ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠠᠵᠢᠯ ᠤᠨ ᠬᠤᠪᠢᠶᠠᠷᠢᠯᠠᠯ ᠳᠤ ᠲᠣᠬᠢᠷᠠᠭᠤᠯᠤᠯᠲᠠ ᠬᠢᠬᠦ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/15
                          ᠳ᠋ᠦᠩᠱᠧᠩ ᠠᠯᠪᠠᠨ ᠲᠠᠷᠬᠠᠭᠠᠭᠰᠠᠨ ﹇2023﹈ 1 ᠳ᠋ᠦ᠋ᠭᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ ᠳᠤ᠄      ᠠᠵᠢᠯᠲᠠᠨ ᠤ ᠶᠠᠪᠤᠳᠠᠯ ᠤᠨ ᠲᠣᠬᠢᠷᠠᠭᠤᠯᠤᠯᠲᠠ ᠪᠠ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠰᠤᠳᠤᠯᠬᠤ ᠪᠠᠷ ᠳᠡᠮᠵᠢᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠠᠵᠢᠯ ᠤᠨ ᠬᠤᠪᠢᠶᠠᠷᠢᠯᠠᠯ ᠳᠤ ᠳᠣᠤᠷᠠᠬᠢ ᠮᠡᠲᠦ ᠲᠣᠬᠢᠷᠠᠭᠤᠯᠤᠯᠲᠠ ᠬᠢᠪᠡ᠄      ᠬᠠᠨ ᠲᠣᠣ    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ      ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠥᠬᠦ ᠲᠠᠯ᠎ᠠ ᠶᠢᠨ ᠠᠵᠢᠯ ᠢ ᠡᠷᠭᠢᠯᠡᠨ᠂ ᠬᠢᠨᠠᠨ ᠪᠤᠳᠤᠬᠤ ᠠᠵᠢᠯ ᠢ ᠬᠠᠷᠢᠭᠤᠴᠠᠨ᠎ᠠ᠃      ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠳ᠋ᠦ᠋ ᠵᠢᠤᠸᠠᠨ    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠠᠷᠠᠳ ᠤᠨ ᠶᠠᠪᠤᠳᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠥᠳᠡᠭᠡ ᠲᠣᠰᠬᠤᠨ ᠤ ᠠᠵᠤ ᠠᠬᠤᠶ᠂ ᠤᠰᠤᠨ ᠠᠰᠢᠭᠯᠠᠯᠲᠠ᠂ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠠᠵᠢᠯᠲᠠᠨ ᠤ ᠶᠠᠪᠤᠳᠠᠯ ᠬᠥᠳᠡᠯᠮᠦᠷᠢ ᠬᠦᠴᠦᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠬᠥᠳᠡᠭᠡ ᠲᠣᠰᠬᠤᠨ ᠤ ᠦᠶᠡᠷ ᠢ ᠰᠡᠷᠭᠡᠶᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠤᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ︵ᠲᠤᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ︶᠂ ᠲᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ᠂ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠲᠤᠭᠤᠷᠢᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠲᠣᠪᠴᠢᠶ᠎ᠠ︶᠂ ᠲᠤᠭᠤᠷᠢᠭ ᠤᠨ ᠣᠶ ᠰᠢᠭᠤᠶ ᠡᠪᠡᠰᠦ ᠪᠡᠯᠴᠢᠭᠡᠷ ᠤᠨ ᠬᠤᠪᠢᠶᠠᠷᠢ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ᠂ ᠲᠣᠭᠤᠷᠢᠭ ᠤᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠲᠣᠭᠤᠷᠢᠭ ᠤᠨ ᠴᠠᠭ ᠠᠭᠤᠷ ᠤᠨ ᠲᠣᠪᠴᠢᠶ᠎ᠠ᠂ ᠣᠷᠳᠣᠰ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠣᠷᠳᠣᠰ ᠬᠤᠲᠠ ᠶᠢᠨ ᠤᠰᠤᠨ ᠠᠰᠢᠭᠯᠠᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠠᠪᠴᠢᠨ ᠲᠠᠮᠠᠬᠢ ᠲᠤᠰᠬᠠᠶ ᠬᠤᠳᠠᠯᠳᠤᠬᠤ ᠲᠣᠪᠴᠢᠶ᠎ᠠ ︵ᠡᠵᠡᠩᠨᠡᠨ ᠪᠣᠷᠣᠯᠠᠭᠤᠯᠬᠤ ᠬᠡᠯᠲᠡᠰ︶ ᠲᠠᠢ ᠬᠠᠷᠢᠯᠴᠠᠨ᠎ᠠ᠃      ᠭᠤᠤ ᠮᠢᠩ    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠬᠥᠭᠵᠢᠭᠦᠯᠦᠯᠲᠡ ᠥᠭᠡᠷᠡᠴᠢᠯᠡᠯᠲᠡ᠂ ᠲᠤᠭ᠎ᠠ ᠪᠦᠷᠢᠳᠬᠡᠯ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠲᠡᠮᠦᠷ ᠵᠠᠮ᠂ ᠪᠣᠭᠤᠮᠲᠠ᠂ ᠭᠠᠵᠠᠷ ᠰᠢᠷᠣᠢ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠬᠤᠳᠠ ᠬᠥᠳᠡᠭᠡ ᠶᠢᠨ ᠲᠥᠯᠥᠪᠵᠢᠭᠦᠯᠭᠡ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ᠂ ᠵᠠᠰᠠᠭ ᠤᠨ ᠶᠠᠪᠤᠳᠠᠯ ᠢ ᠢᠯᠡ ᠪᠣᠯᠭᠠᠬᠤ᠂ ᠬᠠᠤᠯᠢ ᠪᠤᠰᠤ ᠪᠠᠷ ᠴᠤᠭᠯᠠᠭᠤᠯᠤᠭᠰᠠᠨ ᠪᠡᠯᠡ ᠮᠥᠩᠭᠦ ᠡᠳ᠋ ᠬᠦᠷᠦᠩᠭᠡ ᠶᠢ ᠰᠢᠢᠳᠪᠦᠷᠢᠯᠡᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃    ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ᠂ ᠲᠤᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠶᠢᠨ ᠠᠯᠪᠠᠨ ᠬᠡᠷ᠂ ᠲᠤᠭᠤᠷᠢᠭ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠬᠡᠷ᠂ ᠳᠤᠭᠤᠷᠢᠭ ᠤᠨ ᠠᠮᠤ ᠪᠤᠳᠠᠭ᠎ᠠ ᠪᠠ ᠡᠳ᠋ ᠪᠤᠳᠠᠰ ᠨᠦᠬᠡᠴᠡᠯᠡᠬᠦ ᠳᠤᠪᠴᠢᠶ᠎ᠠ︶ ᠲᠤᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ᠂ ᠲᠤᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠬᠡᠷ᠂ ᠳᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠤᠯᠤᠰ ᠤᠨ ᠭᠠᠵᠠᠷ ᠰᠢᠷᠣᠶ᠂ ᠲᠥᠯᠥᠪᠵᠢᠭᠦᠯᠭᠡ︶᠂ ᠲᠤᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠲᠤᠭᠤᠷᠢᠭ ᠤᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠤᠭᠤᠷᠢᠭ ᠤᠨ ᠬᠠᠤᠯᠢ ᠪᠤᠰᠤ ᠪᠠᠷ ᠴᠤᠭᠯᠠᠭᠤᠯᠤᠭᠰᠠᠨ ᠪᠠᠯᠠ ᠮᠦᠩᠬᠦ ᠡᠳ᠋ ᠬᠥᠷᠥᠩᠭᠡ ᠶᠢ ᠰᠢᠢᠳᠪᠦᠷᠢᠯᠡᠬᠦ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ᠂ ᠥᠪᠥᠷ ᠮᠣᠩᠭᠤᠯ ᠤᠨ ᠳ᠋ᠦᠩ ᠯᠢᠶᠠᠩ ᠠᠷᠠᠯᠵᠢᠶᠠᠨ ᠤ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠲᠣᠭᠤᠷᠢᠭ ᠤᠨ ᠳᠠᠷᠤᠭ᠎ᠠ ᠶᠢ ᠬᠠᠪᠰᠤᠷᠤᠨ ᠲᠣᠭᠤᠷᠢᠭ ᠤᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ᠂ ᠲᠣᠭᠤᠷᠢᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ᠂ ᠲᠣᠭᠤᠷᠢᠭ ᠤᠨ ᠲᠠᠩᠰᠠ ᠡᠪᠬᠡᠮᠡᠯ ᠲᠡᠤᠬᠡ ᠣᠶᠢᠯᠠᠯᠭ᠎ᠠ ᠶᠢᠨ ᠣᠷᠳᠣᠨ᠂ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠣᠷᠳᠣᠰ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠶᠢᠨ ᠶᠠᠪᠤᠳᠠᠯ ᠤᠨ ᠬᠤᠶᠠᠳᠤᠭᠠᠷ ᠬᠤᠪᠢᠶᠠᠷᠢ ᠲᠣᠪᠴᠢᠶ᠎ᠠ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠲᠣᠭᠤᠷᠢᠭ ᠤᠨ ᠭᠠᠯ ᠤᠨᠳᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠳᠬᠠᠯ ᠤᠨ ᠺᠣᠮᠫᠠᠨᠢ ᠲᠠᠢ ᠬᠠᠷᠢᠯᠴᠠᠨ᠎ᠠ᠃        ᠸᠠᠩ ᠳ᠋ᠤᠤ ᠬᠤᠸᠠ    ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ︵ᠲᠦᠷ ᠲᠤᠰᠢᠶᠠᠯ ᠡᠬᠦᠷᠬᠡᠯᠡᠵᠤ ᠪᠤᠢ︶      ᠲᠣᠭᠤᠷᠢᠭ ᠤᠨ ᠳᠡᠳ᠋ ᠳᠠᠷᠤᠭ᠎ᠠ ᠱᠢ ᠰᠢᠤᠸᠠᠢ ᠰᠦᠩ ᠨᠥᠬᠦᠷ ᠤᠨ ᠠᠵᠢᠯ ᠢ ᠬᠠᠪᠰᠤᠷᠴᠤ᠂ ᠡᠨᠧᠷᠭᠢ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠢ ᠭᠤᠣᠯᠳᠠᠯᠭ᠎ᠠ ᠲᠠᠢ ᠬᠠᠷᠢᠭᠤᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠦᠬᠦᠢ ᠠᠵᠢᠯ ᠳᠤ ᠣᠷᠣᠯᠴᠠᠨ᠎ᠠ᠃      ᠱᠢ ᠰᠢᠤᠸᠠᠢ ᠰᠦᠩ    ᠲᠣᠭᠤᠷᠢᠭ ᠤᠨ ᠳᠡᠳ᠋ ᠳᠠᠷᠤᠭ᠎ᠠ       ᠲᠣᠭᠤᠷᠢᠭ ᠤᠨ ᠳᠠᠷᠤᠭ᠎ᠠ ᠶᠢ ᠬᠠᠮᠵᠢᠨ ᠠᠵᠤ ᠦᠢᠯᠡᠳᠪᠦᠷᠢ ᠶᠢᠨ ᠠᠵᠤ ᠠᠬᠤᠶ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠡᠨᠧᠷᠭᠢ᠂ ᠠᠮᠢ ᠠᠬᠤᠶ ᠶᠢᠨ ᠣᠷᠴᠢᠨ ᠲᠣᠭᠤᠷᠢᠨ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠤᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠬᠢᠵᠢᠯᠳᠡ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠲᠤᠭᠤᠷᠢᠭ ᠤᠨ ᠡᠨᠧᠷᠭᠢ ᠶᠢᠨ ᠲᠣᠪᠴᠢᠶ᠎ᠠ᠂ ᠲᠤᠭᠤᠷᠢᠭ ᠤᠨ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ ︵ᠠᠭᠤᠷᠬᠠᠶ ᠶᠢᠨ ᠭᠠᠷᠤᠯᠲᠠ︶᠂ ᠣᠷᠳᠣᠰ ᠬᠤᠲᠠ ᠶᠢᠨ ᠯᠢᠦᠶ ᠳ᠋ᠦᠩ ᠡᠨᠧᠷᠭᠢ ᠶᠢᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠳᠤᠭᠤᠷᠢᠭ ᠤᠨ ᠲᠣᠨᠤᠭ ᠲᠥᠬᠦᠭᠡᠷᠦᠮᠵᠢ  ᠦᠢᠯᠡᠳᠬᠦ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ᠪᠣᠯᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ᠂ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ ᠲᠣᠭᠤᠷᠢᠭ ᠤᠨ ᠠᠵᠤ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ︵ᠲᠣᠭᠤᠷᠢᠭ ᠤᠨ ᠠᠷᠠᠯᠵᠢᠶ᠎ᠠ ᠶᠢ ᠠᠬᠢᠭᠤᠯᠬᠤ ᠵᠥᠪᠯᠡᠯ︶᠂ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠳ᠋ᠦᠩᠱᠧᠩ ᠤᠨ ᠴᠠᠬᠢᠯᠭᠠᠨ ᠬᠠᠩᠭᠠᠬᠤ ᠺᠣᠮᠫᠠᠨᠢ᠂ ᠳ᠋ᠦᠩᠱᠧᠩ ᠤᠨ ᠲᠡᠮᠦᠷ ᠵᠠᠮ ᠤᠨ ᠪᠠᠷᠠᠭᠤᠨᠳᠠᠬᠢ ᠴᠠᠬᠢᠯᠭᠠᠨ ᠬᠠᠩᠭᠠᠬᠤ ᠺᠣᠮᠫᠠᠨᠢ᠂ ᠡᠯ᠎ᠡ ᠴᠢᠮᠡᠭᠡ ᠬᠤᠯᠪᠣᠭᠠᠨ ᠤ ᠺᠣᠮᠫᠠᠨᠢ ᠲᠠᠢ ᠬᠠᠷᠢᠯᠴᠠᠨ᠎ᠠ᠃      ᠶᠠᠩ ᠶᠦᠨ    ᠲᠣᠭᠤᠷᠢᠭ ᠤᠨ ᠳᠡᠳ᠋ ᠳᠠᠷᠤᠭ᠎ᠠ    ᠲᠣᠭᠤᠷᠢᠭ ᠤᠨ ᠳᠠᠷᠤᠭ᠎ᠠ ᠶᠢ ᠬᠠᠮᠵᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ᠂ ᠦᠨᠳᠦᠰᠦᠲᠡᠨ ᠤ ᠬᠡᠷᠡᠭ ᠶᠠᠪᠤᠳᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠴᠢᠯᠡᠭᠡᠨ ᠤ ᠪᠠᠲᠤᠯᠠᠭ᠎ᠠ᠂ ᠡᠮ ᠡᠮᠨᠡᠯᠭᠡ᠂ ᠲᠣᠮᠣ ᠳ᠋ᠠᠶᠢᠲ᠋ᠠ ᠶᠢᠨ ᠬᠥᠭᠵᠢᠯᠲᠡ ᠵᠡᠷᠭᠡ ᠲᠠᠯ᠎ᠠ ᠶᠢᠨ ᠠᠵᠢᠯ ᠢ ᠬᠠᠷᠢᠭᠤᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠨᠥᠬᠦᠷ ᠢ ᠬᠠᠪᠰᠤᠷᠤᠨ ᠪᠣᠭᠤᠮᠲᠠ ᠶᠢᠨ ᠠᠵᠢᠯ ᠢ ᠬᠤᠪᠢᠳᠠᠨ ᠬᠠᠮᠢᠶᠠᠷᠤᠨ᠎ᠠ᠃      ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠲᠤᠭᠤᠷᠢᠭ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︵ᠲᠤᠭᠤᠷᠢᠭ ᠤᠨ ᠮᠣᠩᠭᠤᠯ ᠬᠡᠯᠡ ᠪᠢᠴᠢᠭ ᠤᠨ ᠠᠵᠢᠯ ᠤᠨ ᠵᠥᠪᠯᠡᠯ︶᠂ ᠲᠤᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠤᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ︵ᠲᠤᠭᠤᠷᠢᠭ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ︶᠂ ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ︵ᠳᠤᠭᠤᠷᠢᠭ ᠤᠨ ᠬᠢᠳᠠᠳ ᠡᠮᠨᠡᠯᠬᠡ ᠶᠢᠨ ᠬᠠᠮᠢᠶᠠᠷᠤᠯᠳᠠ ᠶᠢᠨ ᠳᠤᠪᠴᠢᠶ᠎ᠠ᠂ ᠲᠤᠭᠤᠷᠢᠭ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠵᠥᠪᠯᠡᠯ ᠤᠨ ᠠᠯᠪᠠᠨ ᠬᠡᠷ︶᠂ ᠲᠤᠭᠤᠷᠢᠭ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠂ ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠡᠮ ᠡᠮᠨᠡᠯᠭᠡ︶᠂ ᠲᠤᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ᠂ ᠲᠤᠭᠤᠷᠢᠭ ᠤᠨ ᠲᠣᠮᠣ ᠳ᠋ᠠᠶᠢᠲ᠋ᠠ ᠶᠢᠨ ᠲᠥᠪ᠂ ᠣᠷᠳᠣᠰ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠤᠨ ᠪᠦᠲᠦᠭᠡᠯᠴᠢ ᠠᠵᠤ ᠦᠢᠯᠡᠰ ᠢ ᠠᠬᠢᠭᠤᠯᠬᠤ ᠲᠥᠪ᠂ ᠣᠷᠳᠣᠰ ᠬᠤᠲᠠ ᠶᠢᠨ ᠰᠣᠶᠣᠯ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠢ ᠳ᠋ᠡ ᠰᠤᠷᠭᠠᠨ ᠬᠥᠮᠦᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢ ᠬᠤᠪᠢᠳᠠᠨ ᠬᠠᠮᠢᠶᠠᠷᠤᠨ᠎ᠠ᠃      ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ ︵ᠠᠷᠠᠯᠵᠢᠶ᠎ᠠ ᠬᠤᠳᠠᠯᠳᠤᠭ᠎ᠠ ᠪᠠᠷᠠᠭᠠᠨ ᠤ  ᠬᠦᠢᠯᠬᠡᠬᠡᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠯᠪᠠᠨ ᠬᠡᠷ︶᠂ ᠲᠣᠭᠤᠷᠢᠭ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ᠂ ᠣᠷᠳᠣᠰ ᠬᠤᠲᠠ ᠶᠢᠨ ᠰᠣᠶᠣᠯ ᠤᠨ ᠵᠠᠬ᠎ᠠ ᠳᠡᠯᠭᠡᠭᠦᠷ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳ᠋ᠦᠩᠱᠧᠩ ᠤᠨ ᠶᠡᠭᠡ ᠠᠩᠭᠢ ᠲᠠᠢ ᠬᠠᠷᠢᠯᠴᠠᠨ᠎ᠠ᠃      ᠵᠠᠩ ᠪᠢᠩ    ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠠᠷᠤᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠳᠣᠲᠣᠭᠠᠳᠤ ᠶᠢ ᠬᠠᠮᠠᠭᠠᠯᠠᠬᠤ᠂ ᠬᠠᠤᠯᠢ ᠴᠠᠭᠠᠵᠠ᠂ ᠵᠠᠬᠢᠳᠠᠯ ᠰᠤᠷᠪᠤᠯᠵᠢᠯᠠᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ᠂ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃      ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠭᠳᠠᠭ᠎ᠠ ᠶᠢᠨ ᠣᠷᠳᠣᠰ ᠤᠨ ᠰᠠᠯᠪᠤᠷᠢ ᠠᠩᠭᠢ ᠶᠢᠨ ᠵᠢᠵᠢᠭᠦᠷᠯᠡᠬᠦ ᠨᠢᠭᠡᠳᠦᠭᠡᠷ ᠶᠡᠭᠡ ᠠᠩᠭᠢ ᠶᠢᠨ ᠵᠢᠵᠢᠭᠦᠷᠯᠡᠬᠦ ᠨᠢᠭᠡᠳᠦᠭᠡᠷ ᠳᠤᠮᠳᠠ ᠠᠩᠭᠢ᠂ ᠵᠡᠪᠰᠡᠭᠲᠦ ᠴᠠᠭᠳᠠᠭ᠎ᠠ ᠶᠢᠨ ᠣᠷᠳᠣᠰ ᠤᠨ ᠰᠠᠯᠪᠤᠷᠢ ᠠᠩᠭᠢ ᠶᠢᠨ ᠵᠢᠵᠢᠭᠦᠷᠯᠡᠬᠦ ᠨᠢᠭᠡᠳᠦᠭᠡᠷ ᠶᠡᠭᠡ ᠠᠩᠭᠢ ᠶᠢᠨ ᠳ᠋ᠦᠩᠱᠧᠩ ᠶᠢᠨ ᠳᠤᠮᠳᠠ ᠠᠩᠭᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 31401 ᠴᠡᠷᠢᠭ ᠠᠩᠭᠢ ᠶᠢᠨ 86 ᠬᠤᠪᠢᠶᠠᠷᠢ ᠠᠩᠭᠢ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠤᠨ 93502 ᠴᠡᠷᠢᠭ ᠠᠩᠭᠢ ᠶᠢᠨ 81 ᠬᠤᠪᠢᠶᠠᠷᠢ ᠠᠩᠭᠢ ᠲᠠᠢ ᠬᠠᠷᠢᠯᠴᠠᠨ᠎ᠠ᠃      ᠵᠠᠩ ᠵᠢᠶᠠᠨ ᠭᠦᠩ    ᠲᠣᠭᠤᠷᠢᠭ ᠤᠨ ᠳᠡᠳ᠋ ᠳᠠᠷᠤᠭ᠎ᠠ      ᠲᠣᠭᠤᠷᠢᠭ ᠤᠨ ᠳᠠᠷᠤᠭ᠎ᠠ ᠶᠢ ᠬᠠᠮᠵᠢᠨ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ᠂ ᠣᠷᠣᠨ ᠰᠠᠭᠤᠴᠠ ᠶᠢᠨ ᠪᠠᠲᠤᠯᠠᠭ᠎ᠠ᠂ ᠬᠤᠲᠠ ᠶᠢᠨ ᠤᠰᠤ ᠬᠠᠩᠭᠠᠬᠤ ᠤᠰᠤ ᠵᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠬᠤᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠣᠭᠤᠷᠢᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠲᠣᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠲᠣᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ︵ᠬᠤᠲᠠ ᠶᠢᠨ ᠤᠰᠤᠨ ᠤ ᠶᠠᠪᠤᠳᠠᠯ︶᠂ ᠲᠣᠭᠤᠷᠢᠭ ᠤᠨ ᠭᠡᠷ ᠪᠠᠶᠢᠰᠢᠩ ᠲᠠᠲᠠᠪᠤᠷᠢᠯᠠᠬᠤ ᠦᠢᠯᠡᠴᠢᠯᠡᠭᠡᠨ ᠤ ᠲᠥᠪ᠂ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠦᠢᠯᠡᠴᠢᠯᠡᠬᠡᠨ ᠤ ᠲᠦᠪ᠂ ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ︵ᠲᠣᠭᠤᠷᠢᠭ ᠤᠨ ᠤᠯᠤᠰ ᠤᠨ ᠠᠮᠢ ᠠᠬᠤᠢ ᠴᠡᠴᠡᠷᠯᠢᠭᠵᠢᠬᠦᠯᠦᠯᠳᠡ ᠶᠢᠨ ᠬᠠᠮᠢᠶᠠᠷᠤᠯᠲᠠ ᠬᠠᠮᠠᠭᠠᠯᠠᠯᠲᠠ ᠶᠢᠨ ᠲᠥᠪ︶᠂ ᠲᠣᠭᠤᠷᠢᠭ ᠤᠨ ᠬᠤᠲᠠ ᠶᠢᠨ ᠶᠠᠪᠤᠳᠠᠯ ᠤᠨ ᠦᠢᠯᠡᠰ ᠤᠨ ᠦᠢᠯᠡᠴᠢᠯᠡᠬᠡᠨ ᠤ ᠲᠦᠪ᠂ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠶᠡᠷᠦᠩᠬᠡᠶᠢᠯᠡᠭᠰᠡᠨ ᠦᠢᠯᠡᠴᠢᠯᠡᠬᠡᠨ ᠤ ᠲᠦᠪ᠂ ᠬᠤᠲᠠ ᠶᠢᠨ ᠤᠰᠤ ᠵᠠᠯᠠᠬᠤ ᠦᠢᠯᠡᠰ ᠤᠨ ᠦᠢᠯᠡᠴᠢᠯᠡᠭᠡᠨ ᠤ ᠲᠥᠪ᠂ ᠣᠷᠳᠣᠰ ᠬᠤᠲᠠ ᠶᠢᠨ ᠳ᠋ᠦᠩᠱᠧᠩ ᠳᠤᠭᠤᠷᠢᠭ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠨᠡᠭᠡᠭᠡᠨ ᠬᠥᠭᠵᠢᠭᠦᠯᠬᠦ ᠪᠡᠯᠡ ᠣᠷᠣᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠳᠤᠭᠤᠷᠢᠭ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠪᠡᠯᠡ ᠣᠷᠣᠭᠤᠯᠤᠯᠲᠠ ᠶᠢᠨ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠤᠰᠤᠨ ᠤ ᠶᠠᠪᠤᠳᠠᠯ ᠤᠨ ᠪᠡᠯᠡ ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠬᠤᠩ ᠵᠢᠢ ᠸᠧᠢ ᠶᠧ ᠬᠤᠪᠢ ᠡᠵᠡᠮᠳᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠸᠠᠨ ᠸᠧᠢ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠭᠡᠷ ᠪᠠᠶᠢᠰᠢᠩ ᠤᠨ ᠡᠵᠡᠩᠨᠡᠯᠲᠡ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠬᠠᠮᠢᠶᠠᠷᠤᠨ᠎ᠠ᠃      ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠤᠨ ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠭᠠᠵᠠᠷ᠂ ᠣᠷᠳᠣᠰ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠤᠨ ᠳ᠋ᠦᠩᠱᠧᠩ ᠲᠣᠭᠤᠷᠢᠭ ᠤᠨ ᠬᠤᠪᠢᠶᠠᠷᠢ ᠲᠥᠪ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠨᠢᠭᠡᠳᠦᠭᠡᠷ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠬᠤᠶᠠᠳᠤᠭᠠᠷ ᠶᠡᠭᠡ ᠠᠩᠭᠢ᠂ ᠣᠷᠳᠣᠰ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠶᠢᠨ ᠳ᠋ᠦᠩᠱᠧᠩ ᠲᠣᠭᠤᠷᠢᠭ ᠤᠨ ᠭᠤᠷᠪᠠᠳᠤᠭᠠᠷ ᠶᠡᠭᠡ ᠠᠩᠭᠢ ᠲᠠᠢ ᠬᠠᠷᠢᠯᠴᠠᠨ᠎ᠠ᠃      ᠯᠢ ᠶᠦᠩ ᠰᠢᠶᠠᠩ   ᠲᠣᠭᠤᠷᠢᠭ ᠤᠨ ᠳᠡᠳ᠋ ᠳᠠᠷᠤᠭ᠎ᠠ ︵ᠲᠦᠷ ᠲᠤᠰᠢᠶᠠᠯ ᠡᠭᠦᠷᠭᠡᠯᠡᠬᠦ︶      ᠲᠣᠭᠤᠷᠢᠭ ᠤᠨ ᠳᠡᠳ᠋ ᠳᠠᠷᠤᠭ᠎ᠠ ᠵᠠᠩ ᠵᠢᠶᠠᠨ ᠭᠦᠩ ᠨᠥᠬᠦᠷ ᠤᠨ ᠠᠵᠢᠯ ᠢ ᠬᠠᠪᠰᠤᠷᠴᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠢ ᠭᠤᠣᠯᠳᠠᠯᠭ᠎ᠠ ᠲᠠᠢ ᠬᠠᠷᠢᠭᠤᠴᠠᠨ᠎ᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠤᠯᠪᠣᠭᠳᠠᠯ ᠪᠦᠬᠦᠢ ᠠᠵᠢᠯ ᠳᠤ ᠤᠷᠤᠯᠴᠠᠨ᠎ᠠ᠃      ᠸᠧᠨ ᠬᠦᠢ ᠫᠢᠩ    ᠲᠤᠭᠤᠷᠢᠭ ᠤᠨ ᠵᠠᠰᠠᠭ ᠤᠨ ᠤᠷᠳᠤᠨ ᠤ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠨᠥᠬᠦᠷ ᠢ ᠬᠠᠪᠰᠤᠷᠤᠨ ᠠᠵᠢᠯᠯᠠᠨ᠎ᠠ᠃      ᠰᠤ᠋ ᡁᠢ ᠺᠤᠸᠠᠨ   ᠲᠤᠭᠤᠷᠢᠭ ᠤᠨ ᠵᠠᠰᠠᠭ ᠤᠨ ᠤᠷᠳᠤᠨ ᠤ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠱᠢ ᠰᠢᠤᠸᠠᠢ ᠰᠦᠩ ᠨᠥᠬᠦᠷ ᠢ ᠬᠠᠪᠰᠤᠷᠤᠨ ᠠᠵᠢᠯᠯᠠᠨ᠎ᠠ᠃      ᠯᠢᠦ ᠴᠢᠩ ᠭᠦᠸᠧ    ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠶᠠᠩ ᠶᠦᠨ ᠨᠥᠬᠦᠷ ᠤᠨ ᠠᠵᠢᠯ ᠢ ᠬᠠᠪᠰᠤᠷᠤᠨ᠎ᠠ᠃      ᠴᠠᠩ ᠵᠢᠶᠦ᠋ᠨ ᠹᠠᠩ    ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠳ᠋ᠦ᠋ ᠵᠢᠤᠸᠠᠨ ᠨᠥᠬᠦᠷ ᠢ ᠬᠠᠪᠰᠤᠷᠤᠨ ᠠᠵᠢᠯᠯᠠᠨ᠎ᠠ᠃      ᠯᠢᠦ ᠰᠢᠶᠤᠤ ᠫᠢᠩ    ᠲᠤᠭᠤᠷᠢᠭ ᠤᠨ ᠡᠮᠴᠢᠯᠡᠭᠡᠨ ᠤ ᠪᠠᠳᠤᠯᠠᠭ᠎ᠠ ᠶᠢᠨ ᠲᠤᠪᠴᠢᠶ᠎ᠠ ᠶᠢᠨ ᠭᠤᠷᠪᠠᠳᠤᠭᠠᠷ ᠲᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠵᠠᠩ ᠪᠢᠩ ᠨᠥᠬᠦᠷ ᠢ ᠬᠠᠪᠰᠤᠷᠤᠨ ᠠᠵᠢᠯᠯᠠᠨ᠎ᠠ᠃      ᠯᠦᠸᠧ ᠰᠢ ᠶᠤᠸᠠᠨ    ᠯᠢᠨ ᠶᠢᠨ ᠵᠡᠭᠡᠯᠢ ᠭᠤᠳᠤᠮᠵᠢ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ      ᠲᠣᠭᠤᠷᠢᠭ ᠤᠨ ᠳᠡᠳ᠋ ᠳᠠᠷᠤᠭ᠎ᠠ ᠵᠠᠩ ᠵᠢᠶᠠᠨ ᠭᠦᠩ ᠨᠥᠬᠦᠷ ᠢ ᠬᠠᠪᠰᠤᠷᠤᠨ ᠠᠵᠢᠯᠯᠠᠨ᠎ᠠ᠃      ᠯᠢᠦ ᠼᠦᠨ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠡᠷᠬᠢᠯᠡᠭᠴᠢ      ᠲᠣᠭᠤᠷᠢᠭ ᠤᠨ ᠳᠠᠷᠤᠭ᠎ᠠ ᠶᠢ ᠬᠠᠮᠵᠢᠨ ᠲᠣᠭᠤᠷᠢᠭ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠠᠵᠢᠯ ᠢ ᠡᠷᠬᠢᠯᠡᠨ᠎ᠡ᠃      ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ AB ᠲᠦᠷᠢ ᠮᠠᠶ᠋ᠢᠭ ᠤᠨ ᠠᠵᠢᠯ ᠤᠨ ᠲᠦᠷᠢᠮ ᠢ ᠬᠡᠷᠡᠭᠵᠢᠭᠦᠯᠦᠨ᠎ᠡ᠄ ᠳ᠋ᠦ᠋ ᠵᠢᠤᠸᠠᠨ ᠳᠤᠭᠤᠷᠢᠭ ᠤᠨ ᠳᠡᠳ᠋ ᠳᠠᠷᠤᠭ᠎ᠠ ᠪᠣᠯᠤᠨ ᠵᠠᠩ ᠪᠢᠩ ᠳᠤᠭᠤᠷᠢᠭ ᠤᠨ ᠳᠡᠳ᠋ ᠳᠠᠷᠤᠭ᠎ᠠ᠂ ᠭᠤᠤ ᠮᠢᠩ ᠳᠤᠭᠤᠷᠢᠭ ᠤᠨ ᠳᠡᠳ᠋ ᠳᠠᠷᠤᠭ᠎ᠠ ᠪᠣᠯᠤᠨ ᠵᠠᠩ ᠵᠢᠶᠠᠨ ᠭᠦᠩ ᠲᠣᠭᠤᠷᠢᠭ ᠤᠨ ᠳᠡᠳ᠋ ᠳᠠᠷᠤᠭ᠎ᠠ᠂ ᠱᠢ ᠰᠢᠤᠸᠠᠢ ᠰᠦᠩ ᠳᠤᠭᠤᠷᠢᠭ ᠤᠨ ᠳᠡᠳ᠋ ᠳᠠᠷᠤᠭ᠎ᠠ ᠪᠣᠯᠤᠨ ᠶᠠᠩ ᠶᠦᠨ ᠳᠤᠭᠤᠷᠢᠭ ᠤᠨ ᠳᠡᠳ᠋ ᠳᠠᠷᠤᠭ᠎ᠠ ᠬᠠᠷᠢᠯᠴᠠᠨ AB ᠲᠦᠷᠢ ᠪᠠᠷ ᠠᠵᠢᠯᠯᠠᠵᠤ᠂ ᠵᠠᠷᠴᠢᠮ ᠳᠡᠭᠡᠷ᠎ᠡ ᠪᠠᠨ ᠨᠢᠭᠡ ᠲᠠᠯ᠎ᠠ ᠨᠢ ᠭᠠᠳᠠᠭᠰᠢ ᠭᠠᠷᠬᠤ ᠬᠤᠭᠤᠴᠠᠭᠠᠨ ᠳᠤ᠂ ᠨᠥᠭᠦᠭᠡ ᠲᠠᠯ᠎ᠠ ᠨᠢ ᠣᠷᠣᠯᠠᠨ ᠠᠵᠢᠯ ᠢ ᠨᠢ ᠬᠦᠢᠴᠡᠳᠬᠡᠵᠤ᠂ ᠨᠥᠭᠦᠭᠡ ᠲᠠᠯ᠎ᠠ ᠶᠢᠨ ᠬᠤᠪᠢᠳᠠᠨ ᠬᠠᠮᠢᠶᠠᠷᠬᠤ ᠵᠢᠴᠢ ᠬᠠᠷᠢᠯᠴᠠᠬᠤ ᠬᠤᠯᠪᠣᠭᠳᠠᠯ ᠪᠦᠬᠦᠢ ᠠᠵᠢᠯ ᠢ ᠰᠢᠢᠳᠪᠦᠷᠢᠯᠡᠨ᠎ᠡ᠃              ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                     2023 ᠣᠨ ᠤ 2 ᠰᠠᠷ᠎ᠠ ᠶᠢᠨ 23 ᠤ ᠡᠳᠦᠷ   
ᠢᠷᠡᠯᠲᠡ᠄ ᠳᠤᠰ ᠰᠦᠯᠵᠢᠶ᠎ᠡ