᠯᠲᠠ︾ ᠶᠠᠪᠤᠭᠤᠯᠤᠭᠰᠠᠨ ᠳᠤ ᠮᠠ ᠹᠦ᠋ ᠭᠠᠩ ᠳᠡᠭᠡᠷ᠎ᠡ ᠱᠠᠲᠣᠨ ᠤ ᠵᠠᠷᠯᠢᠭ ᠢᠶᠠᠷ ᠴᠡᠷᠢᠭ ᠠᠩᠭᠢ ᠪᠠᠨ ᠳᠠᠭᠠᠭᠤᠯᠤᠨ ᠠᠷᠠᠯ ᠤᠨ ᠰᠦᠮ᠎ᠡ ᠠᠴᠠ ᠤᠬᠤᠷᠢᠨ ᠭᠠᠷᠴᠤ᠂ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠠᠵᠢᠯᠯᠠᠬᠤ ᠬᠤᠷᠢᠶ᠎ᠠ ᠲᠠᠢ ᠨᠡᠶᠢᠯᠡᠵᠦ᠂ ᠵᠢᠩᠪᠢᠶᠠᠨ᠂ ᠦᠦᠰᠢᠨ᠂ ᠤᠳᠤᠭ ᠤᠨ ᠪᠠᠷᠠᠭᠤᠨ ᠬᠡᠰᠡᠭ ᠢᠶᠠᠷ ᠫᠠᠷᠲ᠋ᠢᠽᠠᠨ ᠳᠠᠶᠢᠨ ᠬᠢᠪᠡ᠃ 1948 ᠣᠨ ᠤ 2 ᠰᠠᠷ᠎ᠠ ᠳᠤ᠂ ᠶᠡᠭᠡ ᠵᠤᠤ ᠠᠶᠢᠮᠠᠭ ᠤᠨ ᠮᠣᠩᠭᠤᠯ ᠬᠢᠲᠠᠳ ᠤᠨ ᠰᠠᠯᠪᠤᠷᠢ ᠠᠩᠭᠢ ᠶᠢ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ ᠶᠡᠭᠡ ᠵᠤᠤ ᠠᠶᠢᠮᠠᠭ ᠤᠨ ᠰᠠᠯᠪᠤᠷᠢ ᠠᠩᠭᠢ ᠪᠣᠯᠭᠠᠨ ᠥᠭᠡᠷᠡᠴᠢᠯᠡᠨ ᠪᠠᠶᠢᠭᠤᠯᠵᠤ᠂ ᠮᠠ ᠹᠦ᠋ ᠭᠠᠩ ᠰᠠᠯᠪᠤᠷᠢ ᠠᠩᠭᠢ ᠶᠢᠨ ᠨᠢᠭᠡᠳᠦᠭᠡᠷ ᠳᠡᠳ᠋ ᠰᠧᠯᠢᠩ ᠤᠨ ᠲᠤᠰᠢᠶᠠᠯ ᠢ ᠡᠭᠦᠷᠭᠡᠯᠡᠪᠡ᠃ 1949 ᠣᠨ ᠤ 3 ᠰᠠᠷ᠎ᠠ ᠳᠤ᠂ ᠮᠠ ᠹᠦ᠋ ᠭᠠᠩ ᠤᠲᠤᠭ ᠬᠤᠰᠢᠭᠤᠨ ᠤ ᠥᠪᠡᠷᠲᠡᠭᠡᠨ ᠵᠠᠰᠠᠬᠤ ᠵᠠᠰᠠᠭ ᠤᠨ ᠣᠷᠳᠣᠨ ᠤ ᠪᠡᠯᠡᠳᠬᠡᠯ ᠭᠠᠵᠠᠷ ᠤᠨ ᠳᠡᠳ᠋ ᠡᠷᠬᠢᠯᠡᠭᠴᠢ ᠶᠢᠨ ᠨᠡᠷ᠎ᠡ ᠪᠠᠷ ︽ᠥᠪᠡᠷᠲᠡᠭᠡᠨ ᠵᠠᠰᠠᠬᠤ ᠵᠠᠰᠠᠭ ᠤᠨ ᠣᠷᠳᠣᠨ ᠪᠠᠶᠢᠭᠤᠯᠬᠤ ᠲᠤᠩᠬᠠᠭ︾ ᠢ ᠨᠡᠶᠢᠲᠡᠯᠡᠵᠦ᠂ ᠵᠠᠰᠠᠭ ᠶᠠᠪᠤᠭᠤᠯᠬᠤ ᠰᠠᠨᠠᠯ ᠢᠶᠠᠨ ᠳᠤᠷᠠᠳᠴᠤ᠂ ᠠᠵᠢᠯᠲᠠᠨ ᠲᠣᠮᠢᠯᠠᠵᠤ᠂ ᠬᠤᠰᠢᠭᠤᠨ ᠤ ᠵᠠᠰᠠᠭ ᠤᠨ ᠣᠷᠳᠣᠨ ᠪᠣᠯᠣᠨ ᠠᠮᠤᠷ ᠢ ᠬᠠᠮᠠᠭᠠᠯᠠᠬᠤ ᠺᠤᠮᠠᠨᠳᠠᠯᠠᠭᠴᠢ ᠴᠢ ᠮᠦᠩᠭᠡ ᠲᠠᠢ ᠨᠠᠶᠢᠷᠠᠮᠳᠠᠯ ᠢᠶᠠᠷ ᠴᠢᠯᠦᠭᠡᠯᠡᠬᠦ ᠶᠠᠪᠤᠳᠠᠯ ᠢ ᠶᠠᠷᠢᠯᠴᠠᠵᠠᠢ᠃ 1949 ᠣᠨ ᠤ 7 ᠰᠠᠷ᠎ᠠ ᠳᠤ᠂ ᠶᠡᠭᠡ ᠵᠤᠤ ᠠᠶᠢᠮᠠᠭ ᠤᠨ ᠴᠡᠷᠢᠭ ᠤᠨ ᠲᠣᠭᠤᠷᠢᠭ ᠤᠨ ᠰᠧᠯᠢᠩᠪᠦ᠋ ᠶᠢ ᠪᠠᠶᠢᠭᠤᠯᠵᠤ᠂ ᠮᠠ ᠹᠦ᠋ ᠭᠠᠩ ᠳᠡᠳ᠋ ᠰᠧᠯᠢᠩ ᠤᠨ ᠲᠤᠰᠢᠶᠠᠯ ᠢ ᠬᠠᠷᠢᠭᠤᠴᠠᠪᠠ᠃ ᠮᠦᠨ ᠰᠠᠷ᠎ᠠ ᠳᠤ᠂ ᠮᠠ ᠹᠦ᠋ ᠭᠠᠩ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠬᠤᠷᠢᠶ᠎ᠠ ᠶᠢᠨ ᠲᠣᠮᠢᠯᠠᠯᠲᠠ ᠪᠠᠷ᠂ ᠵᠠᠰᠠᠭ ᠬᠤᠰᠢᠭᠤ ᠠᠴᠠ ᠤᠲᠤᠭ ᠬᠤᠰᠢᠭᠤᠨ ᠤ ᠦᠮᠡᠬᠡᠶᠢᠨᠠᠭᠤᠷ ᠣᠷᠣᠨ ᠳᠤ ᠣᠴᠢᠵᠤ᠂ ᠤᠲᠤᠭ ᠬᠤᠰᠢᠭᠤ ᠶᠢ ᠴᠢᠯᠦᠭᠡᠯᠡᠬᠦ ᠡᠮᠦᠨ᠎ᠡ ᠹᠷᠣᠨᠲ ᠤᠨ ᠵᠢᠯᠤᠭᠤᠳᠬᠤ ᠭᠠᠵᠠᠷ ᠢ ᠪᠠᠶᠢᠭᠤᠯᠵᠠᠢ᠃ 8 ᠰᠠᠷ᠎ᠠ ᠶᠢᠨ 22 ᠤᠨ ᠡᠳᠦᠷ᠂ ᠮᠠ ᠹᠦ᠋ ᠭᠠᠩ ᠲᠣᠭᠤᠷᠢᠮ ᠤᠨ ᠫᠠᠷᠲ᠋ᠢᠽᠠᠨ ᠠᠩᠭᠢ ᠶᠢ ᠳᠠᠭᠠᠭᠤᠯᠤᠨ ᠣᠲᠤᠭ ᠬᠤᠰᠢᠭᠤᠨ ᠤ ᠸᠠᠩ ᠤᠨ ᠣᠷᠳᠣᠨ ᠳᠤ ᠬᠦᠷᠪᠡ᠃ 23 ᠤ ᠡᠳᠦᠷ ᠪᠦᠭᠦ ᠬᠤᠰᠢᠭᠤᠨ ᠤ ᠺᠤᠨᠰᠦ᠋ᠯ ᠤᠨ ᠶᠠᠮᠤᠨ᠂ ᠰᠤᠮᠤ ᠶᠢᠨ ᠶᠠᠮᠤᠨ᠂ ᠪᠦᠦ ᠶᠢᠨ ᠳᠠᠷᠤᠭ᠎ᠠ ᠵᠢᠴᠢ ᠶᠠᠮᠤᠨ ᠤ ᠪᠠᠭ᠎ᠠ ᠣᠹᠢᠼᠧᠷ ᠤᠨ ᠣᠷᠣᠯᠴᠠᠭᠰᠠᠨ ᠬᠤᠰᠢᠭᠤᠨ ᠤ ᠶᠠᠪᠤᠳᠠᠯ ᠤᠨ ᠶᠡᠭᠡ ᠬᠤᠷᠠᠯ ᠢ ᠬᠤᠷᠠᠯᠳᠤᠭᠤᠯᠵᠤ᠂ ᠣᠲᠤᠭ ᠬᠤᠰᠢᠭᠤᠨ ᠤ ᠨᠠᠶᠢᠷᠠᠮᠳᠠᠯ ᠢᠶᠠᠷ ᠴᠢᠯᠦᠭᠡᠯᠡᠭᠳᠡᠭᠰᠡᠨ ᠢ ᠲᠤᠩᠬᠠᠭᠯᠠᠵᠠᠢ᠃      ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠮᠠ ᠹᠦ᠋ ᠭᠠᠩ ᠶᠡᠭᠡ ᠵᠤᠤ ᠠᠶᠢᠮᠠᠭ ᠤᠨ ᠠᠩᠬᠠᠳᠤᠭᠠᠷ ᠤᠳᠠᠭ᠎ᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ ᠶᠡᠭᠡ ᠵᠤᠤ ᠠᠶᠢᠮᠠᠭ ᠤᠨ ᠵᠠᠰᠠᠭ ᠤᠨ ᠶᠠᠪᠤᠳᠠᠯ ᠤᠨ ᠵᠥᠪᠯᠡᠯ ᠤᠨ ᠳᠡᠳ᠋ ᠡᠷᠬᠢᠯᠡᠭᠴᠢ ᠪᠠᠷ ᠰᠣᠩᠭᠤᠭᠳᠠᠪᠠ᠃ 1950 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠃ ᠤᠷᠢᠳ ᠬᠤᠵᠢᠳ ᠶᠡᠭᠡ ᠵᠤᠤ ᠠᠶᠢᠮᠠᠭ ᠤᠨ ᠥᠪᠡᠷᠲᠡᠭᠡᠨ ᠵᠠᠰᠠᠬᠤ ᠠᠷᠠᠳ ᠤᠨ ᠵᠠᠰᠠᠭ ᠤᠨ ᠣᠷᠳᠣᠨ ᠤ ᠠᠶᠢᠮᠠᠭ ᠤᠨ ᠳᠡᠳ᠋ ᠳᠠᠷᠤᠭ᠎ᠠ᠂ ᠠᠶᠢᠮᠠᠭ ᠤᠨ ᠵᠠᠬᠢᠷᠭ᠎ᠠ ᠶᠢᠨ ᠳᠡᠳ᠋  ᠳᠠᠷᠤᠭ᠎ᠠ ᠪᠥᠭᠡᠳ ᠡᠳ᠋ ᠤᠨ ᠵᠠᠰᠠᠭ ᠤᠨ ᠭᠠᠵᠠᠷ ᠤᠨ ᠳᠠᠷᠤᠭ᠎ᠠ᠂ ᠠᠶᠢᠮᠠᠭ ᠤᠨ ᠰᠢᠭᠦᠬᠦ ᠬᠤᠷᠢᠶᠠᠨ ᠤ ᠳᠠᠷᠤᠭ᠎ᠠ᠂ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠬᠤᠭᠤᠴᠠᠭᠠᠨ ᠤ ᠶᠡᠭᠡ ᠵᠤᠤ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠵᠢᠷᠭᠤᠳᠤᠭᠠᠷ ᠬᠤᠭᠤᠴᠠᠭᠠᠨ ᠤ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ᠂ ᠠᠶᠢᠮᠠᠭ ᠤᠨ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠱᠦᠵᠢ᠂ ᠳᠥᠷᠪᠡᠳᠦᠭᠡᠷ ᠬᠤᠭᠤᠴᠠᠭᠠᠨ ᠤ ᠥᠪᠥᠷ ᠮᠣᠩᠭᠤᠯ ᠤᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠤ ᠲᠤᠰᠢᠶᠠᠯ ᠢ ᠬᠠᠷᠢᠭᠤᠴᠠᠪᠠ᠃ ᠨᠡᠶᠢᠭᠡᠮ ᠵᠢᠷᠤᠮᠲᠤ ᠬᠤᠪᠢᠰᠬᠠᠯ ᠪᠠ ᠪᠦᠲᠦᠭᠡᠨ ᠪᠠᠶᠢᠭᠤᠯᠤᠯᠲᠠ ᠶᠢᠨ ᠴᠠᠭ ᠦᠶ᠎ᠡ ᠳᠤ᠂ ᠮᠠ ᠹᠦ᠋ ᠭᠠᠩ ᠮᠣᠩᠭᠤᠯ ᠬᠢᠲᠠᠳ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠯ ᠢ ᠨᠠᠨᠳᠢᠩᠨᠠᠨ ᠬᠠᠮᠠᠭᠠᠯᠠᠵᠤ᠂ ᠦᠨᠳᠦᠰᠦᠲᠡᠨ ᠨᠦᠭᠦᠳ ᠤᠨ ᠺᠠᠳ᠋ᠷᠴᠤᠳ ᠢ ᠬᠠᠶᠢᠷᠠᠯᠠᠨ ᠬᠠᠯᠠᠮᠵᠢᠯᠠᠵᠤ᠂ ᠦᠷᠭᠦᠯᠵᠢ ᠪᠣᠳᠠᠲᠠᠢ ᠳᠤ ᠭᠦᠨᠵᠡᠭᠡᠶᠢᠷᠡᠨ᠂ ᠪᠠᠶᠢᠴᠠᠭᠠᠨ ᠰᠤᠳᠤᠯᠤᠯᠲᠠ ᠬᠢᠵᠦ᠂ ᠤᠯᠠᠨ ᠲᠦᠮᠡᠨ ᠤ ᠵᠣᠪᠠᠭᠤᠷᠢ ᠵᠦᠳᠡᠭᠦᠷᠢ ᠶᠢ ᠬᠠᠯᠠᠮᠵᠢᠯᠠᠵᠤ᠂ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠭᠦᠭᠰᠡᠨ ᠠᠴᠠ ᠪᠦᠬᠦ ᠠᠶᠢᠮᠠᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠨᠳᠦᠳᠬᠡᠯ ᠪᠠ ᠬᠠᠶᠢᠷ᠎ᠠ ᠬᠦᠨᠳᠦᠳᠬᠡᠯ ᠢ ᠣᠯᠣᠭᠰᠠᠨ ᠪᠠᠶᠢᠨ᠎ᠠ᠃      ︽ᠰᠣᠶᠣᠯ ᠤᠨ ᠶᠡᠭᠡ ᠬᠤᠪᠢᠰᠬᠠᠯ︾ ᠤᠨ ᠳᠤᠮᠳᠠ᠂ ᠮᠠ ᠹᠦ᠋ ᠭᠠᠩ ᠬᠠᠷᠭᠢᠰ ᠬᠡᠷᠴᠡᠭᠡᠢ ᠪᠠᠷ  ᠭᠦᠳᠭᠡᠭᠳᠡᠨ ᠲᠡᠮᠡᠴᠡᠭᠳᠡᠵᠦ᠂ ᠬᠢᠯᠢᠰ ᠭᠦᠵᠢᠷ ᠠᠮᠰᠠᠵᠠᠢ᠃ ᠲᠠᠯᠠᠭᠠᠳ ᠣᠨ ᠤ ᠰᠡᠭᠦᠯᠴᠢ ᠪᠠᠷ᠂ ᠬᠢᠯᠢᠰ ᠬᠡᠷᠡᠭ ᠨᠢ ᠴᠠᠭᠠᠳᠬᠠᠭᠳᠠᠭᠰᠠᠨ ᠤ ᠳᠠᠷᠠᠭ᠎ᠠ᠂ ᠲᠡᠷᠡ ᠦᠲᠡᠯᠦᠭᠡ ᠨᠠᠰᠤ ᠡᠪᠡᠳᠴᠢᠨ ᠲᠠᠢ ᠪᠡᠶ᠎ᠡ ᠪᠠᠨ ᠬᠠᠶᠢᠬᠤᠷᠤᠯ ᠦᠭᠡᠢ ᠪᠠᠷ ᠦᠷᠭᠦᠯᠵᠢᠯᠡᠨ ᠠᠵᠢᠯᠯᠠᠵᠤ᠂ ᠨᠠᠮ ᠵᠠᠰᠠᠭ ᠤᠨ ᠤᠳᠤᠷᠢᠳᠤᠯᠭ᠎ᠠ ᠳᠤ ᠠᠷᠭ᠎ᠠ ᠤᠬᠠᠭᠠᠨ ᠭᠠᠷᠭᠠᠨ ᠥᠭᠴᠦ᠂ ᠵᠦᠪᠯᠡᠭᠴᠢ ᠪᠣᠯᠵᠤ᠂ ᠶᠡᠭᠡ ᠵᠤᠤ ᠠᠶᠢᠮᠠᠭ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠰᠠᠶᠢᠲᠤᠷ ᠬᠢᠬᠦ ᠳᠤ ᠬᠤᠪᠢ ᠨᠡᠮᠡᠷᠢ ᠦᠵᠡᠭᠦᠯᠪᠡ᠃ 1983 ᠣᠨ ᠳᠤ ᠪᠠᠶᠢᠭᠤᠯᠤᠮᠵᠢ ᠶᠢᠨ ᠥᠭᠡᠷᠡᠴᠢᠯᠡᠯᠲᠡ ᠡᠬᠢᠯᠡᠭᠰᠡᠨ ᠤ ᠲᠠᠷᠠᠭ᠎ᠠ᠂ ᠲᠡᠷᠡ ᠰᠠᠨᠠᠭᠠᠴᠢᠯᠠᠭ᠎ᠠ ᠠᠴᠠ ᠪᠠᠨ ᠤᠳᠤᠷᠢᠳᠬᠤ ᠪᠠᠶᠢᠷᠢ ᠠᠴᠠ ᠪᠠᠨ ᠪᠠᠭᠤᠪᠠ᠃ ᠡᠪᠡᠳᠴᠢᠨ ᠨᠢ ᠬᠦᠨᠳᠦᠷᠡᠭᠰᠡᠨ ᠦᠶ᠎ᠡ ᠳᠤ ᠴᠦ ᠲᠡᠷᠡ ᠪᠠᠰᠠ ᠭᠡᠷᠢᠶᠡᠰ ᠦᠯᠡᠳᠡᠭᠡᠵᠦ᠂ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠵᠦ᠂ ᠭᠠᠰᠢᠭᠤᠳᠠᠯ ᠤᠨ ᠬᠤᠷᠠᠯ ᠬᠢᠬᠦ ᠦᠭᠡᠢ ᠪᠠᠶᠢᠬᠤ ᠶᠢ ᠰᠠᠨᠠᠭᠠᠴᠢᠯᠠᠵᠠᠢ᠃  ᠡᠪ ᠬᠠᠮᠲᠤ ᠨᠠᠮ ᠤᠨ ᠰᠢᠯᠢᠳᠡᠭ ᠪᠠᠶᠢᠯᠳᠣᠭᠴᠢ᠂ ᠠᠷᠠᠳ ᠲᠦᠮᠡᠨ ᠤ ᠰᠠᠶᠢᠨ ᠣᠳᠣᠷᠢᠳᠣᠯᠭ᠎ᠠ ᠮᠠ ᠹᠦ᠋ ᠭᠠᠩ 1989 ᠣᠨ ᠤ 10 ᠰᠠᠷ᠎ᠠ  ᠶᠢᠨ 16 ᠤ ᠡᠳᠦᠷ ᠳ᠋ᠦᠩᠱᠧᠩ ᠳᠤ ᠡᠪᠡᠳᠴᠢᠨ ᠢᠶᠠᠷ ᠨᠠᠰᠤ ᠪᠠᠷᠠᠪᠠ᠂ ᠨᠠᠰᠤᠨ ᠰᠡᠭᠦᠳᠡᠷ 75᠃
ᠢᠷᠡᠯᠲᠡ᠄ ᠳᠤᠰ ᠰᠦᠯᠵᠢᠶ᠎ᠡ