︽ᠳ᠋ᠦᠩᠱᠧᠩ ᠲᠣᠭᠤᠷᠢᠭ ᠤᠨ ︿ᠲᠦᠮᠡᠨ ᠠᠯᠬᠤᠮ ᠤᠨ ᠪᠣᠯᠵᠤᠭ᠎ᠠ﹀ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠠᠵᠢᠯᠯᠠᠭᠠᠨ ᠤ ᠲᠥᠰᠦᠯ︾ ᠢ ᠳᠠᠷᠤᠮᠠᠯᠯᠠᠨ ᠳᠠᠷᠬᠠᠭᠠᠬᠤ ᠲᠤᠬᠠᠶ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/4/15
                       ᠳ᠋ᠦᠩᠱᠧᠩ ᠵᠠᠰᠠᠭ ᠠᠯᠪᠠᠨ ᠲᠠᠷᠬᠠᠭᠠᠭᠰᠠᠨ ︹2023︺ 9 ᠳ᠋ᠤᠬᠡᠷ ᠲᠣᠭᠠᠲᠤᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠭᠤᠳ ᠬᠠᠮᠵᠢᠯᠴᠠᠨ ᠬᠠᠮᠢᠶᠠᠷᠬᠤ  ᠰᠠᠯᠠᠭ᠎ᠠ ᠮᠥᠴᠢᠷ᠂ ᠡᠯ᠎ᠡ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ︽ᠳ᠋ᠦᠩᠱᠧᠩ ᠲᠣᠭᠤᠷᠢᠭ ᠤᠨ ︿ᠲᠦᠮᠡᠨ ᠠᠯᠬᠤᠮ ᠤᠨ ᠪᠣᠯᠵᠤᠭ᠎ᠠ﹀ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠠᠵᠢᠯᠯᠠᠭᠠᠨ ᠤ ᠲᠥᠰᠦᠯ︾  ᠢ ᠡᠳᠦᠬᠡ ᠲᠠᠨᠠᠷ ᠲᠤ ᠲᠠᠷᠤᠮᠠᠯᠯᠠᠨ ᠳᠠᠷᠬᠠᠭᠠᠯ᠎ᠠ᠂ ᠠᠵᠢᠯ ᠤᠨ ᠪᠤᠳᠠᠳᠠᠢ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠵᠤᠬᠢᠶᠠᠨ ᠪᠠᠶᠢᠭᠤᠯᠤᠨ ᠬᠡᠷᠡᠭᠵᠢᠭᠦᠯᠳᠦᠭᠡᠢ᠃                      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                    2023 ᠣᠨ ᠤ 4 ᠰᠠᠷ᠎ᠠ ᠶᠢᠨ 19 ᠤ ᠡᠳᠦᠷ                 ᠳ᠋ᠦᠩᠱᠧᠩ ᠲᠣᠭᠤᠷᠢᠭ ᠤᠨ ︿ᠲᠦᠮᠡᠨ ᠠᠯᠬᠤᠮ ᠤᠨ ᠪᠣᠯᠵᠤᠭ᠎ᠠ﹀ ᠬᠦᠳᠡᠯᠬᠡᠬᠡᠨ ᠢᠶᠠᠷ ᠪᠡᠶ᠎ᠡ ᠪᠠᠨ                        ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠠᠵᠢᠯᠯᠠᠭᠠᠨ ᠤ ᠲᠥᠰᠦᠯ       ︽︿ᠡᠷᠡᠭᠦᠯ ᠡᠩᠬᠡ ᠳᠤᠮᠳᠠᠳᠤ ᠤᠯᠤᠰ 2030﹀ ᠶᠢᠨ ᠲᠥᠯᠥᠪᠵᠢᠭᠦᠯᠭᠡ ᠶᠢᠨ ᠬᠥᠲᠥᠯᠪᠦᠷᠢ︾ ᠬᠢᠭᠡᠳ ︽︿ᠠᠷᠪᠠᠨ ᠳᠥᠷᠪᠡᠳᠦᠭᠡᠷ ᠲᠠᠪᠤᠨ ᠵᠢᠯ﹀ ᠤᠨ ᠤᠯᠤᠰ ᠠᠷᠠᠳ ᠤᠨ ᠡᠷᠡᠭᠦᠯ ᠮᠡᠨᠳᠦ ᠶᠢᠨ ᠲᠥᠯᠥᠪᠵᠢᠭᠦᠯᠭᠡ︾ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠡᠷᠡᠭᠦᠯ ᠡᠩᠬᠡ ᠠᠮᠢᠳᠤᠷᠠᠯ ᠤᠨ ᠠᠷᠭ᠎ᠠ ᠬᠡᠯᠪᠡᠷᠢ ᠶᠢᠨ ᠠᠵᠢᠯᠯᠠᠭ᠎ᠠ ᠶᠢ ᠥᠷᠨᠢᠭᠦᠯᠬᠦ ᠪᠤᠯᠤᠨ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠰᠡᠷᠬᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠳᠤᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ︽ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠳᠠᠭᠠᠨ ᠴᠢᠨᠠᠷᠳᠠᠢ ᠡᠪᠡᠳᠴᠢᠨ ᠤ ᠲᠥᠪ ᠤᠨ ᠨᠠᠢᠮᠠᠳᠤᠭᠠᠷ ᠬᠤᠭᠤᠴᠠᠭᠠᠨ ᠤ ︿ᠲᠦᠮᠡᠨ ᠠᠯᠬᠤᠮ ᠤᠨ ᠪᠤᠯᠵᠤᠭ᠎ᠠ﹀ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠢ ᠡᠷᠭᠢᠯᠡᠬᠦ ᠲᠤᠬᠠᠶ ᠮᠡᠳᠡᠭᠳᠡᠯ︾ ︵ᠳᠤᠮᠳᠠᠳᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠤᠳᠠᠭᠠᠨ ᠴᠢᠨᠠᠷᠳᠠᠢ ᠡᠪᠡᠳᠴᠢᠨ ᠵᠠᠬᠢᠳᠠᠯ ﹇2023﹈ 47 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠳ᠋ᠦᠩᠱᠧᠩ ᠲᠣᠭᠤᠷᠢᠭ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠠᠵᠢᠯᠯᠠᠭᠠᠨ ᠤ ᠲᠥᠰᠦᠯ ᠢ ᠲᠣᠭᠲᠠᠭᠠᠪᠠ᠃      ᠨᠢᠭᠡ᠂  ᠠᠵᠢᠯᠯᠠᠭᠠᠨ ᠤ ᠠᠬᠤᠢ ᠪᠠᠶᠢᠳᠠᠯ      2016 ᠣᠨ ᠠᠴᠠ ᠡᠬᠢᠯᠡᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠵᠢᠯᠣᠭᠤᠳᠣᠯᠭ᠎ᠠ ᠳᠣᠤᠷ᠎ᠠ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠳᠠᠭᠠᠨ ᠴᠢᠨᠠᠷᠳᠠᠢ ᠡᠪᠡᠳᠴᠢᠨ ᠤ ᠲᠥᠪ ᠠᠴᠠ ᠪᠥᠬᠦ ᠤᠯᠤᠰ ᠤᠨ ᠬᠡᠪᠴᠢᠶᠡᠨ ᠳᠤ ᠵᠠᠯᠭᠠᠪᠠᠷ ᠲᠤᠯᠤᠭᠠᠨ ᠬᠤᠭᠤᠴᠠᠭᠠᠨ ᠤ ︽ᠲᠦᠮᠡᠨ ᠠᠯᠬᠤᠮ ᠶᠢ ᠪᠤᠯᠵᠤᠭ᠎ᠠ︾ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ︵ᠳᠣᠷᠣᠭᠰᠢ ︽ᠤᠷᠤᠯᠳᠤᠭᠠᠨ︾ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠵᠤ᠂ ᠪᠥᠬᠦ ᠤᠯᠤᠰ ᠤᠨ 1400 ᠰᠢᠶᠠᠨ ᠲᠣᠭᠤᠷᠢᠭ ᠤᠨ 200 ᠲᠦᠮᠡᠨ ᠬᠥᠮᠦᠨ ᠢ ᠬᠠᠮᠤᠷᠴᠤ᠂ ᠪᠥᠬᠦ ᠠᠷᠠᠳ ᠢᠶᠠᠷ ᠢᠶᠠᠨ ᠪᠡᠶ᠎ᠡ ᠴᠢᠭᠢᠷᠠᠭᠵᠢᠭᠤᠯᠬᠤ᠂ ᠪᠥᠬᠦ ᠠᠷᠠᠳ ᠤᠨ ᠡᠷᠡᠬᠦᠯᠵᠢᠬᠦ ᠤᠷᠴᠢᠨ ᠠᠬᠤᠢ ᠶᠢ ᠪᠣᠶ ᠪᠣᠯᠭᠠᠪᠠ᠃ ᠤᠷᠤᠯᠳᠤᠭᠠᠨ ᠨᠢ ︽ᠢᠨᠲ᠋ᠧᠷ ᠰᠦᠯᠵᠢᠶ᠎ᠡ +︾ ᠲᠠᠢ ᠨᠢᠭᠲᠠ ᠤᠶᠠᠯᠳᠤᠭᠤᠯᠵᠤ᠂ ︽ᠪᠦᠯᠬᠦᠮ ᠨᠡᠶᠢᠲᠡ︾ ᠶᠢᠨ ᠬᠢᠨᠠᠯᠲᠠ ᠲᠠᠯᠪᠢᠵᠤ ᠤᠷᠮᠠᠰᠢᠭᠤᠯᠬᠤ ᠦᠢᠯᠡᠳᠤᠯ ᠳᠤ ᠲᠦᠰᠢᠭᠯᠡᠨ᠂ ᠤᠷᠤᠯᠳᠤᠭᠠᠨ ᠳᠤ ᠣᠷᠣᠯᠴᠠᠭᠰᠠᠳ ᠢ ᠬᠠᠪᠰᠤᠷᠤᠨ ᠡᠳᠦᠷ ᠪᠦᠷᠢ ᠲᠦᠮᠡᠨ ᠠᠯᠬᠤᠮ ᠠᠯᠬᠤᠬᠤ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠤᠳᠠᠭᠠᠨ ᠴᠢᠨᠠᠷᠲᠠᠶ ᠡᠪᠡᠳᠴᠢᠨ ᠢ ᠰᠡᠷᠭᠡᠶᠢᠯᠡᠬᠦ᠂ ᠡᠷᠡᠭᠦᠯ ᠮᠡᠨᠳᠦ ᠶᠢ ᠠᠬᠢᠭᠤᠯᠬᠤ ᠵᠣᠷᠢᠯᠭ᠎ᠠ ᠳᠤ ᠬᠦᠷᠴᠦ᠂ ᠺᠠᠳ᠋ᠷ ᠣᠯᠠᠨ ᠲᠦᠮᠡᠨ ᠤ ᠨᠡᠶᠢᠳᠡᠮ ᠬᠦᠷᠢᠶᠡᠯᠡᠯ ᠢ ᠣᠯᠤᠭᠰᠠᠨ ᠪᠠᠶᠢᠨ᠎ᠠ᠃      2023 ᠣᠨ ᠳᠤ᠂ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠤᠳᠠᠭᠠᠨ ᠴᠢᠨᠠᠷᠲᠠᠶ ᠡᠪᠡᠳᠴᠢᠨ ᠤ ᠲᠥᠪ ᠦᠷᠭᠦᠯᠵᠢᠯᠡᠨ ᠪᠥᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ︽ᠲᠦᠮᠡᠨ ᠠᠯᠬᠤᠮ ᠤᠨ ᠪᠣᠯᠵᠤᠭ᠎ᠠ︾ ᠡᠷᠡᠭᠦᠯᠵᠢᠯ ᠢ ᠤᠷᠮᠠᠰᠢᠭᠤᠯᠤᠨ ᠵᠣᠷᠢᠭᠵᠢᠭᠤᠯᠬᠤ ᠤᠷᠤᠯᠳᠤᠭᠠᠨ ᠢ ᠡᠷᠭᠢᠯᠡᠨ᠎ᠡ᠃ ᠳ᠋ᠦᠩᠱᠧᠩ ᠲᠣᠭᠤᠷᠢᠭ ᠥᠪᠡᠷᠲᠡᠭᠡᠨ ᠵᠠᠰᠠᠬᠤ ᠣᠷᠣᠨ ᠤ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠳᠤᠭᠤᠷᠢᠭ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢᠨ ᠲᠥᠯᠥᠭᠡ᠂ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠳᠤᠮᠳᠠ ︽ᠲᠦᠮᠡᠨ ᠠᠯᠬᠤᠮ ᠤᠨ ᠪᠣᠯᠵᠤᠭ᠎ᠠ︾ ᠡᠷᠡᠭᠦᠯᠵᠢᠬᠦ ᠶᠢ ᠤᠷᠮᠠᠰᠢᠭᠤᠯᠬᠤ ᠤᠷᠤᠯᠳᠤᠭᠠᠨ ᠢ ᠥᠷᠭᠡᠨ ᠢᠶᠠᠷ ᠥᠷᠨᠢᠭᠦᠯᠬᠦ ᠪᠣᠯᠤᠨ᠎ᠠ᠃ ᠲᠦᠷᠦᠭᠦᠯᠡᠨ ᠵᠢᠱᠢᠶ᠎ᠡ ᠦᠵᠡᠭᠦᠯᠬᠦ ᠪᠠᠷ ᠳᠠᠮᠵᠢᠭᠤᠯᠤᠨ᠂ ᠪᠥᠬᠦ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠡᠷᠡᠭᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠲᠠᠢ ᠪᠣᠯᠭᠠᠵᠤ᠂ ᠪᠥᠬᠦ ᠬᠥᠮᠦᠰ ᠤᠨ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ ᠵᠡᠷᠭᠡ ᠤᠳᠠᠭᠠᠨ ᠴᠢᠨᠠᠷᠲᠠᠶ ᠡᠪᠡᠳᠴᠢᠨ ᠤ ᠡᠭᠦᠰᠬᠦ ᠨᠣᠷᠮ᠎ᠠ ᠶᠢ ᠪᠠᠭᠤᠷᠠᠭᠤᠯᠵᠤ᠂ ᠤᠯᠤᠰ ᠤᠨ ᠲᠠᠰ ᠤᠨ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠳᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠲᠦᠷᠭᠡᠳᠬᠡᠨ ᠠᠬᠢᠭᠤᠯᠵᠤ᠂ ︽ᠡᠷᠡᠭᠦᠯ ᠡᠩᠬᠡ ᠳ᠋ᠦᠩᠱᠧᠩ︾ ᠤᠨ ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠤᠨ᠎ᠠ᠃      ᠬᠤᠶᠠᠷ᠂ ᠠᠵᠢᠯᠯᠠᠭᠠᠨ ᠤ ᠴᠠᠭ ᠬᠤᠭᠤᠴᠠᠭ᠎ᠠ ᠪᠠ ᠠᠬᠢᠴᠠ ᠶᠢᠨ ᠲᠣᠬᠢᠷᠠᠭᠤᠯᠤᠯᠲᠠ      1. ᠨᠡᠷ᠎ᠡ ᠮᠡᠳᠡᠭᠦᠯᠬᠦ᠄ 2023 ᠣᠨ ᠤ 4 ᠰᠠᠷ᠎ᠠ ᠶᠢᠨ 21 ᠤ ᠡᠳᠦᠷ ᠪᠣᠯᠲᠠᠯ᠎ᠠ᠃      2. ᠠᠵᠢᠯᠯᠠᠭᠠᠨ ᠤ ᠡᠬᠢᠯᠡᠯᠳᠡ ᠪᠠ ᠤᠷᠤᠯᠳᠤᠭᠠᠨ ᠳᠤ ᠣᠷᠣᠯᠴᠠᠬᠤ ᠪᠣᠯᠪᠠᠰᠤᠷᠠᠭᠤᠯᠤᠯ᠄ 2023 ᠣᠨ ᠤ 4 ᠰᠠᠷ᠎ᠠ ᠳᠤ      3᠂ ᠰᠤᠳᠤᠴᠤᠤᠯ ᠤᠨ ᠤᠷᠤᠯᠳᠤᠭᠠᠨ ᠤ ᠪᠡᠯᠡᠳᠭᠡᠯ ᠤᠷᠤᠯᠳᠤᠭᠠᠨ᠄ 2023 ᠣᠨ ᠤ 4 ᠰᠠᠷ᠎ᠠ ᠶᠢᠨ 11 ᠤ ᠡᠳᠦᠷ ᠠᠴᠠ 4 ᠰᠠᠷ᠎ᠠ ᠶᠢᠨ 30 ᠤ ᠡᠳᠦᠷ       4. ᠰᠤᠳᠤᠴᠤᠤᠯ ᠤᠨ ᠤᠷᠤᠯᠳᠤᠭᠠᠨ ᠤ ᠵᠢᠩᠬᠢᠨᠢ ᠤᠷᠤᠯᠳᠤᠭᠠᠨ᠄ 2023 ᠣᠨ ᠤ 5 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 18 ᠤ ᠡᠳᠦᠷ      5. ᠳ᠋ᠦᠩᠨᠡᠯᠳᠡ᠂ ᠬᠥᠬᠢᠭᠦᠯᠦᠨ ᠰᠠᠶᠢᠰᠢᠶᠠᠬᠤ᠄ 2023 ᠣᠨ ᠤ 9 ᠰᠠᠷ᠎ᠠ ᠠᠴᠠ 10 ᠰᠠᠷ᠎ᠠ      ᠭᠤᠷᠪᠠ᠂ ᠤᠷᠤᠯᠳᠤᠭᠠᠨ ᠳᠤ ᠣᠷᠣᠯᠴᠠᠬᠤ ᠡᠲᠡᠭᠡᠳ      ᠳ᠋ᠦᠩᠱᠧᠩ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ᠂ ᠨᠢᠬᠡᠴᠡ ᠨᠢᠭᠡᠪᠦᠷᠢ ᠨᠢ ᠡᠳᠦᠶ ᠲᠡᠳᠦᠶ ᠪᠦᠯᠬᠦᠮ ᠢ ᠵᠣᠬᠢᠶᠠᠨ ᠪᠠᠶᠢᠭᠤᠯᠵᠤ᠂ ᠠᠩᠭᠢ ᠨᠢᠭᠡᠪᠦᠷᠢ ᠨᠢ 10 - 20 ᠬᠥᠮᠦᠨ᠂ 10 ᠬᠥᠮᠦᠨ ᠬᠥᠷᠬᠦ ᠥᠬᠡᠶ ᠨᠢᠭᠡᠴᠡ ᠨᠢ ᠪᠤᠰᠤᠳ ᠨᠢᠭᠡᠴᠡ ᠲᠠᠢ ᠬᠠᠮᠳᠤᠷᠠᠨ ᠠᠩᠭᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ ᠪᠣᠯᠤᠨ᠎ᠠ᠂ ᠤᠷᠤᠯᠳᠤᠭᠠᠨ ᠳᠤ ᠣᠷᠣᠯᠴᠠᠭᠰᠠᠨ ᠬᠥᠮᠦᠨ ᠤ ᠲᠤᠭ᠎ᠠ ᠨᠢ 300 ᠬᠥᠮᠦᠨ ᠠᠴᠠ ᠳᠣᠤᠷ᠎ᠠ ᠪᠠᠶᠢᠵᠤ ᠪᠣᠯᠬᠤ ᠥᠬᠡᠶ᠃ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠳᠤᠭᠤᠷᠢᠭ ᠤᠨ ᠪᠦᠲᠦᠭᠡᠨ ᠪᠠᠶᠢᠭᠤᠯᠬᠤ ᠪᠦᠷᠢᠯᠳᠦᠬᠦᠨ ᠨᠢᠭᠡᠴᠡ ᠡᠷᠬᠡᠪᠰᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠬᠤ ᠬᠡᠷᠡᠭᠲᠡᠢ᠂ ᠳ᠋ᠦᠩᠱᠧᠩ ᠲᠣᠭᠤᠷᠢᠭ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠬᠤ ᠪᠦᠷᠢᠯᠳᠦᠬᠦᠨ ᠨᠢᠭᠡᠴᠡ ᠶᠢᠨ ︽ᠲᠦᠮᠡᠨ ᠠᠯᠬᠤᠮ ᠢᠶᠠᠷ ᠪᠣᠯᠵᠤᠭ᠎ᠠ︾ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠡᠭᠦᠷᠭᠡ ᠶᠢ ᠳᠠᠭᠠᠯᠳᠤᠭᠤᠯᠤᠯ 1 ᠶᠢ ᠦᠵᠡᠬᠡᠷᠡᠢ᠃      ᠳᠥᠷᠪᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠲᠣᠰ ᠤᠳᠠᠭᠠᠨ ᠤ ᠤᠷᠤᠯᠳᠤᠭᠠᠨ ᠢ ᠭᠤᠤᠯᠯᠠᠨ ᠡᠷᠭᠢᠯᠡᠬᠦ ᠨᠢᠭᠡᠴᠡ ᠪᠣᠯ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠮᠥᠨ᠂ ᠳᠠᠭᠠᠭᠠᠨ ᠡᠷᠭᠢᠯᠡᠬᠦ ᠨᠢᠭᠡᠴᠡ ᠨᠢ ᠳ᠋ᠦᠩᠱᠧᠩ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠠ ᠳ᠋ᠦᠩᠱᠧᠩ ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠮᠥᠨ᠂ ᠲᠣᠰ ᠤᠳᠠᠭᠠᠨ ᠤ ᠠᠵᠢᠯᠯᠠᠭ᠎ᠠ ᠶᠢ ᠤᠷᠤᠭᠰᠢᠲᠠᠶ ᠥᠷᠨᠢᠭᠦᠯᠬᠦ ᠶᠢᠨ ᠬᠠᠮᠲᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠳ᠋ᠦᠩᠱᠧᠩ ᠲᠣᠭᠤᠷᠢᠭ ᠤᠨ ︽ᠲᠦᠮᠡᠨ ᠠᠯᠬᠤᠮ ᠤᠨ ᠪᠤᠯᠵᠤᠭ᠎ᠠ︾ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠤᠷᠤᠯᠳᠤᠭᠠᠨ ᠤ ᠬᠠᠮᠢᠶᠠᠷᠤᠯᠲᠠ ᠶᠢᠨ ᠺᠤᠮᠢᠰ ᠢ ᠪᠠᠶᠢᠭᠤᠯᠪᠠ᠂ ᠪᠦᠷᠢᠯᠳᠦᠬᠦᠨ ᠨᠢ ᠳᠣᠤᠷᠠᠬᠢ ᠮᠡᠲᠦ᠄      ᠡᠷᠬᠢᠯᠡᠭᠴᠢ᠄ ᠶᠠᠩ ᠶᠦᠨ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ      ᠳᠡᠳ᠋ ᠡᠷᠬᠢᠯᠡᠭᠴᠢ᠄ ᠯᠢᠦ ᠼᠦᠨ    ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ                      ᠷᠧᠨ ᠬᠦᠶ ᠧ    ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ      ᠪᠦᠷᠢᠯᠳᠦᠬᠦᠨ᠄ ᠶᠤᠸᠠᠨ ᠪᠥᠸᠧ    ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ                   ᠴᠢᠦᠶ ᠭᠤᠸᠠᠩ ᠷᠦᠩ    ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠠᠷᠤᠭ᠎ᠠ      ᠭᠤᠤ ᠶᠦᠨ ᠱᠧᠩ    ᠲᠣᠭᠤᠷᠢᠭ ᠤᠨ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ      ᠯᠢᠦᠶ ᠨᠠ    ᠲᠣᠭᠤᠷᠢᠭ ᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ      ᠵᠠᠩ ᠰᠢ    ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ ᠳᠡᠳ᠋ ᠳᠠᠷᠤᠭ᠎ᠠ      ᠬᠠᠨ ᠹᠧᠢ ᠫᠧᠩ    ᠲᠤᠭᠤᠷᠢᠭ ᠤᠨ ᠠᠵᠢᠯᠴᠢᠨ ᠤ ᠶᠡᠷᠦᠩᠬᠡᠶ ᠡᠪᠯᠡᠯ ᠤᠨ ᠪᠠᠶᠢᠩᠭᠤ ᠶᠢᠨ ᠳᠡᠳ᠋ ᠲᠡᠷᠢᠭᠦᠯᠡᠭᠴᠢ      ᠬᠠᠨ ᠵᠢᠶᠦ᠋ᠨ    ᠲᠣᠭᠤᠷᠢᠭ ᠤᠨ ᠴᠡᠴᠡᠷᠯᠢᠭᠵᠢᠬᠦᠯᠦᠯᠳᠡ ᠨᠣᠭᠤᠭᠠᠷᠠᠭᠤᠯᠤᠯᠲᠠ ᠶᠢᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ      ᠵᠤᠤ ᠴᠢᠶᠦ᠋ᠨ    ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ      ᠸᠧᠨ ᠷᠦᠢ     ᠲᠣᠭᠤᠷᠢᠭ ᠤᠨ ᠪᠡᠶ᠎ᠡ ᠶᠢᠨ ᠲᠠᠮᠢᠷ ᠤᠨ ᠦᠢᠯᠡᠰ ᠤᠨ ᠬᠥᠭᠵᠢᠯᠲᠡ ᠶᠢᠨ ᠲᠥᠪ ᠤᠨ ᠡᠷᠬᠢᠯᠡᠭᠴᠢ      ᠡᠯ᠎ᠡ ᠤᠷᠤᠯᠳᠤᠭᠠᠨ ᠳᠤ ᠤᠷᠤᠯᠴᠠᠬᠤ ᠨᠢᠭᠡᠴᠡ ᠶᠢᠨ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ      ᠤᠷᠤᠯᠳᠤᠭᠠᠨ ᠤ ᠬᠠᠮᠢᠶᠠᠷᠤᠯᠲᠠ ᠶᠢᠨ ᠺᠣᠮᠢᠰ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠲᠣᠬᠢᠷᠠᠭᠤᠯᠪᠠ᠃ ᠠᠯᠪᠠᠨ ᠬᠡᠷ ᠨᠢ ᠳ᠋ᠦᠩᠱᠧᠩ ᠲᠣᠭᠤᠷᠢᠭ ᠤᠨ ᠤᠷᠤᠯᠳᠤᠭᠠᠨ ᠳᠤ ᠣᠷᠣᠯᠴᠠᠭᠰᠠᠳ ᠤᠨ ᠨᠡᠷ᠎ᠡ ᠮᠡᠳᠡᠭᠦᠯᠬᠦ᠂ ᠮᠡᠳᠡᠭᠡ ᠵᠠᠩᠭᠢ ᠴᠤᠭᠯᠠᠭᠤᠯᠬᠤ ᠪᠠ ᠲᠥᠬᠦᠭᠡᠷᠦᠮᠵᠢ ᠶᠢ ᠭᠤᠶᠤᠴᠢᠯᠠᠨ ᠠᠪᠴᠤ ᠲᠠᠷᠬᠠᠭᠠᠬᠤ ᠶᠢ ᠪᠣᠳᠠᠲᠠᠶ ᠬᠠᠷᠢᠭᠤᠴᠠᠨ᠎ᠠ︔ ᠳᠡᠭᠡᠳᠦ ᠱᠠᠲᠤᠨ ᠤ ᠤᠷᠤᠯᠳᠤᠭᠠᠨ ᠤ ᠬᠠᠮᠢᠶᠠᠷᠤᠯᠲᠠ ᠶᠢᠨ ᠵᠥᠪᠯᠡᠯ ᠲᠠᠢ ᠬᠠᠷᠢᠯᠴᠠᠬᠤ ᠠᠵᠢᠯ︔ ᠤᠷᠤᠯᠳᠤᠭᠠᠨ ᠤ ᠬᠠᠮᠢᠶ᠎ᠠ ᠪᠦᠬᠦᠢ ᠮᠡᠳᠡᠭᠳᠡᠯ᠂ ᠲᠥᠷᠥ ᠶᠢᠨ ᠪᠣᠳᠣᠯᠭ᠎ᠠ᠂ ᠤᠷᠤᠯᠳᠤᠭᠠᠨ ᠤ ᠪᠠᠶᠢᠳᠠᠯ ᠵᠡᠷᠭᠡ ᠮᠡᠳᠡᠭᠡ ᠵᠠᠩᠭᠢ ᠶᠢ ᠳᠡᠭᠡᠭᠰᠢ  ᠳᠠᠮᠵᠢᠭᠤᠯᠵᠤ ᠳᠤᠷᠤᠭᠰᠢ ᠪᠠᠭᠤᠯᠭᠠᠨ᠎ᠠ᠃ ᠳ᠋ᠦᠩᠱᠧᠩ ᠲᠣᠭᠤᠷᠢᠭ ᠤᠨ ᠤᠷᠤᠯᠳᠤᠭᠠᠨ ᠳᠤ ᠣᠷᠣᠯᠴᠠᠬᠤ ᠭᠡᠰᠢᠭᠦᠳ ᠤᠨ ᠮᠡᠷᠭᠡᠵᠢᠯ ᠤᠨ ᠵᠢᠯᠣᠭᠤᠳᠤᠯᠭ᠎ᠠ᠂ ᠪᠣᠯᠪᠠᠰᠤᠷᠠᠭᠤᠯᠤᠯ᠂ ᠰᠢᠪᠠᠳᠠᠨ ᠬᠠᠮᠢᠶᠠᠷᠬᠤ ᠵᠡᠷᠭᠡ ᠠᠵᠢᠯ ᠢ ᠬᠠᠷᠢᠭᠤᠴᠠᠨ᠎ᠠ︔ ᠳ᠋ᠦᠩᠱᠧᠩ ᠲᠣᠭᠤᠷᠢᠭ ᠤᠨ ᠪᠦᠯᠬᠦᠮ ᠨᠡᠶᠢᠲᠡ ᠶᠢᠨ ᠤᠷᠤᠯᠳᠤᠭᠠᠨ ᠳᠤ ᠢᠯᠡᠷᠡᠭᠰᠡᠨ ᠠᠰᠠᠭᠤᠳᠠᠯ ᠪᠠ ᠮᠠᠷᠭᠤᠯᠳᠤᠭᠠᠨ ᠢ ᠬᠥᠨᠳᠡᠯᠡᠨ ᠠᠴᠠ ᠲᠠᠰᠤᠯᠵᠤ᠂ ᠪᠦᠯᠬᠦᠮ ᠨᠡᠶᠢᠲᠡ ᠶᠢᠨ ᠤᠷᠤᠯᠳᠤᠭᠠᠨ ᠢ ᠥᠷᠨᠢᠭᠦᠯᠬᠦ᠂ ᠱᠠᠩᠨᠠᠵᠤ ᠲᠣᠷᠭᠠᠬᠤ ᠲᠣᠭᠲᠠᠴᠠ ᠵᠡᠷᠭᠡ ᠭᠤᠭᠴᠤᠭ᠎ᠠ ᠳᠤ ᠡᠷᠬᠡ ᠲᠡᠭᠰᠢ᠂ ᠲᠥᠪ ᠭᠤᠣᠯᠴᠢ ᠪᠠᠷ ᠬᠢᠨᠠᠯᠲᠠ ᠲᠠᠯᠪᠢᠨ᠎ᠠ᠃      ᠲᠠᠪᠤ᠂ ᠤᠷᠤᠯᠳᠤᠭᠠᠨ ᠤ ᠠᠭᠤᠯᠭ᠎ᠠ      ︵ᠨᠢᠭᠡ︶ ᠰᠤᠳᠤᠴᠤᠳ ᠤᠨ ᠤᠷᠤᠯᠳᠤᠭᠠᠨ᠄ ᠪᠦᠬᠦ ᠤᠯᠤᠰ ᠤᠨ ᠤᠷᠤᠯᠳᠤᠭᠠᠨ ᠤ ᠳᠦᠷᠢᠮ ᠢᠶᠠᠷ ᠯᠠᠪᠯᠠᠯᠲᠠ ᠪᠣᠯᠭᠠᠵᠤ᠂ 100 ᠡᠳᠦᠷ ᠤᠨ ᠬᠤᠭᠤᠴᠠᠭ᠎ᠠ ᠲᠠᠢ ᠪᠦᠯᠬᠦᠮ ᠤᠨ ᠶᠠᠪᠠᠭᠠᠨ ᠶᠠᠪᠤᠬᠤ ᠤᠷᠤᠯᠳᠤᠭᠠᠨ ᠢ ᠰᠣᠩᠭᠤᠨ ᠥᠷᠨᠢᠭᠦᠯᠵᠦ᠂ ᠠᠵᠢᠯᠯᠠᠭᠠᠨ ᠤ ᠴᠠᠭ ᠨᠢ 5 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 18 ᠤ ᠡᠳᠦᠷ ᠪᠣᠯᠲᠠᠯ᠎ᠠ ᠶᠠᠪᠤᠭᠳᠠᠨ᠎ᠠ᠃ ᠤᠷᠤᠯᠳᠤᠭᠠᠨ ᠳᠤ ᠤᠷᠤᠯᠴᠠᠬᠤ ᠬᠦᠮᠦᠰ ᠨᠢᠭᠡᠳᠦᠯᠲᠡᠶ ᠬᠤᠪᠴᠠᠯᠠᠵᠤ ᠠᠯᠬᠤᠮ ᠳᠤᠭᠠᠯᠠᠭᠤᠷ ᠵᠡᠬᠦᠵᠤ᠂ ᠪᠦᠷᠢ ᠶᠢᠨ ᠠᠯᠬᠤᠮ ᠤᠨ ᠲᠤᠭ᠎ᠠ ᠶᠢ ᠲᠡᠮᠳᠡᠭᠯᠡᠵᠦ᠂ ᠲᠤᠭ᠎ᠠ ᠶᠢ ᠬᠥᠳᠡᠯᠭᠡᠭᠡᠨ ᠤ ᠰᠦᠯᠵᠢᠶᠡᠨ ᠤ ᠭᠤᠤᠯ ᠨᠢᠭᠤᠷ ᠲᠤ ᠳᠠᠮᠵᠢᠭᠤᠯᠵᠤ᠂ ᠨᠡᠶᠢᠲᠡ ᠬᠤᠪᠢ ᠬᠤᠷᠠᠮᠳᠤᠭᠤᠯᠭ᠎ᠠ ᠪᠠᠷ ᠳᠠᠮᠵᠢᠭᠤᠯᠤᠨ᠂ ᠲᠣᠭᠤᠷᠢᠭ ᠤᠨ ᠳᠣᠲᠣᠷᠠᠬᠢ ᠡᠯ᠎ᠡ ᠪᠦᠯᠬᠦᠮ ᠨᠡᠶᠢᠲᠡ ᠶᠢᠨ ᠬᠤᠭᠤᠷᠤᠨᠳᠤ᠂ ᠭᠡᠰᠢᠭᠦᠳ ᠤᠨ ᠳᠤᠮᠳᠠ ᠠᠳᠠᠯᠢᠳᠬᠠᠨ ᠰᠢᠯᠭᠠᠷᠠᠭᠤᠯᠤᠯᠲᠠ ᠬᠢᠨ᠎ᠠ᠃      ︵ᠬᠤᠶᠠᠷ︶ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠴᠤᠭᠯᠠᠭᠤᠯᠬᠤ᠄ ᠤᠷᠤᠯᠳᠤᠭᠠᠨ ᠤ ᠲᠥᠰᠦᠯ ᠢ ᠦᠨᠳᠦᠰᠦᠯᠡᠨ᠂ ᠤᠷᠤᠯᠳᠤᠭᠠᠨ ᠤ ᠡᠮᠤᠨ᠎ᠡ ᠬᠤᠶᠢᠨ᠎ᠠ ᠤᠷᠤᠯᠳᠤᠭᠠᠨ ᠳᠤ ᠣᠷᠣᠯᠴᠠᠭᠰᠠᠳ ᠲᠤ ᠲᠣᠰ ᠲᠣᠰ ᠨᠢᠭᠡ ᠤᠳᠠᠭ᠎ᠠ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢᠨ ᠴᠤᠭᠯᠠᠭᠤᠯᠭ᠎ᠠ ᠬᠢᠨ᠎ᠡ᠃ ᠤᠷᠤᠯᠳᠤᠭᠠᠨ ᠤ ᠡᠮᠦᠨᠡᠬᠢ ᠴᠠᠭ᠄ 2023 ᠣᠨ ᠤ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 30 ᠤ ᠡᠳᠦᠷ ︵ᠤᠷᠤᠯᠳᠤᠭᠠᠨ ᠤ ᠡᠮᠦᠨᠡᠬᠢ ᠪᠡᠶ᠎ᠡ ᠶᠢᠨ ᠬᠡᠮᠵᠢᠯᠲᠡ ᠶᠢᠨ ᠱᠠᠭᠠᠷᠳᠠᠯᠭ᠎ᠠ 5 ᠰᠠᠷ᠎ᠠ ᠶᠢᠨ 30 ᠤ ᠡᠳᠦᠷ ᠠᠴᠠ ᠡᠮᠦᠨ᠎ᠡ ᠳᠠᠭᠤᠰᠬᠠᠨ᠎ᠠ︶᠂ ᠤᠷᠤᠯᠳᠤᠭᠠᠨ ᠤ ᠳᠠᠷᠠᠭᠠᠬᠢ ᠴᠠᠭ᠄ 2023 ᠣᠨ ᠤ 8 ᠰᠠᠷ᠎ᠠ ᠶᠢᠨ 10 ᠤ ᠡᠳᠦᠷ ᠠᠴᠠ 9 ᠰᠠᠷ᠎ᠠ ᠶᠢᠨ 10 ᠤ ᠡᠳᠦᠷ ︵ᠤᠷᠤᠯᠳᠤᠭᠠᠨ ᠤ ᠳᠠᠷᠠᠭᠠᠬᠢ ᠪᠡᠶ᠎ᠡ ᠶᠢᠨ ᠬᠡᠮᠵᠢᠯᠲᠡ ᠶᠢᠨ ᠱᠠᠭᠠᠷᠳᠠᠯᠭ᠎ᠠ 9 ᠰᠠᠷ᠎ᠠ ᠶᠢᠨ 10 ᠤ ᠡᠳᠦᠷ ᠠᠴᠠ ᠡᠮᠦᠨ᠎ᠡ ᠳᠠᠭᠤᠰᠬᠠᠨ᠎ᠠ︶᠃ ᠤᠷᠤᠯᠳᠤᠭᠠᠨ ᠤ ᠳᠦᠷᠢᠮ ᠢ ᠦᠨᠳᠦᠰᠦᠯᠡᠨ ᠤᠷᠤᠯᠴᠠᠭᠰᠠᠳ ᠨᠢᠭᠡᠪᠦᠷᠢ ᠴᠥᠮ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠴᠤᠭᠯᠠᠭᠤᠯᠬᠤ ᠠᠵᠢᠯ ᠢ ᠪᠡᠶᠡᠯᠡᠭᠦᠯᠵᠦ᠂ ᠪᠣᠳᠠᠲᠠᠶ ᠴᠤᠭᠯᠠᠭᠤᠯᠬᠤ ᠠᠷᠭ᠎ᠠ ᠵᠢᠴᠢ ᠪᠡᠶ᠎ᠡ ᠶᠢᠨ ᠬᠡᠮᠵᠢᠯᠲᠡ ᠶᠢᠨ ᠲᠥᠬᠦᠭᠡᠷᠦᠮᠵᠢ ᠶᠢ ᠠᠰ ᠲᠤᠨᠢ ᠮᠡᠳᠡᠭᠳᠡᠨ᠎ᠡ᠃       ᠴᠤᠭᠯᠠᠭᠤᠯᠬᠤ ᠠᠭᠤᠯᠭ᠎ᠠ ᠨᠢ ᠳᠣᠣᠷᠠᠬᠢ ᠮᠡᠲᠦ᠄      ᠡᠷᠡᠭᠦᠯ ᠮᠡᠨᠳᠦ ᠶᠢᠨ ᠠᠰᠠᠭᠤᠯᠲᠠ ᠶᠢᠨ ᠬᠠᠭᠤᠳᠠᠰᠤ ᠪᠠ ᠪᠡᠶ᠎ᠡ ᠶᠢᠨ ᠥᠨᠳᠥᠷ᠂ ᠪᠦᠰᠡᠯᠡᠬᠦᠷ ᠦᠬᠡᠵᠢᠭ ᠤᠨ ᠬᠡᠮᠵᠢᠶ᠎ᠡ᠄ ᠲᠦᠮᠡᠨ ᠠᠯᠬᠤᠮ ᠤᠨ APP ᠪᠠᠷ ᠳᠠᠮᠵᠢᠨ ᠲᠠᠭᠯᠠᠨ᠎ᠠ︔      ᠪᠡᠶ᠎ᠡ ᠶᠢᠨ ᠬᠦᠨᠳᠦ \ ᠪᠡᠶ᠎ᠡ ᠶᠢᠨ ᠦᠬᠡᠬᠦᠨ ᠤ ᠬᠡᠮᠵᠢᠶ᠎ᠡ᠄ ᠤᠷᠤᠯᠳᠤᠭᠠᠨ ᠢᠶᠠᠷ ᠳᠡᠮᠵᠢᠨ ᠲᠤᠰᠬᠠᠶ ᠬᠡᠷᠡᠭᠯᠡᠭᠡᠨ ᠤ ᠪᠡᠶ᠎ᠡ ᠶᠢᠨ ᠥᠭᠡᠬᠦᠨ ᠤ ᠵᠢᠩ BW326 ᠪᠤᠶᠤ ᠪᠡᠶ᠎ᠡ ᠶᠢᠨ ᠪᠦᠷᠢᠯᠳᠦᠭᠦᠨ ᠤ ᠵᠠᠳᠠᠯᠤᠯᠲᠠ ᠶᠢᠨ ᠬᠡᠮᠵᠢᠭᠦᠷᠯᠢᠭ CW618 ᠢᠶᠠᠷ ᠬᠡᠮᠵᠢᠭᠰᠡᠨ ᠤ ᠳᠠᠷᠠᠭ᠎ᠠ᠂ ᠲᠦᠮᠡᠨ ᠠᠯᠬᠤᠮ ᠤᠨ APP ᠳᠤ ᠳᠠᠮᠵᠢᠭᠤᠯᠤᠨ᠎ᠠ᠃      ᠴᠢᠰᠤᠨ ᠳᠠᠷᠤᠯᠲᠠ᠄ ᠤᠷᠤᠯᠳᠤᠭᠠᠨ ᠳᠤ ᠬᠡᠷᠡᠭᠯᠡᠬᠦ ᠳᠤᠰᠬᠠᠢ ᠴᠢᠰᠤᠨ ᠳᠠᠷᠤᠯᠲᠠ ᠶᠢᠨ ᠬᠡᠮᠵᠢᠭᠦᠷ PW31 ᠢᠶᠠᠷ ᠬᠡᠮᠵᠢᠭᠰᠡᠨ ᠤ ᠳᠠᠷᠠᠭ᠎ᠠ ᠲᠦᠮᠡᠨ ᠠᠯᠬᠤᠮ ᠤᠨ APP ᠳᠡᠭᠡᠷ᠎ᠡ ᠳᠠᠮᠵᠢᠭᠤᠯᠤᠨ᠎ᠠ᠃      ︵ᠭᠤᠷᠪᠠ︶ ᠣᠷᠣᠯᠴᠠᠬᠤ ᠬᠡᠯᠪᠡᠷᠢ ᠶᠢᠨ ᠠᠵᠢᠯᠯᠠᠭ᠎ᠠ᠄  ᠡᠷᠡᠬᠦᠯᠵᠢᠯ ᠤᠨ ᠶᠠᠪᠠᠭᠠᠨ ᠶᠠᠪᠤᠬᠤ ᠤᠷᠤᠯᠳᠤᠭᠠᠨ ᠳᠤ ᠣᠷᠣᠯᠴᠠᠬᠤ ᠶᠢᠨ ᠬᠠᠮᠲᠤ ᠰᠦᠯᠵᠢᠶᠡᠨ ᠳᠡᠭᠡᠷᠡᠬᠢ / ᠰᠦᠯᠵᠢᠶᠡᠨ ᠭᠠᠳᠠᠨᠠᠬᠢ ᠠᠵᠢᠯᠯᠠᠭ᠎ᠠ ᠶᠢ ᠨᠢᠭᠡᠳᠦᠯᠲᠡᠢ ᠥᠷᠨᠢᠭᠦᠯᠦᠨ᠎ᠡ᠃ ᠪᠣᠳᠠᠲᠠᠶ ᠪᠠᠷ ᠬᠡᠯᠡᠪᠡᠯ᠄ ᠡᠬᠢᠯᠡᠭᠦᠯᠬᠦ ᠪᠠ ᠬᠥᠬᠢᠭᠦᠯᠦᠨ ᠰᠠᠶᠢᠰᠢᠶᠠᠬᠤ ᠶᠣᠰᠣᠯᠠᠯ᠂ ︽ᠨᠢᠭᠡ ᠡᠳᠦᠷ ᠤᠨ ᠤᠷᠤᠯᠳᠤᠭᠠᠨ︾ ᠤ ᠠᠵᠢᠯᠯᠠᠭ᠎ᠠ᠂ ᠰᠢᠯᠢᠳᠡᠭ ᠠᠩᠭᠢ ᠶᠢᠨ ᠳᠠᠷᠤᠭ᠎ᠠ ᠶᠢ ᠬᠥᠮᠦᠵᠢᠭᠦᠯᠬᠦ᠂ ᠵᠣᠬᠢᠶᠠᠯ ᠡᠯᠰᠡᠬᠦ᠂ ᠲᠦᠮᠡᠨ ᠠᠯᠬᠤᠮ  ᠤᠨ ᠪᠣᠯᠵᠤᠭ᠎ᠠ ᠶᠢᠨ ᠠᠵᠢᠯᠯᠠᠭ᠎ᠠ ᠶᠢ ᠳᠠᠮᠵᠢᠭᠤᠯᠬᠤ᠂ ᠤᠷᠮᠠᠰᠢᠭᠤᠯᠬᠤ ᠲᠣᠭᠲᠠᠴᠠ ᠶᠢ ᠪᠠᠶᠢᠷᠢᠯᠠᠭᠤᠯᠬᠤ ᠵᠡᠷᠭᠡ ᠪᠠᠭᠲᠠᠨ᠎ᠠ᠃      ︵ᠲᠦᠷᠪᠡ︶ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢᠨ ᠤᠷᠤᠯᠳᠤᠭᠠᠨ᠄ ᠲᠤᠰ ᠤᠳᠠᠭᠠᠨ ᠤ ᠠᠵᠢᠯᠯᠠᠭ᠎ᠠ ᠳᠤ ᠪᠦᠬᠦ ᠬᠦᠮᠦᠰ ᠴᠦᠮ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠵᠦ ᠪᠣᠯᠤᠨ᠎ᠠ᠃ ᠤᠷᠤᠯᠳᠤᠭᠠᠨ ᠠᠴᠠ ᠡᠮᠦᠨᠡᠬᠢ ᠪᠡᠶ᠎ᠡ ᠶᠢᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠵᠤ᠂ 24≤ BMI ≤30 ᠂ ᠡᠰᠡᠬᠦᠯ᠎ᠡ ᠡᠷᠡᠭᠲᠡᠢ ᠶᠢᠨ ᠪᠦᠰᠡᠯᠡᠬᠦᠷ≥85cm / ᠡᠮᠡᠭᠲᠡᠢ ᠶᠢᠨ ᠪᠦᠰᠡᠯᠡᠬᠦᠷ≥ 80cm ᠬᠤᠭᠤᠷᠤᠨᠳᠤ ᠪᠠᠶᠢᠬᠤ ᠬᠦᠮᠦᠰ ᠤᠨ ᠢᠳᠡᠪᠬᠢᠲᠠᠢ ᠤᠷᠤᠯᠴᠠᠬᠤ ᠶᠢ ᠰᠠᠨᠠᠭᠤᠯᠤᠨ᠎ᠠ᠃ BMI> 30 ᠬᠦᠮᠦᠰ ᠲᠤ ᠳᠤᠰᠬᠠᠢ ᠮᠡᠷᠭᠡᠵᠢᠯᠲᠡᠨ ᠤ ᠵᠢᠯᠣᠭᠤᠳᠤᠯᠭ᠎ᠠ ᠳᠣᠣᠷ᠎ᠠ ᠣᠷᠣᠯᠴᠠᠬᠤ ᠶᠢ ᠰᠠᠨᠠᠭᠤᠯᠤᠨ᠎ᠠ᠃ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢᠨ ᠤᠷᠤᠯᠳᠤᠭᠠᠨ ᠳᠤ ᠣᠷᠣᠯᠴᠠᠭᠰᠠᠳ ᠭᠠᠷᠠᠭ ᠪᠦᠷᠢ ᠤᠷᠤᠯᠳᠤᠭᠠᠨ ᠤ ᠪᠡᠶ᠎ᠡ ᠶᠢᠨ ᠥᠭᠡᠬᠦᠨ ᠤ ᠳᠤᠰᠬᠠᠢ ᠵᠢᠩᠯᠡᠭᠦᠷ ᠢᠶᠠᠷ ᠨᠢᠭᠡ ᠤᠳᠠᠭ᠎ᠠ ᠪᠡᠶ᠎ᠡ ᠶᠢᠨ ᠥᠭᠡᠬᠦᠨ ᠤ ᠬᠡᠮᠵᠢᠯᠲᠡ  ᠬᠢᠵᠤ ᠳᠡᠭᠡᠭᠰᠢ ᠳᠠᠮᠵᠢᠭᠤᠯᠬᠤ ᠶᠢᠨ ᠬᠠᠮᠲᠤ ᠨᠢᠭᠡ ᠤᠳᠠᠭ᠎ᠠ ᠢᠳᠡᠭᠡᠨ ᠤᠮᠳᠠᠭᠠᠨ ᠤ ᠲᠡᠮᠳᠡᠭᠯᠡᠯ ᠬᠢᠨ᠎ᠡ᠃ ᠳᠡᠶᠢᠮᠤ ᠮᠥᠷᠲᠡᠭᠡᠨ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠨᠢ ︽3 +1︾ ᠵᠣᠷ ᠤᠨ ᠵᠠᠭᠪᠤᠷ ᠢ ᠬᠡᠷᠡᠭᠯᠡᠵᠦ᠂ ᠡᠮᠦᠨ᠎ᠡ 3 ᠵᠣᠷ ᠨᠢ ᠲᠦᠮᠡᠨ ᠠᠯᠬᠤᠮ ᠤᠨ ᠪᠣᠯᠵᠤᠭ᠎ᠠ ᠶᠢᠨ ᠬᠥᠳᠡᠯᠭᠡᠭᠡᠨ ᠤ ᠵᠣᠷ ᠪᠠᠶᠢᠵᠤ᠂ ᠲᠦᠷᠪᠡᠳᠡᠬᠢ ᠨᠢ ᠡᠷᠡᠭᠦᠯ ᠮᠡᠨᠳᠦ ᠶᠢᠨ ᠪᠡᠶ᠎ᠡ ᠶᠢᠨ ᠬᠦᠨᠳᠦ ᠶᠢᠨ ᠵᠤᠷ ᠪᠠᠶᠢᠵᠤ᠂ ᠬᠤᠷᠳᠤᠴᠠ ᠨᠢ 100-150 ᠠᠯᠬᠤᠮ / ᠮᠢᠨᠦ᠋ᠲ᠂ ᠦᠷᠭᠦᠯᠵᠢᠯᠡᠬᠦ ᠴᠠᠭ ᠨᠢ 15 ᠮᠢᠨᠦ᠋ᠲ ᠤᠨ ᠲᠠᠮᠢᠷ ᠤᠨ ᠬᠥᠳᠡᠯᠭᠡᠭᠡᠨ ᠤ ᠵᠣᠷ ᠪᠣᠯᠣᠨ᠎ᠠ᠃      ︵ᠲᠠᠪᠤ︶ ᠡᠷᠡᠭᠦᠯ ᠮᠡᠨᠳᠦ ᠶᠢᠨ ᠲᠠᠶᠢᠯᠤᠮᠵᠢ᠄ ᠤᠷᠤᠯᠳᠤᠭᠠᠨ ᠢ ᠵᠣᠬᠢᠶᠠᠨ ᠪᠠᠶᠢᠭᠤᠯᠬᠤ ᠺᠣᠮᠢᠰ ᠰᠦᠯᠵᠢᠶᠡᠨ ᠳᠡᠭᠡᠷᠡᠬᠢ ᠡᠷᠡᠭᠦᠯ ᠮᠡᠨᠳᠦ ᠶᠢᠨ ᠲᠠᠶᠢᠯᠤᠮᠵᠢ ᠶᠢ ᠵᠣᠬᠢᠶᠠᠨ ᠪᠠᠶᠢᠭᠤᠯᠵᠤ᠂ ᠤᠷᠤᠯᠳᠤᠭᠠᠨ ᠳᠤ ᠣᠷᠣᠯᠴᠠᠭᠰᠠᠨ ᠪᠥᠬᠦ ᠬᠥᠮᠦᠰ ᠰᠤᠷᠤᠯᠴᠠᠯᠭ᠎ᠠ ᠶᠢ ᠦᠵᠡᠭᠰᠡᠨ ᠤ ᠳᠠᠷᠠᠭ᠎ᠠ᠂ ᠲᠦᠮᠡᠨ ᠠᠯᠬᠤᠮ ᠤᠨ ᠪᠤᠯᠵᠤᠭᠠᠨ ᠤ APP ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠰᠡᠳᠦᠪ ᠬᠠᠷᠢᠭᠤᠯᠤᠨ᠎ᠠ᠃ ᠤᠷᠤᠯᠳᠤᠭᠠᠨ ᠤ ᠬᠤᠭᠤᠴᠠᠭᠠᠨ ᠳᠤ ᠰᠦᠯᠵᠢᠶᠡᠨ ᠳᠡᠭᠡᠷ᠎ᠡ 2 ᠤᠳᠠᠭ᠎ᠠ ᠰᠡᠳᠦᠪ ᠬᠠᠷᠢᠭᠤᠯᠵᠤ ᠪᠣᠯᠤᠨ᠎ᠠ᠃ ᠬᠠᠷᠢᠭᠤᠯᠲᠠ ᠶᠢᠨ ᠤᠨᠤᠪᠴᠢ ᠶᠢᠨ ᠨᠤᠷᠮ᠎ᠠ ᠪᠠᠷ ᠬᠢᠨᠠᠨ ᠰᠢᠯᠭᠠᠬᠤ ᠪᠠᠷᠢᠮᠵᠢᠶ᠎ᠠ ᠪᠤᠯᠭᠠᠨ᠎ᠠ᠃ ᠳᠤᠷ᠎ᠠ ᠶᠢᠨ ᠨᠢᠭᠡ ᠤᠳᠠᠭ᠎ᠠ ᠬᠢᠷᠢ ᠲᠡᠩᠴᠡᠪᠡᠯ ︽ᠡᠷᠡᠭᠦᠯ ᠮᠡᠨᠳᠦ ᠶᠢᠨ ᠮᠡᠳᠡᠯᠭᠡ  ᠰᠤᠷᠤᠯᠴᠠᠭᠰᠠᠨ ᠣᠳᠣᠨ︾ ᠣᠯᠭᠤᠵᠤ᠂ ᠨᠢᠬᠡᠨ ᠪᠦᠷᠢᠨ ᠬᠤᠪᠢ ᠶᠢᠨ ᠺᠠᠷᠲ ᠪᠠᠷ ᠱᠠᠩᠨᠠᠨ ᠬᠥᠬᠢᠭᠦᠯᠵᠦ᠂ ᠰᠤᠳᠤᠴᠤᠤᠯ ᠤᠨ ᠤᠷᠤᠯᠳᠤᠭᠠᠨ ᠤ ᠬᠤᠭᠤᠴᠠᠭᠠᠨ ᠤ ᠳᠤᠷ᠎ᠠ ᠶᠢᠨ ᠨᠢᠭᠡ ᠡᠳᠦᠷ ᠤᠨ ᠡᠷᠡᠬᠦᠯᠵᠢᠯ ᠤᠨ ᠶᠠᠪᠠᠭᠠᠨ ᠶᠠᠪᠤᠭᠰᠠᠨ ᠬᠢᠷᠢ ᠪᠦᠲᠦᠮᠵᠢ ᠶᠢᠨ ᠬᠤᠪᠢ ᠶᠢ ᠪᠦᠷᠢᠨ ᠬᠤᠪᠢ ᠪᠣᠯᠭᠠᠵᠤ ᠪᠣᠯᠤᠨ᠎ᠠ᠃      ᠵᠢᠷᠭᠤᠭ᠎ᠠ᠂ ᠱᠠᠩᠨᠠᠬᠤ ᠲᠣᠭᠲᠠᠴᠠ      ︵ᠨᠢᠭᠡ︶ ᠲᠤᠰ ᠱᠠᠲᠤᠨ ᠤ ᠱᠠᠩᠨᠠᠯ      1. ᠪᠦᠯᠬᠦᠮ ᠨᠡᠶᠢᠲᠡ ᠶᠢᠨ ᠱᠠᠩᠨᠠᠯ᠃ ᠰᠦᠯᠵᠢᠶᠡᠨ ᠳᠡᠭᠡᠷᠡᠬᠢ ᠤᠷᠤᠯᠳᠤᠭᠠᠨ ᠤ ᠬᠤᠪᠢ ᠬᠤᠷᠠᠮᠳᠤᠭᠤᠯᠬᠤ ᠶᠢ ᠪᠦᠯᠬᠦᠮ ᠨᠡᠶᠢᠲᠡ ᠶᠢᠨ ᠬᠤᠪᠢ ᠨᠡᠮᠡᠬᠦ ᠲᠥᠷᠥᠯ ᠵᠦᠢᠯ ᠲᠠᠢ ᠤᠶᠠᠯᠳᠤᠭᠤᠯᠤᠨ ᠪᠥᠬᠦ ᠳᠤᠭᠤᠷᠢᠭ ᠤᠨ ᠤᠷᠤᠯᠳᠤᠭᠠᠨ ᠳᠤ ᠣᠷᠣᠯᠴᠠᠬᠤ ᠪᠦᠯᠬᠦᠮ ᠨᠡᠶᠢᠲᠡ ᠳᠤ ᠶᠡᠷᠦᠩᠬᠡᠶᠢᠯᠡᠭᠰᠡᠨ ᠨᠡᠷᠡᠰ ᠤᠨ ᠵᠢᠭᠰᠠᠭᠠᠯᠲᠠ ᠬᠢᠨ᠎ᠠ᠃ ᠪᠦᠯᠬᠦᠮ ᠨᠡᠶᠢᠳᠡ ᠶᠢᠨ ᠱᠠᠩᠨᠠᠯ 1 ᠨᠡᠷᠡᠰ᠂ ᠪᠡᠯᠡᠨ ᠮᠥᠩᠭᠦ 500 ᠲᠥᠭᠦᠷᠢᠭ ᠱᠠᠩᠨᠠᠨ᠎ᠠ᠃      2. ︽ᠲᠦᠮᠡᠨ ᠠᠯᠬᠤᠮ ᠤᠨ ᠬᠤᠰᠢᠭᠤᠴᠢ︾ ᠬᠤᠪᠢ ᠬᠦᠮᠦᠨ ᠤ ᠱᠠᠩᠨᠠᠯ᠃ ᠪᠥᠬᠦ ᠤᠯᠤᠰ ᠤᠨ ᠡᠷᠡᠬᠦᠯᠵᠢᠯ ᠤᠨ ᠶᠠᠪᠠᠭᠠᠨ ᠶᠠᠪᠤᠬᠤ ᠠᠵᠢᠯᠯᠠᠭ᠎ᠠ ᠳᠠᠭᠤᠰᠤᠭᠰᠠᠨ ᠤ ᠳᠠᠷᠠᠭ᠎ᠠ᠂ ᠰᠦᠯᠵᠢᠶᠡᠨ ᠳᠡᠬᠡᠷᠡᠬᠢ ᠬᠤᠪᠢ ᠶᠢᠨ ᠬᠤᠷᠠᠮᠳᠤᠭᠤᠯᠭ᠎ᠠ ᠲᠠᠢ ᠤᠶᠠᠯᠳᠤᠭᠤᠯᠤᠨ᠂ ᠪᠥᠬᠦ ᠳᠤᠭᠤᠷᠢᠭ ᠤᠨ ᠤᠷᠤᠯᠳᠤᠭᠠᠨ ᠳᠤ ᠤᠷᠤᠯᠴᠠᠭᠰᠠᠨ ᠡᠮᠦᠨ᠎ᠡ 30 ᠨᠡᠷ᠎ᠡ ᠳᠤ ᠱᠠᠩᠨᠠᠯ ᠤᠯᠭᠤᠨ᠎ᠠ᠃      3. ᠣᠨᠴᠠᠯᠢᠭᠲᠤ ᠰᠣᠶᠣᠯ ᠤᠨ ᠠᠵᠢᠯᠯᠠᠭᠠᠨ ᠤ ᠱᠠᠩᠨᠠᠯ᠃ ᠤᠷᠤᠯᠳᠤᠭᠠᠨ ᠤ ᠶᠠᠪᠤᠴᠠ ᠳᠠᠬᠢ ᠭᠡᠷᠡᠯ ᠵᠢᠷᠤᠭ᠂ ᠵᠤᠬᠢᠶᠠᠯ᠂ ᠣᠬᠤᠷ ᠪᠢᠴᠢᠯᠬᠡ ᠶᠢᠨ ᠰᠢᠯᠢᠳᠡᠭ ᠪᠦᠲᠦᠭᠡᠯ ᠶᠢ ᠰᠤᠩᠭᠤᠵᠤ᠂ ᠰᠣᠶᠣᠯ ᠤᠨ ᠠᠵᠢᠯᠯᠠᠭᠠᠨ ᠤ ᠱᠠᠩᠨᠠᠯ ᠤᠯᠭᠤᠨ᠎ᠠ᠂ 3 ᠨᠡᠷᠡᠰ ᠢ ᠱᠠᠩᠨᠠᠨ᠎ᠠ᠃      ︵ᠬᠤᠶᠠᠷ︶ ᠡᠯ᠎ᠡ ᠪᠦᠯᠬᠦᠮ ᠨᠡᠶᠢᠲᠡ ᠪᠣᠯᠤᠨ ᠬᠤᠪᠢ ᠬᠥᠮᠦᠨ ᠪᠦᠬᠦ ᠤᠯᠤᠰ᠂ ᠪᠦᠬᠦ ᠣᠷᠣᠨ ᠤ ᠤᠷᠤᠯᠳᠤᠭᠠᠨ ᠳᠤ ᠬᠤᠯᠪᠣᠭᠳᠠᠯ ᠪᠦᠬᠦᠢ ᠨᠡᠷᠡᠰ ᠤᠨ ᠳᠠᠷᠠᠭᠠᠯᠠᠯ ᠢ ᠣᠯᠤᠭᠰᠠᠨ ᠪᠣᠯ ᠬᠦᠷᠳᠡᠭᠰᠡᠨ ᠱᠠᠩᠨᠠᠯ ᠢ ᠴᠥᠮ ᠪᠦᠯᠬᠦᠮ ᠨᠡᠶᠢᠲᠡ ᠪᠤᠶᠤ ᠬᠤᠪᠢ ᠬᠥᠮᠦᠨ ᠳᠤ ᠤᠯᠭᠤᠨ᠎ᠠ᠃      ᠳᠣᠯᠤᠭ᠎ᠠ᠂ ᠨᠡᠷ᠎ᠡ ᠮᠡᠳᠡᠭᠦᠯᠬᠦ ᠴᠠᠭ᠂ ᠠᠷᠭ᠎ᠠ       ᠳ᠋ᠦᠩᠱᠧᠩ ᠲᠣᠭᠤᠷᠢᠭ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠢᠳᠡᠪᠬᠢᠲᠡᠶ ᠪᠠᠷ ᠠᠩᠭᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠣᠷᠣᠯᠴᠠᠵᠤ᠂ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠢ ᠪᠠᠶᠢᠭᠤᠯᠬᠤ ᠡᠯ᠎ᠡ ᠪᠦᠷᠢᠯᠳᠦᠬᠦᠨ ᠨᠢᠭᠡᠴᠡ ᠡᠷᠬᠡᠪᠰᠢ ᠠᠩᠭᠢ ᠵᠣᠬᠢᠶᠠᠨ ᠪᠠᠶᠢᠭᠤᠯᠤᠨ ᠤᠷᠤᠯᠳᠤᠭᠠᠨ ᠳᠤ ᠤᠷᠤᠯᠴᠠᠬᠤ ᠬᠡᠷᠡᠭᠳᠡᠢ︔ ᠠᠩᠭᠢ ᠪᠦᠷᠢ ᠨᠢ 10 - 20 ᠬᠥᠮᠦᠨ᠂ ᠪᠦᠯᠬᠦᠮ ᠨᠡᠶᠢᠲᠡ ᠶᠢᠨ ᠬᠡᠯᠪᠡᠷᠢ ᠪᠠᠷ ᠨᠡᠷ᠎ᠡ ᠮᠡᠳᠡᠭᠦᠯᠦᠨ ᠣᠷᠣᠯᠴᠠᠵᠤ᠂ ᠪᠦᠯᠬᠦᠮ ᠨᠡᠶᠢᠲᠡ ᠶᠢᠨ ᠨᠡᠷᠡᠶᠢᠳᠦᠯ ᠲᠠᠢ ᠪᠠᠶᠢᠵᠤ᠂ ᠪᠦᠯᠬᠦᠮ ᠨᠢᠭᠡᠪᠦᠷᠢ ᠨᠢ 1 ᠨᠡᠷ᠎ᠡ ᠭᠤᠤᠯ ᠬᠥᠮᠦᠨ ᠢ ᠲᠣᠭᠲᠠᠭᠠᠵᠤ ᠳᠠᠭᠠᠭᠤᠯᠤᠭᠴᠢ ᠪᠣᠯᠭᠠᠬᠤ ᠬᠡᠷᠡᠭᠲᠡᠶ᠃ ᠤᠷᠤᠯᠳᠤᠭᠠᠨ ᠳᠤ ᠣᠷᠣᠯᠴᠠᠭᠰᠠᠳ ᠦᠷᠭᠦᠯᠵᠢᠯᠡᠨ ᠣᠷᠣᠯᠴᠠᠬᠤ ᠬᠦᠰᠡᠯ ᠡᠷᠡᠮᠡᠯᠵᠡᠯ ᠪᠠ ᠡᠷᠴᠢ ᠵᠣᠷᠢᠭ ᠲᠠᠢ ᠪᠠᠶᠢᠵᠤ᠂ ᠨᠡᠯᠢᠶᠡᠳ ᠴᠢᠩᠭ᠎ᠠ ᠪᠦᠯᠬᠦᠮ ᠨᠡᠶᠢᠲᠡ ᠶᠢᠨ ᠤᠬᠠᠮᠰᠠᠷ ᠲᠠᠢ ᠪᠠᠶᠢᠬᠤ ᠬᠡᠷᠡᠭᠲᠡᠢ᠃ ᠬᠤᠪᠢ ᠬᠥᠮᠦᠨ ᠤ ᠨᠡᠷ᠎ᠡ ᠮᠡᠳᠡᠭᠦᠯᠬᠦ ᠶᠢ ᠨᠢ ᠭᠥᠯᠢᠶᠡᠨ ᠠᠪᠬᠤ ᠥᠬᠡᠶ ︵ᠬᠤᠪᠢ ᠬᠥᠮᠦᠨ ᠲᠠᠢ ᠨᠢᠭᠲᠠ ᠬᠠᠷᠢᠴᠠᠭ᠎ᠠ ᠲᠠᠢ ᠬᠥᠮᠦᠰ ᠲᠠᠢ ᠪᠠᠨ ᠪᠦᠯᠬᠦᠮ ᠨᠡᠶᠢᠳᠡ ᠪᠤᠯᠵᠤ ᠨᠡᠷ᠎ᠡ ᠮᠡᠳᠡᠬᠦᠯᠦᠨ᠎ᠡ︶᠂ ᠪᠥᠬᠦ ᠠᠷᠠᠳ ᠢᠶᠠᠷ ᠢᠶᠠᠨ ᠣᠷᠣᠯᠴᠠᠬᠤ ᠶᠢ ᠵᠣᠷᠢᠭᠵᠢᠭᠤᠯᠤᠨ᠎ᠠ᠃ ᠬᠠᠮᠢᠶ᠎ᠠ ᠪᠦᠬᠦᠢ ᠨᠢᠭᠡᠴᠡ 4 ᠰᠠᠷ᠎ᠠ ᠶᠢᠨ 21 ᠤ ᠡᠳᠦᠷ ᠠᠴᠠ ᠡᠮᠦᠨ᠎ᠡ ︽︿ᠲᠦᠮᠡᠨ ᠠᠯᠬᠤᠮ ᠤᠨ ᠪᠤᠯᠵᠤᠭ᠎ᠠ﹀ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ  ᠶᠢ ᠤᠷᠮᠠᠰᠢᠭᠤᠯᠬᠤ ᠤᠷᠤᠯᠳᠤᠭᠠᠨ ᠤ ᠨᠡᠷ᠎ᠡ ᠮᠡᠳᠡᠭᠦᠯᠬᠦ ᠬᠦᠰᠦᠨᠦᠭᠲᠦ︾ ︵ᠳᠠᠭᠠᠯᠳᠤᠭᠤᠯᠤᠯ 2︶ ᠢᠶᠠᠨ ᠳ᠋ᠦᠩᠱᠧᠩ ᠲᠣᠭᠤᠷᠢᠭ ᠤᠨ ︽ᠲᠦᠮᠡᠨ ᠠᠯᠬᠤᠮ ᠤᠨ ᠪᠣᠯᠵᠤᠭ᠎ᠠ︾ ᠤᠷᠤᠯᠳᠤᠭᠠᠨ ᠤ ᠬᠠᠮᠢᠶᠠᠷᠤᠯᠲᠠ ᠶᠢᠨ ᠺᠣᠮᠢᠰ ᠤᠨ ᠠᠯᠪᠠᠨ ᠭᠡᠷ ᠲᠤ ᠮᠡᠳᠡᠭᠦᠯᠦᠨ ᠬᠦᠷᠬᠡᠨ᠎ᠡ᠃  ᠬᠠᠷᠢᠯᠴᠠᠬᠤ ᠬᠥᠮᠦᠨ᠄ ᠹᠠᠨ ᠰᠢᠩ ᠵᠦᠸᠧ᠂ ᠤᠲᠠᠰᠤ᠄ 0477 - 2217803᠂ 18604770949 ᠪᠣᠶ᠃ ᠰᠢᠦᠳᠠᠨ ᠬᠠᠶᠢᠷᠴᠠᠭ᠄ fyz2217855@163.com ᠬᠠᠶ᠋ᠢᠭ᠄ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠲᠠᠪᠤᠳᠤᠭᠠᠷ ᠠᠰᠠᠷ ᠤᠨ ᠤᠳᠠᠭᠠᠨ ᠴᠢᠨᠠᠷᠳᠠᠢ ᠡᠪᠡᠳᠴᠢᠨ ᠢ ᠰᠡᠷᠭᠡᠶᠢᠯᠡᠬᠦ ᠲᠠᠰᠤᠭ᠃      ᠨᠠᠢᠮᠠ᠂ ᠤᠷᠤᠯᠳᠤᠭᠠᠨ ᠳᠤ ᠤᠷᠤᠯᠴᠠᠬᠤ ᠲᠣᠳᠣᠷᠬᠠᠶᠢᠯᠠᠯ      ︵ᠨᠢᠭᠡ︶ ᠠᠯᠬᠤᠮ ᠳᠤᠭᠠᠯᠠᠭᠤᠷ ᠵᠢᠭᠡᠯᠡᠬᠦ      ᠪᠥᠬᠦ ᠳᠤᠭᠤᠷᠢᠭ ᠢᠶᠠᠷ ᠢᠶᠠᠨ ᠨᠢᠬᠡᠳᠤᠯᠳᠡᠢ ᠪᠠᠷ ᠰᠦᠢᠳᠬᠡᠯ ᠬᠤᠷᠢᠶᠠᠬᠤ ᠦᠬᠡᠢ ᠵᠢᠬᠡᠯᠡᠬᠦ ᠮᠠᠶ᠋ᠢᠭ ᠢᠶᠠᠷ ᠤᠷᠤᠯᠳᠤᠭᠠᠨ ᠳᠤ ᠬᠡᠷᠡᠭᠯᠡᠬᠦ ᠬᠦᠳᠡᠯᠬᠡᠬᠡᠨ ᠤ ᠠᠯᠬᠤᠮ ᠳᠤᠭᠠᠯᠠᠭᠤᠷ ᠢ ᠬᠡᠷᠡᠭᠯᠡᠨ᠎ᠡ᠃ ᠤᠷᠤᠯᠳᠤᠭᠠᠨ ᠳᠤ ᠣᠷᠣᠯᠴᠠᠭᠰᠠᠳ ᠪᠠᠶᠢᠭ᠎ᠠ ᠨᠢᠬᠡᠴᠡ ᠲᠠᠢ ᠪᠠᠨ ᠲᠣᠭᠤᠷᠢᠭ ᠤᠨ ᠤᠷᠤᠯᠳᠤᠭᠠᠨ ᠤ ᠬᠠᠮᠢᠶᠠᠷᠤᠯᠲᠠ ᠶᠢᠨ ᠺᠦᠮᠢᠰ ᠤᠨ ᠠᠯᠪᠠᠨ ᠬᠡᠷ ᠲᠠᠢ ᠱᠠᠲᠤ ᠱᠠᠲᠤ ᠪᠠᠷ ︽ᠠᠯᠬᠤᠮ ᠳᠤᠭᠠᠯᠠᠭᠤᠷ ᠵᠢᠭᠡᠯᠡᠵᠦ ᠬᠡᠷᠡᠭᠯᠡᠬᠦ ᠠᠮᠠᠯᠠᠯᠲᠠ ᠶᠢᠨ ᠪᠢᠴᠢᠭ︾ ᠲᠤ ᠭᠠᠷ ᠤᠨ ᠦᠰᠦᠭ ᠵᠢᠷᠦᠨ᠎ᠡ᠃ ᠤᠷᠤᠯᠳᠤᠭᠠᠨ ᠳᠠᠭᠤᠰᠤᠭᠰᠠᠨ ᠤ ᠳᠠᠷᠠᠭ᠎ᠠ᠂ ᠬᠡᠷᠪᠡ ᠠᠯᠬᠤᠮ ᠳᠤᠭᠠᠯᠠᠭᠤᠷ ᠮᠡᠳᠡᠭᠳᠡᠮ᠎ᠡ ᠡᠪᠳᠡᠷᠡᠭᠰᠡᠨ ᠦᠭᠡᠢ ᠮᠥᠷᠲᠡᠭᠡᠨ ᠬᠡᠪ ᠤᠨ ᠶᠣᠰᠣᠭᠠᠷ ᠬᠡᠷᠡᠭᠯᠡᠵᠦ ᠪᠤᠯᠪᠠᠯ᠂ ᠵᠢᠭᠡᠯᠡᠨ ᠬᠡᠷᠡᠭᠯᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠬᠤᠷᠢᠶᠠᠨ ᠠᠪᠤᠨ᠎ᠠ︔ ᠬᠡᠷᠪᠡ ᠠᠯᠬᠤᠮ ᠳᠤᠭᠠᠯᠠᠭᠤᠷ ᠢ ᠬᠡᠬᠡᠭᠰᠡᠨ ᠪᠤᠶᠤ ᠡᠪᠳᠡᠯᠡᠵᠤ ᠰᠦᠢᠳᠦᠬᠡᠭᠰᠡᠨ ᠪᠠᠶᠢᠪᠠᠯ᠂ ᠤᠷᠤᠯᠳᠤᠭᠠᠨ ᠳᠤ ᠤᠷᠤᠯᠴᠠᠭᠰᠠᠳ ᠥᠪᠡᠷ ᠢᠶᠠᠨ ᠲᠦᠯᠦᠨ᠎ᠡ᠃      ︵ᠬᠤᠶᠠᠷ︶ ︽ᠪᠠᠶᠢᠳᠠᠯ ᠢ ᠦᠢᠯᠠᠭᠠᠵᠤ ᠵᠦᠪᠰᠢᠶᠡᠷᠡᠬᠦ ᠪᠢᠴᠢᠭ︾ ᠲᠤ ᠭᠠᠷ ᠤᠨ ᠦᠰᠦᠭ ᠵᠢᠷᠦᠨ᠎ᠡ      ᠤᠷᠤᠯᠳᠤᠭᠠᠨ ᠵᠢᠩᠬᠢᠨᠢ ᠪᠠᠷ ᠡᠬᠢᠯᠡᠬᠦ ᠠᠴᠠ ᠡᠮᠦᠨ᠎ᠡ ᠤᠷᠤᠯᠳᠤᠭᠠᠨ ᠳᠤ ᠤᠷᠤᠯᠴᠠᠬᠤ ᠲᠣᠰ ᠬᠥᠮᠦᠨ ᠨᠢ ︽ᠪᠠᠶᠢᠳᠠᠯ ᠢ ᠦᠢᠯᠠᠭᠠᠵᠤ ᠵᠦᠪᠰᠢᠶᠡᠷᠡᠬᠦ ᠪᠢᠴᠢᠭ︾ ᠲᠤ ᠭᠠᠷ ᠤᠨ ᠥᠰᠥᠭ ᠵᠢᠷᠤᠵᠤ᠂ ᠤᠷᠤᠯᠳᠤᠭᠠᠨ ᠤ ᠶᠠᠪᠤᠴᠠ ᠳᠤ ᠲᠣᠬᠢᠶᠠᠯᠳᠤᠵᠤ ᠮᠡᠳᠡᠬᠦ ᠰᠠᠨᠠᠭᠠᠨ ᠳᠤ ᠥᠬᠡᠶ ᠪᠠᠶᠢᠳᠠᠯ ᠳᠤ ᠥᠪᠡᠰᠦᠪᠡᠨ ᠬᠠᠷᠢᠭᠤᠴᠠᠨ᠎ᠠ᠃ ᠵᠢᠷᠦᠬᠡᠨ ᠡᠪᠡᠳᠴᠢᠨ᠂ ᠲᠠᠷᠢᠬᠢᠨ ᠤ ᠴᠢᠰᠤᠨ ᠰᠤᠳᠠᠯ ᠤᠨ ᠡᠪᠡᠳᠴᠢᠨ᠂ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠮᠡᠳᠡᠷᠡᠯ ᠤᠨ ᠡᠪᠡᠳᠴᠢᠨ᠂ ᠪᠡᠶ᠎ᠡ ᠮᠠᠬᠠᠪᠣᠳ ᠤᠨ ᠬᠠᠷᠰᠢ ᠰᠠᠭᠠᠳ ᠵᠡᠷᠭᠡ ᠬᠥᠳᠡᠯᠭᠡᠭᠡᠨ ᠳᠤ ᠲᠣᠬᠢᠷᠠᠬᠤ ᠦᠭᠡᠢ ᠡᠪᠡᠳᠴᠢᠲᠡᠨ᠂ ᠵᠢᠴᠢ ᠵᠢᠷᠮᠦᠰᠦᠨ ᠬᠥᠩᠭᠡᠵᠢᠬᠦ ᠬᠤᠭᠤᠴᠠᠭᠠᠨ ᠤ ᠡᠮᠡᠭᠲᠡᠶᠢᠴᠦᠳ ᠲᠤ ᠲᠤᠰ ᠠᠵᠢᠯᠯᠠᠭ᠎ᠠ ᠳᠤ ᠣᠷᠣᠯᠴᠠᠬᠤ ᠦᠭᠡᠢ ᠭᠡᠵᠦ ᠰᠠᠨᠠᠭᠤᠯᠤᠨ᠎ᠠ᠃ ᠡᠯ᠎ᠡ ᠤᠷᠤᠯᠳᠤᠭᠠᠨ ᠳᠤ ᠣᠷᠣᠯᠴᠠᠭᠰᠠᠨ ᠨᠢᠭᠡᠴᠡ ᠵᠢᠩᠬᠢᠨᠢ ᠤᠷᠤᠯᠳᠤᠭᠠᠨ ᠠᠴᠠ ᠡᠮᠦᠨ᠎ᠡ ︽ᠪᠠᠶᠢᠳᠠᠯ ᠢ ᠦᠢᠯᠠᠭᠠᠵᠤ ᠵᠦᠪᠰᠢᠶᠡᠷᠡᠬᠦ ᠪᠢᠴᠢᠭ︾ ᠤᠨ ᠤᠭ ᠮᠠᠲ᠋ᠧᠷᠢᠶᠠᠯ ᠢᠶᠠᠨ ᠳ᠋ᠦᠩᠱᠧᠩ ᠲᠣᠭᠤᠷᠢᠭ ᠤᠨ ᠤᠷᠤᠯᠳᠤᠭᠠᠨ ᠤ ᠬᠠᠮᠢᠶᠠᠷᠤᠯᠲᠠ ᠶᠢᠨ ᠺᠤᠮᠢᠰ ᠤᠨ ᠠᠯᠪᠠᠨ ᠭᠡᠷ ᠲᠤ ᠳᠤᠰᠢᠶᠠᠬᠤ ᠶᠢ ᠬᠠᠷᠢᠭᠤᠴᠠᠨ᠎ᠠ᠃      ︵ᠭᠤᠷᠪᠠ︶ ᠪᠤᠰᠤᠳ ᠵᠦᠢᠯᠡᠰ      ᠲᠣᠰ ᠤᠳᠠᠭᠠᠨ ᠤ ᠠᠵᠢᠯᠯᠠᠭ᠎ᠠ ᠶᠢ ᠨᠢᠭᠡᠨᠲᠡ ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠳᠤᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠣᠨ ᠤ ᠰᠢᠯᠭᠠᠨ ᠬᠢᠨᠠᠬᠤ ᠬᠠᠷᠠᠯᠲᠠ ᠳᠤ ᠣᠷᠣᠭᠤᠯᠵᠤ᠂ ᠡᠯ᠎ᠡ ᠨᠢᠭᠡᠴᠡ ᠶᠢᠨ ᠬᠢᠨ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠤᠷᠤᠯᠳᠤᠭᠠᠨ ᠳᠤ ᠣᠷᠣᠯᠴᠠᠭᠰᠠᠳ ᠢ ᠰᠢᠮᠳᠠᠭᠤᠯᠵᠤ ᠪᠠᠶᠢᠭᠠᠳ ᠠᠵᠢᠯᠯᠠᠭᠠᠨ ᠤ ᠲᠦᠷᠢᠮ ᠢ ᠠᠯᠢ ᠲᠦᠷᠭᠡᠨ ᠢᠶᠠᠷ ᠣᠶᠢᠯᠠᠭᠠᠭᠤᠯᠬᠤ ᠬᠡᠷᠡᠭᠲᠡᠶ︔ ᠪᠦᠯᠬᠦᠮ ᠨᠢᠭᠡᠪᠦᠷᠢ ᠠᠳᠠᠭ ᠲᠤ ᠪᠠᠨ ᠤᠷᠤᠯᠳᠤᠭᠠᠨ ᠤ ᠳᠤᠮᠳᠠ ᠪᠠᠨ ᠦᠵᠡᠭᠰᠡᠨ ᠰᠤᠨᠤᠰᠤᠭᠰᠠᠨ᠂ ᠠᠯᠬᠤᠬᠤ  ᠤᠷᠤᠯᠳᠤᠭᠠᠨ ᠠᠴᠠ ᠤᠯᠤᠭᠰᠠᠨ ᠤᠯᠤᠯᠳᠠ ᠲᠦᠷᠦᠭᠳᠡᠯ ᠬᠡᠬᠦ ᠮᠡᠳᠤ ᠶᠢᠨ ᠵᠤᠬᠢᠶᠠᠯ ᠢ  1 ᠬᠤᠪᠢ ᠳᠤᠰᠢᠶᠠᠨ᠎ᠠ︔ ᠲᠤᠬᠠᠶ ᠶᠢᠨ ᠭᠠᠵᠠᠷ ᠲᠤᠨᠢ ᠡᠷᠡᠭᠦᠯ ᠮᠡᠨᠳᠦ ᠶᠢᠨ ᠲᠠᠶᠢᠯᠤᠮᠵᠢ ᠬᠢᠬᠦ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ︔ ᠡᠳᠦᠷ ᠪᠦᠷᠢ ᠨᠢᠭᠡ ᠤᠳᠠᠭ᠎ᠠ ᠠᠯᠬᠤᠮ ᠤᠨ ᠳᠤᠭ᠎ᠠ ᠪᠠᠨ ᠳᠠᠮᠵᠢᠭᠤᠯᠤᠨ᠎ᠠ᠃ ᠵᠢᠩᠬᠢᠨᠢ ᠤᠷᠤᠯᠳᠤᠭᠠᠨ ᠡᠬᠢᠯᠡᠭᠰᠡᠨ ᠤ ᠳᠠᠷᠠᠭ᠎ᠠ᠂ ᠶᠠᠮᠠᠷᠪᠠ ᠪᠦᠯᠬᠦᠮ ᠨᠡᠶᠢᠲᠡ ᠤᠷᠤᠯᠳᠤᠭᠠᠨ ᠠᠴᠠ ᠭᠠᠷᠴᠤ ᠪᠣᠯᠬᠤ ᠥᠬᠡᠶ᠂ ᠵᠠᠷᠴᠢᠮ ᠳᠡᠭᠡᠷ᠎ᠡ ᠪᠠᠨ ᠬᠤᠪᠢ ᠬᠥᠮᠦᠨ ᠤ ᠤᠷᠤᠯᠳᠤᠭᠠᠨ ᠠᠴᠠ ᠭᠠᠷᠬᠤ ᠶᠢ ᠳᠡᠮᠵᠢᠬᠦ ᠥᠬᠡᠶ ︵ᠬᠤᠪᠢ ᠬᠥᠮᠦᠨ ᠣᠨᠴᠠᠭᠠᠶ ᠪᠠᠶᠢᠳᠠᠯ ᠠᠴᠠ ᠪᠣᠯᠵᠣ ᠤᠷᠤᠯᠳᠤᠭᠠᠨ ᠠᠴᠠ ᠭᠠᠷᠪᠠᠯ᠂ ᠪᠦᠯᠬᠦᠮ ᠨᠡᠶᠢᠲᠡ ᠶᠢᠨ ᠬᠢᠷᠢ ᠪᠦᠲᠦᠮᠵᠢ ᠶᠢ ᠨᠥᠯᠥᠭᠡᠯᠡᠨ᠎ᠡ︶᠂ ᠶᠠᠮᠠᠷᠪᠠ ᠰᠢᠯᠲᠠᠭᠠᠨ ᠢᠶᠠᠷ᠂ ᠲᠤᠭ᠎ᠠ ᠪᠠᠷᠢᠮᠲᠠ ᠪᠠᠨ ᠤᠷᠤᠯᠳᠤᠭᠠᠨ ᠤ ᠲᠠᠪᠴᠠᠩ ᠳᠤ ᠳᠠᠮᠵᠢᠭᠤᠯᠤᠭᠰᠠᠨ ᠥᠬᠡᠶ ᠪᠠᠶᠢᠪᠠᠯ ᠬᠢᠷᠢ ᠪᠦᠳᠦᠮᠵᠢ ᠤᠯᠬᠤ ᠦᠬᠡᠢ᠃      ᠳᠠᠭᠠᠯᠳᠤᠭᠤᠯᠤᠯ᠄ 1. ᠳ᠋ᠦᠩᠱᠧᠩ ᠲᠣᠭᠤᠷᠢᠭ ᠤᠨ ᠤᠳᠠᠭᠠᠨ ᠴᠢᠨᠠᠷᠲᠠᠢ ᠡᠪᠡᠳᠴᠢᠨ ᠢ ᠶᠡᠷᠦᠩᠬᠡᠶᠢᠯᠡᠨ ᠰᠡᠷᠬᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠳᠠ ᠶᠢᠨ ᠪᠦᠷᠢᠯᠳᠦᠬᠦᠨ ᠨᠢᠭᠡᠴᠡ ᠶᠢᠨ ︽ᠲᠦᠮᠡᠨ ᠠᠯᠬᠤᠮ ᠤᠨ ᠪᠤᠯᠵᠤᠭ᠎ᠠ︾ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠳᠤ ᠣᠷᠣᠯᠴᠠᠬᠤ ᠡᠭᠦᠷᠭᠡ ᠶᠢᠨ ᠬᠦᠰᠦᠨᠦᠭᠲᠦ      2᠂ ᠳ᠋ᠦᠩᠱᠧᠩ ᠲᠣᠭᠤᠷᠢᠭ ᠤᠨ 2023 ᠣᠨ ᠤ ᠨᠠᠢᠮᠠᠳᠤᠭᠠᠷ ᠬᠤᠭᠤᠴᠠᠭᠠᠨ ᠤ ︽ᠲᠦᠮᠡᠨ ᠠᠯᠬᠤᠮ ᠤᠨ ᠪᠤᠯᠵᠤᠭ᠎ᠠ︾ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠨᠡᠷ᠎ᠡ ᠮᠡᠳᠡᠭᠦᠯᠬᠦ ᠬᠦᠰᠦᠨᠦᠭᠲᠦ   
ᠢᠷᠡᠯᠲᠡ᠄ ᠳᠤᠰ ᠰᠦᠯᠵᠢᠶ᠎ᠡ