ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠥᠯ ᠢ ᠳᠠᠷᠤᠮᠠᠯᠯᠠᠨ ᠳᠠᠷᠬᠠᠭᠠᠬᠤ ᠲᠤᠬᠠᠢ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2023/4/15
                                 ᠳ᠋ᠦᠩᠱᠧᠩ ᠵᠠᠰᠠᠭ ᠳᠠᠷᠬᠠᠭᠠᠬᠤ ︹2023︺ 2 ᠳ᠋ᠤᠭᠠᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠠᠷᠠᠳ ᠤᠨ ᠪᠦᠯᠬᠦᠮ᠂ ᠰᠢᠭᠤᠳ ᠬᠠᠷᠢᠶ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠢᠭᠤᠳ ᠵᠣᠬᠢᠴᠠᠭᠤᠯᠤᠨ ᠬᠠᠮᠢᠶᠠᠷᠬᠤ ᠰᠠᠯᠠᠭ᠎ᠠ ᠮᠥᠴᠢᠷ ᠲᠤ᠄      ᠡᠳᠦᠭᠡ ︽ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠵᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠥᠯ︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                       ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                 2023 ᠣᠨ ᠤ 1 ᠰᠠᠷ᠎ᠠ ᠶᠢᠨ 12 ᠤᠨ ᠡᠳᠦᠷ                ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠭᠡᠨ                 ᠨᠡᠮᠡᠭᠳᠡᠭᠦᠯᠵᠦ ᠴᠢᠨᠠᠷ ᠰᠠᠢᠲᠠᠢ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠦᠯ      ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠪᠥᠬᠦ ᠬᠤᠲᠠ ᠶᠢᠨ ᠠᠵᠤ ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠬᠡᠯᠬᠢᠶᠡᠰᠦ ᠶᠢ ᠪᠠᠶᠢᠭᠤᠯᠤᠨ ᠬᠡᠯᠬᠢᠶᠡᠰᠤ ᠶᠢ ᠨᠦᠬᠦᠪᠤᠷᠢᠯᠡᠨ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠬᠦᠴᠦᠷᠬᠡᠭᠵᠢᠭᠦᠯᠬᠦ ᠠᠵᠢᠯ ᠢ ᠰᠠᠶᠢᠲᠤᠷ ᠠᠳᠬᠤᠵᠤ᠂ ᠳᠤᠳᠠᠭᠤᠳᠠᠯ ᠢᠶᠠᠨ ᠨᠦᠬᠦᠪᠤᠷᠢᠯᠡᠨ ᠳᠠᠪᠠᠭᠤᠯᠢᠭ ᠢ ᠪᠤᠢ ᠪᠤᠯᠭᠠᠵᠤ᠂ ᠠᠵᠤ ᠦᠢᠯᠡᠰ ᠤᠨ ᠰᠠᠭᠤᠷᠢ ᠶᠢ ᠳᠡᠰ ᠳᠡᠪᠰᠢᠬᠦᠯᠬᠦ᠂ ᠠᠵᠤ ᠦᠢᠯᠡᠰ ᠤᠨ ᠬᠡᠯᠬᠢᠶᠡᠰᠦ ᠶᠢ ᠣᠳᠣᠬᠢᠴᠢᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠪᠠ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠲᠥᠷᠥᠯ ᠵᠦᠢᠯ ᠢᠶᠠᠷ ᠨᠡᠯᠢᠶᠡᠳ ᠪᠦᠷᠢᠨ ᠭᠦᠢᠴᠡᠳ᠂ ᠳᠤᠭᠳᠠᠯᠴᠠᠭ᠎ᠠ ᠨᠢ ᠨᠡᠯᠢᠶᠡᠳ ᠪᠦᠷᠢᠨ ᠪᠦᠲᠦᠨ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ ᠣᠲᠣ ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ  ᠳᠤᠭᠳᠠᠯᠴᠠᠭ᠎ᠠ ᠶᠢ ᠪᠣᠶ ᠪᠣᠯᠭᠠᠬᠤ ᠶᠢᠨ ᠲᠤᠰᠠᠳᠠ᠂  ︽ᠳᠤᠭᠳᠠᠭᠤᠨ ᠢ ᠴᠢᠬᠤᠯᠠᠴᠢᠯᠠᠨ᠂ ᠳᠤᠭᠳᠠᠭᠤᠨ ᠤ ᠳᠤᠮᠳᠠ ᠤᠷᠤᠭᠰᠢᠯᠠᠬᠤ︾ ᠶᠡᠷᠦᠩᠬᠡᠢ ᠱᠠᠭᠠᠷᠳᠠᠯᠭ᠎ᠠ ᠶᠤᠰᠤᠭᠠᠷ᠂ ︽ᠣᠷᠳᠣᠰ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ︾ ︵ᠤᠷᠳᠤᠰ ᠵᠠᠰᠠᠭ ᠠᠯᠪᠠᠨ ᠳᠠᠷᠬᠠᠭᠠᠬᠤ ﹇2022﹈ 27 ᠳ᠋ᠤᠭᠠᠷ ᠳᠤᠭᠠᠳᠤ ︶ ᠪᠤᠯᠤᠨ ︽2022 ᠣᠨ ᠤ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢ ᠥᠷᠨᠢᠭᠦᠯᠬᠦ ᠳᠤᠬᠠᠢ ᠤᠷᠳᠤᠰ ᠬᠤᠳᠠ ᠶᠢᠨ ᠠᠵᠤ ᠦᠢᠯᠡᠳᠪᠤᠷᠢ ᠪᠤᠯᠤᠨ ᠴᠢᠮᠡᠭᠡ ᠵᠠᠩᠬᠢᠴᠢᠯᠠᠯᠳᠠ ᠶᠢᠨ ᠳᠤᠪᠴᠢᠶᠠᠨ ᠤ ᠮᠡᠳᠡᠭᠳᠡᠯ︾ ︵ᠣᠷᠳᠣᠰ ᠠᠵᠤ ᠦᠢᠯᠡᠳᠪᠦᠷᠢ ᠴᠢᠮᠡᠭᠡ ᠵᠠᠩᠬᠢᠴᠢᠯᠠᠯᠳᠠ ᠵᠠᠬᠢᠳᠠᠯ ﹇2020﹈ 46 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠳᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠥᠷᠭᠡᠳᠬᠡᠨ ᠨᠡᠮᠡᠭᠳᠡᠭᠦᠯᠬᠦ ᠬᠠᠷᠠᠯᠲᠠ      ᠮᠠᠨ ᠤ ᠳᠤᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠣᠨᠴᠠᠯᠢᠭ᠂ ᠣᠲᠣ ᠶᠢᠨ ᠪᠠᠶᠢᠭ᠎ᠠ ᠠᠵᠤ ᠦᠢᠯᠡᠰ ᠤᠨ ᠰᠠᠭᠤᠷᠢ᠂ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠪᠠ ᠬᠥᠭᠵᠢᠯᠲᠡ ᠶᠢᠨ ᠴᠢᠭᠯᠡᠯ ᠢ ᠦᠨᠳᠦᠰᠦᠯᠡᠨ᠂ ᠦᠢᠯᠡᠳᠬᠦ ᠦᠢᠯᠡᠰ ᠤᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠪᠠᠷ ᠭᠤᠤᠯᠳᠠᠯᠭ᠎ᠠ ᠪᠣᠯᠭᠠᠵᠤ᠂ ᠬᠤᠳᠠᠯᠳᠤᠭᠠᠴᠢᠨ ᠤᠷᠢᠵᠤ ᠪᠠᠯᠠ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠣᠲᠣ ᠶᠢᠨ ᠪᠠᠶᠢᠭ᠎ᠠ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠡᠳᠬᠦᠵᠦ᠂ ᠤᠳᠤᠬᠠᠨ ᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠰᠠᠭᠤᠷᠢᠨ ᠳᠡᠭᠡᠷ᠎ᠡ᠂ 2025 ᠣᠨ ᠤ ᠡᠴᠦᠰ ᠲᠤ ᠪᠥᠬᠦ ᠰᠢᠰᠲ᠋ᠧᠮ ᠤᠨ ᠠᠵᠤ ᠦᠢᠯᠡᠳᠪᠦᠷᠢ ᠶᠢᠨ ᠲᠥᠷᠥᠯ ᠢ 56 ︵ᠡᠭᠦᠨ ᠳᠤ 8 ᠳᠤᠮᠳᠠ ᠲᠦᠷᠦᠯ᠂ 48 ᠵᠢᠵᠢᠭ ᠲᠥᠷᠥᠯ︶᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠢ160 ︵ᠡᠭᠦᠨ ᠳᠤ 7 ᠶᠡᠭᠡ ᠲᠥᠷᠥᠯ᠂ 46 ᠳᠤᠮᠳᠠ ᠲᠥᠷᠥᠯ᠂ 107 ᠵᠢᠵᠢᠭ ᠲᠥᠷᠥᠯ︶ ᠨᠡᠮᠡᠭᠳᠡᠬᠦᠯᠦᠨ᠎ᠡ ︵ᠦᠷᠬᠡᠳᠬᠡᠨ ᠨᠡᠮᠡᠭᠳᠡᠬᠦᠯᠬᠦ ᠲᠦᠷᠦᠯ ᠵᠦᠢᠯ ᠢ ᠳᠠᠭᠠᠯᠳᠤᠭᠤᠯᠤᠯ 2 ᠪᠠ ᠳᠠᠭᠠᠯᠳᠤᠭᠤᠯᠤᠯ 3︶ ᠃      ᠬᠤᠶᠠᠷ᠂ ᠥᠷᠭᠡᠳᠬᠡᠨ ᠨᠡᠮᠡᠭᠳᠡᠭᠦᠯᠬᠦ ᠠᠷᠭ᠎ᠠ ᠮᠠᠶ᠋ᠢᠭ      ︵ᠨᠢᠭᠡ︶ ᠨᠢᠭᠡ ᠪᠦᠯᠦᠭ ᠢ ᠡᠮᠬᠢᠯᠡᠨ ᠨᠥᠬᠦᠪᠦᠷᠢᠯᠡᠬᠦ      ᠮᠠᠨ ᠤ ᠳᠤᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠳᠠᠯ ᠢ ᠳᠠᠬᠢᠨ ᠡᠮᠬᠢᠯᠡᠵᠦ᠂ ᠬᠡᠪᠴᠢᠶᠡᠵᠢᠯ ᠠᠴᠠ ᠳᠤᠷᠤᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠨᠠᠷᠢᠨ ᠡᠮᠬᠢᠯᠡᠵᠦ᠂ ᠬᠦᠭᠵᠢᠯᠳᠡ ᠶᠢᠨ ᠣᠷᠳᠣ ᠣᠬᠤᠷ ᠬᠤᠭᠤᠴᠠᠭ᠎ᠠ ᠶᠢ ᠤᠶᠠᠯᠳᠤᠭᠤᠯᠬᠤ ᠵᠠᠷᠴᠢᠮ ᠶᠣᠰᠣᠭᠠᠷ᠂ ᠤᠨ ᠵᠢᠯ ᠬᠤᠪᠢᠶᠠᠨ ᠬᠡᠪᠴᠢᠶᠡᠵᠢᠯ ᠳᠤ ᠣᠷᠣᠭᠤᠯᠬᠤ ᠠᠵᠤ ᠠᠬᠤᠶᠢᠯᠠᠯ ᠤᠨ ᠨᠠᠷᠢᠨ ᠳᠠᠩᠰᠠ ᠶᠢ  ᠪᠠᠶᠢᠭᠤᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠥᠷᠭᠡᠳᠬᠡᠨ ᠨᠡᠮᠡᠭᠳᠡᠭᠦᠯᠬᠦ ᠪᠡᠯᠡᠳᠬᠡᠯ ᠲᠦᠷᠦᠯ ᠵᠦᠢᠯ ᠢ ᠪᠦᠷᠢᠨᠰᠢᠭᠦᠯᠦᠨ᠎ᠡ᠃ ᠤᠳᠠᠯ ᠦᠭᠡᠢ ᠡᠰᠡᠬᠦᠯ᠎ᠡ ᠨᠢᠬᠡᠨᠳᠡ ᠬᠡᠪᠴᠢᠶᠡᠵᠢᠯ ᠠᠴᠠ ᠳᠡᠭᠡᠭᠰᠢᠬᠢ ᠪᠤᠯᠤᠭᠰᠠᠨ ᠪᠠ ᠨᠥᠬᠦᠴᠡᠯ ᠳᠤ ᠨᠡᠶᠢᠴᠡᠬᠦ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠪᠣᠯ ᠪᠦᠬᠦ ᠶᠠᠪᠤᠴᠠ ᠳᠤ ᠠᠵᠤ ᠠᠬᠤᠶᠢᠯᠠᠯ ᠢ ᠬᠠᠪᠰᠤᠷᠤᠨ ᠬᠠᠮᠢᠶ᠎ᠠ ᠪᠦᠬᠦᠢ ᠭᠠᠷᠳᠠᠮ ᠢ ᠭᠦᠢᠴᠡᠳᠬᠡᠵᠦ᠂ ᠬᠠᠤᠯᠢ ᠶᠣᠰᠣᠭᠠᠷ ᠪᠦᠷᠢᠳᠬᠡᠯ ᠳᠤ ᠣᠷᠣᠭᠤᠯᠬᠤ᠂ ᠪᠦᠷᠢᠳᠬᠡᠪᠡᠰᠤ ᠵᠣᠬᠢᠬᠤ ᠶᠢ ᠨᠢ ᠪᠦᠬᠦᠨ ᠢ ᠪᠦᠷᠢᠳᠬᠡᠭᠦᠯᠬᠦ ᠶᠢ ᠰᠢᠮᠳᠠᠭᠤᠯᠵᠤ᠂ ᠨᠢᠭᠡ ᠡᠷᠦᠬᠡ ᠭᠤᠶᠤᠪᠴᠢᠯᠠᠪᠠᠯ ᠨᠢᠭᠡ ᠡᠷᠦᠬᠡ ᠶᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠳᠤᠯᠠᠨ᠎ᠠ᠃      ︵ᠬᠤᠶᠠᠷ︶  ᠨᠢᠬᠡ ᠪᠦᠯᠦᠭ ᠢ ᠤᠯᠠᠷᠢᠨ ᠪᠤᠶᠢᠵᠢᠭᠤᠯᠬᠤ      ᠮᠠᠨ ᠤ ᠳᠤᠭᠤᠷᠢᠭ ᠤᠨ ᠨᠡᠬᠦᠷᠡᠰᠣ᠂ ᠴᠠᠬᠢᠯᠭᠠᠨ ᠬᠦᠴᠦ᠂ ᠲᠣᠨᠤᠭ ᠳᠥᠬᠦᠭᠡᠷᠦᠮᠵᠢ ᠦᠢᠯᠡᠳᠬᠦ ᠵᠡᠷᠭᠡ ᠠᠵᠦ ᠦᠢᠯᠡᠰ ᠤᠨ ᠳᠤᠯᠤᠭᠠᠶᠢᠯᠠᠬᠤ ᠠᠵᠦ ᠠᠬᠤᠶᠢᠯᠠᠯ ᠤᠨ ᠲᠣᠰ ᠪᠡᠶ᠎ᠠ ᠶᠢᠨ ᠳᠡᠪᠡᠭᠤᠯᠢᠭ ᠢᠶᠠᠨ ᠳᠥᠰᠢᠭᠯᠡᠨ ᠣᠯᠠᠷᠢᠨ ᠪᠤᠶᠢᠵᠢᠭᠤᠯᠬᠤ ᠶᠢ ᠳᠡᠮᠵᠢᠬᠦ ᠪᠠ ᠬᠦᠳᠦᠯᠥᠨ ᠵᠢᠯᠥᠭᠤᠳᠴᠥ᠂ ᠳᠡᠬᠦᠨ ᠤ ᠳᠠᠶᠢᠴᠢᠯᠠᠨ ᠳᠠᠭᠠᠭᠤᠯᠬᠤ ᠪᠠ ᠵᠢᠱᠢᠶ᠎ᠠ ᠦᠵᠡᠬᠦᠯᠬᠦ ᠦᠢᠯᠡᠳᠣᠯ ᠢ ᠪᠠᠳᠡᠷᠡᠭᠤᠯᠥᠨ᠂ ᠨᠢᠭᠡ ᠪᠦᠯᠥᠭ ᠬᠠᠪᠰᠤᠷᠤᠮᠵᠢ ᠶᠢᠨ ᠴᠢᠨᠡᠷᠳᠡᠢ ᠰᠡᠯᠪᠢᠭ ᠲᠤᠨᠤᠭ᠂ ᠲᠣᠨᠤᠭ ᠰᠡᠯᠪᠢᠭ ᠤᠨ ᠦᠢᠯᠡᠳᠪᠦᠷᠢᠯᠡᠯ ᠪᠤᠶᠤ ᠳᠥᠬᠦᠬᠡᠢ ᠮᠠᠲ᠋ᠧᠷᠢᠶᠡᠯ᠂ ᠲᠦᠯᠡᠰᠢ ᠶᠢᠨ ᠬᠠᠩᠭᠠᠯᠭ᠎ᠠ᠂ ᠰᠡᠯᠪᠢᠨ ᠵᠠᠰᠠᠬᠤ ᠦᠢᠯᠡᠴᠢᠯᠡᠭᠡᠨ ᠤ ᠠᠵᠢᠯᠯᠠᠭ᠎ᠠ ᠶᠢᠨ ᠡᠬᠢᠨ ᠤ ᠳᠡᠬᠡᠳᠤ ᠲᠣᠣᠷᠡᠳᠣ ᠬᠡᠯᠬᠢᠶᠡᠨ ᠤ   ᠢᠵᠢ ᠪᠦᠷᠢᠳᠦᠭᠰᠡᠨ ᠠᠵᠦ ᠠᠬᠤᠶᠢᠯᠠᠯ ᠢ ᠤᠯᠠᠷᠢᠭᠤᠯᠤᠨ ᠪᠤᠶᠢᠵᠢᠭᠤᠯᠤᠨ᠎ᠠ᠃ ᠣᠲᠣ ᠶᠢᠨ ᠪᠠᠶᠢᠭ᠎ᠠ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠨᠢᠭᠡ ᠪᠦᠯᠦᠭ ᠰᠢᠨ᠎ᠡ ᠲᠥᠷᠥᠯ ᠵᠦᠢᠯ ᠢ ᠡᠬᠢᠯᠡᠭᠦᠯᠦᠨ᠂ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠲᠥᠬᠦᠭᠡᠷᠦᠮᠵᠢ ᠶᠢ ᠬᠡᠷᠡᠭᠯᠡᠨ ᠰᠢᠨ᠎ᠡ ᠦᠢᠯᠡᠳᠬᠦᠨ ᠢ ᠰᠤᠳᠤᠯᠤᠨ ᠨᠡᠭᠡᠭᠡᠵᠦ ᠦᠢᠯᠡᠳᠪᠦᠷᠢᠯᠡᠭᠦᠯᠦᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠬᠦ ᠶᠢ ᠠᠬᠢᠭᠤᠯᠤᠨ᠎ᠠ᠃      ︵ᠭᠤᠷᠪᠠ︶ ᠨᠢᠭᠡ ᠪᠦᠯᠦᠭ ᠢ ᠪᠤᠶᠢᠵᠢᠭᠤᠯᠤᠨ ᠳᠡᠳᠬᠦᠬᠦ      ᠴᠢᠨᠠᠷ ᠰᠠᠶᠢᠲᠠᠶ ᠠᠵᠤ ᠠᠬᠤᠶᠢᠯᠠᠯ ᠢ ᠱᠠᠲᠤᠯᠠᠨ ᠪᠤᠶᠢᠵᠢᠭᠤᠯᠬᠤ ᠳᠤᠭᠳᠠᠯᠴᠠᠭ᠎ᠠ ᠶᠢ ᠪᠠᠶᠢᠭᠤᠯᠵᠤ᠂ ᠥᠷᠭᠡᠳᠬᠡᠨ ᠨᠡᠮᠡᠭᠳᠡᠭᠦᠯᠵᠦ ᠪᠣᠯᠬᠤ ᠬᠡᠪᠴᠢᠶᠡᠵᠢᠯ ᠠᠴᠠ ᠳᠡᠭᠡᠭᠰᠢᠬᠢ ᠨᠢᠭᠡ ᠪᠦᠯᠦᠭ ᠠᠵᠤ ᠦᠢᠯᠡᠳᠪᠦᠷᠢ ᠶᠢᠨ ᠲᠥᠷᠥᠯ ᠵᠦᠢᠯ ᠤᠨ ᠳᠠᠯᠳᠠ ᠬᠦᠴᠦᠨ ᠥᠨᠳᠥᠷ ᠪᠠᠶᠢᠭ᠎ᠠ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠢ ᠲᠥᠪᠯᠡᠷᠡᠭᠦᠯᠦᠨ ᠪᠤᠶᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠬᠡ ᠪᠠ ᠵᠤᠬᠢᠴᠠᠭᠤᠯᠤᠨ ᠦᠢᠯᠡᠴᠢᠯᠡᠬᠦ ᠶᠢ ᠴᠢᠩᠭᠠᠳᠬᠠᠬᠤ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ᠂ ᠲᠥᠪᠯᠡᠷᠡᠨ ᠬᠥᠭᠵᠢᠬᠦ ᠶᠢ ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠳᠠᠯᠳᠠ ᠬᠦᠴᠦᠨ ᠲᠠᠢ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ ᠬᠥᠭᠵᠢᠭᠦᠯᠦᠨ ᠪᠤᠵᠠᠭᠠᠶᠢᠷᠠᠭᠤᠯᠵᠤ᠂ ᠨᠢᠭᠡ ᠶᠢ ᠪᠣᠯᠪᠠᠰᠤᠷᠠᠩᠭᠤᠶ ᠪᠣᠯᠪᠠᠯ ᠨᠢᠭᠡ ᠶᠢ ᠬᠡᠪᠴᠢᠶᠡᠵᠢᠯ  ᠳᠤ ᠤᠷᠤᠭᠤᠯᠬᠤ ᠶᠢ ᠪᠡᠶᠡᠯᠡᠬᠦᠯᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠤᠨ ᠳᠤᠲᠠᠭᠤᠳᠠᠯ ᠢ ᠨᠥᠬᠦᠪᠥᠷᠢᠯᠡᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠤᠭᠤᠰᠣᠨ ᠢ ᠨᠥᠬᠦᠪᠥᠷᠢᠯᠡᠬᠦ ᠪᠤᠶᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠤᠨ ᠦᠷᠬᠡᠳᠬᠡᠨ ᠨᠡᠮᠡᠭᠳᠡᠬᠦᠯᠦᠭᠰᠡᠨ ᠪᠦᠳᠦᠬᠡᠨ ᠪᠠᠶᠢᠭᠤᠯᠵᠤ ᠪᠠᠶᠢᠭ᠎ᠠ ᠲᠥᠷᠥᠯ ᠵᠦᠢᠯ ᠢ ᠠᠩᠬᠠᠷᠴᠤ᠂ ᠬᠥᠳᠡᠯᠦᠩᠭᠦᠶ ᠪᠠᠷ ᠬᠢᠨᠠᠨ ᠬᠡᠮᠵᠢᠬᠦ᠂ ᠮᠥᠷᠳᠡᠨ ᠦᠢᠯᠡᠴᠢᠯᠡᠬᠦ᠂ ᠲᠥᠷᠥ ᠶᠢᠨ ᠪᠣᠳᠣᠯᠭ᠎ᠠ ᠪᠠᠷ ᠳᠡᠮᠵᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠥᠷᠥᠯ ᠵᠦᠢᠯ ᠤᠨ ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠤᠯᠬᠤ᠂ ᠬᠡᠪᠴᠢᠶᠡᠵᠢᠯ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃      ︵ᠲᠦᠷᠪᠡ︶ ᠨᠢᠭᠡ ᠪᠦᠯᠦᠭ ᠬᠤᠳᠠᠯᠳᠤᠭᠠᠴᠢᠨ ᠤᠷᠢᠵᠤ ᠤᠷᠤᠭᠤᠯᠬᠤ      ᠮᠠᠨ ᠤ ᠲᠤᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠲᠠᠢ ᠤᠶᠠᠯᠳᠤᠭᠤᠯᠤᠨ᠂ ᠠᠵᠤ ᠦᠢᠯᠡᠳᠪᠦᠷᠢ ᠶᠢᠨ ᠬᠤᠭᠤᠰᠣᠨ ᠲᠥᠷᠥᠯ ᠵᠦᠢᠯ ᠳᠤ ᠴᠢᠭᠯᠡᠭᠦᠯᠦᠨ᠂ ᠠᠵᠤ ᠦᠢᠯᠡᠰ ᠤᠨ ᠪᠠᠶᠢᠷᠢᠰᠢᠭᠤᠯᠤᠯᠲᠠ᠂ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠶᠢ ᠦᠨᠳᠦᠰᠦᠯᠡᠨ᠂ ᠨᠠᠷᠢᠯᠢᠭ ᠣᠨᠣᠴᠠᠲᠠᠶ ᠪᠠᠷ ᠵᠠᠳᠠᠯᠵᠤ᠂ ᠨᠠᠷᠢᠨ ᠨᠢᠮᠪᠠᠶ ᠰᠢᠯᠢᠨ ᠰᠣᠩᠭᠤᠵᠤ᠂ ᠬᠡᠯᠬᠢᠶ᠎ᠡ ᠪᠠᠶᠢᠭᠤᠯᠬᠤ᠂ ᠬᠡᠯᠬᠢᠶ᠎ᠡ ᠶᠢ ᠨᠥᠬᠦᠪᠥᠷᠢᠯᠡᠬᠦ᠂  ᠬᠡᠯᠬᠢᠶᠡᠰᠤ ᠶᠢ ᠤᠷᠲᠤᠳᠬᠠᠬᠤ ᠭᠤᠭᠴᠤᠭ᠎ᠠ ᠶᠢ ᠣᠨᠣᠪᠴᠢᠲᠠᠶ ᠡᠷᠢᠵᠦ᠂ ᠨᠠᠷᠢᠯᠢᠭ ᠣᠨᠣᠴᠠᠲᠠᠶ ᠪᠠᠷ ᠬᠤᠳᠠᠯᠳᠤᠭᠠᠴᠢᠨ ᠤᠷᠢᠬᠤ ᠶᠢ ᠬᠡᠷᠡᠭᠵᠢᠭᠦᠯᠦᠨ᠎ᠡ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠨᠢᠭᠡᠴᠡ ᠨᠦᠭᠦᠳ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠯᠥᠪᠯᠡᠭᠡ ᠶᠢᠨ ᠨᠠᠷᠢᠨ ᠳᠠᠩᠰᠠ ᠶᠢ ᠵᠢᠯ ᠬᠤᠪᠢᠶᠠᠨ ᠲᠣᠭᠲᠠᠭᠠᠵᠤ᠂ ᠠᠬᠢᠴᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠨ᠂ ᠬᠦᠷᠢᠶ᠎ᠡ ᠴᠠᠷ᠎ᠠ ᠶᠢ ᠰᠢᠪᠳᠤᠯᠤᠨ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠶ᠂ ᠬᠥᠲᠥᠯᠦᠨ ᠳᠠᠭᠠᠭᠤᠯᠬᠤ ᠴᠢᠨᠠᠷᠲᠠᠶ ᠲᠥᠷᠥᠯ ᠵᠦᠢᠯ ᠢ ᠣᠷᠣᠭᠤᠯᠤᠨ ᠠᠪᠴᠢᠷᠠᠬᠤ ᠪᠠᠷ ᠬᠦᠴᠦᠯᠡᠨ ᠴᠢᠷᠮᠠᠶᠢᠨ᠎ᠠ᠃  ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠬᠡᠷᠡᠭᠵᠢᠭᠦᠯᠬᠦ ᠶᠢ ᠵᠣᠷᠢᠭᠵᠢᠭᠤᠯᠵᠤ᠂ ᠨᠡᠶᠢᠭᠡᠮ ᠨᠡᠶᠢᠲᠡ ᠠᠴᠠ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠤᠭᠤᠰᠤᠨ  ᠢ ᠨᠦᠬᠦᠪᠤᠷᠢᠯᠡᠬᠦ ᠢ ᠠᠵᠤ ᠠᠬᠤᠶᠢᠯᠠᠯ ᠤᠨ ᠲᠦᠷᠦᠯ ᠵᠦᠢᠯ ᠢ ᠡᠯᠰᠡᠨ ᠴᠤᠭᠯᠠᠭᠤᠯᠵᠤ᠂ ᠠᠵᠤ ᠦᠢᠯᠡᠰ ᠤᠨ ᠲᠦᠷᠦᠯ ᠵᠦᠢᠯ ᠤᠨ ᠬᠤᠭᠤᠰᠤᠨ ᠪᠠᠶᠢᠬᠤ ᠬᠦᠴᠢᠷ ᠠᠰᠠᠭᠤᠳᠠᠯ ᠢ ᠰᠢᠢᠳᠪᠦᠷᠢᠯᠡᠨ᠎ᠡ᠃      ᠭᠤᠷᠪᠠ᠂ ᠥᠷᠭᠡᠳᠬᠡᠨ ᠨᠡᠮᠡᠭᠳᠡᠭᠦᠯᠬᠦ ᠡᠭᠦᠷᠭᠡ      ᠳ᠋ᠦᠩᠱᠧᠩ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠶᠢᠨ ᠪᠠᠶᠢᠷᠢᠯᠠᠭᠤᠯᠤᠯᠳᠠ ᠶᠢ ᠦᠨᠳᠦᠰᠦᠯᠡᠨ᠂ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶᠡᠰᠤ ᠳᠤ ᠠᠩᠬᠠᠷᠤᠯ ᠢᠶᠠᠨ ᠲᠦᠪᠯᠡᠷᠡᠬᠦᠯᠦᠨ᠂ ᠬᠡᠯᠬᠢᠶᠡᠰᠤ ᠶᠢ ᠤᠷᠲᠤᠳᠬᠠᠨ ᠬᠡᠯᠬᠢᠶᠡᠰᠤ ᠶᠢ ᠨᠥᠬᠦᠪᠥᠷᠢᠯᠡᠵᠦ  ᠬᠡᠯᠬᠢᠶᠡᠰᠤ ᠶᠢ ᠴᠢᠩᠭᠠᠳᠬᠠᠬᠤ ᠠᠵᠢᠯᠯᠠᠭ᠎ᠠ ᠶᠢ ᠬᠡᠷᠡᠭᠵᠢᠭᠦᠯᠵᠦ᠂ ᠦᠢᠯᠡᠳᠬᠦ ᠦᠢᠯᠡᠰ ᠤᠨ ᠬᠦᠷᠢᠶᠡᠨ ᠳᠤ ᠨᠢᠭᠡ ᠪᠦᠯᠦᠭ ᠳᠡᠭᠡᠳᠦ ᠮᠡᠷᠭᠡᠵᠢᠯ᠂ ᠴᠢᠨᠠᠷ ᠰᠠᠶᠢᠲᠠᠢ᠂ ᠥᠨᠳᠥᠷ ᠨᠡᠮᠡᠯᠲᠡ ᠦᠷᠳᠡᠭ ᠲᠠᠢ ᠲᠦᠷᠦᠯ ᠵᠦᠢᠯ ᠪᠠ ᠠᠵᠤ ᠠᠬᠤᠶᠢᠯᠠᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠳᠤᠲᠠᠭᠤᠳᠠᠯ ᠪᠠᠭᠤᠷᠠᠢ ᠲᠠᠯ᠎ᠠ ᠪᠠᠨ  ᠨᠦᠬᠦᠪᠤᠷᠢᠯᠡᠨ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠤᠳᠤ ᠦᠶ᠎ᠡ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠳᠤᠭᠳᠠᠯᠴᠠᠭ᠎ᠠ ᠢ ᠲᠦᠷᠭᠡᠳᠬᠡᠨ ᠪᠠᠶᠢᠭᠤᠯᠤᠨ᠎ᠠ᠃ ︵ᠪᠣᠳᠠᠲᠠᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠬᠢᠭᠡᠳ ᠠᠵᠢᠯ ᠤᠨ ᠬᠤᠪᠢᠶᠠᠷᠢᠯᠠᠯ ᠢ ᠳᠠᠭᠠᠯᠳᠤᠭᠤᠯᠤᠯ 1᠂ ᠳᠠᠭᠠᠯᠳᠤᠭᠤᠯᠤᠯ 2 ᠪᠠ ᠳᠠᠭᠠᠯᠳᠤᠭᠤᠯᠤᠯ 3 ᠠᠴᠠ ᠦᠵᠡ︶      ︵ᠨᠢᠭᠡ︶ ᠲᠡᠷᠢᠭᠦᠨ ᠤ ᠦᠢᠯᠡᠳᠬᠦ ᠦᠢᠯᠡᠰ ᠢ ᠣᠷᠤᠭᠤᠯᠤᠨ ᠪᠣᠵᠠᠭᠠᠶᠢᠷᠠᠭᠤᠯᠤᠨ᠎ᠠ      1. ᠰᠢᠨ᠎ᠡ ᠡᠨᠧᠷᠭᠢ ᠶᠢᠨ ᠮᠠᠰᠢᠨ ᠲᠡᠷᠭᠡ ᠪᠣᠯᠤᠨ ᠰᠢᠨ᠎ᠡ ᠡᠨᠧᠷᠭᠢ ᠶᠢᠨ ᠲᠣᠨᠣᠭᠯᠠᠯ ᠤᠨ ᠠᠵᠤ ᠦᠢᠯᠡᠰ᠃ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠡᠨᠧᠷᠭᠢ ᠬᠠᠳᠠᠭᠠᠯᠠᠬᠤ᠂  ᠰᠠᠯᠬᠢ ᠬᠡᠷᠡᠯ ᠤᠨ ᠠᠵᠤ ᠦᠢᠯᠡᠰ ᠤᠨ ᠬᠡᠯᠬᠢᠶᠡᠰᠤ ᠶᠢ ᠬᠥᠭᠵᠢᠭᠦᠯᠬᠦ ᠲᠠᠢ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠢᠨ᠎ᠡ ᠡᠨᠧᠷᠭᠢ ᠶᠢᠨ ᠶᠡᠭᠡ ᠬᠡᠪᠴᠢᠶ᠎ᠡ ᠪᠠᠷ ᠬᠥᠭᠵᠢᠭᠦᠯᠬᠦ ᠬᠤᠭᠤᠴᠠᠭ᠎ᠠ ᠶᠢ ᠵᠠᠪᠳᠤᠨ ᠠᠳᠬᠤᠵᠤ᠂ ︽ᠰᠠᠯᠬᠢ ᠭᠡᠷᠡᠯ ᠤᠰᠤᠲᠥ᠋ᠷᠥᠭᠴᠢ  ᠬᠠᠳᠠᠭᠠᠯᠠᠬᠤ ᠲᠡᠷᠭᠡ︾ ᠶᠢᠨ ᠠᠵᠤ ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ᠂ ᠲᠦᠯᠡᠰᠢᠨ ᠶᠢᠨ ᠳ᠋ᠢᠶᠠᠨ ᡂᠢ ᠶᠢᠨ ᠮᠠᠰᠢᠨ ᠲᠡᠷᠭᠡ ᠵᠢᠴᠢ ᠳ᠋ᠢᠶᠠᠨ ᡂᠢ᠂ ᠬᠥᠳᠡᠯᠭᠡᠭᠦᠷ ᠴᠠᠬᠢᠯᠭᠠᠨ ᠮᠠᠰᠢᠨ ᠵᠡᠷᠭᠡ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠭᠤᠣᠯ ᠰᠡᠯᠪᠢᠭ ᠲᠣᠨᠤᠭ ᠪᠠ ᠰᠢᠨ᠎ᠡ ᠨᠢᠭᠡ ᠦᠶ᠎ᠡ ᠶᠢᠨ ᠬᠥᠳᠡᠯᠭᠡᠬᠦ ᠬᠦᠴᠦᠨ ᠤ ᠳ᠋ᠢᠶᠠᠨ ᡂᠢ᠂ ᠴᠠᠬᠢᠯᠭᠠᠨ ᠮᠠᠰᠢᠨ ᠤ ᠡᠵᠡᠮᠰᠢᠭᠦᠷ᠂ ᠲᠦᠯᠡᠰᠢᠨ ᠳ᠋ᠢᠶᠠᠨ ᡂᠢ ᠶᠢᠨ ᠴᠠᠬᠢᠯᠭᠠᠨ ᠵᠤᠤᠬ᠎ᠠ ᠵᠢᠴᠢ ᠬᠥᠳᠡᠯᠭᠡᠬᠦ ᠬᠦᠴᠦᠨ ᠤ ᠰᠢᠰᠲ᠋ᠧᠮ ᠵᠡᠷᠭᠡ ᠵᠠᠩᠭᠢᠯᠠᠭ᠎ᠠ ᠶᠢᠨ ᠰᠡᠯᠪᠢᠭ ᠲᠣᠨᠤᠭ ᠤᠨ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠬᠤ ᠪᠠ ᠪᠤᠶᠢᠵᠢᠭᠤᠯᠵᠤ᠂ ᠭᠡᠷᠡᠯ ᠴᠡᠨᠡᠭ ᠤᠨ ᠳ᠋ᠢᠶᠠᠨ ᡂᠢ᠂ ᠲᠤᠨᠤᠭᠯᠠᠯ᠂ ᠰᠥᠷᠭᠡᠦ ᠬᠤᠪᠢᠷᠠᠭᠠᠭᠤᠷ᠂ ᠰᠢᠰᠲ᠋ᠧᠮ ᠤᠨ ᠬᠤᠷᠠᠮᠠᠯ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠵᠡᠷᠭᠡ ᠭᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠠᠵᠤ ᠦᠢᠯᠡᠰ ᠤᠨ ᠲᠥᠷᠥᠯ ᠵᠦᠢᠯ ᠪᠠ ᠰᠠᠯᠬᠢᠨ ᠬᠦᠴᠦᠨ ᠤ ᠮᠠᠰᠢᠨ ᠤ ᠰᠤᠪᠤᠷᠭᠠᠨ ᠲᠦᠩᠰᠡ᠂ ᠡᠭᠡᠭᠦᠯᠦᠨ ᠡᠷᠭᠢᠭᠦᠯᠬᠦ ᠲᠤᠯᠭᠠᠭᠤᠷᠢ᠂ ᠢᠯᠳᠠᠰᠤ ᠵᠡᠷᠭᠡ ᠰᠠᠯᠬᠢᠨ ᠬᠦᠴᠦᠨ ᠤ ᠴᠠᠬᠢᠯᠭᠠᠨ ᠤ ᠵᠠᠩᠭᠢᠯᠠᠭ᠎ᠠ ᠶᠢᠨ ᠢᠵᠢ ᠰᠡᠯᠪᠢᠭ ᠲᠣᠨᠤᠭ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ ᠪᠤᠶᠢᠵᠢᠭᠤᠯᠤᠨ᠂ ᠮᠠᠰᠢᠨ ᠲᠡᠷᠭᠡᠨ ᠤ ᠦᠢᠯᠡᠳᠬᠦ ᠦᠢᠯᠡᠰ᠂ ᠴᠠᠬᠢᠯᠭᠠᠨ ᠮᠠᠰᠢᠨ ᠮᠧᠬᠠᠨᠢᠭ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠬᠠᠮᠢᠶ᠎ᠠ ᠪᠥᠬᠦᠶ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      2. ᠠᠭᠤᠷᠬᠠᠶ ᠳᠤ ᠬᠡᠷᠡᠭᠯᠡᠬᠦ ᠪᠠ ᠬᠢᠮᠢ ᠶᠢᠨ ᠠᠵᠤ ᠦᠢᠯᠡᠳᠪᠦᠷᠢ ᠶᠢᠨ ᠳᠤᠨᠤᠭᠯᠠᠯ ᠦᠢᠯᠡᠳᠬᠦ ᠦᠢᠯᠡᠰ᠃ ᠣᠳᠣ ᠦᠶ᠎ᠡ ᠶᠢᠨ ᠡᠨᠧᠷᠭᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠠᠵᠠ ᠲᠣᠬᠢᠶᠠᠯ ᠳᠤ ᠲᠦᠰᠢᠭᠯᠡᠨ᠂ ᠨᠡᠭᠦᠷᠡᠰᠦ ᠮᠠᠯᠲᠠᠬᠤ ᠮᠠᠰᠢᠨ᠂ ᠰᠢᠩᠭᠡᠨ ᠳᠠᠷᠤᠴᠠ ᠶᠢᠨ ᠲᠤᠯᠭᠠᠭᠤᠷᠢ᠂ ᠬᠡᠷᠴᠢᠮᠡᠯ ᠠᠷᠠᠭ᠎ᠠ᠂ ᠮᠤᠰᠬᠢᠷᠠᠭ᠎ᠠ ᠲᠡᠩᠭᠡᠯᠢᠭ ᠵᠡᠷᠭᠡ ᠨᠡᠭᠦᠷᠡᠰᠦᠨ ᠤ ᠮᠠᠰᠢᠨ ᠤ ᠪᠦᠬᠦᠯᠢ ᠮᠠᠰᠢᠨ ᠬᠢᠭᠡᠳ ᠵᠠᠩᠭᠢᠯᠠᠭ᠎ᠠ ᠶᠢᠨ ᠰᠡᠯᠪᠢᠭ ᠲᠣᠨᠤᠭ ᠢ ᠰᠠᠯᠪᠢᠨ ᠵᠠᠰᠠᠬᠤ ᠬᠢᠭᠡᠳ ᠳᠠᠬᠢᠨ ᠦᠢᠯᠡᠳᠬᠦ ᠦᠢᠯᠡᠴᠢᠯᠡᠭᠡᠨ ᠤ ᠲᠥᠷᠥᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠳᠠᠷᠤᠯᠲᠠ ᠶᠢᠨ ᠰᠠᠪᠠ᠂ ᠥᠨᠳᠥᠷ ᠪᠦᠲᠦᠮᠵᠢᠲᠡᠶ ᠢᠯᠴᠢ ᠰᠣᠯᠢᠬᠤ ᠲᠥᠬᠦᠭᠡᠷᠦᠮᠵᠢ᠂ ᠠᠪᠴᠢᠭᠤᠯᠬᠤ ᠮᠠᠰᠢᠨ᠂ ᠦᠯᠢᠶᠡᠭᠦᠷ ᠮᠠᠰᠢᠨ ᠵᠢᠴᠢ ᠬᠢᠮᠢ ᠶᠢᠨ ᠠᠵᠤ ᠦᠢᠯᠡᠳᠪᠦᠷᠢ ᠳᠤ ᠬᠡᠷᠡᠭᠯᠡᠬᠦ ᠬᠥᠭᠡᠷᠭᠡ᠂ ᠨᠡᠭᠡᠭᠡᠯᠭᠡ ᠶᠢᠨ ᠮᠠᠰᠢᠨ ᠵᠢᠴᠢ ᠬᠢᠮᠢ ᠶᠢᠨ ᠠᠵᠤ ᠦᠢᠯᠡᠳᠪᠦᠷᠢ ᠳᠤ ᠬᠡᠷᠡᠭᠯᠡᠬᠦ ᠬᠥᠭᠡᠷᠭᠡ᠂ ᠨᠡᠭᠡᠯᠡᠬᠡᠢ ᠶᠢᠨ ᠦᠢᠯᠡᠳᠬᠦᠨ ᠦᠢᠯᠡᠳᠬᠦ ᠪᠠ ᠰᠡᠯᠪᠢᠨ ᠵᠠᠰᠠᠬᠤ ᠶᠢ ᠬᠥᠭᠵᠢᠭᠦᠯᠵᠦ᠂ ᠴᠠᠬᠢᠯᠭᠠᠨ ᠡᠵᠡᠮᠳᠡᠯ᠂ ᠬᠢᠮᠢ ᠶᠢᠨ ᠠᠵᠤ ᠦᠢᠯᠡᠳᠪᠦᠷᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠢᠴᠢ ᠬᠠᠮᠢᠶ᠎ᠠ ᠪᠦᠬᠦᠢ ᠪᠡᠯᠡᠳᠬᠡᠯ ᠲᠣᠨᠤᠭ ᠰᠡᠯᠪᠢᠭ ᠤᠨ ᠠᠵᠤ ᠦᠢᠯᠡᠰ ᠢ ᠢᠵᠢ ᠪᠦᠷᠢᠳᠦᠭᠦᠯᠦᠨ ᠬᠥᠭᠵᠢᠭᠦᠯᠵᠦ᠂ ᠬᠦᠨᠳᠤ ᠬᠡᠯᠪᠡᠷᠢ ᠶᠢᠨ ᠢᠵᠢ ᠪᠦᠷᠢᠳᠦᠭᠰᠡᠨ ᠲᠦᠬᠦᠬᠡᠷᠦᠮᠵᠢ᠂ ᠪᠠᠷᠢᠯᠭ᠎ᠠ ᠶᠢᠨ ᠮᠠᠰᠢᠨ ᠮᠧᠬᠠᠨᠢᠭ᠂ ᠶᠡᠷᠦᠩᠬᠡᠶᠢᠯᠡᠨ ᠨᠡᠬᠬᠡᠨ ᠮᠠᠯᠳᠠᠬᠤ ᠳᠤᠨᠤᠭᠯᠠᠯ᠂ ᠳᠠᠷᠢᠶᠠᠯᠠᠩ ᠤᠨ ᠮᠠᠰᠢᠨ ᠳᠤᠨᠤᠭᠯᠠᠯ ᠵᠡᠷᠬᠡ ᠠᠵᠤ ᠦᠢᠯᠡᠰ ᠢ ᠰᠢᠯᠢᠳᠡᠭᠵᠢᠬᠦᠯᠦᠨ ᠳᠡᠰ ᠳᠡᠪᠰᠢᠬᠦᠯᠬᠦ ᠶᠢ ᠠᠬᠢᠭᠤᠯᠵᠤ᠂ ᠨᠡᠶᠢᠳᠡᠮ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ᠂ ᠲᠤᠰᠬᠠᠶ ᠬᠡᠷᠡᠭᠯᠡᠭᠡᠨ ᠤ ᠲᠥᠬᠦᠭᠡᠷᠦᠮᠵᠢ ᠦᠢᠯᠡᠳᠬᠦ᠂ ᠮᠠᠰᠢᠨ ᠮᠧᠬᠠᠨᠢᠭ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠵᠡᠷᠭᠡ ᠬᠠᠮᠢᠶ᠎ᠠ ᠪᠦᠬᠦᠢ ᠠᠵᠢᠯ ᠲᠥᠷᠥᠯ ᠤᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      3. ᠬᠡᠮᠵᠢᠭᠦᠷᠯᠢᠭ ᠴᠠᠭᠯᠢᠭ ᠦᠢᠯᠡᠳᠬᠦ ᠦᠢᠯᠡᠰ᠃ ᠤᠯᠤᠰ ᠤᠨ ᠦᠢᠯᠡᠳᠬᠦ ᠦᠢᠯᠡᠰ ᠤᠨ ᠬᠡᠮᠵᠢᠯᠲᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠳᠤᠭᠤᠷᠢᠭ ᠤᠨ ᠰᠢᠨ᠎ᠡ ᠡᠨᠧᠷᠭᠢ ᠶᠢᠨ ᠮᠠᠰᠢᠨ ᠲᠡᠷᠭᠡ᠂ ᠰᠠᠯᠬᠢ ᠬᠡᠷᠡᠯ ᠡᠨᠧᠷᠭᠢ ᠬᠠᠳᠠᠭᠠᠯᠠᠬᠤ ᠵᠢᠴᠢ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ ᠵᠡᠷᠭᠡ ᠬᠥᠭᠵᠢᠯᠲᠡ ᠶᠢᠨ ᠠᠵᠠ ᠲᠣᠬᠢᠶᠠᠯ ᠳᠤ ᠲᠦᠰᠢᠭᠯᠡᠨ᠂ ᠦᠢᠯᠡᠳᠬᠦ ᠦᠢᠯᠡᠴᠢᠯᠡᠬᠡᠨ ᠤ ᠦᠢᠯᠡᠰ ᠢ ᠢᠵᠢ ᠪᠦᠷᠢᠳᠦᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠮᠠᠰᠢᠨ ᠲᠡᠷᠭᠡ᠂ ᠴᠠᠬᠢᠯᠭᠠᠨ ᠤ ᠤᠬᠠᠭᠠᠨ᠂ ᠲᠤᠷᠰᠢᠯᠲᠠ ᠬᠢᠵᠤ ᠵᠠᠳᠠᠯᠤᠯᠲᠠ ᠬᠢᠬᠦ ᠵᠡᠷᠭᠡ ᠬᠦᠷᠢᠶ᠎ᠡ ᠴᠠᠷᠠᠭ᠎ᠠ ᠶᠢᠨ ᠬᠡᠮᠵᠢᠭᠦᠷᠯᠢᠭ ᠴᠠᠭᠯᠢᠭ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠬᠡᠮᠵᠢᠭᠦᠷᠯᠢᠭ ᠴᠠᠭᠯᠢᠭ ᠦᠢᠯᠡᠳᠬᠦ ᠦᠢᠯᠡᠰ ᠤᠨ ᠬᠠᠮᠢᠶ᠎ᠠ ᠪᠥᠬᠦᠶ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      ︵ᠬᠤᠶᠠᠷ︶ ᠳᠠᠪᠠᠭᠤᠯᠢᠭ ᠠᠵᠤ ᠦᠢᠯᠡᠰ ᠢ ᠬᠦᠴᠦᠷᠬᠡᠭᠵᠢᠭᠦᠯᠦᠨ ᠪᠣᠲᠠᠲᠠᠶᠢᠵᠢᠭᠤᠯᠤᠨ᠎ᠠ      1. ᠠᠭᠤᠷᠬᠠᠶ ᠮᠠᠯᠲᠠᠬᠤ ᠦᠢᠯᠡᠰ᠃ ᠪᠥᠬᠦ ᠬᠤᠲᠠ ᠶᠢᠨ ᠨᠡᠭᠦᠷᠡᠰᠦᠨ ᠠᠭᠤᠷᠬᠠᠢ ᠶᠢᠨ ᠬᠦᠷᠢᠶᠡᠨ ᠳᠠᠬᠢ ᠦᠢᠯᠡᠳᠪᠦᠷᠢᠯᠡᠯ ᠤᠨ ᠴᠢᠨᠠᠷᠲᠠᠢ ᠦᠢᠯᠡᠴᠢᠯᠡᠭᠡᠨ ᠤ ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠣᠲᠣ ᠶᠢᠨ ᠪᠠᠶᠢᠭ᠎ᠠ ᠨᠡᠭᠦᠷᠡᠰᠦ ᠮᠠᠯᠲᠠᠬᠤ ᠠᠵᠢᠯ ᠲᠥᠷᠥᠯ ᠤᠨ ᠬᠥᠭᠵᠢᠯᠲᠡ ᠶᠢᠨ ᠳᠠᠪᠠᠭᠤᠯᠢᠭ ᠪᠠ ᠨᠡᠭᠦᠷᠡᠰᠦᠨ ᠠᠭᠤᠷᠬᠠᠢ ᠶᠢᠨ ᠣᠶᠤᠨᠴᠢᠯᠠᠭᠰᠠᠨ ᠪᠠᠶᠢᠭᠤᠯᠤᠯᠲᠠ ᠳᠤ ᠲᠦᠰᠢᠭᠯᠡᠨ᠂ ᠦᠢᠯᠡᠴᠢᠯᠡᠭᠡᠨ ᠤ ᠬᠡᠯᠪᠡᠷᠢ ᠶᠢᠨ ᠦᠢᠯᠡᠳᠬᠦ ᠦᠢᠯᠡᠰ ᠢ ᠶᠡᠬᠡᠪᠡᠷ ᠬᠥᠭᠵᠢᠭᠦᠯᠵᠦ᠂ ᠡᠨᠧᠷᠭᠢ ᠶᠢᠨ ᠠᠵᠢᠯ ᠲᠥᠷᠥᠯ ᠤᠨ ᠳᠤᠯᠤᠭᠠᠶᠢᠯᠠᠭᠴᠢ ᠠᠵᠤ ᠠᠬᠤᠶᠢᠯᠠᠯ ᠤᠨ ᠤᠯᠠᠷᠢᠨ ᠬᠤᠪᠢᠰᠬᠤ ᠶᠢ ᠵᠣᠷᠢᠭᠵᠢᠭᠤᠯᠤᠨ᠂ ᠨᠡᠭᠦᠷᠡᠰᠦ ᠮᠠᠯᠲᠠᠬᠤ᠂ ᠤᠬᠢᠶᠠᠵᠤ ᠰᠢᠯᠢᠬᠦ ᠵᠢᠴᠢ ᠪᠤᠰᠤᠳ ᠲᠤᠰᠠᠯᠠᠬᠤ ᠴᠢᠨᠠᠷᠲᠠᠢ ᠠᠵᠢᠯᠯᠠᠭ᠎ᠠ ᠵᠡᠷᠭᠡ ᠢᠵᠢ ᠪᠦᠷᠢᠳᠦᠭᠦᠯᠦᠭᠰᠡᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠢ ᠪᠤᠶᠢᠵᠢᠭᠤᠯᠤᠨ ᠬᠥᠭᠵᠢᠭᠦᠯᠵᠦ᠂ ᠨᠡᠭᠡᠭᠡᠨ ᠮᠠᠯᠲᠠᠬᠤ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭᠠᠨ ᠤ ᠬᠠᠮᠢᠶ᠎ᠠ ᠪᠦᠬᠦᠢ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ᠂ ᠠᠭᠤᠷᠬᠠᠢ ᠮᠠᠯᠲᠠᠬᠤ ᠦᠢᠯᠡᠰ ᠤᠨ ᠢᠵᠢ ᠪᠦᠷᠢᠳᠦᠭᠦᠯᠬᠦ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ᠎ᠡ᠃      2. ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠪᠦᠬᠦ ᠬᠤᠲᠠ ᠶᠢᠨ ᠭᠤᠤᠯᠢᠩ ᠰᠢᠷᠣᠶ᠂ ᠥᠭᠡᠬᠦᠨ ᠴᠢᠯᠠᠭᠤᠨ ᠡᠯᠡᠰᠦ ᠵᠡᠷᠭᠡ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠠᠰᠢᠭᠯᠠᠵᠤ᠂ ᠨᠤᠨᠲᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ ᠴᠠᠬᠢᠯᠠᠭᠤᠷ ᠴᠢᠯᠠᠭᠤᠨ ᠰᠢᠭᠠᠷᠤ ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠡᠭᠡᠭᠦᠯᠦᠨ ᠬᠤᠷᠢᠶᠠᠬᠤ ᠪᠠ ᠶᠡᠷᠦᠩᠬᠡᠶᠢᠯᠡᠨ ᠠᠰᠢᠭᠯᠠᠬᠤ ᠶᠢ ᠳᠠᠮᠵᠢᠵᠤ᠂ ᠣᠨᠴᠠ ᠲᠥᠷᠥᠯ ᠤᠨ ᠰᠢᠯ᠂ ᠥᠨᠳᠥᠷ ᠲᠡᠰ ᠤᠨ ᠭᠠᠯ ᠳᠤ ᠲᠡᠰᠪᠦᠷᠢᠲᠡᠢ ᠮᠠᠲ᠋ᠧᠷᠢᠶᠠᠯ᠂ ᠸᠠᠭᠠᠷ ᠱᠠᠭᠠᠵᠠᠩ ᠤᠨ ᠪᠦᠲᠦᠭᠡᠭᠳᠡᠬᠦᠨ ᠵᠡᠷᠭᠡ ᠠᠵᠤ ᠦᠢᠯᠡᠰ ᠤᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠡᠮᠦᠷᠯᠢᠭ ᠪᠤᠰᠤ ᠠᠭᠤᠷᠬᠠᠢ ᠶᠢᠨ ᠪᠦᠲᠦᠭᠡᠭᠳᠡᠬᠦᠨ ᠤ ᠦᠢᠯᠡᠰ ᠤᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      ︵ᠭᠤᠷᠪᠠ︶ ᠰᠢᠨ᠎ᠡ ᠪᠠᠷ ᠬᠦᠭᠵᠢᠭᠰᠡᠨ ᠠᠵᠤ ᠦᠢᠯᠡᠰ ᠢ ᠪᠤᠶᠢᠵᠢᠭᠤᠯᠤᠨ ᠬᠦᠭᠵᠢᠭᠦᠯᠦᠨ᠎ᠡ      ᠳᠤᠭᠠᠴᠢᠯᠠᠭᠰᠠᠨ ᠠᠵᠤ ᠠᠬᠤᠶ ᠶᠢᠨ ᠠᠵᠤ ᠦᠢᠯᠡᠰ᠃ ᠲᠣᠭᠠᠴᠢᠯᠠᠭᠰᠠᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠠᠪᠴᠠᠩ ᠳᠤ ᠲᠦᠰᠢᠭᠯᠡᠨ᠂ ᠠᠵᠤ ᠦᠢᠯᠡᠳᠪᠦᠷᠢ ᠶᠢᠨ ᠢᠨᠲ᠋ᠧᠷ ᠰᠦᠯᠵᠢᠶ᠎ᠡ᠂ ᠲᠣᠮᠣ ᠳ᠋ᠠᠶᠢᠲ᠋ᠠ᠂ ᠮᠡᠳᠡᠭᠡ ᠵᠠᠩᠭᠢ ᠶᠢᠨ ᠠᠮᠤᠷ ᠲᠦᠪᠰᠢᠨ᠂ ᠤᠶᠤᠨᠴᠢ ᠦᠢᠯᠡᠳᠬᠦ ᠵᠡᠷᠭᠡ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠠᠵᠤ ᠦᠢᠯᠡᠳᠪᠦᠷᠢ ᠶᠢᠨ ᠡᠵᠡᠮᠳᠡᠯ᠂ ᠮᠡᠳᠡᠭᠡ ᠵᠠᠩᠭᠢ ᠶᠢᠨ ᠠᠮᠤᠷ ᠲᠦᠪᠰᠢᠨ᠂ ᠠᠵᠤ ᠦᠢᠯᠡᠳᠪᠦᠷᠢ ᠶᠢᠨ ᠮᠠᠰᠢᠨ ᠬᠥᠮᠦᠨ᠂ ᠵᠣᠬᠢᠶᠠᠮᠠᠯ ᠣᠶᠤᠨ ᠵᠡᠷᠭᠡ ᠬᠠᠮᠢᠶ᠎ᠠ ᠪᠥᠬᠦᠶ ᠲᠥᠬᠦᠭᠡᠷᠦᠮᠵᠢ ᠵᠢᠴᠢ ᠰᠢᠰᠲ᠋ᠧᠮ ᠢ ᠦᠢᠯᠡᠳᠬᠦ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠤᠨ ᠲᠥᠬᠦᠭᠡᠷᠦᠮᠵᠢ ᠦᠢᠯᠡᠳᠬᠦ ᠦᠢᠯᠡᠰ ᠤᠨ ᠬᠠᠮᠢᠶ᠎ᠠ ᠪᠥᠬᠦᠶ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      ︵ᠲᠦᠷᠪᠡ︶ ᠤᠯᠠᠮᠵᠢᠯᠠᠯᠲᠤ ᠤᠨᠴᠠᠯᠢᠭᠳᠤ ᠠᠵᠤ ᠦᠢᠯᠡᠰ ᠢ ᠰᠢᠯᠢᠳᠡᠭᠵᠢᠬᠦᠯᠦᠨ ᠳᠡᠰ ᠳᠡᠪᠰᠢᠬᠦᠯᠦᠨ᠎ᠡ      1. ᠪᠣᠬᠢᠷᠲᠤᠯ ᠦᠭᠡᠶ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ᠃ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠦᠬᠡᠷ᠂ ᠬᠤᠨᠢ᠂ ᠴᠠᠭᠠᠨ ᠢᠳᠡᠭᠡᠨ᠂ ᠡᠷᠳᠡᠨᠢ ᠰᠢᠰᠢ᠂ ᠵᠢᠵᠢᠭ ᠬᠤᠯᠢᠮᠠᠭ ᠠᠮᠤ᠂ ᠴᠢᠴᠠᠷᠭᠠᠨ᠎ᠠ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢᠨ ᠳᠠᠯᠳᠠ ᠬᠦᠴᠦᠨ ᠢ ᠭᠦᠨᠵᠡᠭᠡᠶ ᠠᠭᠤᠳᠠᠯᠵᠤ᠂ ᠣᠲᠣ ᠶᠢᠨ ᠪᠠᠶᠢᠭ᠎ᠠ ᠠᠵᠤ ᠠᠬᠤᠶᠢᠯᠠᠯ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠬᠦᠴᠦᠯᠡᠨ ᠲᠡᠳᠬᠦᠵᠦ᠂ ᠦᠬᠡᠷ ᠬᠤᠨᠢᠨ ᠮᠢᠬ᠎ᠠ᠂ ᠡᠷᠳᠡᠨᠢ ᠰᠢᠰᠢ᠂ ᠰᠦ᠂ ᠴᠢᠴᠠᠷᠭᠠᠨ᠎ᠠ ᠶᠢᠨ ᠤᠮᠳᠠᠭᠠᠨ᠂ ᠭᠦᠢᠯᠡᠰᠦᠨ ᠴᠥᠮ᠎ᠡ ᠶᠢᠨ ᠤᠮᠳᠠᠭᠠᠨ᠂ ᠬᠤᠯᠢᠮᠠᠭ ᠠᠮᠤ ᠡᠳ᠋ᠰᠢᠭᠦᠯᠬᠦ ᠵᠡᠷᠭᠡ ᠬᠦᠷᠢᠶᠡᠨ ᠳᠤ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠵᠤ᠂ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠡᠳ᠋ᠰᠢᠭᠦᠯᠬᠦ ᠦᠢᠯᠡᠰ᠂ ᠢᠳᠡᠭᠡᠨ  ᠦᠢᠯᠡᠳᠬᠦ ᠦᠢᠯᠡᠰ ᠵᠡᠷᠭᠡ ᠬᠠᠮᠢᠶ᠎ᠠ ᠪᠥᠬᠦᠶ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      2. ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ᠃ ᠬᠥᠩᠭᠡᠨ ᠠᠵᠤ ᠦᠢᠯᠡᠳᠪᠦᠷᠢ ᠨᠡᠬᠡᠮᠡᠯ ᠤᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠮᠠᠨ ᠤ ᠳᠤᠭᠤᠷᠢᠭ ᠤᠨ ᠤᠯᠤᠰ ᠤᠨ ᠳᠣᠲᠣᠭᠠᠳᠤ ᠶᠢᠨ ᠢᠮᠠᠭᠠᠨ ᠨᠤᠤᠯᠤᠭᠤᠷ ᠦᠢᠯᠡᠳᠪᠦᠷᠢᠯᠡᠵᠦ ᠡᠳ᠋ᠰᠢᠬᠦᠯᠬᠦ ᠴᠢᠬᠤᠯᠠ ᠰᠠᠭᠤᠷᠢᠨ ᠭᠠᠵᠠᠷ ᠪᠣᠯᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠣᠷᠳᠣᠰ ᠪᠦᠯᠦᠭᠯᠡᠯ ᠤᠨ ᠳᠠᠭᠠᠭᠤᠯᠤᠭᠴᠢ ᠠᠵᠤ ᠠᠬᠤᠶᠢᠯᠠᠯ ᠪᠣᠯᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠲᠠᠪᠴᠠᠩ ᠳᠤ ᠲᠦᠰᠢᠭᠯᠡᠨ᠂ ᠠᠵᠤ ᠠᠬᠤᠶᠢᠯᠠᠯ ᠤᠨ ᠮᠡᠷᠭᠡᠵᠢᠯ ᠪᠣᠯᠤᠨ ᠭᠠᠷ ᠤᠷᠠᠯᠠᠯ ᠤᠨ ᠰᠤᠳᠤᠯᠤᠯ ᠢ ᠨᠡᠮᠡᠭᠳᠡᠭᠦᠯᠬᠦ ᠶᠢ ᠵᠣᠷᠢᠭᠵᠢᠭᠤᠯᠵᠤ᠂ ᠨᠣᠣᠰᠣᠨ ᠨᠡᠬᠡᠮᠡᠯ ᠤᠨ ᠡᠳ᠋ᠰᠢᠬᠦᠯᠬᠦ ᠠᠵᠤ ᠦᠢᠯᠡᠰ ᠢ ᠬᠥᠭᠵᠢᠭᠦᠯᠵᠦ᠂ ᠬᠦᠵᠦᠬᠦᠨ ᠤ ᠣᠷᠢᠶᠠᠯᠲᠠ᠂ ᠪᠡᠭᠡᠯᠡᠶ᠂ ᠮᠠᠯᠠᠭᠠᠶ ᠵᠡᠷᠭᠡ ᠬᠤᠪᠴᠠᠰᠤ ᠵᠠᠰᠠᠯ ᠦᠢᠯᠡᠳᠬᠦ ᠠᠵᠤ ᠦᠢᠯᠡᠰ ᠢ ᠬᠥᠭᠵᠢᠭᠦᠯᠵᠦ᠂ ᠨᠣᠣᠰᠣᠨ ᠨᠡᠬᠡᠮᠡᠯ ᠵᠢᠴᠢ ᠪᠤᠳᠤᠬᠤ ᠨᠠᠷᠢᠯᠢᠭ ᠪᠣᠯᠪᠠᠰᠤᠷᠠᠭᠤᠯᠬᠤ ᠲᠥᠷᠥᠯ ᠵᠦᠢᠯ ᠢ ᠴᠦᠮ ᠪᠥᠷᠬᠦᠭᠦᠯᠬᠦ ᠶᠢ ᠠᠬᠢᠭᠤᠯᠤᠨ᠂ ᠨᠡᠬᠡᠮᠡᠯ ᠬᠤᠪᠴᠠᠰᠤ᠂ ᠬᠤᠪᠴᠠᠰᠤ ᠵᠠᠰᠠᠯ ᠤᠨ ᠦᠢᠯᠡᠰ ᠤᠨ ᠬᠠᠮᠢᠶ᠎ᠠ ᠪᠦᠬᠦᠢ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠦᠨ᠎ᠡ᠃      3. ᠰᠣᠶᠣᠯ ᠰᠤᠷᠭᠠᠨ ᠬᠥᠮᠥᠵᠢᠯ᠂ ᠭᠠᠷ ᠤᠷᠠᠯᠠᠯ ᠤᠨ ᠦᠢᠯᠡᠳᠬᠦ ᠦᠢᠯᠡᠰ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶᠡᠰᠦ ᠶᠢ ᠪᠤᠶᠢᠵᠢᠭᠤᠯᠬᠤ ᠲᠠᠢ ᠤᠶᠠᠯᠳᠤᠭᠤᠯᠤᠨ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠤ ᠢᠳᠡᠪᠬᠢᠲᠡᠶ ᠠᠭᠤᠰᠤᠯᠴᠠᠵᠤ᠂ ᠭᠠᠵᠠᠷ ᠣᠷᠣᠨ ᠤ ᠭᠦᠨ ᠵᠤᠵᠠᠭᠠᠨ ᠥᠪᠡᠷᠮᠢᠴᠡ ᠰᠣᠶᠣᠯ ᠢᠷᠭᠡᠨᠰᠢᠯ ᠤᠨ ᠲᠡᠤᠬᠡ ᠪᠠ ᠥᠪᠡᠷᠮᠢᠴᠡ ᠲᠠᠲᠠᠬᠤ ᠬᠦᠴᠦᠨ ᠲᠠᠢ ᠦᠨᠳᠦᠰᠦᠲᠡᠨ ᠤ ᠰᠣᠶᠣᠯ ᠤᠨ ᠣᠨᠴᠠᠯᠢᠭ ᠢ ᠠᠭᠤᠳᠠᠯᠤᠨ᠂ ᠰᠣᠶᠣᠯ ᠤᠨ ᠪᠦᠲᠦᠭᠡᠯᠴᠢ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠭᠠᠷ ᠤᠷᠠᠯᠠᠯ ᠤᠷᠠᠨ ᠵᠢᠷᠤᠭ ᠤᠨ ᠦᠢᠯᠡᠳᠬᠦᠨ᠂ ᠵᠤᠭ᠎ᠠ ᠴᠡᠩᠭᠡᠯ ᠤᠨ ᠬᠡᠷᠡᠭᠰᠡᠯ ᠦᠢᠯᠡᠳᠬᠦ ᠦᠢᠯᠡᠰ ᠢ ᠭᠤᠤᠯᠳᠠᠯᠭ᠎ᠠ ᠲᠠᠢ ᠬᠥᠭᠵᠢᠭᠦᠯᠵᠦ᠂ ᠰᠣᠶᠣᠯ ᠰᠤᠷᠭᠠᠨ ᠬᠥᠮᠦᠵᠢᠯ᠂ ᠠᠵᠤ ᠦᠢᠯᠡᠳᠪᠦᠷᠢ ᠤᠷᠠᠯᠢᠭ ᠪᠠ ᠵᠤᠭ᠎ᠠ ᠴᠡᠩᠭᠡᠯ ᠤᠨ ᠬᠡᠷᠡᠭᠰᠡᠯ ᠦᠢᠯᠡᠳᠬᠦ ᠦᠢᠯᠡᠰ ᠤᠨ ᠠᠵᠢᠯ ᠲᠥᠷᠥᠯ ᠤᠨ ᠬᠠᠮᠢᠶ᠎ᠠ ᠪᠥᠬᠦᠶ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠦᠨ᠎ᠡ᠃      ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠠᠵᠢᠯ ᠤᠨ ᠲᠤᠰᠬᠠᠢ ᠠᠩᠭᠢ ᠪᠠᠶᠢᠭᠤᠯᠤᠨ᠎ᠠ    ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠳᠤᠭᠤᠶᠢᠯᠠᠩ ᠪᠠᠶᠢᠭᠤᠯᠬᠤ ᠪᠠᠷ ᠲᠣᠭᠲᠠᠵᠤ᠂ ᠠᠵᠢᠯᠯᠠᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠳᠤ ᠪᠠᠶᠢᠷᠢᠯᠠᠭᠤᠯᠵᠤ᠂ ᠠᠵᠢᠯ ᠤᠨ ᠳᠤᠭᠤᠶᠢᠯᠠᠩ ᠤᠨ ᠡᠳᠦᠷ ᠲᠤᠲᠤᠮ ᠤᠨ ᠠᠵᠢᠯ ᠢ ᠡᠭᠦᠷᠭᠡᠯᠡᠨ᠎ᠡ᠃      ︵ᠬᠤᠶᠠᠷ︶ ᠪᠡᠯᠡ ᠮᠦᠩᠭᠦ ᠶᠢᠨ ᠳᠡᠮᠵᠢᠯᠭᠡ ᠶᠢ ᠨᠡᠮᠡᠭᠳᠡᠬᠦᠯᠦᠨ᠎ᠡ      ︽ᠣᠷᠳᠣᠰ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠬᠦᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠣᠷᠳᠣᠰ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠣᠷᠳᠣᠰ ᠠᠵᠤ ᠦᠢᠯᠡᠳᠪᠦᠷᠢ ᠮᠡᠳᠡᠭᠡ ᠵᠠᠩᠭᠢᠵᠢᠯᠲᠠ ︹2022︺ 52 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠳᠤᠭᠤᠷᠢᠭ ᠲᠤ ᠳᠠᠩᠰᠠᠯᠠᠭᠤᠯᠬᠤ ᠶᠢᠨ ᠬᠠᠮᠲᠤ ᠲᠤᠰᠠᠭᠠᠷ ᠬᠠᠤᠯᠢ ᠶᠢᠨ ᠡᠷᠬᠡᠲᠡᠨ ᠤ ᠬᠢᠷᠢ ᠬᠡᠮ ᠲᠠᠢ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠬᠤᠭᠤᠰᠣᠨ ᠢ ᠨᠥᠬᠦᠪᠥᠷᠢᠯᠡᠭᠰᠡᠨ ᠠᠵᠤ ᠠᠬᠤᠶᠢᠯᠠᠯ ᠳᠤ ᠨᠦᠬᠦᠪᠤᠷᠢᠯᠡᠭᠰᠡᠨ ᠪᠠᠶᠢᠳᠠᠯ ᠢ ᠦᠨᠳᠦᠰᠦᠯᠡᠨ ᠪᠠᠯᠠ ᠮᠥᠩᠭᠦ ᠶᠢᠨ ᠱᠠᠩᠨᠠᠯ ᠣᠯᠭᠤᠨ᠎ᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠦᠭᠰᠡᠨ ᠰᠢᠨ᠎ᠡ ᠪᠠᠷ ᠣᠷᠣᠭᠤᠯᠤᠨ ᠠᠪᠴᠢᠷᠠᠵᠤ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠢ ᠠᠵᠢᠯ ᠡᠬᠢᠯᠡᠭᠦᠯᠦᠨ ᠪᠥᠲᠥᠭᠡᠨ ᠪᠠᠶᠢᠭᠤᠯᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ᠂ ᠬᠡᠪᠴᠢᠶᠡᠵᠢᠯ ᠳᠤ ᠤᠷᠤᠭᠰᠠᠨ ᠶᠣᠰᠣᠭᠠᠷ ᠱᠠᠲᠤ ᠬᠤᠪᠢᠶᠠᠨ ᠱᠠᠩᠨᠠᠨ ᠬᠥᠬᠢᠭᠦᠯᠵᠦ᠂ ᠬᠤᠲᠠ ᠶᠢᠨ ᠱᠠᠲᠤᠨ ᠤ ᠲᠤᠰᠬᠠᠶ ᠪᠠᠯᠠ ᠮᠥᠩᠭᠦ ᠶᠢᠨ ᠬᠥᠲᠥᠯᠦᠨ ᠵᠢᠯᠣᠭᠤᠳᠬᠤ ᠦᠢᠯᠡᠳᠦᠯ ᠢ ᠪᠠᠳᠠᠷᠠᠭᠤᠯᠤᠨ᠎ᠠ᠃      1.  ᠬᠢᠵᠠᠭᠠᠷᠯᠠᠭᠰᠠᠨ ᠳᠤᠭ᠎ᠠ ᠠᠴᠠ ᠳᠤᠷᠤᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠨᠦᠬᠦᠪᠤᠷᠢᠯᠡᠵᠤ ᠬᠡᠪᠴᠢᠶᠡᠵᠢᠯ ᠳᠤ ᠤᠷᠤᠭᠤᠯᠬᠤ ᠶᠢ ᠳᠡᠮᠵᠢᠨ᠎ᠡ᠃ ᠠᠶᠠᠨᠳᠠᠭᠠᠨ ᠦᠰᠦᠨ ᠪᠤᠶᠢᠵᠢᠭᠰᠠᠨ ᠬᠢᠵᠠᠭᠠᠷᠯᠠᠭᠰᠠᠨ ᠳᠤᠭ᠎ᠠ ᠶᠢ ᠳᠠᠪᠠᠭᠰᠠᠨ ᠠᠵᠤ ᠦᠢᠯᠡᠳᠪᠦᠷᠢ ᠶᠢᠨ ᠠᠵᠤ ᠠᠬᠤᠶᠢᠯᠠᠯ ᠬᠡᠪᠴᠢᠶᠡᠵᠢᠯ ᠠᠴᠠ ᠳᠡᠭᠡᠭᠰᠢᠬᠢ ᠨᠡᠷᠡᠰ ᠤᠨ ᠵᠢᠭᠰᠠᠭᠠᠯᠲᠠ ᠶᠢᠨ ᠬᠥᠮᠥᠷᠭᠡ ᠳᠤ 12 ᠰᠠᠷ᠎ᠠ ᠠᠴᠠ ᠳᠡᠭᠡᠭᠰᠢ ᠪᠠᠶᠢᠬᠤ ᠶᠢ ᠪᠠᠲᠤᠯᠠᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠣᠮᠣ ᠳᠤᠮᠳᠠ ᠵᠢᠵᠢᠭ ᠲᠥᠷᠥᠯ ᠤᠨ ᠠᠵᠢᠯ ᠲᠥᠷᠥᠯ ᠤᠨ ᠬᠤᠭᠤᠰᠣᠨ ᠢ ᠲᠣᠰ ᠲᠣᠰ ᠨᠥᠬᠦᠪᠦᠷᠢᠯᠡᠪᠡᠯ᠂ ᠠᠵᠤ ᠠᠬᠤᠶᠢᠯᠠᠯ ᠢ ᠲᠣᠰ ᠲᠣᠰ 100 ᠲᠦᠮᠡᠨ ᠲᠥᠭᠦᠷᠢᠭ᠂ 60 ᠲᠦᠮᠡᠨ ᠲᠥᠭᠦᠷᠢᠭ ᠪᠠ 20 ᠲᠦᠮᠡᠨ ᠲᠥᠭᠦᠷᠢᠭ ᠢᠶᠠᠷ ᠱᠠᠩᠨᠠᠨ᠎ᠠ᠃ ᠭᠠᠭᠴᠠ ᠡᠷᠦᠬᠡ ᠠᠵᠤ ᠠᠬᠤᠶᠢᠯᠠᠯ ᠵᠥᠪᠬᠡᠨ ᠨᠢᠭᠡ ᠯᠡ ᠤᠳᠠᠭᠠᠨ ᠤ ᠱᠠᠩᠨᠠᠯ ᠭᠥᠷᠳᠡᠵᠦ ᠪᠣᠯᠤᠨ᠎ᠠ᠂ ᠳᠠᠪᠬᠤᠷᠳᠠᠭᠤᠯᠤᠨ ᠪᠤᠳᠤᠵᠤ ᠪᠣᠯᠬᠤ ᠥᠬᠡᠶ᠂ ᠨᠢᠭᠡᠨᠲᠡ 5 ᠳ᠋ᠤᠭᠠᠷ ᠵᠦᠢᠯ ᠤᠨ ᠱᠠᠩᠨᠠᠯ ᠢ ᠭᠥᠷᠳᠡᠭᠰᠡᠨ ᠪᠣᠯ ᠲᠣᠰ ᠵᠦᠢᠯ ᠤᠨ ᠱᠠᠩᠨᠠᠯ ᠢ ᠭᠥᠷᠳᠡᠬᠦ ᠥᠬᠡᠶ᠃      2. ᠳᠤᠯᠤᠭᠠᠶᠢᠯᠠᠭᠴᠢ ᠠᠵᠤ ᠠᠬᠤᠶᠢᠯᠠᠯ ᠤᠨ ᠤᠯᠠᠷᠢᠨ ᠡᠬᠦᠰᠬᠦ ᠶᠢ ᠳᠡᠮᠵᠢᠨ᠎ᠡ᠃ ᠣᠳᠣ ᠪᠠᠶᠢᠭ᠎ᠠ ᠨᠡᠭᠦᠷᠡᠰᠦ᠂ ᠴᠠᠬᠢᠯᠭᠠᠨ ᠬᠦᠴᠦ᠂ ᠬᠢᠮᠢ ᠶᠢᠨ ᠠᠵᠤ ᠦᠢᠯᠡᠳᠪᠦᠷᠢ᠂ ᠲᠣᠨᠣᠭᠯᠠᠯ ᠦᠢᠯᠡᠳᠬᠦ ᠵᠡᠷᠭᠡ ᠠᠵᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ︵ᠬᠡᠪᠴᠢᠶᠡᠨ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ︶ ᠤᠨ ᠮᠠᠨ ᠤ ᠳᠤᠭᠤᠷᠢᠭ ᠲᠤ ᠲᠤᠰᠠᠭᠠᠷ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠢ ᠰᠢᠨ᠎ᠡ ᠪᠠᠷ ᠳᠠᠩᠰᠠᠯᠠᠭᠤᠯᠤᠨ ᠪᠠᠶᠢᠭᠤᠯᠵᠤ᠂ 2000 ᠲᠦᠮᠡᠨ ᠲᠥᠭᠦᠷᠢᠭ ᠠᠴᠠ ᠳᠡᠭᠡᠭᠰᠢ ᠪᠡᠯᠡ ᠣᠷᠣᠭᠤᠯᠵᠤ᠂ ᠲᠤᠰᠠᠯᠠᠬᠤ ᠴᠢᠨᠠᠷᠲᠠᠶ ᠪᠤᠶᠤ ᠢᠵᠢ ᠪᠦᠷᠢᠳᠦᠭᠦᠯᠬᠦ ᠦᠢᠯᠡᠴᠢᠯᠡᠭᠡ ᠬᠠᠩᠭᠠᠬᠤ ᠮᠥᠷᠲᠡᠭᠡᠨ ᠪᠦᠬᠦ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠢ ᠥᠷᠭᠡᠳᠬᠡᠵᠦ ᠪᠣᠯᠬᠤ ᠪᠠᠶᠢᠪᠠᠯ᠂ ᠳᠤᠯᠤᠭᠠᠶᠢᠯᠠᠭᠴᠢ ᠠᠵᠤ ᠠᠬᠤᠶᠢᠯᠠᠯ ᠢ ᠲᠤᠰ ᠲᠤᠰ 100 ᠲᠦᠮᠡᠨ ᠲᠥᠭᠦᠷᠢᠭ᠂ 60 ᠲᠦᠮᠡᠨ ᠲᠥᠭᠦᠷᠢᠭ ᠪᠠ 20 ᠲᠦᠮᠡᠨ ᠲᠥᠭᠦᠷᠢᠭ ᠢᠶᠠᠷ ᠱᠠᠩᠨᠠᠨ᠎ᠠ᠃ ᠨᠢᠭᠡ ᠠᠵᠤ ᠠᠬᠤᠶᠢᠯᠠᠯ ᠤᠨ ᠠᠳᠠᠯᠢ ᠨᠢᠭᠡᠨ ᠲᠥᠷᠥᠯ ᠵᠦᠢᠯ ᠢ ᠵᠥᠪᠬᠡᠨ ᠨᠢᠭᠡ ᠯᠡ ᠤᠳᠠᠭ᠎ᠠ ᠳᠡᠭᠡᠷ᠎ᠡ ᠱᠠᠩᠨᠠᠵᠤ ᠪᠣᠯᠣᠨ᠎ᠠ᠂ ᠳᠠᠪᠬᠤᠷᠳᠠᠭᠤᠯᠤᠨ ᠪᠤᠳᠤᠵᠤ ᠱᠠᠩᠨᠠᠵᠤ ᠪᠤᠯᠬᠤ ᠦᠬᠡᠢ᠃      3. ᠲᠤᠰᠬᠠᠶ ᠨᠠᠷᠢᠯᠢᠭ ᠣᠨᠴᠠ ᠰᠢᠨ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠨ᠎ᠡ᠃ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ᠂ ᠲᠤᠬᠠᠶ ᠶᠢᠨ ᠵᠢᠯ ᠳᠤ ᠦᠢᠯᠡᠳᠬᠦ ᠦᠢᠯᠡᠰ ᠤᠨ ᠭᠠᠭᠴᠠ ᠲᠥᠷᠥᠯ ᠤᠨ ᠮᠠᠩᠯᠠᠶᠢᠯᠠᠭᠴᠢ ᠠᠵᠤ ᠠᠬᠤᠶᠢᠯᠠᠯ ᠢ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠤᠨ ᠪᠡᠯᠡ ᠮᠥᠩᠭᠦ ᠪᠠᠷ ᠱᠠᠩᠨᠠᠨ᠎ᠠ︔ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ᠂ ᠰᠢᠨ᠎ᠡ ᠪᠠᠷ ᠮᠠᠭᠠᠳᠯᠠᠨ ᠲᠣᠭᠲᠠᠭᠠᠵᠤ ᠪᠣᠯᠬᠤ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ᠂ ᠬᠤᠲᠠ ᠶᠢᠨ ᠱᠠᠲᠤᠨ ᠤ ᠲᠤᠰᠬᠠᠶ ᠨᠠᠷᠢᠯᠢᠭ ᠣᠨᠴᠠ ᠰᠢᠨ᠎ᠡ ︽ᠵᠢᠵᠢᠭ ᠠᠪᠤᠷᠭᠤ ᠬᠥᠮᠦᠨ︾ ᠤ ᠠᠵᠤ ᠠᠬᠤᠶᠢᠯᠠᠯ ᠢ ᠲᠣᠰ ᠲᠣᠰ 150 ᠲᠦᠮᠡᠨ ᠲᠥᠭᠦᠷᠢᠭ᠂ 100 ᠲᠦᠮᠡᠨ ᠲᠥᠭᠦᠷᠢᠭ ᠪᠠ 20 ᠲᠦᠮᠡᠨ ᠲᠥᠭᠦᠷᠢᠭ ᠢᠶᠠᠷ ᠱᠠᠩᠨᠠᠨ᠎ᠠ᠃ ᠨᠢᠬᠡ ᠠᠵᠤ ᠠᠬᠤᠶᠢᠯᠠᠯ ᠠᠳᠠᠯᠢ ᠲᠥᠷᠥᠯ ᠤᠨ ᠱᠠᠩᠨᠠᠯ ᠢ ᠨᠢᠭᠡ ᠯᠡ ᠤᠳᠠᠭ᠎ᠠ ᠭᠥᠷᠳᠡᠵᠦ ᠪᠣᠯᠤᠨ᠎ᠠ᠃      4. ᠰᠢᠨ᠎ᠡ ᠪᠠᠷ ᠣᠷᠣᠭᠤᠯᠵᠤ ᠢᠷᠡᠬᠦ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠨ᠎ᠡ᠃ ᠮᠠᠨ ᠤ ᠲᠤᠭᠤᠷᠢᠭ ᠲᠤ ᠨᠤᠳᠤᠬᠰᠢᠬᠰᠠᠨ ᠪᠠᠶᠢᠪᠠᠯ᠂ ᠪᠡᠯᠡ ᠤᠷᠤᠭᠤᠯᠤᠯᠳᠠ ᠶᠢᠨ ᠭᠡᠮᠵᠢᠶ᠎ᠠ ᠨᠢ 200 ᠲᠦᠮᠡᠨ ᠲᠦᠬᠦᠷᠢᠭ — 2000 ᠲᠦᠮᠡᠨ ᠲᠦᠬᠦᠷᠢᠭ᠂ ᠤᠯᠤᠰ ᠤᠨ ᠠᠵᠤ ᠦᠢᠯᠡᠰ ᠤᠨ ᠬᠦᠭᠵᠢᠯᠳᠠ ᠶᠢᠨ ᠲᠦᠷᠦ ᠶᠢᠨ ᠪᠤᠳᠤᠯᠭ᠎ᠠ ᠪᠠ ︽ᠣᠷᠳᠣᠰ ᠬᠤᠲᠠ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠬᠦᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭᠠᠨ ᠤ ᠲᠦᠰᠦᠯ︾ ᠳᠤ ᠲᠤᠬᠳᠠᠭᠠᠭᠰᠠᠨ ᠭᠤᠤᠯᠳᠠᠯᠭ᠎ᠠ ᠲᠠᠢ ᠦᠷᠭᠡᠳᠭᠡᠨ ᠨᠡᠮᠡᠭᠳᠡᠬᠦᠯᠬᠦ ᠲᠦᠷᠦᠯ ᠵᠦᠢᠯ ᠤᠨ ᠴᠢᠭᠯᠡᠯ ᠳᠤ ᠨᠡᠶᠢᠴᠠᠬᠦ ᠪᠦᠭᠡᠳ ᠪᠦᠬᠦ ᠬᠤᠳᠠ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠬᠤᠭᠤᠰᠤᠨ ᠢ ᠨᠦᠬᠦᠪᠤᠷᠢᠯᠡᠭᠰᠡᠨ ᠠᠵᠤ ᠦᠢᠯᠡᠳᠪᠦᠷᠢ ᠶᠢᠨ ᠲᠦᠷᠦᠯ ᠵᠦᠢᠯ ᠢ᠂ ᠠᠵᠤ ᠦᠢᠯᠡᠳᠪᠦᠷᠢ ᠶᠢᠨ ᠶᠡᠭᠡ ᠲᠦᠷᠦᠯ᠂ ᠲᠤᠮᠳᠠ ᠲᠦᠷᠦᠯ᠂ ᠵᠢᠵᠢᠭ ᠲᠦᠷᠦᠯ ᠤᠨ ᠬᠤᠭᠤᠰᠤᠨ ᠢ ᠨᠦᠬᠦᠪᠤᠷᠢᠯᠡᠭᠰᠡᠨ ᠪᠠᠶᠢᠳᠠᠯ ᠢ ᠦᠨᠳᠤᠰᠤᠯᠠᠵᠤ᠂ ᠲᠤᠰᠪᠤᠷᠢ 30 ᠲᠦᠮᠡᠨ ᠲᠦᠬᠦᠷᠢᠭ᠂ 20 ᠲᠦᠮᠡᠨ ᠲᠦᠬᠦᠷᠢᠭ ᠪᠠ 10 ᠲᠦᠮᠡᠨ ᠲᠦᠬᠦᠷᠢᠭ ᠢᠶᠠᠷ ᠱᠠᠩᠨᠠᠨ᠎ᠠ᠃ ᠭᠠᠭᠴᠠ ᠡᠷᠦᠬᠡ ᠠᠵᠤ ᠠᠬᠤᠶᠢᠯᠠᠯ ᠵᠥᠪᠬᠡᠨ ᠨᠢᠭᠡ ᠯᠡ ᠤᠳᠠᠭᠠᠨ ᠤ ᠱᠠᠩᠨᠠᠯ ᠭᠥᠷᠳᠡᠵᠦ ᠪᠣᠯᠤᠨ᠎ᠠ᠂ ᠳᠠᠪᠬᠤᠷᠳᠠᠭᠤᠯᠤᠨ ᠪᠤᠳᠤᠵᠤ ᠪᠣᠯᠬᠤ ᠥᠬᠡᠶ᠃      5. ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠦᠭᠰᠡᠨ ᠲᠦᠷᠦᠯ ᠵᠦᠢᠯ ᠢ ᠰᠢᠨ᠎ᠡ ᠪᠠᠷ ᠤᠷᠤᠭᠤᠯᠤᠨ ᠪᠦᠲᠦᠭᠡᠨ ᠪᠠᠶᠢᠭᠤᠯᠬᠤ ᠶᠢ ᠳᠡᠮᠵᠢᠨ᠎ᠡ᠃ ᠮᠠᠨ ᠤ ᠳᠤᠭᠤᠷᠢᠭ ᠲᠤ ᠤᠷᠤᠭᠵᠢᠭᠰᠠᠨ᠂ ᠪᠠᠯᠠ ᠣᠷᠣᠭᠤᠯᠤᠯᠲᠠ ᠶᠢᠨ ᠲᠤᠭ᠎ᠠ ᠨᠢ 2000 ᠲᠦᠮᠡᠨ ᠲᠥᠭᠦᠷᠢᠭ ᠢ ᠳᠠᠪᠠᠭᠰᠠᠨ᠂ ᠤᠯᠤᠰ ᠤᠨ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠪᠠ ︽ᠲᠥᠰᠦᠯ︾ ᠳᠤ ᠲᠣᠭᠲᠠᠭᠠᠭᠰᠠᠨ ᠭᠤᠤᠯᠳᠠᠯᠭ᠎ᠠ ᠲᠠᠢ ᠦᠷᠬᠡᠳᠬᠡᠨ ᠨᠡᠮᠡᠭᠳᠡᠬᠦᠯᠬᠦ ᠲᠥᠷᠥᠯ ᠵᠦᠢᠯ ᠤᠨ ᠴᠢᠭᠯᠡᠯ ᠳᠤ ᠨᠡᠶᠢᠴᠡᠬᠦ ᠪᠥᠭᠡᠳ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ  ᠨᠡᠮᠡᠭᠳᠡᠬᠦᠯᠦᠭᠰᠡᠨ ᠠᠵᠤ ᠦᠢᠯᠡᠳᠪᠤᠷᠢ ᠶᠢᠨ ᠲᠦᠷᠦᠯ ᠵᠦᠢᠯ᠂ ᠠᠵᠤ ᠦᠢᠯᠡᠳᠪᠦᠷᠢ  ᠶᠢᠨ ᠶᠡᠭᠡ ᠲᠥᠷᠥᠯ᠂ ᠳᠤᠮᠳᠠ ᠲᠥᠷᠥᠯ᠂ ᠵᠢᠵᠢᠭ ᠲᠥᠷᠥᠯ ᠢ ᠥᠷᠭᠡᠳᠬᠡᠨ ᠨᠡᠮᠡᠭᠳᠡᠬᠦᠯᠦᠭᠰᠡᠨ ᠪᠠᠶᠢᠳᠠᠯ ᠢ ᠦᠨᠳᠦᠰᠦᠯᠡᠨ᠂ ᠲᠣᠰ ᠲᠣᠰ 300 ᠲᠦᠮᠡᠨ ᠲᠥᠭᠦᠷᠢᠭ᠂ 200 ᠲᠦᠮᠡᠨ ᠲᠥᠭᠦᠷᠢᠭ᠂ 100 ᠲᠦᠮᠡᠨ ᠲᠥᠭᠦᠷᠢᠭ ᠢᠶᠠᠷ ᠱᠠᠩᠨᠠᠨ᠎ᠠ᠃ ᠨᠢᠬᠡ ᠠᠵᠤ ᠠᠬᠤᠶᠢᠯᠠᠯ ᠵᠥᠪᠬᠡᠨ ᠨᠢᠭᠡ ᠯᠡ ᠤᠳᠠᠭᠠᠨ ᠤ ᠱᠠᠩᠨᠠᠯ ᠭᠥᠷᠳᠡᠵᠦ ᠪᠣᠯᠤᠨ᠎ᠠ᠂ ᠳᠠᠪᠬᠤᠷᠳᠠᠭᠤᠯᠤᠨ ᠱᠠᠩᠨᠠᠵᠤ ᠪᠣᠯᠬᠤ ᠥᠬᠡᠶ᠃ ᠱᠠᠩᠨᠠᠯ ᠤᠨ ᠪᠡᠯᠡ ᠮᠥᠩᠭᠦ ᠶᠢ ᠱᠠᠲᠤ ᠬᠤᠪᠢᠶᠠᠨ 2᠄ 3᠄ 5 ᠶᠢᠨ ᠬᠠᠷᠢᠴᠠᠯ ᠢᠶᠠᠷ ᠣᠯᠭᠤᠨ᠎ᠠ᠃      ︵1︶ ᠦᠢᠯᠡᠳᠪᠦᠷᠢᠯᠡᠯ ᠤᠨ ᠴᠢᠨᠠᠷᠲᠠᠶ ᠲᠥᠷᠥᠯ ᠵᠦᠢᠯ ᠤᠨ ᠵᠢᠩᠬᠢᠨᠢ ᠭᠡᠷ᠎ᠡ ᠲᠣᠭᠲᠠᠭᠠᠬᠤ ᠶᠢᠨ ᠬᠠᠮᠲᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠭᠰᠠᠨ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠤᠭ᠎ᠠ ᠪᠦᠷᠢᠳᠬᠡᠯ ᠤᠨ ᠲᠠᠪᠴᠠᠩ ᠳᠤ ᠣᠷᠣᠭᠤᠯᠤᠭᠰᠠᠨ ᠤ ᠳᠠᠷᠠᠭ᠎ᠠ 20% ᠶᠢᠨ ᠱᠠᠩᠨᠠᠯ ᠤᠨ ᠪᠡᠯᠡ ᠮᠥᠩᠭᠦ ᠣᠯᠵᠤ ᠪᠣᠯᠤᠨ᠎ᠠ᠃      ︵2︶ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠤᠨ ᠪᠠᠷᠢᠯᠭ᠎ᠠ ᠳᠠᠭᠤᠰᠴᠤ ᠰᠢᠯᠭᠠᠨ ᠬᠤᠷᠢᠶᠠᠯᠳᠠ ᠶᠢ ᠳᠠᠮᠵᠢᠭᠰᠡᠨ ᠤ ᠳᠠᠷᠠᠭ᠎ᠠ 30% ᠶᠢᠨ ᠱᠠᠩᠨᠠᠯ ᠤᠨ ᠪᠡᠯᠡ ᠮᠥᠩᠭᠦ ᠣᠯᠵᠤ ᠪᠣᠯᠤᠨ᠎ᠠ᠃      ︵3︶ ᠲᠥᠷᠥᠯ ᠵᠦᠢᠯ ᠢ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠤᠭ᠎ᠠ ᠪᠦᠷᠢᠳᠬᠡᠯ ᠤᠨ ᠨᠡᠷᠡᠰ ᠤᠨ ᠵᠢᠭᠰᠠᠭᠠᠯᠲᠠ ᠳᠤ ᠣᠷᠣᠭᠤᠯᠤᠭᠰᠠᠨ ᠤ ᠳᠠᠷᠠᠭ᠎ᠠ 50% ᠶᠢᠨ ᠱᠠᠩᠨᠠᠯ ᠤᠨ ᠪᠡᠯᠡ ᠮᠥᠩᠭᠦ ᠣᠯᠵᠤ ᠪᠣᠯᠤᠨ᠎ᠠ᠃      ︵4︶ ᠲᠤᠬᠠᠢ ᠶᠢᠨ ᠵᠢᠯ ᠳᠤ ᠭᠡᠷ᠎ᠡ ᠲᠤᠭᠳᠠᠵᠤ ᠪᠠᠶᠢᠭᠤᠯᠤᠭᠳᠠᠵᠤ ᠠᠰᠢᠭᠯᠠᠯᠲᠠ ᠳᠤ ᠤᠷᠤᠭᠰᠠᠨ ᠲᠦᠷᠦᠯ ᠵᠦᠢᠯ ᠢ ᠤᠤᠯ ᠤᠨ ᠱᠠᠩᠨᠠᠬᠤ ᠪᠠᠷᠢᠮᠵᠢᠶ᠎ᠡ ᠶᠢᠨ ᠰᠠᠭᠤᠷᠢᠨ ᠳᠡᠬᠡᠷ᠎ᠡ ᠱᠠᠩᠨ᠋ᠠᠯ ᠤᠨ ᠪᠡᠯᠡ ᠮᠦᠩᠭᠦ ᠶᠢ 50%  ᠪᠠᠷ ᠳᠡᠬᠡᠭᠰᠢᠯᠡᠬᠦᠯᠦᠨ᠎ᠡ᠃      ︵ᠭᠤᠷᠪᠠ︶ ᠬᠠᠷᠠᠯᠲᠠ ᠲᠠᠢ ᠪᠠᠷ ᠬᠢᠨᠠᠨ ᠰᠢᠯᠭᠠᠬᠤ      ᠳᠤᠭᠤᠷᠢᠭ ᠤᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠨᠢ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠬᠠᠮᠢᠶ᠎ᠠ ᠪᠦᠬᠦᠢ ᠠᠵᠢᠯ ᠵᠢᠴᠢ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠰᠠᠯᠠᠭ᠎ᠠ ᠮᠥᠴᠢᠷ ᠤᠨ ᠲᠤᠰᠬᠠᠶ ᠬᠢᠨᠠᠨ ᠰᠢᠯᠭᠠᠯᠲᠠ ᠳᠤ ᠣᠷᠣᠭᠤᠯᠵᠤ᠂ ᠰᠢᠨᠵᠢᠯᠡᠬᠦ ᠤᠬᠠᠭᠠᠨᠴᠢ ᠪᠥᠭᠡᠳ ᠳᠣᠭᠢᠷᠬᠠᠰᠠᠨ ᠬᠢᠨᠠᠨ ᠰᠢᠯᠭᠠᠬᠤ ᠠᠷᠭ᠎ᠠ ᠪᠠᠷ ᠡᠯ᠎ᠡ ᠰᠠᠯᠠᠭ᠎ᠠ ᠮᠥᠴᠢᠷ ᠤᠨ ᠠᠵᠤ ᠦᠢᠯᠡᠳᠪᠦᠷᠢ ᠶᠢᠨ ᠲᠥᠷᠥᠯ ᠵᠦᠢᠯ ᠶᠢ ᠦᠷᠬᠡᠳᠬᠡᠨ ᠨᠡᠮᠡᠭᠳᠡᠬᠦᠯᠦᠭᠰᠡᠨ ᠬᠠᠷᠠᠯᠲᠠᠲᠤ ᠡᠭᠦᠷᠭᠡ ᠶᠢ ᠪᠡᠶᠡᠯᠡᠭᠦᠯᠦᠭᠰᠡᠨ ᠪᠠᠶᠢᠳᠠᠯ ᠢ ᠬᠢᠨᠠᠨ ᠰᠢᠯᠭᠠᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠨ ᠪᠣᠳᠠᠲᠠᠶ ᠪᠠᠷ ᠲᠤᠰᠬᠠᠵᠤ᠂ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠠᠵᠢᠯ ᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠲᠠᠪᠤ᠂ ᠪᠤᠰᠤᠳ ᠵᠦᠢᠯ      ᠨᠢᠭᠡ ᠳᠤ᠂ ︽ᠳ᠋ᠦᠩᠱᠧᠩ ᠲᠣᠭᠤᠷᠢᠭ ᠤᠨ ᠪᠥᠬᠦ ᠲᠦᠷᠦᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠲᠦᠯᠦᠪᠯᠡᠬᠡᠨ ᠤ ᠨᠠᠷᠢᠨ ᠲᠣᠳᠣᠷᠬᠠᠢ ᠳᠠᠩᠰᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ  ︵2022 - 2025 ᠣᠨ︶︾ ︵ᠳᠠᠭᠠᠯᠳᠤᠭᠤᠯᠤᠯ 2︶ ᠪᠠ ︽  ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠲᠦᠯᠦᠪᠯᠡᠬᠡᠨ ᠤ ᠨᠠᠷᠢᠨ ᠲᠣᠳᠣᠷᠬᠠᠢ ᠳᠠᠩᠰᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ︵2022 ᠤᠨ - 2025 ᠣᠨ︶︾ ︵ᠳᠠᠭᠠᠯᠳᠤᠭᠤᠯᠤᠯ 3︶ ᠤᠨ ᠱᠠᠭᠠᠷᠳᠠᠯᠭ᠎ᠠ ᠶᠣᠰᠣᠭᠠᠷ᠂ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠰᠠᠷ᠎ᠠ ᠪᠦᠷᠢ ᠶᠢᠨ 20 ᠤ ᠡᠳᠦᠷ ᠠᠴᠠ ᠡᠮᠦᠨ᠎ᠡ ᠵᠢᠩᠬᠢᠨᠢ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠲᠣᠰ ᠰᠠᠯᠠᠭ᠎ᠠ ᠮᠥᠴᠢᠷ ᠤᠨ ᠢᠶᠠᠨ ᠦᠷᠭᠦᠯᠵᠢᠯᠡᠨ ᠰᠢᠨᠡᠳᠬᠡᠬᠦ ᠪᠠᠷ ᠲᠥᠯᠥᠪᠯᠡᠵᠦ ᠪᠠᠶᠢᠭ᠎ᠠ ︽ᠳ᠋ᠦᠩᠱᠧᠩ ᠲᠣᠭᠤᠷᠢᠭ ᠤᠨ ᠣᠨ ᠤ ᠪᠦᠬᠦ ᠲᠥᠷᠥᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠠᠷᠢᠨ ᠳᠠᠩᠰᠠ︾ ︵ᠳᠠᠭᠠᠯᠳᠤᠭᠤᠯᠤᠯ 4︶᠂ ︽ᠳ᠋ᠦᠩᠱᠧᠩ ᠲᠣᠭᠤᠷᠢᠭ ᠤᠨ ᠣᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠨᠠᠷᠢᠨ ᠳᠠᠩᠰᠠ︾ ︵ᠳᠠᠭᠠᠯᠳᠤᠭᠤᠯᠤᠯ 5︶ ᠶᠢ ᠲᠣᠭᠤᠷᠢᠭ ᠤᠨ ᠠᠵᠤ ᠦᠢᠯᠡᠳᠪᠤᠷᠢ ᠪᠠ ᠰᠢᠨᠵᠢᠯᠡᠬᠦ ᠤᠬᠠᠭᠠᠨ ᠤ ᠳᠤᠪᠴᠢᠶ᠎ᠠ ᠳᠤ ᠮᠡᠳᠡᠭᠦᠯᠦᠨ ᠬᠦᠷᠭᠡᠵᠦ᠂ ᠲᠣᠭᠤᠷᠢᠭ ᠤᠨ ᠠᠵᠤ ᠦᠢᠯᠡᠳᠪᠤᠷᠢ ᠪᠠ ᠰᠢᠨᠵᠢᠯᠡᠬᠦ ᠤᠬᠠᠭᠠᠨ ᠤ ᠳᠤᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠳᠤ ᠨᠢᠭᠡᠳᠦᠯᠲᠡᠶ ᠮᠡᠳᠡᠭᠦᠯᠦᠨ ᠬᠦᠷᠬᠡᠨ᠎ᠡ᠃      ᠬᠤᠶᠠᠷ ᠲᠤ᠂ ᠳᠤᠨᠤᠭᠯᠠᠯ ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠬᠥᠩᠭᠡᠨ ᠠᠵᠤ ᠦᠢᠯᠡᠳᠪᠦᠷᠢ ᠨᠡᠬᠡᠮᠡᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠲᠦᠩᠴᠤᠸᠠᠨ ᠤ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠨᠢᠬᠡᠴᠡ ᠨᠦᠭᠦᠳ ᠲᠣᠰ ᠵᠦᠢᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠰ ᠰᠠᠯᠠᠭ᠎ᠠ ᠮᠥᠴᠢᠷ ᠤᠨ ᠢᠶᠠᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠳᠤᠲᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ᠂ ᠮᠠᠨ ᠤ ᠲᠤᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠳᠤᠲᠠᠭᠤᠳᠠᠯ ᠢ ᠨᠥᠬᠦᠪᠥᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠰ ᠰᠠᠯᠠᠭ᠎ᠠ ᠮᠥᠴᠢᠷ ᠤᠨ ᠢᠶᠠᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠬᠦᠯᠵᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯᠯᠠᠭ᠎ᠠ ᠶᠢᠨ ᠠᠵᠢᠯ ᠤᠨ ᠲᠥᠰᠦᠯ ᠪᠠ ᠣᠨ ᠤ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ ᠠᠵᠢᠯ ᠤᠨ ᠡᠭᠦᠷᠭᠡ ᠪᠠᠨ ᠲᠣᠳᠣᠷᠬᠠᠶᠢᠯᠠᠨ᠂ ᠲᠤᠰᠬᠠᠶ ᠬᠥᠮᠦᠨ ᠢᠶᠠᠷ ᠬᠠᠷᠢᠭᠤᠴᠠᠭᠤᠯᠵᠤ᠂ ᠨᠠᠷᠢᠯᠢᠭ ᠣᠨᠣᠴᠠᠲᠠᠶ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃      ᠳᠠᠭᠠᠯᠳᠤᠭᠤᠯᠤᠯ᠄ 1. ᠳ᠋ᠦᠩᠱᠧᠩ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠵᠦ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠠᠵᠢᠯ ᠤᠨ ᠳᠤᠭᠤᠶᠢᠯᠠᠩ ᠤᠨ ᠪᠦᠷᠢᠯᠳᠦᠬᠦᠨ ᠵᠢᠴᠢ ᠪᠦᠷᠢᠯᠳᠦᠬᠦᠨ ᠨᠢᠭᠡᠴᠡ ᠶᠢᠨ ᠡᠭᠦᠷᠭᠡ ᠬᠠᠷᠢᠭᠤᠴᠠᠯᠭ᠎ᠠ      2.  ᠳ᠋ᠦᠩᠱᠧᠩ ᠲᠣᠭᠤᠷᠢᠭ ᠤᠨ ᠪᠥᠬᠦ ᠲᠦᠷᠦᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠲᠦᠯᠦᠪᠯᠡᠬᠡᠨ ᠤ ᠨᠠᠷᠢᠨ ᠲᠣᠳᠣᠷᠬᠠᠢ ᠳᠠᠩᠰᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ︵2022 - 2025 ᠣᠨ︶      3᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠢ ᠥᠷᠭᠡᠳᠬᠡᠨ ᠨᠡᠮᠡᠭᠳᠡᠭᠦᠯᠬᠦ ᠲᠦᠯᠦᠪᠯᠡᠬᠡᠨ ᠤ ᠨᠠᠷᠢᠨ ᠲᠣᠳᠣᠷᠬᠠᠢ ᠳᠠᠩᠰᠠ ᠵᠢᠴᠢ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢᠨ ᠬᠤᠪᠢᠶᠠᠷᠢᠯᠠᠯ ︵2022 ᠤᠨ - 2025 ᠣᠨ︶      4. ᠳ᠋ᠦᠩᠱᠧᠩ ᠲᠣᠭᠤᠷᠢᠭ ᠤᠨ ᠣᠨ ᠤ ᠪᠦᠬᠦ ᠲᠦᠷᠦᠯ ᠤᠨ ᠠᠵᠤ ᠦᠢᠯᠡᠳᠪᠦᠷᠢ ᠶᠢᠨ ᠲᠥᠷᠥᠯ ᠵᠦᠢᠯ ᠢ ᠦᠷᠬᠡᠳᠬᠡᠨ ᠨᠡᠮᠡᠭᠳᠡᠬᠦᠯᠬᠦ ᠨᠠᠷᠢᠨ ᠳᠤᠳᠤᠷᠬᠠᠢ ᠳᠠᠩᠰᠠ      5᠂ ᠳ᠋ᠦᠩᠱᠧᠩ ᠲᠤᠭᠤᠷᠢᠭ ᠤᠨ ᠤᠨ ᠤ ᠦᠷᠬᠡᠳᠬᠡᠨ ᠨᠡᠮᠡᠭᠳᠡᠬᠦᠯᠬᠦ ᠪᠠᠷ ᠵᠢᠱᠢᠵᠤ ᠪᠠᠶᠢᠭ᠎ᠠ ᠬᠡᠪᠴᠢᠶᠡᠵᠢᠯ ᠠᠴᠠ ᠳᠡᠬᠡᠭᠰᠢᠬᠢ ᠠᠵᠤ ᠦᠢᠯᠡᠳᠪᠦᠷᠢ ᠶᠢᠨ ᠲᠦᠷᠦᠯ ᠵᠦᠢᠯ ᠤᠨ ᠠᠵᠤ ᠠᠬᠤᠶᠢᠯᠠᠯ ᠤᠨ ᠨᠠᠷᠢᠨ ᠲᠠᠩᠰᠠ                
ᠢᠷᠡᠯᠲᠡ᠄ ᠳᠤᠰ ᠰᠦᠯᠵᠢᠶ᠎ᠡ