︽ᠪᠦᠬᠦ ᠤᠯᠤᠰ ᠤᠨ ︿ᠬᠤᠶᠠᠷ ᠬᠤᠷᠠᠯ﹀ ᠤᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠥᠯ︾ ᠤᠨ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/15
                                       ᠳ᠋ᠦᠩᠱᠧᠩ ᠵᠠᠰᠠᠭ ᠳᠠᠷᠬᠠᠭᠠᠬᠤ ︹2023︺ 3 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ ᠳᠤ᠄      ᠡᠳᠦᠭᠡ ︽ᠪᠦᠬᠦ ᠤᠯᠤᠰ ᠤᠨ ︿ᠬᠤᠶᠠᠷ ᠬᠤᠷᠠᠯ﹀ ᠤᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠥᠯ︾ ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃                          ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                  2023 ᠣᠨ ᠤ 3 ᠰᠠᠷ᠎ᠠ ᠶᠢᠨ 2 ᠤᠨ ᠡᠳᠦᠷ             ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠤᠨ              ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠥᠯ      ᠠᠯᠠᠱᠠ ᠠᠶᠢᠮᠠᠭ ᠤᠨ ᠰᠢᠨ ᠵᠢᠩ ᠨᠡᠭᠦᠷᠡᠰᠦᠨ ᠤ ᠦᠢᠯᠡᠰ ᠤᠨ ︽2 · 22︾ ᠨᠡᠭᠦᠷᠡᠰᠦᠨ ᠠᠭᠤᠷᠬᠠᠢ ᠶᠢᠨ ᠨᠤᠷᠠᠭᠰᠠᠨ᠂ ᠯᠢᠶᠣᠤᠨᠢᠩ ᠤᠨ ᠫᠠᠨ ᠶᠢᠨ ᠤ ᠬᠤᠣ ᠶᠧ ᠬᠢᠮᠢ ᠶᠢᠨ ᠠᠵᠤ ᠦᠢᠯᠡᠳᠪᠦᠷᠢ ᠶᠢᠨ ︽1 · 15︾ ᠤ ᠳᠡᠯᠪᠡᠷᠡᠯᠲᠡ ᠵᠡᠷᠭᠡ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠪᠦᠬᠦ ᠤᠯᠤᠰ ᠤᠨ ︽ᠬᠤᠶᠠᠷ ᠬᠤᠷᠠᠯ︾ ᠤᠨ ᠬᠤᠭᠤᠴᠠᠭᠠᠨ ᠳᠠᠬᠢ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠳᠤᠷ ᠬᠢᠵᠦ᠂ ᠪᠦᠬᠦ ᠳᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠤᠰᠠᠳᠠ᠂ ᠲᠤᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ︽ᠪᠥᠬᠦ ᠤᠯᠤᠰ ᠤᠨ ︿ᠬᠤᠶᠠᠷ ᠬᠤᠷᠠᠯ﹀ ᠤᠨ ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠤ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ︾ ᠢ ᠳᠠᠷᠤᠮᠠᠯᠯᠠᠨ  ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠦᠪᠦᠷ ᠵᠠᠰᠠᠭ ᠴᠠᠬᠢᠯᠭᠠᠨ ᠮᠡᠳᠡᠭᠡ ︵2023︶ 2 ᠳ᠋ᠤᠭᠠᠷ ᠲᠣᠭᠠᠲᠤ︶ ᠪᠠ ︽ᠣᠷᠳᠣᠰ ᠬᠤᠲᠠ ᠶᠢᠨ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠪᠥᠬᠦ ᠤᠯᠤᠰ ᠤᠨ ︿ᠬᠤᠶᠠᠷ ᠬᠤᠷᠠᠯ﹀ ᠤᠨ ᠬᠤᠭᠤᠴᠠᠭᠠᠨ ᠳᠠᠬᠢ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠤᠨ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠤᠷᠳᠤᠰ ᠵᠠᠰᠠᠭ ᠲᠠᠷᠬᠠᠭᠠᠬᠤ ︵2023︶ 10 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠨᠠᠷᠢᠨ ᠬᠢᠨᠠᠮᠠᠭᠠᠶ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠢᠭ᠎ᠠ ᠱᠤᠭᠤᠮ ᠤᠨ ᠰᠡᠳᠬᠢᠬᠦᠶ ᠪᠠ ᠤᠯᠠᠭᠠᠨ ᠱᠤᠭᠤᠮ ᠤᠨ ᠦᠵᠡᠯ ᠤᠬᠠᠮᠰᠠᠷ ᠢ ᠴᠢᠩᠭᠠᠷᠠᠭᠤᠯᠤᠨ᠂ ᠬᠠᠷᠢᠶ᠎ᠠ ᠭᠠᠵᠠᠷ᠂ ᠰᠠᠯᠠᠭ᠎ᠠ ᠮᠥᠴᠢᠷ ᠪᠠ ᠠᠵᠤ ᠠᠬᠤᠶᠢᠯᠠᠯ ᠭᠤᠷᠪᠠᠨ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠳᠡᠯ ᠤᠨ ᠰᠤᠷᠭᠠᠮᠵᠢ ᠶᠢ ᠭᠦᠨᠵᠡᠭᠡᠶ ᠰᠢᠩᠭᠡᠭᠡᠨ ᠠᠪᠴᠤ᠂ ᠨᠢᠭᠡ ᠠᠴᠠ ᠵᠦᠢᠴᠢᠯᠡᠵᠦ ᠨᠥᠬᠦᠭᠡ ᠶᠢ ᠮᠡᠳᠡᠵᠦ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠮᠤᠷ ᠲᠦᠪᠰᠢᠨ ᠤ ᠲᠦᠭᠰᠢᠭᠦᠷᠢ ᠶᠢ ᠭᠦᠨᠵᠡᠭᠡᠶ ᠵᠢᠭᠰᠠᠭᠠᠨ ᠪᠠᠶᠢᠴᠠᠭᠠᠵᠤ᠂ ᠠᠶᠤᠯᠲᠠᠶ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠵᠤ᠂ ᠪᠥᠬᠦ ᠤᠯᠤᠰ ᠤᠨ ︽ᠬᠤᠶᠠᠷ ᠬᠤᠷᠠᠯ︾ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠠᠮᠤᠷ ᠲᠦᠪᠰᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃      ᠬᠤᠶᠠᠷ᠂ ᠪᠠᠶᠢᠴᠠᠭᠠᠬᠤ ᠴᠠᠭ ᠬᠤᠭᠤᠴᠠᠭ᠎ᠠ ᠵᠢᠴᠢ ᠬᠡᠪᠴᠢᠶ᠎ᠡ      2023 ᠣᠨ ᠤ 3 ᠰᠠᠷ᠎ᠠ ᠶᠢᠨ 2 ᠤᠨ ᠡᠳᠦᠷ ᠠᠴᠠ ᠡᠬᠢᠯᠡᠨ᠂ ᠪᠥᠬᠦ ᠤᠯᠤᠰ ᠤᠨ ︽ᠬᠤᠶᠠᠷ ᠬᠤᠷᠠᠯ︾ ᠳᠠᠭᠤᠰᠳᠠᠯ᠎ᠠ᠃      ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠡᠪᠴᠢᠶ᠎ᠡ ᠳᠤ᠄ ᠪᠦᠬᠦ ᠳᠤᠭᠤᠷᠢᠭ ᠤᠨ ᠠᠶᠤᠯᠳᠠᠢ ᠬᠢᠮᠢ ᠶᠢᠨ ᠪᠤᠳᠠᠰ ᠢ ᠦᠢᠯᠡᠳᠪᠦᠷᠢᠯᠡᠬᠦ᠂ ᠬᠠᠳᠠᠭᠠᠯᠠᠬᠤ᠂ ᠡᠵᠡᠩᠨᠡᠬᠦ᠂ ᠲᠡᠭᠡᠭᠡᠪᠦᠷᠢᠯᠡᠬᠦ᠂ ᠬᠡᠷᠡᠭᠯᠡᠬᠦ᠂ ᠬᠠᠶᠠᠭᠳᠠᠮᠠᠯ ᠡᠳ᠋ ᠢ ᠰᠢᠢᠳᠪᠤᠷᠢᠯᠡᠬᠦ ᠠᠵᠤ ᠠᠬᠤᠶᠢᠯᠠᠯ ᠪᠣᠯᠤᠨ ᠨᠢᠭᠡᠴᠡ᠂ ᠬᠤᠸᠠᠷ ᠫᠤᠤᠵᠢᠩ ᠢ ᠪᠥᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠠᠵᠤ ᠠᠬᠤᠶᠢᠯᠠᠯ᠂ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢᠨ ᠨᠡᠭᠡᠭᠡᠨ ᠮᠠᠯᠲᠠᠬᠤ ᠠᠵᠤ ᠠᠬᠤᠶᠢᠯᠠᠯ ᠪᠠᠭᠲᠠᠨ᠎ᠠ᠃      ᠭᠤᠷᠪᠠ᠂ ᠪᠠᠶᠢᠴᠠᠭᠠᠬᠤ ᠠᠷᠭ᠎ᠠ ᠮᠠᠶ᠋ᠢᠭ      ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ︽ᠠᠵᠤ ᠠᠬᠤᠶᠢᠯᠠᠯ ᠪᠦᠬᠦ ᠲᠠᠯ᠎ᠠ ᠪᠠᠷ ᠥᠪᠡᠰᠦᠪᠡᠨ ᠪᠠᠶᠢᠴᠠᠭᠠᠬᠤ᠂ ᠰᠠᠯᠠᠭ᠎ᠠ ᠮᠥᠴᠢᠷ ᠠᠴᠠ ᠪᠦᠷᠬᠦᠬᠦᠯᠦᠨ ᠪᠠᠶᠢᠴᠠᠭᠠᠬᠤ᠂ ᠳᠤᠭᠤᠷᠢᠭ ᠤᠨ ᠱᠠᠲᠤᠨ ᠠᠴᠠ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ︾ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃      ︵ᠨᠢᠭᠡ︶ ᠠᠵᠤ ᠠᠬᠤᠶᠢᠯᠠᠯ ᠪᠦᠬᠦ ᠲᠠᠯ᠎ᠠ ᠪᠠᠷ ᠥᠪᠡᠰᠦᠪᠡᠨ ᠪᠠᠶᠢᠴᠠᠭᠠᠬᠤ      ᠡᠯ᠎ᠡ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠳᠠᠳ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠲᠤᠰ ᠨᠢᠭᠡᠴᠡ ᠶᠢᠨ ᠢᠶᠠᠨ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰᠬᠠᠢ ᠲᠥᠰᠥᠯ ᠲᠣᠭᠲᠠᠭᠠᠨ᠂ ᠠᠵᠢᠯ ᠤᠨ ᠬᠤᠪᠢᠶᠠᠷᠢᠯᠠᠯ ᠤᠨ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠪᠦᠬᠦ ᠶᠠᠪᠤᠴᠠ᠂ ᠪᠦᠬᠦ ᠲᠠᠯᠠᠪᠤᠷ᠂ ᠪᠦᠬᠦ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠬᠤ ᠶᠢ ᠥᠷᠨᠢᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠤᠨ ᠬᠡᠮ ᠰᠣᠭᠤᠭ ᠲᠤ ᠡᠬᠡ ᠲᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠵᠦᠢᠯ ᠳᠠᠷᠠᠭᠠᠯᠠᠨ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠬᠤᠶᠠᠷ︶ ᠰᠠᠯᠠᠭ᠎ᠠ ᠮᠥᠴᠢᠷ ᠠᠴᠠ ᠪᠠᠶᠢᠴᠠᠭᠠᠬᠤ       ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠢᠶᠠᠨ ᠶᠣᠰᠣᠭᠠᠷ᠂ ᠪᠠᠶᠢᠴᠠᠭᠠᠬᠤ ᠲᠥᠰᠦᠯ ᠲᠣᠭᠲᠠᠭᠠᠵᠤ᠂ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠡᠪᠴᠢᠶᠡᠨ ᠳᠤ ᠣᠷᠣᠭᠤᠯᠤᠭᠰᠠᠨ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ ᠪᠦᠬᠦᠨ ᠢ ᠪᠦᠷᠬᠦᠬᠦᠯᠬᠦ ᠪᠠᠶᠢᠴᠠᠭᠠᠯᠲᠠ ᠥᠷᠨᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠴᠠᠷᠠᠭ᠎ᠠ ᠪᠠ ᠭᠤᠣᠯᠳᠠᠯᠭ᠎ᠠ ᠲᠠᠢ ᠲᠠᠯᠠᠪᠤᠷ ᠭᠠᠵᠠᠷ ᠢ ᠲᠣᠪᠤᠶᠢᠯᠭᠠᠨ᠂ ᠬᠦᠨᠳᠦ ᠶᠡᠭᠡ ᠳᠠᠯᠳᠠ ᠭᠡᠮ ᠢ ᠴᠢᠩᠭ᠎ᠠ ᠠᠩᠬᠠᠷᠴᠤ᠂ ᠴᠢᠬᠤᠯᠠ ᠠᠶᠤᠯ ᠲᠦᠭᠰᠢᠭᠦᠷᠢ ᠶᠢ ᠪᠠᠲᠤ ᠠᠵᠢᠭᠯᠠᠵᠤ᠂ ᠬᠠᠤᠯᠢ ᠪᠤᠰᠤ ᠪᠠ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠥᠭᠡᠳ ᠲᠦᠷᠭᠡᠨ ᠰᠢᠳᠬᠡᠵᠦ᠂ ᠲᠤᠰᠬᠠᠢ ᠮᠡᠷᠭᠡᠵᠢᠯᠲᠡᠨ ᠤ ᠬᠦᠴᠦᠨ ᠢ ᠭᠦᠢᠴᠡᠳ ᠪᠠᠳᠠᠷᠠᠭᠤᠯᠤᠨ᠂ ᠬᠦᠨᠳᠦ ᠶᠡᠭᠡ ᠳᠠᠯᠳᠠ ᠭᠡᠮ ᠢ ᠮᠥᠷᠳᠡᠨ ᠰᠢᠮᠳᠠᠭᠤᠯᠤᠨ ᠰᠢᠢᠳᠪᠦᠷᠢᠯᠡᠭᠦᠯᠬᠦ ᠶᠢ ᠳᠣᠪᠤᠶᠢᠯᠭᠠᠵᠤ᠂ ᠠᠵᠤ ᠠᠬᠤᠶᠢᠯᠠᠯ ᠤᠨ ᠢᠯᠡᠷᠡᠭᠦᠯᠦᠭᠰᠡᠨ ᠠᠰᠠᠭᠤᠳᠠᠯ ᠤᠨ ᠳᠠᠯᠳᠠ ᠭᠡᠮ ᠢ ᠦᠨᠡᠨᠬᠦ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃      ︵ᠭᠤᠷᠪᠠ︶ ᠳᠤᠭᠤᠷᠢᠭ ᠤᠨ ᠱᠠᠳᠤᠨ ᠠᠴᠠ ᠭᠤᠣᠯᠳᠠᠯᠭ᠎ᠠ ᠲᠠᠢ ᠰᠤᠭᠤᠴᠢᠨ ᠪᠠᠶᠢᠴᠠᠭᠠᠬᠤ      ᠳᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠠᠴᠠ ᠬᠢᠨᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠲᠤᠰ ᠤᠳᠠᠭᠠᠨ ᠤ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠪᠠᠶᠢᠳᠠᠯ ᠢ ᠰᠤᠭᠤᠴᠢᠨ ᠪᠠᠶᠢᠴᠠᠭᠠᠵᠤ᠂ ᠡᠯ᠎ᠡ ᠰᠠᠯᠠᠭ᠎ᠠ ᠮᠥᠴᠢᠷ ᠤᠨ ᠪᠠᠶᠢᠴᠠᠭᠠᠬᠤ ᠬᠡᠪᠴᠢᠶᠡᠨ ᠳᠠᠬᠢ ᠭᠤᠣᠯᠳᠠᠯᠭ᠎ᠠ ᠲᠠᠢ ᠠᠵᠤ ᠠᠬᠤᠶᠢᠯᠠᠯ ᠢ ᠰᠤᠭᠤᠴᠢᠨ ᠪᠠᠶᠢᠴᠠᠭᠠᠵᠤ᠂ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭ᠎ᠠ ᠠᠵᠤ ᠠᠬᠤᠶᠢᠯᠠᠯ᠂ ᠨᠢᠭᠡᠴᠡ ᠶᠢ ᠣᠯᠵᠤ ᠮᠡᠳᠡᠭᠰᠡᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠳᠤ ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠠᠰᠠᠭᠤᠳᠠᠯ ᠤᠨ ᠨᠠᠷᠢᠨ ᠳᠠᠩᠰᠠ ᠲᠠᠢ ᠬᠠᠷᠭᠤᠭᠤᠯᠤᠨ ᠵᠤᠷᠪᠤᠰ ᠳᠠᠷᠠᠭᠠᠯᠠᠨ ︽ᠡᠷᠭᠢᠵᠦ ᠬᠠᠷᠠᠵᠤ︾᠂ ᠢᠯᠡᠷᠡᠭᠦᠯᠦᠭᠰᠡᠨ ᠠᠰᠠᠭᠤᠳᠠᠯ ᠢ ᠨᠠᠷᠢᠨ ᠪᠠᠶᠢᠴᠠᠭᠠᠭᠰᠠᠨ ᠦᠭᠡᠢ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠤᠭᠰᠠᠨ ᠦᠭᠡᠢ ᠰᠠᠯᠠᠭ᠎ᠠ ᠮᠥᠴᠢᠷ ᠪᠣᠯᠣᠨ ᠨᠢᠭᠡᠴᠡ ᠶᠢ ᠴᠢᠩᠭ᠎ᠠ ᠰᠢᠢᠳᠪᠤᠷᠢᠯᠡᠬᠦ ᠬᠡᠷᠡᠭᠳᠡᠢ᠃      ᠳᠥᠷᠪᠡ᠂ ᠪᠠᠶᠢᠴᠠᠭᠠᠬᠤ ᠠᠭᠤᠯᠭ᠎ᠠ      ︵ᠨᠢᠭᠡ︶ ᠠᠶᠤᠯᠲᠠᠶ ᠬᠢᠮᠢ ᠶᠢᠨ ᠪᠣᠳᠠᠰ ᠢ ᠦᠢᠯᠡᠳᠪᠦᠷᠢᠯᠡᠬᠦ ᠲᠠᠯ᠎ᠠ ᠪᠠᠷ      ᠠᠮᠠᠷᠬᠠᠨ ᠨᠤᠴᠤᠬᠤ ᠠᠮᠠᠷᠬᠠᠨ ᠳᠠᠯᠪᠡᠷᠡᠬᠦ ᠲᠣᠨᠣᠭᠯᠠᠯ᠂ ᠲᠥᠬᠦᠭᠡᠷᠦᠮᠵᠢ᠂ ᠬᠤᠭᠤᠯᠠᠶ ᠱᠤᠭᠤᠮ ᠢ ᠭᠤᠤᠯᠳᠠᠯᠭ᠎ᠠ ᠲᠠᠢ ᠠᠩᠬᠠᠷᠤᠨ᠎ᠠ︔ ︽ᠬᠤᠶᠠᠷ ᠭᠤᠣᠯᠳᠠᠯᠭ᠎ᠠ ᠨᠢᠭᠡ ᠴᠢᠬᠤᠯᠠ︾ ᠳᠤ ᠬᠤᠯᠪᠣᠭᠳᠠᠭᠰᠠᠨ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠵᠦ ᠪᠠᠶᠢᠭ᠎ᠠ ᠪᠠᠶᠢᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠨ᠎ᠠ︔ ᠬᠢᠮᠢ ᠶᠢᠨ ᠠᠵᠤ ᠦᠢᠯᠡᠳᠪᠦᠷᠢ ᠶᠢᠨ ᠲᠣᠨᠣᠭᠯᠠᠯ᠂ ᠲᠥᠬᠦᠭᠡᠷᠦᠮᠵᠢ᠂ ᠠᠮᠤᠷ ᠲᠦᠪᠰᠢᠨ ᠤ ᠲᠥᠬᠦᠭᠡᠷᠦᠮᠵᠢ ᠶᠢ ᠪᠦᠷᠢᠨ ᠲᠡᠭᠦᠯᠳᠡᠷ ᠪᠣᠯᠭᠠᠭᠰᠠᠨ ᠡᠰᠡᠬᠦ ᠵᠢᠴᠢ ᠬᠡᠪ ᠤᠨ ᠠᠵᠢᠯᠯᠠᠭᠠᠨ ᠤ ᠪᠠᠶᠢᠳᠠᠯ ᠢ ᠵᠢᠭᠰᠠᠭᠠᠨ ᠪᠠᠶᠢᠴᠠᠭᠠᠨ᠎ᠠ︔ ᠠᠵᠤ ᠠᠬᠤᠶᠢᠯᠠᠯ ᠤᠨ ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠣᠨᠴᠠᠭᠠᠶ ᠠᠵᠢᠯ ᠤᠨ ᠬᠠᠮᠢᠶᠠᠷᠤᠯᠲᠠ ᠶᠢ ᠬᠡᠷᠡᠭᠵᠢᠭᠦᠯᠦᠭᠰᠡᠨ ᠪᠠᠶᠢᠳᠠᠯ᠂ ᠠᠵᠢᠯ ᠤᠨ ᠬᠢᠨᠠᠨ ᠵᠥᠪᠰᠢᠶᠡᠷᠡᠯ᠂ ᠠᠵᠢᠯᠲᠠᠨ ᠤ ᠠᠵᠢᠯ ᠤᠨ ᠪᠠᠶᠢᠷᠢ ᠳᠤ ᠭᠠᠷᠬᠤ ᠦᠨᠡᠮᠯᠡᠯ ᠲᠠᠢ ᠡᠰᠡᠬᠦ ᠵᠢᠴᠢ ᠡᠯ᠎ᠡ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠲᠣᠭᠲᠠᠭᠠᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠭᠠᠯ ᠶᠣᠰᠣᠭᠠᠷ ᠵᠢᠭᠰᠠᠭᠠᠨ ᠪᠠᠶᠢᠴᠠᠭᠠᠨ᠎ᠠ︔ ᠠᠵᠤ ᠠᠬᠤᠶᠢᠯᠠᠯ ᠤᠨ ᠭᠠᠳᠠᠭᠰᠢ ᠳᠠᠭᠠᠭᠠᠴᠢᠯᠠᠭᠤᠯᠤᠭᠰᠠᠨ ᠨᠢᠭᠡᠴᠡ ᠶᠢ ᠲᠤᠰ ᠨᠢᠭᠡᠴᠡ ᠳᠤ ᠣᠷᠣᠭᠤᠯᠤᠨ ᠨᠢᠭᠡᠳᠦᠯᠲᠡᠶ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ᠂  ᠭᠠᠳᠠᠭᠰᠢ ᠳᠠᠭᠠᠭᠠᠴᠢᠯᠠᠭᠤᠯᠤᠭᠰᠠᠨ ᠨᠢᠭᠡᠴᠡ ᠶᠢᠨ ᠠᠵᠢᠯ ᠤᠨ ᠵᠣᠬᠢᠶᠠᠨ ᠪᠠᠶᠢᠭᠤᠯᠤᠯᠲᠠ᠂ ᠵᠢᠯᠣᠭᠤᠳᠤᠯᠭ᠎ᠠ᠂ ᠬᠠᠮᠢᠶᠠᠷᠤᠯᠲᠠ ᠪᠠ ᠠᠮᠤᠷ ᠲᠦᠪᠰᠢᠨ ᠤ ᠬᠥᠮᠦᠵᠢᠯ ᠪᠣᠯᠪᠠᠰᠤᠷᠠᠭᠤᠯᠤᠯ᠂ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ᠂ ᠠᠵᠢᠯ ᠤᠨ ᠬᠠᠮᠢᠶᠠᠷᠤᠯᠲᠠ ᠵᠡᠷᠭᠡ ᠪᠠᠶᠢᠳᠠᠯ ᠢ ᠵᠢᠭᠰᠠᠭᠠᠨ ᠪᠠᠶᠢᠴᠠᠭᠠᠨ᠎ᠠ︔ ︽ᠬᠤᠶᠠᠷ ᠬᠤᠷᠠᠯ︾ ᠤᠨ ᠬᠤᠭᠤᠴᠠᠭᠠᠨ ᠳᠠᠬᠢ ᠪᠠᠴᠢᠮ ᠪᠠᠶᠢᠳᠠᠯ ᠢ ᠰᠢᠢᠳᠪᠤᠷᠢᠯᠡᠬᠦ ᠡᠯ᠎ᠡ ᠲᠦᠷᠦᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠠᠠᠰᠠᠭᠠᠨ ᠪᠠᠶᠢᠴᠠᠭᠠᠵᠤ᠂ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ ᠤ ᠮᠦᠷ ᠲᠦᠪᠰᠢᠨ ᠤ ᠬᠠᠷᠢᠭᠤᠴᠠᠯᠭᠠᠳᠠᠨ ᠤ ᠠᠵᠢᠯ ᠤᠨ ᠪᠠᠶᠢᠷᠢᠨ ᠳᠤ ᠪᠠᠨ ᠪᠠᠶᠢᠭ᠎ᠠ ᠪᠠᠶᠢᠳᠠᠯ᠂ ᠪᠠᠴᠢᠮ ᠪᠠᠶᠢᠳᠠᠯ ᠤᠨ ᠠᠪᠤᠷᠠᠨ ᠳᠤᠰᠠᠯᠠᠬᠤ ᠪᠠᠭᠠᠵᠢ ᠬᠡᠷᠡᠭᠰᠡᠯ ᠡᠳ᠋ ᠪᠣᠳᠠᠰ ᠤᠨ ᠳᠤᠬᠢᠷᠠᠭᠤᠯᠭ᠎ᠠ᠂ ᠪᠠᠴᠢᠮ ᠪᠠᠶᠢᠳᠠᠯ ᠤᠨ ᠪᠡᠯᠡᠳᠬᠡᠯ ᠲᠦᠰᠦᠯ ᠢ ᠳᠤᠭᠤᠷᠪᠢᠨ ᠵᠠᠰᠠᠵᠤ᠂ ᠪᠤᠯᠪᠠᠰᠤᠷᠠᠯ ᠰᠤᠷᠢᠯᠳᠠ ᠬᠢᠭᠰᠡᠨ ᠪᠠᠶᠢᠳᠠᠯ᠂ ᠵᠠᠰᠠᠭ ᠤᠨ ᠣᠷᠳᠣᠨ᠂ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠠᠵᠤ ᠠᠬᠤᠶᠢᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠬᠡᠨ ᠤ ᠪᠣᠯᠪᠠᠰᠤᠷᠠᠯ ᠵᠢᠴᠢ ᠪᠡᠯᠡᠳᠬᠡᠯ ᠵᠢᠵᠢᠭᠦᠷ ᠤᠨ ᠪᠠᠶᠢᠳᠠᠯ 24 ᠴᠠᠭ ᠢᠶᠠᠷ ᠵᠢᠵᠢᠬᠦᠷᠯᠡᠨ ᠰᠠᠬᠢᠵᠤ ᠪᠠᠶᠢᠭ᠎ᠠ ᠪᠠᠶᠢᠳᠠᠯ ᠢ ᠵᠢᠭᠰᠠᠭᠠᠨᠪᠠᠶᠢᠴᠠᠭᠠᠨ᠎ᠠ᠃ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠬᠤᠭᠤᠴᠠᠭᠠᠨ ᠳᠤ᠂ ᠵᠠᠷᠴᠢᠮ ᠳᠡᠭᠡᠷ᠎ᠡ ᠪᠠᠨ ᠠᠵᠤ ᠠᠬᠤᠶᠢᠯᠠᠯ ᠪᠠᠶᠢᠴᠠᠭᠠᠨ ᠰᠡᠯᠪᠢᠨ ᠵᠠᠰᠠᠬᠤ᠂ ᠲᠡᠷᠭᠡ ᠬᠦᠳᠡᠯᠬᠡᠨ ᠵᠣᠭᠰᠣᠭᠠᠬᠤ᠂ ᠲᠤᠷᠰᠢᠨ ᠦᠢᠯᠡᠳᠪᠦᠷᠢᠯᠡᠬᠦ ᠪᠠ ᠭᠠᠯ ᠬᠥᠳᠡᠯᠭᠡᠬᠦ ᠵᠡᠷᠭᠡ ᠣᠨᠴᠣᠭᠤᠶ ᠠᠵᠢᠯ ᠢ ᠬᠢᠬᠦ ᠦᠭᠡᠶ᠂ ᠦᠨᠡᠨᠬᠦ ᠬᠢᠬᠦ ᠴᠢᠬᠤᠯᠠ ᠲᠠᠢ ᠪᠣᠯ ᠡᠷᠬᠡᠪᠰᠢ ᠳᠡᠬᠡᠳᠤ ᠱᠠᠳᠤᠨ ᠤ ᠬᠠᠮᠢᠶᠠᠷᠴᠤ ᠪᠠᠶᠢᠭ᠎ᠠ ᠨᠢᠬᠡᠴᠡ ᠳᠤ ᠮᠡᠳᠡᠬᠦᠯᠬᠦ ᠶᠢᠨ ᠬᠠᠮᠲᠤ ᠬᠠᠷᠢᠶ᠎ᠠ ᠭᠠᠵᠠᠷ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ ᠰᠠᠶ᠋ᠢ ᠬᠡᠷᠡᠭᠵᠢᠭᠦᠯᠵᠦ ᠪᠣᠯᠤᠨ᠎ᠠ᠃ ︵ᠬᠠᠷᠢᠭᠤᠴᠠᠯᠭᠠᠲᠤ ᠰᠠᠯᠠᠭ᠎ᠠ ᠮᠥᠴᠢᠷ᠄ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶    ︵ᠬᠤᠶᠠᠷ︶ ᠠᠶᠤᠯᠲᠠᠢ ᠬᠢᠮᠢ ᠶᠢᠨ ᠪᠣᠳᠠᠰ ᠢ ᠡᠵᠡᠩᠨᠡᠬᠦ᠂ ᠬᠠᠳᠠᠭᠠᠯᠠᠬᠤ ᠲᠠᠯ᠎ᠠ ᠪᠠᠷ    ᠬᠥᠮᠦᠨ ᠬᠠᠷ᠎ᠠ ᠲᠥᠪᠯᠡᠷᠡᠭᠰᠡᠨ ᠣᠷᠣᠨ ᠪᠦᠰᠡ ᠳᠤ ᠠᠶᠤᠯᠲᠠᠶ ᠬᠢᠮᠢ ᠶᠢᠨ ᠪᠣᠳᠠᠰ ᠡᠵᠡᠩᠨᠡᠵᠤ ᠪᠠᠶᠢᠭ᠎ᠠ ᠠᠵᠤ ᠠᠬᠤᠶᠢᠯᠠᠯ ᠤᠨ ᠠᠮᠤᠷ ᠲᠦᠪᠰᠢᠨ ᠤ ᠨᠥᠬᠦᠴᠡᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠵᠤ᠂ ᠦᠨᠡᠮᠯᠡᠯ ᠦᠭᠡᠢ ᠪᠠᠷ ᠡᠵᠡᠩᠨᠡᠬᠦ᠂ ᠬᠡᠪᠴᠢᠶ᠎ᠡ ᠠᠴᠠ ᠬᠡᠲᠦᠷᠡᠭᠦᠯᠦᠨ ᠡᠵᠡᠩᠨᠡᠬᠦ ᠵᠡᠷᠭᠡ ᠬᠠᠤᠯᠢ ᠪᠤᠰᠤ ᠦᠢᠯᠡ ᠠᠵᠢᠯᠯᠠᠭ᠎ᠠ ᠵᠢᠴᠢ ᠠᠶᠤᠯᠲᠠᠶ ᠬᠢᠮᠢ ᠶᠢᠨ ᠪᠣᠳᠠᠰ ᠤᠨ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠪᠠ ᠲᠣᠰᠣ ᠬᠡᠢ ᠬᠠᠳᠠᠭᠠᠯᠠᠬᠤ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠡᠯ᠎ᠡ ᠲᠥᠷᠥᠯ ᠤᠨ ᠠᠰᠠᠭᠤᠳᠠᠯ ᠤᠨ ᠳᠠᠯᠳᠠ ᠭᠡᠮ ᠳᠤ ᠴᠢᠩᠭ᠎ᠠ ᠴᠣᠬᠢᠯᠲᠠ ᠥᠭᠴᠦ᠂ ᠬᠦᠨᠳᠦ ᠨᠣᠴᠢᠲᠠᠢ ᠠᠶᠤᠯ ᠤᠨ ᠡᠬᠢ ᠰᠤᠷᠪᠤᠯᠵᠢ ᠶᠢ ᠳᠠᠭᠠᠭᠠᠴᠢᠯᠠᠨ ᠡᠵᠡᠩᠨᠡᠭᠰᠡᠳ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠢ᠂ ᠬᠠᠳᠠᠭᠠᠯᠠᠬᠤ ᠲᠥᠬᠦᠭᠡᠷᠦᠮᠵᠢ ᠶᠢᠨ ᠠᠮᠤᠷ ᠲᠦᠪᠰᠢᠨ ᠤ ᠨᠥᠬᠦᠴᠡᠯ ᠨᠢ ᠬᠢᠷᠢ ᠳᠡᠩᠴᠡᠬᠦ ᠦᠭᠡᠢ᠂ ᠠᠶᠤᠯ ᠲᠠᠢ ᠬᠢᠮᠢ ᠶᠢᠨ ᠪᠣᠳᠠᠰ ᠤᠨ ᠬᠠᠳᠠᠭᠠᠯᠠᠯᠳᠠ ᠨᠢ ᠵᠢᠷᠤᠮᠵᠢᠯ ᠦᠭᠡᠢ᠂ ᠬᠡᠮᠵᠢᠶ᠎ᠡ ᠠᠴᠠ ᠬᠡᠲᠦᠷᠡᠭᠦᠯᠦᠨ ᠬᠠᠳᠠᠭᠠᠯᠠᠭᠰᠠᠨ᠂ ᠲᠦᠷᠦᠯ ᠵᠦᠢᠯ ᠠᠴᠠ ᠬᠡᠲᠦᠷᠡᠭᠦᠯᠦᠨ ᠬᠠᠳᠠᠭᠠᠯᠠᠭᠰᠠᠨ᠂ ᠬᠥᠮᠥᠷᠭᠡ ᠳᠤ ᠤᠷᠤᠭᠤᠯᠵᠤ ᠭᠠᠷᠭᠠᠬᠤ ᠬᠠᠮᠢᠶᠠᠷᠤᠯᠲᠠ ᠨᠢ ᠡᠮᠬᠢ ᠵᠢᠷᠦᠮ ᠦᠭᠡᠢ ᠵᠡᠷᠭᠡ ᠠᠰᠠᠭᠤᠳᠠᠯ ᠢ ᠴᠡᠭᠴᠡᠯᠡᠨ  ᠵᠠᠰᠠᠭᠤᠯᠤᠨ᠎ᠠ᠃ ︵ᠬᠠᠷᠢᠭᠤᠴᠠᠯᠭᠠᠲᠤ ᠨᠢᠭᠡᠴᠡ᠄  ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶     ︵ᠭᠤᠷᠪᠠ︶ ᠠᠶᠤᠯᠲᠠᠢ ᠬᠢᠮᠢ ᠶᠢᠨ ᠪᠣᠳᠠᠰ ᠤᠨ ᠵᠠᠮ ᠬᠠᠷᠢᠯᠴᠠᠭᠠᠨ ᠤ ᠲᠡᠭᠡᠭᠡᠪᠦᠷᠢ ᠶᠢᠨ ᠲᠠᠯ᠎ᠠ ᠪᠠᠷ    ᠲᠡᠷᠭᠡ ᠬᠥᠰᠬᠡ ᠵᠢᠴᠢ ᠵᠢᠯᠣᠭᠤᠴᠢ ᠶᠢᠨ ᠲᠡᠷᠭᠡ ᠵᠢᠯᠤᠭᠤᠳᠬᠤ ᠦᠨᠡᠮᠯᠡᠯ᠂ ᠵᠢᠯᠣᠭᠤᠴᠢ ᠶᠢᠨ ᠦᠨᠡᠮᠯᠡᠯ ᠨᠢ ᠬᠤᠭᠤᠴᠠᠭ᠎ᠠ ᠬᠡᠳᠤᠷᠡᠵᠤ ᠰᠢᠯᠭᠠᠨ ᠪᠠᠶᠢᠴᠠᠭᠠᠯᠭᠠᠭᠰᠠᠨ ᠥᠬᠡᠶ᠂ ᠬᠢᠨᠠᠨ ᠰᠢᠯᠭᠠᠭᠤᠯᠤᠭᠰᠠᠨ ᠥᠬᠡᠶ ᠵᠡᠷᠭᠡ ᠪᠠᠶᠢᠳᠠᠯ ᠣᠷᠣᠰᠢᠵᠤ ᠪᠠᠶᠢᠬᠤ ᠡᠰᠡᠬᠦ ᠶᠢ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠨ᠎ᠠ︔ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡᠨ ᠤ ᠵᠢᠯᠣᠭᠤᠴᠢ ᠶᠢᠨ ᠬᠤᠷᠳᠤᠴᠠ ᠬᠡᠳᠦᠷᠡᠭᠰᠡᠨ᠂ ᠶᠠᠳᠠᠷᠠᠭ᠎ᠠ ᠲᠠᠢ ᠪᠠᠷ ᠲᠡᠷᠭᠡ ᠵᠢᠯᠣᠭᠤᠳᠤᠭᠰᠠᠨ᠂ ᠲᠣᠭᠲᠠᠭᠠᠯ ᠶᠣᠰᠣᠭᠠᠷ ᠲᠡᠷᠭᠡ ᠵᠤᠭᠰᠤᠭᠰᠠᠨ ᠦᠭᠡᠶ᠂ ᠳᠤᠭᠳᠠᠭᠠᠯ ᠢᠶᠠᠷ ᠶᠠᠪᠤᠭᠰᠠᠨ ᠦᠬᠡᠢ ᠶᠠᠪᠤᠬᠤ ᠶᠢ ᠴᠠᠭᠠᠵᠠᠯᠠᠬᠤ ᠲᠣᠭᠲᠠᠭᠠᠯ ᠠᠴᠠ ᠵᠥᠷᠢᠴᠡᠭᠰᠡᠨ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠪᠠᠶᠢᠴᠠᠭᠠᠨ᠎ᠠ︔ ᠠᠶᠤᠯᠲᠠᠢ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠲᠡᠷᠭᠡ ᠬᠥᠰᠬᠡ ᠳᠤ ᠡᠯᠭᠦᠭᠰᠡᠨ ᠰᠡᠷᠡᠮᠵᠢ ᠶᠢᠨ ᠲᠡᠮᠳᠡᠭ ᠲᠠᠭᠠᠷᠠᠭᠤᠯᠤᠭᠰᠠᠨ ᠡᠰᠡᠬᠦ᠂ ᠲᠡᠷᠭᠡᠨ ᠤ ᠪᠡᠶ᠎ᠡ ᠶᠢᠨ ᠬᠡᠷᠡᠯ ᠤᠨ ᠣᠶᠢᠯᠲᠠ ᠶᠢᠨ ᠲᠡᠮᠳᠡᠭ ᠨᠢ ᠪᠦᠷᠢᠨ ᠪᠦᠲᠦᠨ ᠪᠠᠶᠢᠬᠤ ᠡᠰᠡᠬᠦ᠂ ᠬᠠᠯᠬᠠᠪᠴᠢ ᠦᠭᠡᠢ ᠪᠠᠶᠢᠬᠤ ᠡᠰᠡᠬᠦ ᠶᠢ ᠪᠠᠶᠢᠴᠠᠭᠠᠨ ᠦᠵᠡᠬᠦ ᠬᠡᠷᠡᠭᠲᠡᠢ︔ ᠲᠡᠷᠭᠡ ᠶᠠᠪᠤᠭᠤᠯᠬᠤ ᠦᠨᠡᠮᠯᠡᠯ ᠲᠠᠢ ᠬᠠᠷᠢᠴᠠᠭᠤᠯᠵᠤ ᠪᠠᠶᠢᠭᠠᠳ ᠲᠡᠷᠭᠡ ᠬᠥᠰᠬᠡ ᠶᠢ ᠥᠭᠡᠷᠡᠴᠢᠯᠡᠨ ᠲᠣᠨᠣᠭᠯᠠᠭᠰᠠᠨ ᠡᠰᠡᠬᠦ᠂ ᠠᠴᠢᠶᠠᠨ ᠤ ᠬᠦᠨᠳᠦ ᠬᠡᠲᠦᠷᠡᠭᠰᠡᠨ ᠡᠰᠡᠬᠦ ᠶᠢ ᠬᠠᠷᠭᠤᠭᠤᠯᠤᠨ ᠪᠠᠶᠢᠴᠠᠭᠠᠨ᠎ᠠ︔ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠬᠥᠳᠡᠯᠦᠩᠭᠦᠶ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢᠶᠠᠷ ᠳᠠᠮᠵᠢᠭᠤᠯᠤᠨ᠂ ᠲᠡᠭᠡᠭᠡᠪᠦᠷᠢ ᠶᠢᠨ ᠲᠡᠷᠭᠡ ᠬᠥᠰᠬᠡ ᠶᠢᠨ ᠲᠣᠭᠲᠠᠭᠰᠠᠨ ᠴᠠᠭ ᠪᠠ ᠵᠠᠮ ᠱᠤᠭᠤᠮ ᠢᠶᠠᠷ ᠶᠠᠪᠤᠵᠤ ᠪᠠᠶᠢᠬᠤ ᠡᠰᠡᠬᠦ ᠶᠢ ᠭᠤᠤᠯᠳᠠᠯᠭ᠎ᠠ ᠲᠠᠢ ᠰᠤᠭᠤᠴᠢᠨ ᠪᠠᠶᠢᠴᠠᠭᠠᠨ᠎ᠠ︔ ᠵᠠᠮ ᠳᠡᠬᠡᠬᠡᠪᠤᠷᠢ ᠶᠢᠨ ᠠᠵᠢᠯ ᠲᠦᠷᠦᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠡᠬᠦᠷᠬᠡ ᠬᠠᠷᠢᠭᠤᠴᠠᠯᠭ᠎ᠠ  ᠪᠠᠨ ᠬᠦᠢᠴᠡᠳᠬᠡᠵᠤ ᠪᠠᠶᠢᠭ᠎ᠠ ᠪᠠᠶᠢᠳᠠᠯ ᠠᠶᠤᠯᠲᠠᠶ ᠬᠢᠮᠢ ᠶᠢᠨ ᠪᠣᠳᠠᠰ ᠤᠨ ᠲᠡᠭᠡᠭᠡᠪᠦᠷᠢ ᠶᠢᠨ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠡᠰᠡᠬᠦ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠦᠭᠰᠡᠨ ᠡᠰᠡᠬᠦ ᠶᠢ ᠭᠤᠤᠯᠳᠠᠯᠭ᠎ᠠ ᠲᠠᠢ ᠵᠢᠠᠠᠰᠠᠭᠠᠨ ᠪᠠᠶᠢᠴᠠᠭᠠᠨ᠎ᠠ︔ ᠠᠶᠤᠯᠲᠠᠶ ᠪᠠᠷᠠᠭ᠎ᠠ ᠶᠢᠨ ᠵᠠᠮ ᠲᠡᠭᠡᠭᠡᠪᠦᠷᠢ ᠶᠢᠨ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠠᠶᠤᠯᠬᠦᠢ ᠦᠢᠯᠡᠳᠪᠦᠷᠢᠯᠡᠯ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠡᠰᠡᠬᠦ᠂ ᠠᠶᠤᠯ ᠲᠦᠭᠰᠢᠬᠦᠷᠢ ᠳᠠᠯᠳᠠ ᠬᠡᠮ ᠠᠳᠡᠯ ᠢ ᠵᠢᠠᠠᠰᠠᠭᠠᠨ ᠪᠠᠶᠢᠴᠠᠭᠠᠬᠤ ᠪᠠ ᠦᠨᠡᠨᠬᠦ ᠬᠡᠷᠡᠭᠵᠢᠬᠦᠯᠵᠤ ᠪᠤᠯᠬᠤᠶᠢᠴᠠ ᠠᠮᠤᠷ ᠲᠦᠪᠰᠢᠨ ᠤ ᠬᠦᠮᠦᠵᠢᠯ ᠤᠨ ᠪᠤᠯᠪᠠᠰᠤᠷᠠᠭᠤᠯᠤᠯ ᠤᠨ ᠲᠦᠯᠦᠪᠯᠡᠭᠡ ᠳᠤᠭᠳᠠᠭᠠᠭᠰᠠᠨ ᠡᠰᠡᠬᠦ᠂ ᠳᠤᠭᠳᠠᠭᠠᠬᠤ ᠶᠢᠨ ᠬᠠᠮᠳᠤ ᠵᠤᠬᠢᠶᠠᠨ ᠪᠠᠶᠢᠭᠤᠯᠵᠤ ᠬᠡᠷᠡᠭᠵᠢᠬᠦᠯᠦᠭᠰᠡᠨ ᠪᠠᠶᠢᠳᠠᠯ ᠢ ᠵᠢᠭᠰᠠᠭᠠᠨ ᠪᠠᠶᠢᠴᠠᠭᠠᠨ᠎ᠠ ︔  ᠡᠯᠧᠲᠷᠤᠨ ᠲᠡᠭᠡᠭᠡᠪᠦᠷᠢ ᠶᠢᠨ ᠬᠠᠭᠤᠳᠠᠰᠤ ᠶᠢ ᠱᠠᠭᠠᠷᠳᠠᠯᠭ᠎ᠠ ᠶᠣᠰᠣᠭᠠᠷ ᠦᠨᠡᠨ ᠪᠣᠳᠠᠲᠠᠶ ᠪᠠᠷ ᠲᠠᠭᠯᠠᠨ ᠪᠢᠴᠢᠭᠰᠡᠨ ᠡᠰᠡᠬᠦ᠃ ︵ᠬᠠᠷᠢᠭᠤᠴᠠᠯᠭᠠᠲᠤ ᠨᠢᠭᠡᠴᠡ᠄ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠳ᠋ᠦᠩᠱᠧᠩ ᠤᠨ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠤᠨ ᠬᠤᠶᠠᠳᠤᠭᠠᠷ ᠶᠡᠭᠡ ᠠᠩᠭᠢ᠂ ᠳ᠋ᠦᠩᠱᠧᠩ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶      ︵ᠲᠦᠷᠪᠡ︶ ᠠᠶᠤᠯᠲᠠᠢ ᠬᠢᠮᠢ ᠶᠢᠨ ᠪᠣᠳᠠᠰ ᠢ ᠬᠡᠷᠡᠭᠯᠡᠬᠦ ᠲᠠᠯ᠎ᠠ ᠪᠠᠷ      ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠳᠣᠲᠣᠷ᠎ᠠ ᠠᠶᠤᠯᠲᠠᠢ ᠬᠢᠮᠢ ᠶᠢᠨ ᠪᠣᠳᠠᠰ ᠢ ᠬᠡᠷᠡᠭᠯᠡᠬᠦ ᠨᠢᠭᠡᠴᠡ ᠶᠢ ᠭᠤᠣᠯᠳᠠᠯᠭ᠎ᠠ ᠲᠠᠢ ᠪᠠᠶᠢᠴᠠᠭᠠᠵᠤ᠂ ᠠᠶᠤᠯᠲᠠᠢ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠂ ᠠᠮᠤᠷ ᠲᠦᠪᠰᠢᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ᠂ ᠠᠶᠤᠯᠲᠠᠢ ᠬᠢᠮᠢ ᠶᠢᠨ ᠪᠣᠳᠠᠰ ᠢ ᠬᠠᠳᠠᠭᠠᠯᠠᠭᠰᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠨ᠎ᠠ︔ ᠢᠳᠡᠭᠡᠨ ᠤᠮᠳᠠᠭᠠᠨ ᠤ ᠠᠵᠢᠯ ᠲᠦᠷᠦᠯ ᠵᠢᠴᠢ ᠬᠤᠭᠤᠯᠠᠨ ᠭᠡᠷ ᠤᠨ ᠠᠯᠺᠣᠤᠯ ᠲᠦᠯᠡᠰᠢ᠂ ᠴᠠᠶᠢᠶ᠋ᠢᠦ ᠵᠡᠷᠭᠡ ᠲᠦᠯᠡᠰᠢ ᠶᠢ ᠬᠡᠷᠡᠭᠯᠡᠬᠦ ᠲᠠᠯᠠᠪᠤᠷ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠳᠠᠯ ᠢ ᠵᠢᠭᠰᠠᠭᠠᠨ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶᠃     ︵ᠲᠠᠪᠤ︶ ᠠᠶᠤᠯᠲᠠᠢ ᠬᠢᠮᠢ ᠶᠢᠨ ᠪᠣᠳᠠᠰ ᠤᠨ ᠬᠠᠶᠠᠭᠳᠠᠯ ᠢ ᠰᠢᠢᠳᠪᠦᠷᠢᠯᠡᠬᠦ ᠲᠠᠯ᠎ᠠ ᠪᠠᠷ    ᠥᠪᠡᠷᠲᠡᠭᠡᠨ ᠵᠠᠰᠠᠬᠤ ᠣᠷᠣᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠰᠢᠰᠲ᠋ᠧᠮ ᠢᠶᠠᠷ ᠠᠶᠤᠯᠲᠠᠶ ᠬᠢᠮᠢ ᠶᠢᠨ ᠪᠣᠳᠠᠰ ᠢ ᠬᠠᠶᠠᠬᠤ ᠶᠢ ᠭᠤᠶᠤᠴᠢᠯᠠᠨ ᠮᠡᠳᠡᠭᠦᠯᠦᠭᠰᠡᠨ ᠨᠢᠬᠡᠴᠡ ᠪᠠ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠠᠰᠢᠭᠯᠠᠨ ᠰᠢᠢᠳᠪᠦᠷᠢᠯᠡᠭᠰᠡᠨ ᠨᠢᠬᠡᠴᠡ ᠶᠢ ᠭᠤᠤᠯᠳᠠᠯᠭ᠎ᠠ ᠲᠠᠢ ᠪᠠᠶᠢᠴᠠᠭᠠᠵᠤ ᠳᠡᠭᠡᠷ᠎ᠡ ᠳᠤᠷᠠᠳᠤᠭᠰᠠᠨ ᠨᠢᠬᠡᠴᠡ ᠶᠢᠨ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠤᠨ ᠬᠠᠮᠢᠶᠠᠷᠤᠯᠲᠠ ᠶᠢᠨ ᠲᠥᠯᠥᠪᠯᠡᠭᠡ ᠶᠢ ᠲᠣᠭᠲᠠᠭᠠᠭᠰᠠᠨ ᠵᠢᠴᠢ ᠳᠠᠩᠰᠠᠯᠠᠭᠤᠯᠬᠤ᠂ ᠬᠠᠮᠢᠶᠠᠷᠤᠯᠲᠠ ᠶᠢᠨ ᠡᠬᠡ ᠲᠠᠩᠰᠠ ᠪᠠᠶᠢᠭᠤᠯᠬᠤ ᠵᠢᠴᠢ ᠮᠡᠳᠡᠭᠦᠯᠬᠦ᠂ ᠰᠢᠯᠵᠢᠭᠦᠯᠬᠦ ᠬᠠᠭᠤᠳᠠᠰᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠵᠢᠴᠢ ᠰᠣᠷᠢᠯᠲᠠ ᠬᠢᠬᠦ ᠵᠡᠷᠭᠡ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠠᠠᠰᠠᠭᠠᠨ ᠪᠠᠶᠢᠴᠠᠭᠠᠵᠤ᠂ ᠬᠠᠶᠠᠭᠳᠠᠮᠠᠯ ᠠᠶᠤᠯᠲᠠᠶ ᠬᠢᠮᠢ ᠶᠢᠨ ᠪᠣᠳᠠᠰ ᠢ ᠬᠠᠳᠠᠭᠠᠯᠠᠬᠤ᠂ ᠠᠰᠢᠭᠯᠠᠬᠤ᠂ ᠰᠢᠢᠳᠪᠦᠷᠢᠯᠡᠬᠦ ᠲᠤᠬᠠᠶ ᠶᠢᠨ ᠲᠠᠯᠠᠪᠤᠷ ᠤᠨ ᠵᠢᠷᠤᠮᠵᠢᠭᠰᠠᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠪᠠᠶᠢᠳᠠᠯ ᠢ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠲᠣᠭᠤᠷᠢᠭ ᠤᠨ ᠠᠮᠢ ᠠᠬᠤᠶ ᠶᠢᠨ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ︶    ︵ᠵᠢᠷᠭᠤᠭ᠎ᠠ︶ ᠴᠢᠯᠠᠭᠤᠨ ᠲᠣᠰᠣ ᠪᠠᠶᠢᠭᠠᠯᠢ ᠶᠢᠨ ᠰᠢᠲᠠᠮᠠᠬᠠᠶ ᠬᠡᠢ ᠶᠢ ᠨᠡᠭᠡᠭᠡᠨ ᠮᠠᠯᠲᠠᠬᠤ ᠲᠠᠯ᠎ᠠ ᠪᠠᠷ    ᠭᠤᠤᠯᠳᠠᠯᠭ᠎ᠠ ᠲᠠᠢ ᠬᠤᠳᠳᠤᠭ ᠲᠠᠯᠠᠪᠤᠷ ᠥᠷᠲᠡᠭᠡ ᠶᠢᠨ ᠠᠮᠤᠷ ᠲᠦᠪᠰᠢᠨ ᠤ ᠲᠦᠭᠰᠢᠭᠦᠷᠢ ᠶᠢ ᠴᠡᠭᠴᠡᠯᠡᠨ ᠵᠠᠰᠠᠵᠤ ᠳᠡᠭᠡᠭᠰᠢᠯᠡᠭᠦᠯᠦᠭᠰᠡᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠬᠢᠨᠠᠨ ᠬᠡᠮᠵᠢᠵᠦ ᠲᠦᠭᠰᠢᠭᠦᠷᠢ ᠮᠡᠳᠡᠭᠦᠯᠬᠦ ᠰᠢᠰᠲ᠋ᠧᠮ ᠤᠨ ᠪᠠᠶᠢᠭᠤᠯᠤᠯᠲᠠ ᠬᠡᠷᠡᠭᠯᠡᠯᠲᠡ᠂ ᠬᠠᠶᠠᠭᠳᠠᠮᠠᠯ ᠬᠤᠳᠳᠤᠭ ᠢ ᠪᠢᠲᠡᠭᠦᠮᠵᠢᠯᠡᠬᠦ᠂ ᠬᠤᠣᠷᠳᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠢ ᠪᠠᠶᠢᠴᠠᠭᠠᠨ᠎ᠠ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶    ︵ᠳᠤᠯᠤᠭ᠎ᠠ︶ ᠬᠤᠸᠠᠷ ᠫᠤᠤᠵᠢᠩ ᠤᠨ ᠲᠠᠯ᠎ᠠ ᠪᠠᠷ    ᠠᠵᠤ ᠠᠬᠤᠶᠢᠯᠠᠯ ᠤᠨ ᠦᠢᠯᠡᠳᠬᠦᠨ ᠤ ᠭᠦᠢᠯᠭᠡᠭᠡᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠢᠭᠰᠠᠭᠠᠨ ᠪᠠᠶᠢᠴᠠᠭᠠᠵᠤ᠂ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠬᠥᠮᠥᠷᠭᠡ ᠶᠢᠨ ᠠᠮᠤᠷ ᠲᠦᠪᠰᠢᠨ ᠤ ᠬᠠᠮᠢᠶᠠᠷᠤᠯᠲᠠ ᠵᠢᠴᠢ ᠴᠠᠭᠠᠨ ᠰᠠᠷ᠎ᠠ ᠶᠢᠨ ᠳᠠᠷᠠᠭᠠᠬᠢ ᠬᠤᠸᠠᠷ ᠫᠤᠤᠵᠢᠩ ᠢ ᠬᠤᠷᠢᠶᠠᠨ ᠠᠪᠴᠤ ᠬᠥᠮᠥᠷᠭᠡ ᠳᠤ ᠪᠤᠴᠠᠭᠠᠬᠤ ᠠᠵᠢᠯ ᠢ ᠪᠠᠶᠢᠴᠠᠭᠠᠵᠤ᠂ ᠡᠵᠡᠩᠨᠡᠯᠲᠡ ᠶᠢᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠤᠷᠢᠯᠡᠨ᠎ᠡ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶    ︵ᠨᠠᠢᠮᠠ︶ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠲᠠᠯ᠎ᠠ ᠪᠠᠷ    ᠠᠵᠤ ᠠᠬᠤᠶᠢᠯᠠᠯ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠪᠠᠶᠢᠭᠤᠯᠤᠭᠰᠠᠨ ᠪᠠ ᠪᠦᠲᠦᠮᠵᠢᠲᠡᠶ ᠠᠵᠢᠯᠯᠠᠭᠤᠯᠤᠭᠰᠠᠨ ᠡᠰᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯᠲᠠᠨ ᠲᠣᠬᠢᠷᠠᠭᠤᠯᠤᠭᠰᠠᠨ ᠪᠠ ᠠᠵᠢᠯ ᠤᠨ ᠪᠠᠶᠢᠷᠢ ᠳᠤ ᠭᠠᠷᠴᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠵᠢᠭᠰᠠᠭᠠᠨ  ᠪᠠᠶᠢᠴᠠᠭᠠᠨ᠎ᠠ︔ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ︔ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠳᠠᠩᠰᠠᠯᠠᠯᠳᠠ ᠶᠢᠨ ᠦᠨᠡᠮᠯᠡᠯ ᠢ ᠬᠦᠢᠴᠡᠳᠬᠡᠭᠰᠡᠨ ᠡᠰᠡᠬᠦ᠂ ᠠᠵᠢᠯᠯᠠᠵᠤ ᠪᠠᠶᠢᠭ᠎ᠠ ᠬᠥᠮᠦᠰ ᠠᠵᠢᠯ ᠤᠨ ᠪᠠᠶᠢᠷᠢ ᠳᠤ ᠭᠠᠷᠬᠤ ᠦᠨᠡᠮᠯᠡᠯ ᠲᠠᠢ ᠡᠰᠡᠬᠦ︔ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠶᠢᠴᠠᠭᠠᠯᠳᠠ ᠶᠢ ᠬᠤᠭᠤᠴᠠᠭ᠎ᠠ ᠬᠡᠳᠤᠷᠡᠬᠦᠯᠦᠭᠰᠡᠨ ᠡᠰᠡᠬᠦ︔ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠶ ᠪᠡᠯᠡᠳᠬᠡᠯ ᠲᠥᠰᠦᠯ ᠢ ᠳᠤᠭᠳᠠᠭᠠᠭᠰᠠᠨ ᠪᠠ ᠲᠣᠭᠲᠠᠮᠠᠯ ᠬᠤᠭᠤᠴᠠᠭ᠎ᠠ ᠲᠠᠢ ᠪᠠᠷ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠭᠰᠡᠨ ᠡᠰᠡᠬᠦ᠃ ︵ᠬᠠᠷᠢᠭᠤᠴᠠᠯᠭᠠᠲᠤ ᠨᠢᠭᠡᠴᠡ᠄ ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠳᠤᠭᠤᠷᠢᠭ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶᠃      ᠲᠠᠪᠤ᠂ ᠠᠵᠢᠯ ᠤᠨ ᠱᠠᠭᠠᠷᠳᠠᠯᠭ᠎ᠠ      ︵ᠨᠢᠭᠡ︶ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠬᠦ    ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠣᠳᠣᠬᠠᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠤᠨ ᠬᠦᠨᠳᠦ ᠬᠡᠴᠡᠭᠦᠦ ᠴᠢᠨᠠᠷ᠂ ᠪᠤᠳᠤᠯᠢᠶᠠᠨᠲᠤ ᠴᠢᠨᠠᠷ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠭᠤᠣᠯ ᠬᠠᠷᠢᠭᠤᠴᠠᠯᠭᠠᠲᠠᠨ ᠪᠡᠶ᠎ᠡ ᠪᠠᠷ ᠢᠶᠠᠨ ᠰᠤᠳᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠱᠠᠲᠤ ᠱᠠᠲᠤ ᠪᠠᠷ ᠲᠠᠶᠢᠴᠢᠯᠠᠨ᠂ ᠥᠷᠭᠡᠨ ᠢᠶᠠᠷ ᠬᠦᠳᠡᠯᠦᠯᠴᠡᠵᠤ᠂ ᠠᠶᠤᠯᠲᠠᠢ ᠬᠢᠮᠢ ᠶᠢᠨ ᠪᠣᠳᠠᠰ ᠤᠨ ᠬᠦᠷᠢᠶᠡᠨ ᠳᠠᠬᠢ ᠠᠶᠤᠯᠬᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃    ︵ᠬᠤᠶᠠᠷ︶ ᠬᠠᠤᠯᠢ ᠶᠢ ᠴᠢᠩᠭ᠎ᠠ ᠭᠡᠷᠡᠭᠵᠢᠭᠦᠯᠥᠨ ᠪᠠᠶᠢᠴᠠᠭᠠᠬᠤ    ᠡᠯ᠎ᠡ ᠬᠠᠮᠢᠶ᠎ᠠ ᠪᠦᠬᠦᠢ ᠨᠢᠭᠡᠴᠡ ︽ᠳᠠᠯᠳᠠ ᠭᠡᠮ ᠪᠣᠯ ᠳᠠᠷᠤᠢ ᠠᠳᠡᠯ ᠮᠥᠨ︾ ᠭᠡᠬᠦ ᠱᠠᠭᠠᠷᠳᠠᠯᠭ᠎ᠠ ᠶᠣᠰᠣᠭᠠᠷ᠂ ᠳᠠᠷᠤᠢ ᠳᠤᠨᠢ ᠪᠠᠶᠢᠴᠠᠭᠠᠵᠤ ᠳᠠᠷᠤᠢ ᠳᠤᠨᠢ ᠰᠠᠶᠢᠵᠢᠷᠠᠭᠤᠯᠬᠤ᠂ ᠪᠠᠶᠢᠴᠠᠭᠠᠬᠤ ᠶᠢᠨ ᠳᠠᠭᠠᠤ ᠥᠭᠡᠷᠡᠴᠢᠯᠡᠬᠦ ᠶᠢ ᠪᠠᠷᠢᠮᠲᠠᠯᠠᠨ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠬᠦ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠬᠦᠢᠴᠡᠳᠬᠡᠯᠬᠡᠬᠦ᠂ ᠬᠠᠷᠢᠭᠤᠴᠠᠯᠭ᠎ᠠ ᠨᠡᠬᠡᠮᠵᠢᠯᠡᠵᠤ ᠬᠠᠷᠢᠭᠤᠴᠠᠯᠭ᠎ᠠ ᠳᠤᠯᠭᠠᠬᠤ ᠶᠢ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠪᠠᠶᠢᠴᠠᠭᠠᠬᠤ ᠠᠴᠠ ᠪᠢᠰᠢ ᠲᠣᠷᠭᠠᠬᠤ ᠦᠭᠡᠢ᠂ ᠬᠠᠤᠯᠢ ᠬᠡᠷᠡᠭᠵᠢᠭᠦᠯᠦᠨ ᠪᠠᠶᠢᠴᠠᠭᠠᠬᠤ ᠶᠢ ︽ᠠᠭᠤᠵᠢᠭᠤ ᠰᠤᠯᠠ ᠵᠥᠭᠡᠯᠡᠨ︾ ᠪᠠᠶᠢᠯᠭᠠᠬᠤ ᠦᠵᠡᠭᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃      ︵ᠭᠤᠷᠪᠠ︶ ᠪᠢᠳᠡᠬᠦᠮᠵᠢᠯᠡᠭᠰᠡᠨ ᠬᠠᠮᠢᠶᠠᠷᠤᠯᠲᠠ ᠶᠢ ᠪᠡᠶᠡᠯᠡᠭᠦᠯᠬᠦ      ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢᠶᠠᠨ ᠴᠠᠭ ᠲᠤᠬᠠᠶ ᠳᠤᠨᠢ ᠳᠤᠰ ᠨᠢᠭᠡᠴᠡ ᠳᠤᠨᠢ ᠬᠠᠷᠢᠭᠤ ᠲᠤᠰᠬᠠᠵᠤ᠂ ᠠᠵᠤ ᠠᠬᠤᠶᠢᠯᠠᠯ ᠢ ᠰᠢᠮᠳᠠᠭᠤᠯᠵᠤ ᠪᠠᠶᠢᠭᠠᠳ ᠳᠠᠷᠦ᠋ᠢᠬᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠪᠠᠶᠢᠴᠠᠭᠠᠵᠤ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠠᠰᠠᠭᠤᠳᠠᠯ ᠤᠨ ᠳᠠᠯᠳᠠ ᠭᠡᠮ ᠤᠨ ᠨᠠᠷᠢᠨ ᠬᠠᠭᠤᠳᠠᠰᠤ ︵ᠳᠠᠭᠠᠯᠳᠤᠭᠤᠯᠤᠯ 2 ᠢ ᠦᠵᠡ︶ ᠪᠣᠯᠤᠨ ᠪᠠᠶᠢᠴᠠᠭᠠᠭᠰᠠᠨ ᠮᠡᠳᠡᠭᠦᠯᠦᠯᠲᠡ ᠶᠢ ᠲᠠᠭᠯᠠᠵᠤ᠂ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ︵ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶ ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ ᠢᠯᠡᠷᠡᠭᠦᠯᠦᠭᠰᠡᠨ ᠠᠰᠠᠭᠤᠳᠠᠯ ᠢ ᠵᠠᠷᠯᠠᠨ ᠮᠡᠳᠡᠭᠳᠡᠨ᠎ᠡ᠃ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠳ ᠨᠢᠭᠡ ᠪᠣᠳᠠᠲᠠᠶ ᠬᠠᠷᠢᠯᠴᠠᠭᠴᠢ ︵ᠳᠠᠭᠠᠯᠳᠤᠭᠤᠯᠤᠯ 1︶ ᠶᠢ ᠲᠣᠭᠲᠠᠭᠠᠵᠤ᠂ ᠭᠤᠤᠯᠳᠠᠭᠤ ᠡᠳᠦᠷ ᠪᠦᠷᠢ ᠶᠢᠨ ᠪᠠᠶᠢᠴᠠᠭᠠᠭᠰᠠᠨ ᠪᠠᠶᠢᠳᠠᠯ ᠢᠶᠠᠨ ᠬᠤᠷᠢᠶᠠᠩᠭᠤᠶᠢᠯᠠᠭᠰᠠᠨ ᠤ ᠳᠠᠷᠠᠭ᠎ᠠ ᠲᠤᠭᠤᠷᠢᠭ ᠤᠨ ᠠᠶᠤᠯᠬᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠲᠤ ᠬᠦᠷᠭᠡᠬᠦ ᠶᠢ ᠬᠠᠷᠢᠭᠤᠴᠠᠨ᠎ᠠ᠃ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠠᠷᠢᠯᠴᠠᠬᠤ ᠬᠦᠰᠦᠨᠦᠭᠲᠦ ᠪᠠᠶᠢᠭᠤᠯᠭ᠎ᠠ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ 3 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨᠠᠬᠢ 15 ᠴᠠᠭ 30 ᠮᠢᠨᠦ᠋ᠲ ᠠᠴᠠ ᠡᠮᠦᠨ᠎ᠡ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠳᠤ ᠬᠦᠷᠭᠡᠨ᠎ᠡ᠃    ᠳᠠᠭᠠᠯᠳᠤᠭᠤᠯᠤᠯ᠄ 1. ᠡᠯ᠎ᠡ ᠬᠠᠷᠢᠭᠤᠴᠠᠯᠭᠠᠲᠤ ᠨᠢᠭᠡᠴᠡ ᠶᠢᠨ ᠬᠠᠷᠢᠯᠴᠠᠬᠤ ᠬᠦᠰᠦᠨᠦᠭᠲᠦ    2. ᠠᠰᠠᠭᠤᠳᠠᠯ ᠤᠨ ᠳᠠᠯᠳᠠ ᠭᠡᠮ ᠢ ᠪᠠᠶᠢᠴᠠᠭᠠᠭᠰᠠᠨ ᠲᠣᠳᠣᠷᠬᠠᠶ ᠬᠠᠭᠤᠳᠠᠰᠤ       
ᠢᠷᠡᠯᠲᠡ᠄ ᠳᠤᠰ ᠰᠦᠯᠵᠢᠶ᠎ᠡ