| ᠳ᠋ᠦᠩᠱᠧᠩ ᠵᠠᠰᠠᠭ ᠠᠯᠪᠠᠨ ᠳᠠᠷᠬᠠᠭᠠᠬᠤ ︹2023︺ 2 ᠳ᠋ᠤᠭᠠᠷ ᠲᠣᠭᠠᠲᠤ | ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠤ᠄ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠢᠶᠠᠷ ᠰᠤᠳᠤᠯᠤᠨ ᠵᠥᠪᠰᠢᠶᠡᠷᠡᠭᠦᠯᠦᠭᠡᠳ᠂ ᠡᠳᠦᠭᠡ ︽ᠳ᠋ᠦᠩᠱᠧᠩ ᠲᠣᠭᠤᠷᠢᠭ ᠤᠨ ᠰᠣᠷᠣᠭᠴᠢ ᠶᠢᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠲᠥᠰᠦᠯ ︵ᠲᠤᠷᠰᠢᠨ | ᠬᠡᠷᠡᠭᠵᠢᠭᠦᠯᠬᠦ︶︾ ᠢ ᠲᠠᠨᠠᠷ ᠲᠤ ᠳᠠᠷᠤᠮᠠᠯᠯᠠᠨ ᠳᠠᠷᠬᠠᠭᠠᠯ᠎ᠠ᠂ ᠬᠢᠨᠠᠮᠠᠭᠠᠢ ᠰᠠᠶᠢᠳᠤᠷ ᠠᠳᠬᠤᠵᠤ ᠳᠤᠤᠱᠯᠠᠭᠤᠯᠤᠨ ᠬᠡᠷᠡᠭᠵᠢᠬᠦᠯᠳᠦᠬᠡᠢ᠃ | ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 2 ᠰᠠᠷ᠎ᠠ ᠶᠢᠨ 23 ᠤ ᠡᠳᠦᠷ | | ᠳ᠋ᠦᠩᠱᠧᠩ ᠲᠣᠭᠤᠷᠢᠭ ᠤᠨ ᠰᠣᠷᠣᠭᠴᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠠᠵᠢᠯ ᠤᠨ ᠲᠦᠰᠦᠪ ︵ᠳᠤᠷᠰᠢᠨ ᠬᠡᠷᠡᠭᠯᠡᠬᠦ︶ | ᠮᠠᠨ ᠤ ᠳᠤᠭᠤᠷᠢᠭ ᠤᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ︵︽ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ︾ ᠭᠡᠳᠡᠭ ᠨᠢ ᠠᠷᠠᠳ ᠢᠷᠭᠡᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ | ᠪᠠᠶᠢᠭᠤᠯᠤᠯᠲᠠ ᠠᠴᠠ ᠰᠤᠷᠭᠠᠭᠤᠯᠢ ᠶᠢᠨ ᠭᠠᠳᠠᠨ᠎ᠠ ᠨᠡᠭᠡᠭᠡᠨ ᠡᠷᠬᠢᠯᠡᠭᠰᠡᠨ᠂ ᠵᠢᠭᠠᠨ ᠰᠤᠷᠭᠠᠬᠤ ᠴᠠᠭ ᠠᠴᠠ ᠭᠠᠳᠠᠨᠠᠬᠢ ᠬᠤᠭᠤᠴᠠᠭᠠᠨ ᠳᠤ᠂ ᠰᠤᠷᠤᠭᠴᠢᠳ ᠤᠨ | ᠬᠤᠭᠤᠯᠠ ᠤᠮᠳᠠ ᠢᠳᠡᠬᠦ᠂ ᠠᠮᠠᠷᠠᠬᠤ᠂ ᠲᠤᠰᠴᠤ ᠬᠦᠷᠭᠡᠬᠦ ᠵᠡᠷᠭᠡ ᠶᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠬᠡᠯᠡᠨ᠎ᠡ︶ ᠶᠢᠨ | ᠬᠠᠮᠢᠶᠠᠷᠤᠯᠲᠠ ᠶᠢ ᠵᠢᠷᠤᠮᠵᠢᠭᠤᠯᠤᠨ ᠴᠢᠩᠭᠠᠳᠬᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠤᠷ ᠲᠦᠪᠰᠢᠨ᠂ ᠡᠷᠡᠭᠦᠯ | ᠮᠡᠨᠳᠦ᠂ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠂ ᠨᠠᠶᠢᠳᠠᠨ ᠬᠠᠮᠢᠶᠠᠷᠤᠭᠤᠯᠵᠤ ᠪᠠᠶᠢᠭ᠎ᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ | ᠠᠮᠤᠷ ᠲᠦᠪᠰᠢᠨ ᠢᠶᠠᠷ ᠦᠰᠦᠨ ᠪᠤᠶᠢᠵᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ | ᠠᠮᠤᠷ ᠲᠦᠪᠰᠢᠨ ᠤ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠤᠨᠲᠠᠷᠠᠭᠠᠬᠤ ᠬᠠᠤᠯᠢ︾᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠨ ᠲᠣᠷᠭᠠᠬᠤ ᠬᠠᠤᠯᠢ︾᠂ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ | ᠤᠨ ᠬᠠᠯᠳᠠᠪᠤᠷᠢᠳᠤ ᠡᠪᠡᠳᠴᠢᠨ ᠢ ᠰᠡᠷᠬᠡᠶᠢᠯᠡᠨ ᠵᠠᠰᠠᠬᠤ ᠬᠠᠤᠯᠢ︾᠂ ︽ᠣᠷᠳᠣᠰ ᠬᠤᠲᠠ ᠶᠢᠨ ᠰᠤᠷᠭᠠᠭᠤᠯᠢ ᠶᠢᠨ ᠭᠠᠳᠠᠨᠠᠬᠢ ᠰᠤᠷᠤᠭᠴᠢᠳ ᠤᠨ ᠬᠤᠭᠤᠯᠠᠨ ᠬᠡᠷ ᠢ | ᠵᠢᠷᠤᠮᠵᠢᠭᠤᠯᠬᠤ ᠬᠠᠮᠢᠶᠠᠷᠤᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ | ᠮᠠᠨ ᠤ ᠳᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ | ᠵᠣᠷᠢᠭ ᠰᠠᠨᠠᠭ᠎ᠠ ᠶᠢ ᠭᠦᠨᠵᠡᠭᠡᠶ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠨ᠂ ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠵᠢᠷᠤᠮᠵᠢᠭᠰᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢ ᠰᠢᠨᠵᠢᠯᠡᠬᠦ ᠤᠬᠠᠭᠠᠨᠴᠢᠯᠠᠬᠤ᠂ ᠳᠦᠷᠢᠮᠵᠢᠭᠦᠯᠬᠦ᠂ | ᠵᠢᠷᠤᠮᠵᠢᠭᠤᠯᠬᠤ ᠴᠢᠭᠯᠡᠯ ᠳᠠᠰᠢ ᠬᠥᠭᠵᠢᠭᠦᠯᠬᠦ ᠶᠢ ᠠᠬᠢᠭᠤᠯᠵᠤ᠂ ᠰᠤᠷᠤᠭᠴᠢᠳ ᠤᠨ ᠠᠮᠤᠷ ᠲᠦᠪᠰᠢᠨ᠂ ᠡᠷᠡᠭᠦᠯ ᠢᠶᠠᠷ ᠦᠰᠦᠨ ᠪᠤᠶᠢᠵᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠬᠤᠶᠠᠷ᠂ ᠦᠨᠳᠦᠰᠦᠨ ᠨᠥᠬᠦᠴᠡᠯ | ︵ᠨᠢᠭᠡ︶ ᠡᠵᠡᠩᠨᠡᠬᠦ ᠬᠢᠷᠢ ᠬᠡᠮ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠦᠨᠳᠦᠰᠦᠯᠡᠨ ᠬᠠᠤᠯᠢ ᠶᠣᠰᠣᠭᠠᠷ | ᠡᠵᠡᠩᠨᠡᠯᠲᠡ ᠶᠢᠨ ᠦᠨᠡᠮᠯᠡᠯ ᠵᠢᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠭᠦᠢᠴᠡᠳᠬᠡᠬᠦ ᠶᠣᠰᠣᠲᠠᠶ ᠪᠤᠰᠤᠳ ᠬᠢᠨᠠᠨ ᠵᠥᠪᠰᠢᠶᠡᠷᠡᠬᠦ ᠭᠠᠷᠳᠠᠮ ᠢ | ᠣᠯᠵᠤ᠂ ᠬᠤᠭᠤᠯᠠᠯᠠᠬᠤ ᠦᠢᠯᠡᠴᠢᠯᠡᠭᠡ ᠬᠠᠩᠭᠠᠭᠰᠠᠳ ᠲᠤ ︽ᠣᠷᠳᠣᠰ ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠬᠤᠭᠤᠯᠠᠨ ᠬᠡᠷ ᠤᠨ | ᠢᠳᠡᠭᠡᠨ ᠤ ᠠᠮᠤᠷ ᠲᠦᠪᠰᠢᠨ ᠤ ᠪᠦᠷᠢᠳᠬᠡᠨ ᠳᠠᠩᠰᠠᠯᠠᠭᠰᠠᠨ ᠦᠨᠡᠮᠯᠡᠯ︾ ᠢ ᠣᠯᠭᠤᠬᠤ ᠶᠢᠨ ᠬᠠᠮᠲᠤ ᠬᠠᠮᠢᠶ᠎ᠠ ᠪᠥᠬᠦᠶ ᠦᠨᠡᠮᠯᠡᠯ ᠢ ᠡᠵᠡᠩᠨᠡᠯᠲᠡ ᠶᠢᠨ ᠲᠠᠯᠠᠪᠤᠷ ᠤᠨ | ᠢᠯᠡ ᠪᠠᠶᠢᠷᠢᠨ ᠳᠤ ᠡᠯᠭᠦᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ︵ᠳᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠬᠤᠶᠠᠷ︶ ᠨᠡᠭᠡᠭᠡᠨ ᠡᠷᠬᠢᠯᠡᠭᠰᠡᠳ ᠪᠠ ᠠᠵᠢᠯᠯᠠᠵᠤ ᠪᠠᠶᠢᠭ᠎ᠠ ᠬᠥᠮᠥᠰ ᠤᠨ ᠦᠨᠳᠦᠰᠦᠨ ᠱᠠᠭᠠᠷᠳᠠᠯᠭ᠎ᠠ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠨᠡᠭᠡᠭᠡᠨ ᠡᠷᠬᠢᠯᠡᠭᠰᠡᠳ ᠪᠠ ᠠᠵᠢᠯᠯᠠᠬᠤ ᠬᠥᠮᠦᠰ ᠪᠡᠶ᠎ᠡ ᠮᠠᠬᠠᠪᠣᠳ ᠡᠷᠡᠭᠦᠯ | ᠴᠢᠭᠢᠷᠠᠭ ᠪᠠᠶᠢᠵᠤ᠂ ᠮᠡᠳᠡᠷᠡᠯ ᠤᠨ ᠡᠪᠡᠳᠴᠢᠨ᠂ ᠬᠠᠯᠳᠠᠪᠤᠷᠢᠲᠤ ᠴᠢᠨᠠᠷᠲᠠᠶ ᠡᠪᠡᠳᠴᠢᠨ ᠡᠮᠭᠡᠭ᠂ ᠬᠤᠣᠷ ᠲᠠᠲᠠᠭᠰᠠᠨ ᠦᠩᠬᠡᠷᠡᠯᠳᠡ ᠵᠢᠴᠢ ᠬᠦᠴᠦᠷᠬᠡᠭᠯᠡᠯ ᠤᠨ ᠶᠠᠯᠠᠲᠤ | ᠠᠵᠢᠯᠯᠠᠭ᠎ᠠ᠂ ᠬᠡᠦᠬᠡᠳ ᠢ ᠱᠠᠯᠢᠭᠯᠠᠨ ᠵᠠᠪᠠᠭ᠋ᠠᠶᠢᠯᠠᠭᠰᠠᠨ ᠵᠡᠷᠭᠡ ᠶᠠᠯ᠎ᠠ ᠬᠢᠭᠰᠡᠨ ᠲᠡᠮᠳᠡᠭᠯᠡᠯ ᠪᠠᠶᠢᠬᠤ ᠦᠬᠡᠢ ᠪᠦᠬᠡᠳ ᠰᠤᠷᠤᠭᠴᠢᠳ ᠤᠨ ᠡᠷᠡᠭᠦᠯ ᠮᠡᠨᠳᠦ ᠬᠢᠭᠡᠳ ᠠᠮᠤᠷ | ᠲᠦᠪᠰᠢᠨ ᠢ ᠨᠥᠯᠥᠭᠡᠯᠡᠵᠦ ᠮᠡᠳᠡᠬᠦ ᠪᠤᠰᠤᠳ ᠡᠪᠡᠳᠴᠢᠨ ᠡᠮᠭᠡᠭ ᠪᠤᠶᠤ ᠬᠦᠴᠦᠨ ᠵᠦᠢᠯ ᠤᠣᠷᠤᠰᠢᠬᠤ ᠦᠬᠡᠢ ᠪᠠᠶᠢᠵᠤ᠂ ᠡᠷᠬᠢᠯᠡᠨ ᠨᠡᠭᠡᠭᠡᠭᠴᠢ ᠢᠷᠭᠡᠨ ᠤ | ᠬᠡᠷᠡᠭ ᠤᠨ ᠬᠠᠷᠢᠭᠤᠴᠠᠯᠭ᠎ᠠ ᠶᠢ ᠲᠤᠰᠠᠭᠠᠷ ᠡᠭᠦᠷᠭᠡᠯᠡᠬᠦ ᠴᠢᠳᠠᠪᠤᠷᠢ ᠶᠢ ᠪᠦᠷᠢᠯᠳᠦᠭᠦᠯᠵᠦ᠂ ᠠᠵᠢᠯᠯᠠᠬᠤ ᠬᠥᠮᠦᠰ ᠡᠷᠡᠭᠦᠯ ᠮᠡᠨᠳᠦ ᠶᠢᠨ ᠬᠢᠷᠢ ᠲᠡᠩᠴᠡᠭᠰᠡᠨ ᠭᠡᠷᠡᠴᠢ | ᠣᠯᠬᠤ ᠶᠢᠨ ᠬᠠᠮᠲᠤ᠂ ᠢᠳᠡᠭᠡᠨ ᠤ ᠠᠮᠤᠷ ᠲᠦᠪᠰᠢᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠵᠢᠴᠢ ᠭᠠᠯ | ᠤᠨᠲᠠᠷᠠᠭᠠᠵᠤ ᠠᠶᠤᠯ ᠠᠴᠠ ᠬᠠᠮᠠᠭᠠᠯᠠᠬᠤ ᠵᠡᠷᠭᠡ ᠦᠨᠳᠦᠰᠦᠨ ᠮᠡᠳᠡᠯᠭᠡ ᠶᠢ ᠡᠵᠡᠮᠰᠢᠬᠦ ᠬᠡᠷᠡᠭᠲᠡᠶ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ︶ | ︵ᠭᠤᠷᠪᠠ︶ ᠡᠵᠡᠩᠨᠡᠯᠲᠡ ᠶᠢᠨ ᠭᠠᠵᠠᠷ | ᠵᠠᠷᠴᠢᠮ ᠳᠡᠭᠡᠷ᠎ᠡ ᠪᠠᠨ ᠪᠠᠭ᠎ᠠ ᠰᠤᠷᠭᠠᠭᠤᠯᠢ ᠵᠢᠴᠢ ᠲᠡᠭᠦᠨ ᠠᠴᠠ ᠳᠣᠷᠣᠭᠰᠢᠬᠢ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠲᠠᠯᠠᠪᠤᠷ ᠭᠠᠵᠠᠷ ᠤᠨ ᠪᠠᠷᠢᠯᠭ᠎ᠠ ᠶᠢᠨ ᠶᠠᠰᠤ ᠴᠢᠨᠠᠷ ᠨᠢ ᠤᠯᠤᠰ ᠤᠨ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ | ᠪᠠ ᠭᠠᠯ ᠢ ᠰᠡᠷᠬᠡᠶᠢᠯᠡᠬᠦ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠪᠠᠷᠢᠯᠭ᠎ᠠ ᠶᠢᠨ ᠭᠠᠵᠠᠷ ᠠᠴᠠ ᠳᠡᠬᠡᠭᠰᠢᠬᠢ ᠭᠤᠷᠪᠠᠨ ᠳᠠᠪᠬᠤᠷᠭ᠎ᠠ ᠶᠢᠨ ᠬᠤᠭᠤᠷᠤᠨᠳᠤ | ᠪᠠᠶᠢᠷᠢᠯᠠᠭᠤᠯᠵᠤ᠂ ᠦᠢᠯᠡᠳᠪᠦᠷᠢ ᠶᠢᠨ ᠬᠡᠷ ᠪᠠᠶᠢᠰᠢᠩ᠂ ᠭᠠᠵᠠᠷ ᠳᠣᠤᠷᠠᠬᠢ ︵ᠬᠠᠭᠠᠰ ᠭᠠᠵᠠᠷ ᠳᠣᠤᠷ᠎ᠠ︶ ᠪᠠᠷᠢᠯᠭ᠎ᠠ᠂ ᠬᠥᠮᠥᠷᠭᠡᠯᠡᠨ ᠬᠠᠳᠠᠭᠠᠯᠠᠬᠤ ᠪᠠᠷᠢᠯᠭ᠎ᠠ᠂ | ᠬᠠᠤᠯᠢ ᠠᠴᠠ ᠵᠥᠷᠢᠴᠡᠭᠰᠡᠨ ᠪᠠᠷᠢᠯᠭ᠎ᠠ ᠵᠡᠷᠭᠡ ᠳᠤ ᠡᠵᠡᠩᠨᠡᠯᠳᠡ ᠶᠢᠨ ᠭᠠᠵᠠᠷ ᠢᠶᠠᠨ ᠪᠠᠶᠢᠷᠢᠯᠠᠭᠤᠯᠵᠤ ᠪᠤᠯᠬᠤ ᠦᠬᠡᠢ᠂ ᠠᠶᠤᠯᠲᠠᠶ ᠬᠢᠮᠢ ᠶᠢᠨ ᠪᠣᠳᠠᠰ ᠢ | ᠦᠢᠯᠡᠳᠪᠦᠷᠢᠯᠡᠬᠦ᠂ ᠡᠵᠡᠩᠨᠡᠬᠦ᠂ ᠬᠠᠳᠠᠭᠠᠯᠠᠬᠤ᠂ ᠬᠡᠷᠡᠭᠯᠡᠵᠤ ᠪᠠᠶᠢᠭ᠎ᠠ ᠭᠠᠵᠠᠷ ᠬᠠᠮᠳᠤ ᠪᠠᠶᠢᠷᠢᠯᠠᠭᠤᠯᠵᠤ ᠪᠤᠯᠬᠤ ᠦᠬᠡᠢ᠂ ᠪᠠᠭᠠᠰᠤᠨ ᠨᠦᠬᠡ᠂ ᠪᠣᠬᠢᠷ ᠤᠰᠤᠨ ᠤ | ᠲᠠᠲᠠᠭᠠᠯ᠂ ᠵᠠᠳᠠᠭᠠᠢ ᠬᠤᠭ ᠨᠣᠪᠰᠢ ᠶᠢᠨ ᠲᠠᠯᠠᠪᠤᠷ ︵ᠥᠷᠲᠡᠭᠡ︶᠂ ᠵᠣᠷᠯᠣᠩ ᠵᠡᠷᠭᠡ ᠪᠣᠬᠢᠷᠲᠤᠯ ᠤᠨ ᠡᠬᠢ ᠠᠴᠠ 25 ᠮᠧᠲᠷ ᠠᠴᠠ ᠢᠯᠡᠬᠦᠦ ᠵᠠᠶᠢᠳᠠᠢ ᠪᠠᠶᠢᠯᠭᠠᠨ᠂ | ᠪᠣᠬᠢᠷᠲᠤᠯ ᠤᠨ ᠡᠬᠢ ᠪᠠ ᠠᠶᠤᠯ ᠤᠨ ᠡᠬᠢ ᠯᠤᠭ᠎ᠠ ᠬᠠᠤᠯᠢ ᠪᠠᠷ ᠲᠣᠭᠲᠠᠭᠠᠭᠰᠠᠨ ᠠᠮᠤᠷ ᠲᠦᠪᠰᠢᠨ ᠤ ᠵᠠᠶ ᠶᠢ ᠪᠠᠲᠤᠯᠠᠬᠤ ᠬᠡᠷᠡᠭᠲᠡᠶ᠃ ᠰᠤᠷᠤᠭᠴᠢᠳ ᠲᠤ | ᠬᠤᠨᠣᠭᠯᠠᠬᠤ ︵ᠦᠳᠡ ᠳᠤ ᠠᠮᠠᠷᠠᠬᠤ︶ ᠦᠢᠯᠡᠴᠢᠯᠡᠭᠡᠨ ᠬᠠᠩᠭᠠᠬᠤ ᠪᠠᠶᠢᠭ᠎ᠠ ᠪᠠᠶᠢᠭᠤᠯᠤᠮᠵᠢ ᠨᠢ ᠬᠤᠨᠣᠭᠯᠠᠬᠤ ︵ᠦᠳᠡ ᠳᠤ ᠠᠮᠠᠷᠠᠬᠤ︶ ᠲᠠᠯᠠᠪᠤᠷ ᠢ ᠲᠤᠰᠠᠭᠠᠷ | ᠪᠠᠶᠢᠷᠢᠯᠠᠭᠤᠯᠬᠤ ᠬᠡᠷᠡᠭᠲᠡᠶ᠂ ᠨᠠᠶᠢᠳᠠᠨ ᠬᠠᠮᠢᠶᠠᠷᠤᠭᠤᠯᠵᠤ ᠪᠠᠶᠢᠭ᠎ᠠ ᠰᠤᠷᠤᠭᠴᠢ ᠶᠢ ᠪᠤᠰᠤᠳ ᠬᠥᠮᠦᠰ ᠯᠦᠭᠡ ᠬᠤᠯᠢᠯᠳᠤᠭᠤᠯᠤᠨ ᠰᠠᠭᠤᠯᠭᠠᠵᠤ ᠪᠣᠯᠬᠤ ᠦᠭᠡᠶ᠂ | ᠨᠠᠶᠢᠳᠠᠨ ᠬᠠᠮᠢᠶᠠᠷᠤᠭᠤᠯᠵᠤ ᠪᠠᠶᠢᠭ᠎ᠠ ᠰᠤᠷᠤᠭᠴᠢᠳ ᠤᠨ ᠬᠥᠮᠦᠨ ᠪᠦᠷᠢ ᠶᠢᠨ ᠳᠤᠮᠳᠠᠴᠢ ᠬᠤᠨᠣᠭᠯᠠᠬᠤ ᠲᠠᠯᠠᠪᠠᠶ ᠶᠢ 2.5 — 3 ᠲᠡᠭᠰᠢ ᠳᠥᠷᠪᠡᠯᠵᠢᠨ | ᠮᠧᠲᠷ ᠠᠴᠠ ᠳᠤᠷᠤᠭᠰᠢ ᠪᠠᠶᠢᠯᠭᠠᠵᠤ ᠪᠣᠯᠬᠤ ᠦᠭᠡᠶ᠂ 1 ᠬᠥᠮᠦᠨ ᠤ 1 ᠣᠷᠣ ᠶᠢ ᠪᠠᠳᠤᠯᠠᠵᠤ᠂ ᠡᠷᠡᠭᠲᠡᠶ ᠡᠮᠡᠭᠲᠡᠶ ᠰᠤᠷᠤᠭᠴᠢ ᠶᠢ ᠰᠠᠯᠭᠠᠨ ᠬᠤᠨᠤᠭᠯᠠᠭᠤᠯᠬᠤ ᠶᠢ | ᠪᠠᠲᠤᠯᠠᠵᠤ᠂ ᠤᠷᠳᠤ ᠬᠠᠨᠵᠤ ᠪᠤᠶᠤ ᠬᠦᠰᠡᠷ᠎ᠡ ᠳᠡᠪᠢᠰᠴᠤ ᠬᠤᠨᠤᠭᠯᠠᠭᠤᠯᠵᠤ ᠪᠤᠯᠬᠤ ᠦᠬᠡᠢ᠂ ᠣᠷᠣ ᠶᠢᠨ ᠬᠤᠭᠤᠷᠣᠨᠳᠣ ᠵᠣᠬᠢᠰᠲᠠᠶ ᠵᠠᠶ ᠶᠢ ᠪᠠᠶᠢᠯᠭᠠᠵᠤ᠂ | ᠰᠢᠬᠠᠯᠳᠤᠭᠤᠯᠬᠤ ᠦᠭᠡᠶ᠂ ᠠᠮᠠᠷᠬᠠᠨ ᠲᠠᠷᠬᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠡᠷ ᠳᠣᠲᠣᠷᠠᠬᠢ ᠥᠨᠳᠥᠷ ᠨᠢ 2.4 ᠮᠧᠲᠷ ᠠᠴᠠ ᠳᠣᠣᠷ᠎ᠠ ᠪᠠᠶᠢᠵᠤ ᠪᠣᠯᠬᠤ | ᠦᠭᠡᠢ᠂ ᠭᠡᠷᠡᠯ ᠲᠤᠰᠬᠤ᠂ ᠰᠠᠯᠬᠢ ᠨᠡᠪᠳᠡᠷᠡᠬᠦ᠂ ᠳᠠᠭᠤ ᠬᠦᠨᠳᠡᠶᠢᠷᠡᠬᠦᠯᠬᠦ ᠦᠷ᠎ᠡ ᠪᠦᠲᠦᠮᠵᠢ ᠨᠢ ᠮᠠᠰᠢ ᠰᠠᠶᠢᠨ ᠪᠠᠶᠢᠬᠤ ᠬᠡᠷᠡᠭᠳᠡᠢ᠃ ︵ᠲᠣᠭᠤᠷᠢᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ | ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ︶ | ︵ᠲᠦᠷᠪᠡ︶ ᠭᠠᠯ ᠢ ᠰᠡᠷᠭᠡᠶᠢᠯᠡᠬᠦ ᠠᠮᠤᠷ ᠲᠦᠪᠰᠢᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠭᠠᠯ ᠢ ᠰᠡᠷᠬᠡᠶᠢᠯᠡᠬᠦ ᠠᠮᠤᠷ ᠲᠦᠪᠰᠢᠨ ᠤ ᠡᠭᠦᠷᠭᠡ ᠬᠠᠷᠢᠭᠤᠴᠠᠯᠭ᠎ᠠ ᠪᠠᠨ | ᠴᠢᠩᠭ᠎ᠠ ᠭᠦᠢᠴᠡᠳᠬᠡᠵᠦ᠂ ᠤᠯᠤᠰ ᠤᠨ ᠪᠠᠷᠢᠮᠵᠢᠶ᠎ᠠ᠂ ᠠᠵᠢᠯ ᠲᠥᠷᠥᠯ ᠤᠨ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠪᠡᠯᠡᠳᠬᠡᠮᠵᠢ᠂ ᠪᠠᠭᠠᠵᠢ ᠬᠡᠷᠡᠭᠰᠡᠯ ᠢ | ᠲᠣᠬᠢᠷᠠᠭᠤᠯᠵᠤ᠂ ᠭᠠᠯ ᠢ ᠰᠡᠷᠬᠡᠶᠢᠯᠡᠬᠦ ᠠᠮᠤᠷ ᠲᠦᠪᠰᠢᠨ ᠤ ᠲᠡᠮᠳᠡᠭ ᠳᠤᠬᠢᠷᠠᠭᠤᠯᠵᠤ᠂ ᠡᠷᠬᠡᠪᠰᠢ 4kg ᠤᠨ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠢ | ᠠᠳᠠᠭ ᠲᠠᠭᠠᠨ 4 ᠶᠢ ᠲᠣᠬᠢᠷᠠᠭᠤᠯᠵᠤ᠂ ᠥᠷᠥᠭᠡ ᠨᠢᠭᠡᠪᠦᠷᠢ ᠳᠤ ᠨᠠᠭᠠᠳᠤ ᠵᠠᠬ᠎ᠠ ᠳᠠᠭᠠᠨ 2 ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠬᠦ ᠳ᠋ᠧᠩ ᠪᠠ 1 ᠠᠮᠤᠷ | ᠲᠦᠪᠰᠢᠨ ᠭᠠᠷᠤᠴᠠ ᠶᠢᠨ ᠲᠡᠮᠳᠡᠭ ᠢ ᠤᠭᠰᠠᠷᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠵᠤ ᠰᠡᠯᠪᠢᠨ ᠵᠠᠰᠠᠵᠤ᠂ ᠪᠦᠷᠢᠨ ᠪᠦᠲᠦᠨ ᠪᠥᠭᠡᠳ | ᠪᠦᠲᠦᠮᠵᠢᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ︔ ᠰᠢᠲᠠᠮᠠᠬᠠᠶ ᠬᠡᠢ ᠶᠢᠨ ᠬᠡᠷᠡᠭᠰᠡᠯ ᠪᠠ ᠴᠠᠬᠢᠯᠭᠠᠨ ᠡᠳ᠋ᠯᠡᠯ ᠭᠠᠯ ᠢ ᠰᠡᠷᠬᠡᠶᠢᠯᠡᠬᠦ ᠠᠮᠤᠷ ᠲᠦᠪᠰᠢᠨ ᠤ | ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠬᠡᠷᠡᠭᠲᠡᠶ︔ ᠰᠢᠲᠠᠮᠠᠬᠠᠶ ᠬᠡᠢ ᠶᠢᠨ ᠬᠡᠷᠡᠭᠰᠡᠯ ᠢ ᠤᠭᠰᠠᠷᠠᠬᠤ᠂ ᠬᠡᠷᠡᠭᠯᠡᠬᠦ᠂ ᠤᠳᠠᠰᠤ ᠭᠤᠤᠷᠰᠤ ᠶᠢ ᠲᠦᠰᠦᠪᠯᠡᠨ ᠳᠡᠪᠢᠰᠬᠦ | ᠰᠡᠯᠪᠢᠨ ᠵᠠᠰᠠᠬᠤ᠂ ᠪᠠᠶᠢᠴᠠᠭᠠᠨ ᠬᠡᠮᠵᠢᠬᠦ ᠳᠤ ᠡᠷᠬᠡᠪᠰᠢ ᠭᠠᠯ ᠢ ᠰᠡᠷᠬᠡᠶᠢᠯᠡᠬᠦ ᠮᠡᠷᠭᠡᠵᠢᠯ ᠤᠨ ᠪᠠᠷᠢᠮᠵᠢᠶ᠎ᠠ ᠪᠠ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠬᠦᠯᠦᠭᠰᠡᠨ | ᠪᠠᠶᠢᠬᠤ ᠬᠡᠷᠡᠭᠲᠡᠶ᠃ ᠬᠤᠭᠤᠯᠠᠶ ᠪᠠᠷ ᠳᠠᠮᠵᠢᠭᠤᠯᠬᠤ ᠰᠢᠲᠠᠮᠠᠬᠠᠶ ᠬᠡᠢ ᠬᠡᠷᠡᠭᠯᠡᠬᠦ ᠳᠤ ᠪᠠᠨ᠂ ᠰᠢᠲᠠᠮᠠᠬᠠᠶ ᠬᠡᠢ ᠯᠡᠪᠡᠷᠡᠬᠦ ᠲᠦᠭᠰᠢᠭᠦᠷᠢ ᠶᠢ ᠮᠡᠳᠡᠭᠡᠯᠡᠬᠦ ᠲᠥᠬᠦᠭᠡᠷᠦᠮᠵᠢ | ᠤᠭᠰᠠᠷᠠᠬᠤ ᠶᠢᠨ ᠬᠠᠮᠲᠤ ᠲᠣᠭᠲᠠᠭᠠᠯ ᠶᠣᠰᠣᠭᠠᠷ ᠪᠡᠯᠡᠳᠬᠡᠮᠵᠢ ᠶᠢᠨ ᠬᠠᠮᠠᠭᠠᠯᠠᠯᠲᠠ ᠬᠢᠬᠦ ᠬᠡᠷᠡᠭᠲᠡᠶ᠃ ︵ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ︶ | ︵ᠲᠠᠪᠤ︶ ᠢᠳᠡᠭᠡᠨ ᠤ ᠵᠦᠢᠯ ᠤᠨ ᠠᠮᠤᠷ ᠲᠦᠪᠰᠢᠨ | ︽ᠢᠳᠡᠭᠡᠨ ᠤ ᠵᠦᠢᠯ ᠤᠨ ᠠᠮᠤᠷ ᠲᠦᠪᠰᠢᠨ ᠤ ᠬᠠᠤᠯᠢ︾᠂ ︽ᠢᠳᠡᠭᠡᠨ ᠤᠮᠳᠠᠭᠠᠨ ᠤ ᠦᠢᠯᠡᠴᠢᠯᠡᠭᠡᠨ ᠤ ᠢᠳᠡᠭᠡᠨ ᠤ ᠵᠦᠢᠯ ᠤᠨ ᠠᠮᠤᠷ ᠲᠦᠪᠰᠢᠨ ᠤ | ᠠᠵᠢᠯᠯᠠᠭᠠᠨ ᠤ ᠵᠢᠷᠤᠮᠵᠢᠯ︾ ᠵᠡᠷᠭᠡ ᠢᠳᠡᠭᠡᠨ ᠤ ᠵᠦᠢᠯ ᠤᠨ ᠠᠮᠤᠷ ᠲᠦᠪᠰᠢᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠎ᠡ᠃ ᠲᠣᠭᠤᠭᠠᠨ | ᠭᠡᠷ ᠢᠶᠠᠨ ᠲᠤᠰᠠᠭᠠᠷ ᠪᠠᠶᠢᠷᠢᠯᠠᠭᠤᠯᠤᠭᠰᠠᠨ ᠪᠥᠭᠡᠳ ᠪᠠᠶᠢᠷᠢᠰᠢᠯ ᠨᠢ ᠵᠦᠶ ᠵᠣᠬᠢᠰᠲᠠᠶ ᠪᠠᠶᠢᠵᠤ᠂ ᠤᠰᠤ ᠤᠮᠳᠠ ᠶᠢᠨ ᠴᠢᠨᠠᠷ ᠨᠢ ᠤᠯᠤᠰ ᠤᠨ ︽ᠠᠮᠢᠳᠤᠷᠠᠯ ᠤᠨ | ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ︵GB5749︶︾ ᠶᠢᠨ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | ᠡᠵᠡᠩᠨᠡᠵᠦ ᠪᠠᠶᠢᠭ᠎ᠠ ᠢᠳᠡᠭᠡᠨ ᠤ ᠲᠥᠷᠥᠯ ᠵᠦᠢᠯ᠂ ᠲᠤᠭ᠎ᠠ ᠬᠡᠮᠵᠢᠶ᠎ᠡ ᠯᠦᠭᠡ ᠲᠣᠬᠢᠷᠠᠯᠴᠠᠭᠰᠠᠨ ᠢᠳᠡᠭᠡᠨ ᠬᠠᠳᠠᠭᠠᠯᠠᠬᠤ᠂ ᠬᠦᠯᠳᠡᠬᠡᠬᠦ ᠬᠦᠷᠦᠬᠡᠬᠦ᠂ ᠬᠤᠭᠤᠯᠠ | ᠤᠮᠳᠠᠭᠠᠨ ᠤ ᠬᠡᠷᠡᠭᠰᠡᠯ ᠢ ᠤᠬᠢᠶᠠᠵᠤ ᠴᠡᠪᠡᠷᠯᠡᠬᠦ᠂ ᠠᠷᠢᠭᠤᠳᠬᠠᠬᠤ ᠵᠢᠴᠢ ᠠᠷᠢᠭᠤᠨ ᠴᠡᠪᠡᠷ ᠪᠠᠶᠢᠯᠭᠠᠬᠤ ᠵᠡᠷᠭᠡ ᠲᠥᠬᠦᠭᠡᠷᠦᠮᠵᠢ ᠪᠤᠶᠤ ᠪᠡᠯᠡᠳᠬᠡᠮᠵᠢ ᠲᠣᠬᠢᠷᠠᠭᠤᠯᠬᠤ | ᠬᠡᠷᠡᠭᠲᠡᠶ᠃ ᠲᠤᠰᠠᠭᠠᠷ ᠬᠤᠭᠤᠯᠠᠯᠠᠬᠤ ᠳᠦᠷᠢᠮ ᠢ ᠬᠡᠷᠡᠭᠵᠢᠭᠦᠯᠵᠦ᠂ ᠬᠦᠢᠲᠡᠨ ᠮᠢᠬ᠎ᠠ᠂ ᠲᠦᠭᠦᠬᠡᠶ ᠢᠳᠡᠭᠡᠨ ᠤ ᠲᠥᠷᠥᠯ᠂ ᠦᠨᠳᠡᠬᠡᠳᠤ ᠪᠣᠭᠤᠷᠰᠤᠭ ᠵᠢᠴᠢ ᠳᠥᠷᠪᠡᠨ | ᠤᠯᠠᠷᠢᠯ ᠤᠨ ᠪᠤᠷᠴᠠᠭ᠂ ᠰᠢᠨ᠎ᠡ ᠰᠣᠷᠭᠤᠭ ᠰᠢᠷ᠎ᠠ ᠴᠡᠴᠡᠭ᠂ ᠬᠡᠭᠡᠷ᠎ᠡ ᠶᠢᠨ ᠮᠥᠬᠦ᠂ ᠰᠦᠵᠢᠬᠦ ᠲᠥᠮᠥᠰᠥ ᠵᠡᠷᠭᠡ ᠲᠦᠭᠰᠢᠭᠦᠷᠢ ᠶᠡᠬᠡᠲᠡᠶ ᠢᠳᠡᠭᠡᠨ ᠢ | ᠪᠤᠯᠪᠠᠰᠤᠷᠠᠭᠤᠯᠤᠨ ᠪᠣᠷᠣᠯᠠᠭᠤᠯᠵᠤ ᠪᠣᠯᠬᠤ ᠦᠭᠡᠢ᠃ ᠢᠳᠡᠭᠡᠨ ᠢ ᠡᠷᠬᠡᠪᠰᠢ ᠴᠠᠭ ᠡᠷᠡᠨ ᠳᠤ ᠪᠣᠯᠪᠠᠰᠤᠷᠠᠭᠤᠯᠵᠤ᠂ ᠬᠠᠭᠤᠷᠴᠤ ᠬᠠᠭᠠᠷᠢᠭᠰᠠᠨ ᠤ ᠳᠠᠷᠠᠭ᠎ᠠ 2 | ᠴᠠᠭ ᠤᠨ ᠳᠣᠲᠣᠷ᠎ᠠ ᠢᠳᠡᠬᠦ ᠬᠡᠷᠡᠭᠲᠡᠶ᠂ ᠴᠠᠭ ᠡᠷᠡᠨ ᠠᠯᠤᠰᠯᠠᠨ ᠦᠯᠡᠳᠡᠭᠰᠡᠨ ᠢᠳᠡᠭᠡᠨ ᠢ ᠬᠡᠷᠡᠭᠯᠡᠵᠦ ᠪᠣᠯᠬᠤ ᠦᠭᠡᠶ᠂ ᠲᠦᠬᠦᠬᠡᠢ ᠱᠦᠬᠦᠷᠬᠡᠢ ᠢᠳᠡᠭᠡᠨ | ᠬᠠᠩᠭᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠢᠳᠡᠭᠡᠨ ᠤ ᠦᠯᠢᠬᠡᠷ ᠡᠳ᠋ ᠦᠯᠡᠳᠡᠭᠡᠬᠦ ᠳᠦᠷᠢᠮ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠢᠳᠡᠭᠡᠨ ᠤ | ᠪᠦᠲᠦᠭᠡᠭᠳᠡᠬᠦᠨ ᠢ ᠢᠳᠡᠬᠦ ᠪᠦᠷᠢ 125 ᠭᠷᠠᠮ ᠠᠴᠠ ᠳᠤᠲᠠᠭᠤ ᠦᠭᠡᠢ ᠦᠯᠢᠭᠡᠷ ᠡᠳ᠋ ᠢ᠂ ᠲᠤᠰᠬᠠᠢ ᠲᠥᠬᠦᠭᠡᠷᠦᠮᠵᠢ ᠳᠤ 48 ᠴᠠᠭ ᠠᠴᠠ ᠳᠡᠭᠡᠭᠰᠢ ᠦᠯᠡᠳᠡᠭᠡᠨ | ᠬᠠᠳᠠᠭᠠᠯᠠᠵᠤ᠂ ᠪᠠᠶᠢᠴᠠᠭᠠᠨ ᠰᠢᠯᠭᠠᠬᠤ ᠳᠤ ᠪᠡᠯᠡᠳᠬᠡᠨ᠎ᠡ᠃ ︵ᠲᠤᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ | ᠡᠷᠡᠭᠦᠯ ᠮᠡᠨᠳᠦ ᠶᠢᠨ ᠵᠥᠪᠯᠡᠯ︶ | ᠭᠤᠷᠪᠠ᠂ ᠡᠵᠡᠩᠨᠡᠯᠳᠡ ᠶᠢᠨ ᠵᠢᠷᠦᠮᠵᠢᠯ | ︵ᠨᠢᠭᠡ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠶᠢ ᠬᠠᠤᠯᠢ ᠶᠣᠰᠣᠭᠠᠷ | ᠦᠷᠨᠢᠬᠦᠯᠵᠤ᠂ ᠳᠠᠪᠲᠠᠬᠤ᠂ ᠬᠢᠴᠢᠶᠡᠯ ᠨᠥᠬᠦᠬᠦ᠂ ᠪᠣᠯᠪᠠᠰᠤᠷᠠᠭᠤᠯᠬᠤ᠂ ᠬᠠᠪᠰᠤᠷᠤᠨ ᠵᠢᠯᠣᠭᠤᠳᠬᠤ ᠵᠢᠴᠢ ᠪᠤᠰᠤᠳ ᠰᠤᠷᠭᠠᠨ ᠬᠥᠮᠥᠵᠢᠯ ᠤᠨ ᠠᠭᠤᠯᠭ᠎ᠠ ᠪᠠᠶᠢᠵᠤ | ᠪᠣᠯᠬᠤ ᠦᠭᠡᠢ᠂ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡ ᠲᠠᠢ ᠬᠠᠮᠢᠶ᠎ᠠ ᠦᠭᠡᠢ ᠪᠤᠰᠤᠳ ᠲᠤᠬᠠᠶᠢᠯᠠᠭᠰᠠᠨ ᠠᠵᠢᠯ ᠢ ᠴᠤ ᠬᠢᠵᠦ ᠪᠣᠯᠬᠤ ᠦᠭᠡᠢ᠃ ︵ | ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃ | ︵ᠬᠤᠶᠠᠷ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠰᠦᠢᠳᠬᠡᠯ ᠬᠤᠷᠢᠶᠠᠬᠤ ᠦᠢᠯᠡ ᠠᠵᠢᠯᠯᠠᠭ᠎ᠠ ᠪᠠᠨ | ᠵᠢᠷᠤᠮᠵᠢᠭᠤᠯᠵᠤ᠂ ᠨᠢᠭᠡ ᠯᠡ ᠤᠳᠠᠭ᠎ᠠ ᠳᠤ ᠨᠢ 1 ᠰᠤᠷᠤᠯᠭ᠎ᠠ ᠶᠢᠨ ᠬᠤᠭᠤᠴᠠᠭ᠎ᠠ ᠠᠴᠠ ᠬᠡᠲᠦᠷᠡᠭᠰᠡᠨ ᠰᠦᠢᠳᠬᠡᠯ ᠢ ᠬᠤᠷᠢᠶᠠᠵᠤ ᠪᠣᠯᠬᠤ ᠦᠭᠡᠢ᠃ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡ ᠶᠢ ᠵᠣᠭᠰᠣᠭᠠᠭᠰᠠᠨ ᠪᠠᠶᠢᠪᠠᠯ᠂ ᠨᠠᠶᠢᠳᠠᠨ ᠬᠠᠮᠢᠶᠠᠷᠤᠭᠤᠯᠤᠭᠳᠠᠭᠰᠠᠨ ᠰᠤᠷᠤᠭᠴᠢ ᠶᠢᠨ ᠬᠢᠨᠠᠨ ᠬᠠᠮᠠᠭᠠᠯᠠᠭᠴᠢ ᠳᠤ ᠤᠷᠢᠳᠴᠢᠯᠠᠨ | ᠮᠡᠳᠡᠭᠳᠡᠵᠦ᠂ ᠨᠠᠶᠢᠳᠠᠨ ᠬᠠᠮᠢᠶᠠᠷᠤᠭᠤᠯᠬᠤ ᠬᠡᠯᠡᠯᠴᠡᠭᠡᠷ ᠲᠤ ᠪᠣᠯᠵᠣᠨ ᠲᠣᠭᠲᠠᠭᠰᠠᠨ ᠶᠣᠰᠣᠭᠠᠷ ᠦᠯᠡᠳᠡᠭᠰᠡᠨ ᠬᠤᠭᠤᠴᠠᠭᠠᠨ ᠤ ᠵᠠᠷᠤᠳᠠᠯ ᠢ ᠪᠤᠴᠠᠭᠠᠬᠤ ᠶᠢᠨ ᠬᠠᠮᠲᠤ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ | ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ ᠲᠤ ᠮᠡᠳᠡᠭᠦᠯᠦᠨ ᠳᠠᠩᠰᠠᠯᠠᠭᠤᠯᠤᠨ᠎ᠠ᠃ ︵ᠲᠤᠭᠤᠷᠢᠭ ᠤᠨ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠭᠤᠷᠪᠠ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ᠬᠡᠷᠪᠡ ᠲᠣᠰᠴᠤ ᠬᠦᠷᠭᠡᠬᠦ ᠦᠢᠯᠡᠴᠢᠯᠡᠭᠡ ᠬᠠᠩᠭᠠᠪᠠᠯ᠂ ᠲᠤᠰᠬᠠᠢ | ᠬᠥᠮᠥᠨ ᠲᠣᠬᠢᠷᠠᠭᠤᠯᠤᠨ ᠨᠠᠶᠢᠳᠠᠨ ᠬᠠᠮᠢᠶᠠᠷᠤᠭᠤᠯᠤᠭᠤᠯᠬᠤ ᠰᠤᠷᠤᠭᠴᠢ ᠶᠢ ᠲᠣᠰᠴᠤ ᠬᠦᠷᠬᠡᠨ᠂ ᠰᠤᠷᠤᠭᠴᠢᠳ ᠤᠨ ᠰᠤᠷᠭᠠᠭᠤᠯᠢ ᠠᠴᠠ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠬᠦᠷᠲᠡᠯᠡᠬᠢ ᠵᠠᠮ ᠳᠤᠮᠳᠠᠬᠢ ᠠᠮᠤᠷ ᠲᠦᠪᠰᠢᠨ ᠢ ᠪᠠᠲᠤᠯᠠᠬᠤ ᠬᠡᠷᠡᠭᠲᠡᠢ︔ ᠬᠡᠷᠪᠡ ᠮᠠᠰᠢᠨ ᠲᠡᠷᠭᠡ ᠪᠠᠷ ᠰᠤᠷᠤᠭᠴᠢᠳ ᠢ ᠲᠤᠰᠴᠤ ᠬᠦᠷᠭᠡᠬᠦ | ᠴᠢᠬᠤᠯᠠᠲᠠᠢ ᠪᠣᠯ᠂ ᠰᠤᠷᠤᠭᠴᠢᠳ ᠢ ᠲᠣᠰᠴᠤ ᠬᠦᠷᠭᠡᠬᠦ ᠬᠥᠮᠥᠨ ᠤ ᠲᠤᠭ᠎ᠠ ᠲᠠᠢ ᠲᠣᠬᠢᠷᠠᠯᠴᠠᠭᠰᠠᠨ ᠤᠯᠤᠰ ᠤᠨ ᠪᠠᠷᠢᠮᠵᠢᠶ᠎ᠠ ᠳᠤ ᠨᠡᠶᠢᠴᠡᠭᠰᠡᠨ ᠰᠤᠷᠭᠠᠭᠤᠯᠢ ᠶᠢᠨ | ᠲᠡᠷᠭᠡ ᠪᠠ ᠵᠢᠯᠣᠭᠤᠴᠢ ᠶᠢ ᠲᠣᠬᠢᠷᠠᠭᠤᠯᠬᠤ ᠬᠡᠷᠡᠭᠲᠡᠢ᠃ ︵ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠠ︶ | ︵ᠲᠦᠷᠪᠡ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠰᠤᠷᠤᠭᠴᠢᠳ ᠢ ᠬᠠᠮᠢᠶᠠᠷᠴᠤ ᠪᠠᠶᠢᠭ᠎ᠠ ᠬᠤᠭᠤᠴᠠᠭᠠᠨ ᠳᠤ | ᠢᠮᠠᠭᠲᠠ ᠲᠤᠰᠬᠠᠶ ᠬᠦᠮᠦᠨ ᠦᠵᠡᠵᠦ ᠬᠠᠮᠢᠶᠠᠷᠬᠤ ᠶᠢ ᠦᠨᠡᠨᠬᠦ ᠪᠠᠲᠤᠯᠠᠵᠤ᠂ 1 ᠭᠤᠤᠯᠴᠢᠯᠠᠨ ᠬᠠᠮᠢᠶᠠᠷᠤᠭᠴᠢ ᠲᠠᠢ ᠪᠠᠶᠢᠵᠤ᠂ ᠪᠤᠰᠤᠳ ᠠᠵᠢᠯᠲᠠᠨ ᠬᠢᠭᠡᠳ | ᠨᠠᠶᠢᠳᠠᠨ ᠬᠠᠮᠢᠶᠠᠷᠤᠭᠤᠯᠬᠤ ᠰᠤᠷᠤᠭᠴᠢ ᠶᠢᠨ ᠲᠤᠭ᠎ᠠ ᠶᠢ ᠨᠠᠭᠠᠳᠤ ᠵᠠᠬ᠎ᠠ ᠳᠠᠭᠠᠨ 1᠄ 10 ᠶᠢᠨ ᠬᠠᠷᠢᠴᠠᠯ ᠢᠶᠠᠷ ᠳᠤᠬᠢᠷᠠᠭᠤᠯᠬᠤ ᠬᠡᠷᠡᠭᠳᠡᠢ᠂ ᠡᠬᠦᠨ ᠤ ᠬᠠᠮᠳᠤ | ᠳᠣᠲᠣᠭᠠᠳᠤ ᠶᠢᠨ ᠠᠵᠢᠯ ᠡᠷᠭᠢᠯᠡᠭᠰᠡᠳ ᠤᠨ ᠬᠠᠤᠯᠢ ᠳᠦᠷᠢᠮ ᠤᠨ ᠥ᠋ᠮᠦᠵᠢᠯ᠂ ᠠᠵᠢᠯ ᠮᠡᠷᠭᠡᠵᠢᠯ ᠤᠨ ᠶᠣᠰᠣ ᠮᠣᠷᠠᠯ ᠤᠨ ᠬᠥᠮᠦᠵᠢᠯ ᠪᠠ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠨᠠᠶᠢᠳᠠᠨ ᠬᠠᠮᠢᠶᠠᠷᠤᠭᠤᠯᠵᠤ ᠪᠠᠶᠢᠭ᠎ᠠ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ ︵ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶ | ︵ᠲᠠᠪᠤ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠰᠤᠷᠤᠭᠴᠢᠳ ᠤᠨ ᠬᠢᠨᠠᠨ ᠬᠠᠮᠠᠭᠠᠯᠠᠭᠴᠢ ᠯᠤᠭ᠎ᠠ ᠨᠠᠶᠢᠳᠠᠨ | ᠬᠠᠮᠢᠶᠠᠷᠤᠭᠤᠯᠬᠤ ᠦᠢᠯᠡᠴᠢᠯᠡᠭᠡᠨ ᠤ ᠬᠡᠯᠡᠯᠴᠡᠭᠡᠷ ᠲᠣᠭᠲᠠᠵᠤ᠂ ᠵᠥᠪᠯᠡᠯᠴᠡᠭᠡᠷ ᠲᠤ ᠠᠮᠤᠷ ᠲᠦᠪᠰᠢᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ᠂ ᠰᠣᠷᠣᠭᠴᠢ ᠶᠢᠨ | ᠬᠠᠮᠢᠶᠠᠷᠤᠯᠲᠠ᠂ ᠰᠦᠢᠳᠬᠡᠯ ᠬᠤᠷᠢᠶᠠᠬᠤ ᠪᠠᠷᠢᠮᠵᠢᠶ᠎ᠠ᠂ ᠨᠠᠶᠢᠳᠠᠨ ᠬᠠᠮᠢᠶᠠᠷᠤᠭᠤᠯᠬᠤ ᠬᠤᠭᠤᠴᠠᠭ᠎ᠠ᠂ ᠬᠤᠶᠠᠷ ᠲᠠᠯ᠎ᠠ ᠶᠢᠨ ᠡᠷᠬᠡ ᠠᠰᠢᠭ ᠡᠭᠦᠷᠭᠡ ᠵᠢᠴᠢ ᠭᠡᠷ᠎ᠡ ᠶᠢ | ᠵᠥᠷᠢᠴᠡᠭᠰᠡᠨ ᠬᠠᠷᠢᠭᠤᠴᠠᠯᠭ᠎ᠠ ᠵᠡᠷᠭᠡ ᠶᠢ ᠲᠣᠳᠣᠷᠬᠠᠶᠢᠯᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ᠂ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡ ᠶᠢ ᠬᠦᠯᠢᠶᠡᠭᠰᠡᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠵᠢᠴᠢ ᠬᠠᠷᠠᠭᠠᠯᠵᠠᠨ ᠬᠠᠮᠠᠭᠠᠯᠠᠭᠴᠢ ᠵᠡᠷᠭᠡ ᠬᠤᠯᠪᠣᠭᠳᠠᠯ ᠪᠦᠬᠦᠢ ᠲᠤᠬᠠᠢ ᠶᠢᠨ | ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠬᠤ ᠬᠡᠷᠡᠭᠲᠡᠢ᠃ ︵ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠵᠢᠷᠭᠤᠭ᠎ᠠ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠰᠤᠷᠤᠭᠴᠢᠳ ᠤᠨ ᠪᠡᠶ᠎ᠡ ᠶᠢᠨ ᠠᠮᠤᠷ ᠲᠦᠪᠰᠢᠨ ᠢ | ᠪᠠᠲᠤᠯᠠᠬᠤ ᠶᠢ ᠲᠡᠷᠢᠭᠦᠨ ᠪᠠᠶᠢᠷᠢᠨ ᠳᠤ ᠲᠠᠯᠪᠢᠵᠤ᠂ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠲᠣᠭᠲᠠᠭᠠᠨ᠂ ᠠᠮᠤᠷ ᠲᠦᠪᠰᠢᠨ ᠤ ᠬᠠᠮᠢᠶᠠᠷᠤᠯᠲᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠡᠷᠡᠭᠲᠡᠢ᠃ ᠬᠥᠮᠦᠨ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠶᠢ ᠬᠠᠷᠢᠯᠴᠠᠨ | ᠤᠶᠠᠯᠳᠤᠭᠤᠯᠬᠤ ᠵᠠᠷᠴᠢᠮ ᠢ ᠦᠨᠳᠦᠰᠦᠯᠡᠨ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠪᠡᠯᠡᠳᠬᠡᠮᠵᠢ ᠲᠥᠬᠦᠭᠡᠷᠦᠮᠵᠢ ᠳᠣᠭᠢᠷᠠᠭᠤᠯᠵᠤ᠂ ᠴᠢᠬᠤᠯᠠ ᠪᠥᠬᠦᠶ | ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠪᠠ ᠰᠡᠷᠭᠡᠶᠢᠯᠡᠨ ᠬᠠᠮᠠᠭᠠᠯᠠᠬᠤ ᠴᠢᠨᠠᠷᠲᠠᠶ ᠪᠠᠭᠠᠵᠢ ᠬᠡᠷᠡᠭᠰᠡᠯ ᠢ ᠳᠣᠭᠢᠷᠠᠭᠤᠯᠤᠨ᠂ ᠬᠦᠴᠦᠷᠬᠡᠭᠯᠡᠯ᠂ ᠤᠨᠠᠵᠤ ᠳᠤᠰᠬᠤ᠂ | ᠬᠢᠰᠬᠢᠯᠡᠬᠦ᠂ ᠴᠠᠬᠢᠯᠭᠠᠨ ᠳᠤ ᠴᠣᠬᠢᠭᠳᠠᠬᠤ ᠵᠡᠷᠭᠡ ᠠᠳᠡᠯ ᠭᠠᠷᠬᠤ ᠶᠢ ᠰᠡᠷᠭᠡᠶᠢᠯᠡᠨ ᠬᠤᠷᠢᠭᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠪᠥᠬᠦ | ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ︵ᠳᠤᠭᠤᠷᠢᠭ ᠤᠨ ᠳᠤᠳᠤᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶ᠎ᠠ︶ | ︵ᠳᠤᠯᠤᠭ᠎ᠠ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ | ᠲᠦᠪᠰᠢᠨ ᠤ ᠬᠠᠮᠢᠶᠠᠷᠤᠯᠲᠠ ᠶᠢᠨ ᠬᠠᠮᠢᠶ᠎ᠠ ᠪᠦᠬᠦᠢ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠡᠵᠡᠩᠨᠡᠬᠦ ᠬᠡᠪᠴᠢᠶ᠎ᠡ ᠯᠦᠭᠡ ᠲᠣᠬᠢᠷᠠᠯᠴᠠᠭᠰᠠᠨ ᠤᠬᠢᠶᠠᠵᠤ | ᠴᠡᠪᠡᠷᠯᠡᠬᠦ᠂ ᠠᠷᠢᠭᠤᠳᠬᠠᠬᠤ ︵ᠬᠦᠷᠢᠨ ᠤ ᠭᠠᠳᠠᠨᠠᠬᠢ ᠰᠠᠴᠤᠷᠠᠭ ᠤᠨ ᠠᠷᠢᠭᠤᠳᠬᠠᠯ ᠤᠨ ᠳ᠋ᠧᠩ︶ ᠂ ᠴᠡᠪᠡᠷᠯᠡᠭᠡ᠂ ᠠᠷᠢᠭᠤᠨ ᠴᠡᠪᠡᠷ᠂ ᠪᠡᠶ᠎ᠡ ᠤᠬᠢᠶᠠᠬᠤ ᠵᠡᠷᠭᠡ | ᠪᠡᠯᠡᠳᠬᠡᠯ ᠲᠥᠬᠦᠭᠡᠷᠦᠮᠵᠢ ᠪᠠ ᠤᠯᠠᠨ ᠨᠡᠶᠢᠲᠡ ᠶᠢᠨ ᠠᠷᠢᠭᠤᠨ ᠴᠡᠪᠡᠷ ᠤᠨ ᠲᠠᠰᠤᠯᠭ᠎ᠠ ᠶᠢ ᠳᠤᠬᠢᠷᠠᠭᠤᠯᠬᠤ ᠬᠡᠷᠡᠭᠳᠡᠢ᠂ ᠲᠣᠭᠲᠠᠭᠰᠠᠨ ᠬᠤᠭᠤᠴᠠᠭ᠎ᠠ ᠲᠠᠢ ᠪᠠᠷ | ᠣᠷᠴᠢᠨ ᠲᠣᠭᠤᠷᠢᠨ ᠪᠠ ᠡᠳ᠋ ᠪᠣᠳᠠᠰ ᠢ ᠠᠷᠢᠭᠤᠳᠬᠠᠵᠤ᠂ ᠣᠷᠴᠢᠨ ᠲᠣᠭᠤᠷᠢᠨ ᠵᠢᠴᠢ ᠡᠳ᠋ ᠪᠣᠳᠠᠰ ᠤᠨ ᠠᠷᠢᠭᠤᠨ ᠴᠡᠪᠡᠷ ᠢ ᠪᠠᠳᠤᠯᠠᠬᠤ ᠬᠡᠷᠡᠭᠳᠡᠢ᠃ ᠰᠢᠨ᠎ᠡ | ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠯᠳᠠᠪᠤᠷᠢᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠳᠡᠢ᠃ ᠬᠤᠯᠤᠭᠠᠨ᠎ᠠ᠂ ᠪᠠᠲᠠᠭᠠᠨ᠎ᠠ᠂ ᠢᠯᠠᠭ᠎ᠠ᠂ ᠵᠤᠤᠮ᠎ᠠ᠂ ᠪᠤᠰᠤᠳ | ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠬᠦ ᠪᠠ ᠠᠷᠢᠯᠭᠠᠬᠤ ᠠᠵᠢᠯ ᠢ ᠰᠠᠶᠢᠲᠤᠷ ᠬᠢᠬᠦ ᠬᠡᠷᠡᠭᠳᠡᠢ᠃ ︵ᠲᠤᠭᠤᠷᠢᠭ ᠤᠨ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠨᠠᠢᠮᠠ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠤᠭᠤᠳ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ | ᠪᠡᠯᠡᠳᠬᠡᠯ ᠲᠥᠰᠦᠯ ᠢ ᠳᠤᠭᠳᠠᠭᠠᠵᠤ᠂ ᠣᠯᠠᠨ ᠨᠡᠶᠢᠲᠡ ᠶᠢᠨ ᠠᠮᠤᠷ ᠲᠦᠪᠰᠢᠨ᠂ ᠢᠳᠡᠭᠡᠨ ᠤ ᠬᠤᠤᠷᠳᠠᠯᠠᠳᠠᠯ᠂ ᠬᠠᠯᠳᠠᠪᠤᠷᠢᠲᠤ ᠡᠪᠡᠳᠴᠢᠨ᠂ ᠭᠠᠯ ᠤᠨ ᠠᠶᠤᠯ | ᠵᠢᠴᠢ ᠪᠤᠰᠤᠳ ᠭᠡᠨᠡᠳᠲᠡ ᠶᠢᠨ ᠬᠡᠷᠡᠭ ᠭᠠᠷᠬᠤ ᠦᠶ᠎ᠡ ᠳᠤ ᠲᠡᠷᠡ ᠳᠠᠷᠤᠶ ᠳᠤᠨᠢ ᠰᠤᠷᠤᠭᠴᠢᠳ ᠢ ᠬᠠᠮᠠᠭᠠᠯᠠᠬᠤ ᠪᠠ ᠠᠪᠤᠷᠠᠨ ᠲᠤᠰᠠᠯᠠᠵᠤ᠂ ᠪᠦᠲᠦᠮᠵᠢᠲᠡᠶ ᠠᠷᠭ᠎ᠠ | ᠬᠡᠮᠵᠢᠶ᠎ᠡ ᠠᠪᠴᠤ ᠪᠠᠶᠢᠭᠠᠳ ᠴᠠᠭ ᠲᠤᠬᠠᠶ ᠳᠤᠨᠢ ᠰᠢᠢᠳᠪᠦᠷᠢᠯᠡᠵᠦ᠂ ᠬᠡᠷᠡᠭ ᠤᠨ ᠪᠠᠶᠢᠳᠠᠯ ᠤᠨ ᠥᠷᠭᠡᠳᠬᠦ ᠶᠢ ᠰᠡᠷᠭᠡᠶᠢᠯᠡᠨ᠂ ᠳᠣᠲᠣᠭᠠᠳᠤ ᠶᠢ ᠬᠠᠮᠠᠭᠠᠯᠠᠬᠤ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠰᠤᠷᠭᠠᠨ ᠬᠥᠮᠦᠵᠢᠯ ᠪᠡᠶ᠎ᠡ ᠶᠢᠨ ᠲᠠᠮᠢᠷ ᠵᠡᠷᠭᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ ᠮᠡᠳᠡᠭᠦᠯᠬᠦ ᠶᠢᠨ ᠬᠠᠮᠲᠤ ᠴᠠᠭ ᠲᠤᠬᠠᠶ ᠳᠤᠨᠢ ᠰᠤᠷᠤᠭᠴᠢᠳ ᠤᠨ ᠭᠡᠷ ᠤᠨ ᠠᠬᠠᠮᠠᠳ ︵ᠬᠢᠨᠠᠨ ᠬᠠᠮᠠᠭᠠᠯᠠᠭᠴᠢ︶᠂ ᠰᠤᠷᠤᠭᠴᠢ ᠶᠢᠨ ᠪᠠᠶᠢᠭ᠎ᠠ | ᠰᠤᠷᠭᠠᠭᠤᠯᠢ ᠳᠤ ᠮᠡᠳᠡᠭᠳᠡᠬᠦ ᠬᠡᠷᠡᠭᠲᠡᠶ᠃ ︵ᠲᠤᠭᠤᠷᠢᠭ ᠤᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ︶ | ︵ᠶᠢᠰᠦ︶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠨᠡᠭᠡᠭᠡᠨ ᠡᠷᠬᠢᠯᠡᠭᠰᠡᠳ ᠨᠠᠶᠢᠳᠠᠨ ᠬᠠᠮᠢᠶᠠᠷᠤᠭᠤᠯᠵᠤ ᠪᠠᠶᠢᠭ᠎ᠠ | ᠰᠤᠷᠤᠭᠴᠢᠳ ᠤᠨ ᠰᠤᠷᠭᠠᠨ ᠬᠥᠮᠦᠵᠢᠯ ᠪᠠ ᠬᠠᠮᠢᠶᠠᠷᠤᠯᠲᠠ ᠶᠢ ᠴᠢᠩᠭᠠᠳᠬᠠᠵᠤ᠂ ᠰᠤᠷᠤᠭᠴᠢᠳ ᠤᠨ ᠨᠠᠶᠢᠳᠠᠨ ᠬᠠᠮᠢᠶᠠᠷᠤᠭᠤᠯᠬᠤ ᠠᠩᠭᠢ ᠵᠢᠴᠢ ᠡᠷᠭᠢᠨ ᠲᠣᠭᠤᠷᠢᠨ | ᠳᠤ ᠦᠢᠮᠡᠯᠳᠤᠨ ᠱᠤᠤᠬᠢᠬᠤ ᠶᠢ ᠴᠢᠩᠭ᠎ᠠ ᠬᠤᠷᠢᠭᠯᠠᠵᠤ᠂ ᠠᠷᠠᠳ ᠢ ᠦᠢᠮᠡᠭᠦᠯᠬᠦ ᠵᠡᠷᠭᠡ ᠪᠠᠶᠢᠳᠠᠯ ᠠᠴᠠ ᠵᠠᠶᠢᠯᠠᠰᠬᠢᠬᠦ ᠶᠢᠨ ᠬᠠᠮᠲᠤ ᠬᠥᠷᠰᠢ ᠵᠡᠷᠭᠡᠯᠡᠳᠡᠭᠡ ᠶᠢᠨ | ᠵᠢᠭᠤᠷᠠᠯᠳᠤᠭᠠᠨ ᠢ ᠴᠠᠭ ᠲᠤᠬᠠᠶ ᠳᠤᠨᠢ ᠰᠢᠢᠳᠪᠤᠷᠢᠯᠡᠬᠦ ᠬᠡᠷᠡᠭᠳᠡᠢ︔ ᠲᠣᠰᠣᠨ ᠣᠲᠤᠭ᠎ᠠ ᠭᠠᠳᠠᠭᠰᠢᠯᠠᠭᠤᠯᠬᠤ ᠨᠢ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠳᠤ | ᠨᠡᠶᠢᠴᠡᠵᠤ᠂ ᠲᠣᠰᠣᠨ ᠣᠲᠤᠭ᠎ᠠ ᠶᠢᠨ ᠠᠷᠠᠳ ᠤᠨ ᠬᠡᠪ ᠤᠨ ᠠᠮᠢᠳᠤᠷᠠᠯ ᠢ ᠬᠠᠷᠰᠢᠯᠠᠬᠤ ᠪᠠᠶᠢᠳᠠᠯ ᠭᠠᠷᠬᠤ ᠠᠴᠠ ᠵᠠᠶᠢᠯᠠᠰᠬᠢᠬᠦ ᠬᠡᠷᠡᠭᠲᠡᠶ᠃ ︵ᠲᠣᠭᠤᠷᠢᠭ ᠤᠨ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ︶ | ᠳᠥᠷᠪᠡ᠂ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠢ ︽ᠵᠠᠰᠠᠭ ᠤᠨ ᠣᠷᠳᠣᠨ ᠢᠶᠠᠷ ᠭᠤᠤᠯ ᠤᠳᠤᠷᠢᠳᠤᠭᠤᠯᠤᠨ᠂ | ᠬᠠᠷᠢᠶ᠎ᠠ ᠭᠠᠵᠠᠷ ᠢᠶᠠᠷ ᠬᠠᠮᠢᠶᠠᠷᠤᠭᠤᠯᠤᠨ᠂ ᠰᠠᠯᠠᠭ᠎ᠠ ᠮᠥᠴᠢᠷ ᠤᠳ ᠬᠠᠮᠲᠤᠷᠠᠨ ᠬᠦᠳᠡᠯᠦᠯᠴᠡᠵᠤ᠂ ᠴᠤᠭ ᠢᠶᠠᠷ ᠠᠳᠬᠤᠨ ᠬᠠᠮᠲᠤᠪᠠᠷ ᠬᠠᠮᠢᠶᠠᠷᠬᠤ︾ | ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ᠂ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠪᠣᠯᠤᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃ | ︵ᠨᠢᠭᠡ︶ ᠲᠣᠭᠤᠷᠢᠭ ᠤᠨ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶ᠎ᠠ | ᠳᠤᠮᠳᠠᠳᠤ ᠪᠠᠭ᠎ᠠ ᠰᠤᠷᠭᠠᠭᠤᠯᠢ ᠶᠢ ᠵᠣᠬᠢᠶᠠᠨ ᠪᠠᠶᠢᠭᠤᠯᠵᠤ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠬᠤ | ᠪᠠᠶᠢᠭᠤᠯᠤᠮᠵᠢ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠵᠦ᠂ ᠰᠠᠭᠤᠷᠢ ᠲᠤᠭ᠎ᠠ ᠶᠢ ᠲᠣᠳᠣᠷᠬᠠᠶ ᠤᠶᠢᠯᠠᠭᠠᠨ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠡᠷᠡᠭᠦᠯ ᠬᠠᠮᠠᠭᠠᠯᠠᠯ᠂ ᠭᠠᠯ ᠤᠨᠲᠠᠷᠠᠭᠠᠬᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠤ ᠰᠠᠭᠤᠷᠢ | ᠲᠤᠭ᠎ᠠ ᠪᠠᠷᠢᠮᠲᠠ ᠬᠠᠩᠭᠠᠬᠤ ᠶᠢ ᠬᠠᠷᠢᠭᠤᠴᠠᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠪᠠ ᠭᠡᠷ ᠤᠨ ᠠᠬᠠᠮᠠᠳ ᠤᠨ ᠠᠮᠤᠷ ᠲᠦᠪᠰᠢᠨ ᠤ | ᠬᠥᠮᠦᠵᠢᠯ ᠤᠨ ᠠᠵᠢᠯ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠢ ᠴᠢᠩᠭᠠᠷᠠᠭᠤᠯᠤᠨ᠂ ᠴᠢᠭᠯᠡᠬᠦᠯᠦᠯᠳᠤ ᠴᠢᠨᠠᠷᠲᠠᠶ ᠭᠠᠯ ᠢ | ᠰᠡᠷᠭᠡᠶᠢᠯᠡᠬᠦ᠂ ᠭᠠᠵᠠᠷ ᠬᠥᠳᠡᠯᠦᠯᠲᠡ ᠠᠴᠠ ᠰᠡᠷᠭᠡᠶᠢᠯᠡᠬᠦ ᠵᠡᠷᠭᠡ ᠠᠮᠢ ᠵᠢᠭᠤᠲᠠᠬᠤ ᠰᠣᠷᠢᠯᠲᠠ ᠶᠢ ᠥᠷᠨᠢᠭᠦᠯᠦᠨ᠎ᠡ᠃ ᠰᠤᠷᠭᠠᠭᠤᠯᠢ ᠳᠤ ᠪᠠᠶᠢᠭ᠎ᠠ ᠪᠠᠭᠰᠢ ᠠᠵᠢᠯᠲᠠᠨ | ᠠᠵᠢᠯᠴᠢᠨ ᠤ ᠰᠤᠷᠭᠠᠭᠤᠯᠢ ᠶᠢᠨ ᠭᠠᠳᠠᠨ᠎ᠠ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠡᠷᠬᠢᠯᠡᠬᠦ ᠪᠤᠶᠤ ᠰᠤᠷᠭᠠᠭᠤᠯᠢ ᠶᠢᠨ ᠭᠠᠳᠠᠨ᠎ᠠ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠳᠤ ᠲᠤᠰᠢᠶᠠᠯ ᠬᠠᠪᠰᠤᠷᠭᠠᠬᠤ ᠶᠢ ᠴᠠᠭᠠᠵᠠᠯᠠᠵᠤ᠂ ᠰᠤᠷᠭᠠᠭᠤᠯᠢ ᠪᠠ ᠪᠠᠭᠰᠢ ᠠᠵᠢᠯᠲᠠᠨ ᠠᠵᠢᠯᠴᠢᠨ ᠤ ᠰᠣᠷᠣᠭᠴᠢ ᠪᠠ ᠬᠡᠷ ᠤᠨ ᠠᠬᠠᠮᠠᠳ ᠲᠤ | ᠰᠣᠷᠣᠭᠴᠢ ᠶᠢᠨ ᠰᠤᠷᠭᠠᠭᠤᠯᠢ ᠶᠢᠨ ᠭᠠᠳᠠᠨ᠎ᠠ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠲᠠᠨᠢᠯᠴᠠᠭᠤᠯᠬᠤ ᠶᠢ ᠴᠠᠭᠠᠵᠠᠯᠠᠨ᠎ᠠ᠃ | ︵ᠬᠤᠶᠠᠷ︶ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠵᠦᠢᠯ ᠤᠨ ᠡᠵᠡᠩᠨᠡᠯᠲᠡ ᠶᠢᠨ ᠵᠥᠪᠰᠢᠶᠡᠷᠡᠯ ︵ | ᠵᠢᠵᠢᠭ ᠬᠤᠭᠤᠯᠠᠨ ᠰᠢᠷᠡᠭᠡ ᠶᠢ ᠳᠠᠩᠰᠠᠯᠠᠬᠤ︶ ᠭᠠᠷᠳᠠᠮ ᠢ ᠬᠠᠤᠯᠢ ᠶᠣᠰᠣᠭᠠᠷ ᠭᠦᠢᠴᠡᠳᠭᠡᠬᠦ ᠶᠢ ᠬᠠᠷᠢᠭᠤᠴᠠᠨ᠎ᠠ︔ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ | ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤ ᠵᠦᠢᠯ ᠤᠨ ᠠᠮᠤᠷ ᠲᠦᠪᠰᠢᠨ ᠪᠠ ᠰᠢᠲᠠᠮᠠᠬᠠᠢ ᠬᠡᠢ ᠶᠢᠨ ᠬᠡᠷᠡᠭᠰᠡᠯ ᠤᠨ ᠦᠢᠯᠡᠳᠬᠦᠨ ᠤ ᠶᠠᠰᠤ ᠴᠢᠨᠠᠷ | ᠵᠢᠴᠢ ᠪᠤᠰᠤᠳ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ︔ ᠰᠤᠷᠭᠠᠭᠤᠯᠢ ᠶᠢᠨ ᠭᠠᠳᠠᠨᠠᠬᠢ | ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠢᠳᠡᠭᠡᠨ ᠤᠮᠳᠠᠭᠠᠨ ᠤ ᠭᠤᠭᠴᠤᠭ᠎ᠠ ᠶᠢᠨ ᠠᠵᠢᠯ ᠡᠷᠭᠢᠯᠡᠭᠰᠡᠳ ᠤᠨ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ | ᠢᠳᠡᠭᠡᠨ ᠤ ᠵᠦᠢᠯ ᠤᠨ ᠠᠮᠤᠷ ᠲᠦᠪᠰᠢᠨ ᠤ ᠪᠣᠯᠪᠠᠰᠤᠷᠠᠭᠤᠯᠤᠯ᠂ ᠢᠳᠡᠭᠡᠨ ᠤ ᠲᠦᠭᠦᠬᠡᠶ ᠮᠠᠲ᠋ᠧᠷᠢᠶᠠᠯ ᠲᠤᠰᠠᠯᠠᠬᠤ ᠮᠠᠲ᠋ᠧᠷᠢᠶᠠᠯ ᠤᠨ ᠪᠠᠷᠠᠭ᠎ᠠ ᠣᠷᠣᠭᠤᠯᠬᠤ ᠶᠢ | ᠪᠠᠶᠢᠴᠠᠭᠠᠨ ᠰᠢᠯᠭᠠᠬᠤ ᠭᠡᠷᠡᠴᠢ ᠪᠠᠷᠢᠮᠲᠠ ᠠᠪᠬᠤ᠂ ᠬᠤᠭᠤᠯᠠᠨ ᠤ ᠬᠡᠷᠡᠭᠰᠡᠯ ᠢ ᠤᠬᠢᠶᠠᠵᠤ ᠠᠷᠢᠭᠤᠳᠬᠠᠬᠤ ᠵᠡᠷᠭᠡ ᠭᠤᠣᠯᠳᠠᠯᠭ᠎ᠠ ᠲᠠᠢ ᠭᠤᠭᠴᠤᠭ᠎ᠠ ᠳᠤ ᠬᠢᠨᠠᠯᠲᠠ | ᠲᠠᠯᠪᠢᠵᠤ ᠪᠠᠶᠢᠴᠠᠭᠠᠨ᠎ᠠ︔ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠵᠥᠪᠰᠢᠶᠡᠷᠡᠯ ᠦᠭᠡᠢ ᠪᠠᠷ ᠢᠳᠡᠭᠡᠨ ᠤ | ᠵᠦᠢᠯ ᠤᠨ ᠡᠵᠡᠩᠨᠡᠯᠲᠡ ᠶᠢ ᠳᠤᠷ᠎ᠠ ᠪᠠᠷ ᠢᠶᠠᠨ ᠬᠢᠵᠦ ᠪᠠᠶᠢᠭ᠎ᠠ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ︔ | ᠢᠳᠡᠭᠡᠨ ᠤ ᠵᠦᠢᠯ ᠤᠨ ᠠᠮᠤᠷ ᠲᠦᠪᠰᠢᠨ ᠤ ᠤᠬᠠᠭᠤᠯᠭ᠎ᠠ ᠬᠥᠮᠦᠵᠢᠯ ᠤᠨ ᠠᠵᠢᠯ ᠢ ᠴᠢᠩᠭᠠᠷᠠᠭᠤᠯᠬᠤ ᠶᠢᠨ ᠬᠠᠮᠲᠤ᠂ ᠲᠣᠭᠲᠠᠭᠠᠯ ᠠᠴᠠ ᠵᠥᠷᠢᠴᠡᠨ ᠰᠦᠢᠳᠬᠡᠯ | ᠬᠤᠷᠢᠶᠠᠬᠤ ᠶᠢ ᠪᠠᠶᠢᠴᠠᠭᠠᠨ ᠰᠢᠢᠳᠪᠦᠷᠢᠯᠡᠨ᠎ᠡ᠃ | ︵ᠭᠤᠷᠪᠠ︶ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠮᠠᠷᠠᠬᠤ ᠲᠠᠯᠠᠪᠤᠷ ᠭᠠᠵᠠᠷ ᠲᠤ ᠬᠢᠨᠠᠯᠲᠠ ᠬᠠᠮᠢᠶᠠᠷᠤᠯᠲᠠ ᠬᠢᠬᠦ ᠶᠢ | ᠬᠠᠷᠢᠭᠤᠴᠠᠵᠤ᠂ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠮᠤᠷ ᠲᠦᠪᠰᠢᠨ᠂ | ᠬᠠᠯᠳᠠᠪᠤᠷᠢᠲᠤ ᠡᠪᠡᠳᠴᠢᠨ᠂ ᠠᠷᠢᠭᠤᠳᠬᠠᠬᠤ ᠠᠷᠭ᠎ᠠ ᠬᠡᠮᠵᠢᠶ᠎ᠡ ᠶᠢ ᠬᠢᠨᠠᠨ ᠬᠠᠮᠢᠶᠠᠷᠬᠤ ᠪᠠ ᠮᠡᠷᠭᠡᠵᠢᠯ ᠤᠨ ᠵᠢᠯᠣᠭᠤᠳᠣᠯᠭ᠎ᠠ ᠬᠢᠨ᠎ᠡ︔ ᠰᠤᠷᠭᠠᠭᠤᠯᠢ ᠶᠢᠨ ᠭᠠᠳᠠᠨᠠᠬᠢ | ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠤᠤᠭᠤᠬᠤ ᠤᠰᠤᠨ ᠤ ᠠᠮᠤᠷ ᠲᠦᠪᠰᠢᠨ ᠢ ᠬᠢᠨᠠᠨ ᠬᠠᠮᠢᠶᠠᠷᠤᠨ᠎ᠠ︔ ᠢᠳᠡᠭᠡᠨ ᠤ ᠬᠤᠤᠷᠳᠠᠯᠭ᠎ᠠ ᠭᠠᠷᠤᠭᠰᠠᠨ | ᠦᠶ᠎ᠡ ᠳᠤ᠂ ᠡᠪᠡᠳᠴᠢᠲᠡᠨ ᠢ ᠴᠠᠭ ᠲᠤᠬᠠᠶ ᠳᠤᠨᠢ ᠡᠮᠴᠢᠯᠡᠬᠦᠯᠬᠦ ᠶᠢᠨ ᠬᠠᠮᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠬᠢᠨ᠎ᠡ᠃ | ︵ᠲᠦᠷᠪᠡ︶ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠢᠭᠤᠯᠤᠯᠲᠠ ᠶᠢᠨ ᠲᠣᠪᠴᠢᠶ᠎ᠠ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠡᠵᠡᠩᠨᠡᠯᠲᠡ ᠶᠢᠨ ᠭᠠᠵᠠᠷ ᠲᠠᠯᠠᠪᠤᠷ ᠤᠨ ᠪᠠᠷᠢᠯᠭ᠎ᠠ ᠶᠢᠨ | ᠶᠠᠰᠤ ᠴᠢᠨᠠᠷ ᠪᠠ ᠭᠡᠷ ᠪᠠᠶᠢᠰᠢᠩ ᠤᠨ ᠠᠮᠤᠷ ᠲᠦᠪᠰᠢᠨ ᠤ ᠪᠠᠶᠢᠳᠠᠯ ᠳᠤ ᠬᠢᠨᠠᠯᠲᠠ ᠬᠠᠮᠢᠶᠠᠷᠤᠯᠲᠠ ᠬᠢᠬᠦ ᠶᠢ ᠬᠠᠷᠢᠭᠤᠴᠠᠵᠤ᠂ ᠠᠮᠤᠷ ᠲᠦᠪᠰᠢᠨ ᠤ ᠳᠠᠯᠳᠠ ᠭᠡᠮ | ᠣᠷᠣᠰᠢᠵᠤ ᠪᠠᠶᠢᠪᠠᠯ᠂ ᠬᠠᠮᠢᠶ᠎ᠠ ᠪᠦᠬᠦᠢ ᠨᠢᠭᠡᠴᠡ ᠶᠢᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠬᠤ ᠶᠢ ᠰᠢᠮᠳᠠᠭᠤᠯᠤᠨ ᠵᠣᠬᠢᠴᠠᠭᠤᠯᠬᠤ ᠶᠢ ᠬᠠᠷᠢᠭᠤᠴᠠᠨ᠎ᠠ︔ | ᠭᠠᠯ ᠤᠨᠲᠠᠷᠠᠭᠠᠬᠤ ᠶᠢ ᠰᠢᠯᠭᠠᠨ ᠠᠪᠬᠤ ᠬᠡᠷᠡᠭᠲᠡᠶ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠠᠯ ᠤᠨᠲᠠᠷᠠᠭᠠᠬᠤ ᠵᠢᠷᠤᠭ | ᠲᠥᠯᠥᠪᠯᠡᠭᠡ ᠶᠢ ᠬᠢᠨᠠᠨ ᠪᠠᠶᠢᠴᠠᠭᠠᠬᠤ᠂ ᠭᠠᠯ ᠤᠨᠲᠠᠷᠠᠭᠠᠬᠤ ᠶᠢ ᠰᠢᠯᠭᠠᠨ ᠠᠪᠬᠤ᠂ ᠳᠠᠩᠰᠠᠯᠠᠭᠤᠯᠬᠤ ᠶᠢ ᠰᠤᠭᠤᠴᠢᠨ ᠪᠠᠶᠢᠴᠠᠭᠠᠬᠤ ᠪᠠ ᠭᠠᠯ ᠤᠨᠲᠠᠷᠠᠭᠠᠬᠤ ᠠᠮᠤᠷ | ᠲᠦᠪᠰᠢᠨ ᠤ ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ | ︵ᠲᠠᠪᠤ︶ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠡᠵᠡᠩᠨᠡᠭᠴᠢ ᠵᠢᠴᠢ ᠠᠵᠢᠯ ᠡᠷᠭᠢᠯᠡᠭᠰᠡᠳ ᠲᠤ ᠪᠡᠶ᠎ᠡ ᠶᠢᠨ ᠭᠠᠷᠤᠯ ᠤᠨ ᠬᠢᠨᠠᠨ | ᠪᠠᠶᠢᠴᠠᠭᠠᠯᠲᠠ ᠬᠢᠬᠦ ᠶᠢ ᠬᠠᠷᠢᠭᠤᠴᠠᠨ᠎ᠠ︔ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠳᠣᠲᠣᠭᠠᠳᠤ ᠶᠢᠨ | ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠶᠢ ᠬᠠᠷᠢᠭᠤᠴᠠᠨ ᠪᠠᠶᠢᠴᠠᠭᠠᠵᠤ᠂ ᠵᠢᠯᠣᠭᠤᠳᠬᠤ ᠶᠢ ᠬᠠᠷᠢᠭᠤᠴᠠᠨ᠎ᠠ︔ ᠬᠠᠮᠢᠶ᠎ᠠ ᠪᠦᠬᠦᠢ ᠰᠠᠯᠠᠭ᠎ᠠ | ᠮᠥᠴᠢᠷ ᠲᠠᠢ ᠬᠠᠮᠵᠢᠯᠴᠠᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠵᠢᠷᠤᠮᠵᠢᠭᠤᠯᠤᠨ ᠴᠡᠭᠴᠡᠯᠡᠨ ᠵᠠᠰᠠᠬᠤ ᠠᠵᠢᠯ ᠢ ᠰᠠᠶᠢᠲᠤᠷ | ᠬᠢᠨ᠎ᠡ︔ ᠨᠠᠶᠢᠳᠠᠨ ᠬᠠᠮᠢᠶᠠᠷᠤᠭᠤᠯᠬᠤ ᠶᠢᠨ ᠰᠤᠷᠤᠭᠴᠢᠳ ᠤᠨ ᠪᠡᠶ᠎ᠡ ᠮᠠᠬᠠᠪᠣᠳ ᠡᠳ᠋ ᠬᠥᠷᠥᠩᠭᠡ ᠶᠢᠨ ᠠᠮᠤᠷ ᠲᠦᠪᠰᠢᠨ ᠳᠤ ᠬᠠᠯᠳᠠᠭᠰᠠᠨ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠬᠠᠷᠢᠭᠤᠴᠠᠨ᠎ᠠ᠃ | ︵ᠵᠢᠷᠭᠤᠭ᠎ᠠ︶ ᠲᠣᠭᠤᠷᠢᠭ ᠤᠨ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠶᠡᠷᠦᠩᠬᠡᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠱᠤᠤᠭᠢᠶᠠᠨ᠂ ᠲᠣᠰᠣ ᠤᠲᠤᠭᠠᠨ ᠤ ᠪᠣᠬᠢᠷᠲᠤᠯ ᠵᠡᠷᠭᠡ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠷᠢᠭᠤᠴᠠᠨ᠎ᠠ᠃ | ︵ᠳᠤᠯᠤᠭ᠎ᠠ︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠠᠶᠤᠯᠬᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠡᠷᠬᠡ ᠲᠤᠰᠢᠶᠠᠯ ᠢ ᠢᠶᠠᠨ ᠬᠠᠤᠯᠢ ᠶᠣᠰᠣᠭᠠᠷ ᠬᠡᠷᠡᠭᠵᠢᠭᠦᠯᠬᠦ ᠶᠢ ᠬᠠᠷᠢᠭᠤᠴᠠᠨ᠎ᠠ᠃ | ︵ᠨᠠᠢᠮᠠ︶ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠭᠠᠯ ᠢ ᠰᠡᠷᠬᠡᠶᠢᠯᠡᠬᠦ ᠳᠤ ᠬᠢᠨᠠᠯᠲᠠ ᠲᠠᠯᠪᠢᠵᠤ ᠪᠠᠶᠢᠴᠠᠭᠠᠬᠤ | ᠠᠵᠢᠯ ᠥᠷᠨᠢᠭᠦᠯᠬᠦ ᠶᠢ ᠬᠠᠷᠢᠭᠤᠴᠠᠵᠤ᠂ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠨᠡᠭᠡᠭᠡᠨ ᠬᠢᠭᠰᠡᠳ ᠢ ᠰᠢᠮᠳᠠᠭᠤᠯᠵᠤ ᠪᠠᠶᠢᠭᠠᠳ ᠭᠠᠯ ᠢ ᠰᠡᠷᠬᠡᠶᠢᠯᠡᠬᠦ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ︔ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠶᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠳᠤ ᠠᠵᠢᠯᠯᠠᠭᠰᠠᠳ ᠤᠨ ᠭᠠᠯ ᠤᠨᠲᠠᠷᠠᠭᠠᠬᠤ ᠮᠡᠳᠡᠯᠭᠡ᠂ ᠮᠡᠷᠭᠡᠵᠢᠯ ᠴᠢᠳᠠᠪᠤᠷᠢ ᠶᠢᠨ ᠤᠬᠠᠭᠤᠯᠭ᠎ᠠ ᠬᠥᠮᠦᠵᠢᠯ ᠤᠨ | ᠪᠣᠯᠪᠠᠰᠤᠷᠠᠭᠤᠯᠤᠯ ᠢ ᠴᠢᠩᠭᠠᠳᠬᠠᠬᠤ ᠶᠢ ᠬᠠᠷᠢᠭᠤᠴᠠᠨ ᠵᠢᠯᠣᠭᠤᠳᠤᠨ᠎ᠠ︔ ᠪᠠᠶᠢᠷᠢ ᠳᠤ ᠰᠠᠭᠤᠬᠤ ᠣᠷᠣ ᠶᠢᠨ ᠲᠤᠭ᠎ᠠ ᠨᠢ 50 ᠠᠴᠠ ᠳᠡᠬᠡᠭᠰᠢᠬᠢ ᠰᠤᠷᠭᠠᠭᠤᠯᠢ ᠶᠢᠨ | ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠯᠲᠠ ᠬᠠᠮᠢᠶᠠᠷᠤᠯᠲᠠ ᠶᠠᠪᠤᠭᠤᠯᠤᠨ᠎ᠠ᠃ | ︵ᠶᠢᠰᠦ︶ ᠡᠯ᠎ᠡ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ | ᠬᠠᠷᠢᠶ᠎ᠠ ᠣᠷᠣᠨ ᠤ ᠳᠣᠲᠣᠷᠠᠬᠢ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠪᠠᠶᠢᠳᠠᠯ ᠢ ᠤᠶᠢᠯᠠᠭᠠᠨ | ᠵᠢᠭᠰᠠᠭᠠᠨ ᠪᠠᠶᠢᠴᠠᠭᠠᠬᠤ᠂ ᠳᠡᠩᠰᠡᠯᠡᠨ ᠳᠡᠪᠲᠡᠷᠯᠡᠬᠦ ᠶᠢ ᠬᠠᠷᠢᠭᠤᠴᠠᠵᠤ᠂ ︽ᠨᠢᠭᠡ ᠪᠠᠶᠢᠭᠤᠯᠤᠮᠵᠢ᠂ ᠨᠢᠭᠡ ᠡᠬᠡ ᠲᠠᠩᠰᠠ︾ ᠶᠢ ᠴᠢᠩᠭ᠎ᠠ ᠬᠦᠢᠴᠡᠳᠬᠡᠨ᠎ᠡ︔ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠢ ᠬᠠᠮᠵᠢᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠬᠢᠵᠦ᠂ ᠬᠠᠤᠯᠢ ᠪᠤᠰᠤ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠬᠠᠮᠵᠢᠨ ᠪᠠᠶᠢᠴᠠᠭᠠᠨ ᠰᠢᠢᠳᠪᠤᠷᠢᠯᠡᠵᠤ᠂ | ᠬᠦᠴᠦᠨ ᠥᠬᠡᠶ ᠪᠣᠯᠭᠠᠨ᠎ᠠ᠃ | ᠪᠤᠰᠤᠳ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠨᠢ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠰᠤᠷᠤᠭᠴᠢᠳ ᠤᠨ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢᠶᠠᠨ ᠬᠠᠤᠯᠢ ᠶᠣᠰᠣᠭᠠᠷ ᠰᠠᠶᠢᠲᠤᠷ ᠬᠢᠬᠦ | ᠬᠡᠷᠡᠭᠲᠡᠶ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠴᠢᠩᠭᠠᠳᠬᠠᠬᠤ ᠬᠡᠷᠡᠭᠲᠡᠢ | ᠡᠯ᠎ᠡ ᠪᠠᠯᠭᠠᠰᠤ᠂ ᠵᠡᠭᠡᠯᠢ ᠭᠤᠳᠤᠮᠵᠢ ᠪᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ | ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠤᠨ᠂ ᠬᠢᠨᠠᠨ | ᠬᠠᠮᠢᠶᠠᠷᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠰᠬᠠᠶ ᠬᠥᠮᠦᠨ ᠢᠶᠠᠷ ᠬᠠᠷᠢᠭᠤᠴᠠᠭᠤᠯᠬᠤ ᠶᠢ ᠲᠣᠳᠣᠷᠬᠠᠶᠢᠯᠠᠨ᠂ ᠡᠭᠦᠷᠭᠡ ᠬᠠᠷᠢᠭᠤᠴᠠᠯᠭ᠎ᠠ ᠪᠠᠨ | ᠬᠢᠨᠠᠮᠠᠭᠠᠶ ᠭᠦᠢᠴᠡᠳᠬᠡᠵᠦ᠂ ᠡᠯ᠎ᠡ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠳᠡᠢ | ᠡᠯ᠎ᠡ ᠪᠠᠯᠭᠠᠰᠤ᠂ ᠵᠡᠭᠡᠯᠢ ᠭᠤᠳᠤᠮᠵᠢ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠰᠤᠷᠭᠠᠭᠤᠯᠢ ᠡᠬᠢᠯᠡᠬᠦ ᠠᠴᠠ | ᠡᠮᠦᠨ᠎ᠡ ᠬᠤᠶᠢᠨᠠᠬᠢ 1 ᠰᠠᠷ᠎ᠠ ᠶᠢᠨ ᠳᠣᠲᠣᠷ᠎ᠠ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ᠨᠢᠭᠡ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠶᠢ | ᠥᠷᠨᠢᠭᠦᠯᠵᠦ᠂ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠳᠤ ᠨᠡᠶᠢᠳᠡᠮ ᠪᠠᠶᠢᠴᠠᠭᠠᠯᠲᠠ ᠬᠢᠵᠦ᠂ | ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠬᠠᠷᠠᠭᠠᠯᠵᠠᠭᠰᠠᠨ ᠪᠦᠷᠢᠯᠳᠦᠬᠦᠨ ᠨᠢᠭᠡᠴᠡ ᠠᠴᠠ ᠵᠠᠷᠯᠢᠭᠳᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ | ᠬᠠᠮᠢᠶ᠎ᠠ ᠪᠥᠬᠦᠶ ᠠᠰᠠᠭᠤᠳᠠᠯ ᠤᠨ ᠡᠬᠡ ᠲᠠᠩᠰᠠ ᠶᠢ ᠪᠠᠶᠢᠭᠤᠯᠬᠤ ᠬᠡᠷᠡᠭᠲᠡᠶ᠃ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠮᠳᠠᠭᠤᠯᠤᠨ | ᠪᠠᠶᠢᠴᠠᠭᠠᠬᠤ ᠲᠠᠰᠤᠭ ᠠᠴᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠢᠴᠢ ᠡᠬᠡ ᠲᠠᠩᠰᠠ ᠪᠠᠶᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ | ᠰᠢᠮᠳᠠᠭᠤᠯᠤᠨ ᠪᠠᠶᠢᠴᠠᠭᠠᠵᠤ᠂ ᠰᠤᠷᠤᠭᠴᠢᠳ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃ | ︵ᠭᠤᠷᠪᠠ︶ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠳᠡᠢ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠣᠭᠲᠠᠮᠠᠯ ᠬᠤᠭᠤᠴᠠᠭ᠎ᠠ ᠲᠠᠢ ᠪᠠᠷ ᠡᠵᠡᠩᠨᠡᠯᠲᠡ ᠶᠢᠨ ᠦᠨᠡᠮᠯᠡᠯ ᠪᠠ ︽ᠣᠷᠳᠣᠰ | ᠬᠤᠲᠠ ᠶᠢᠨ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠬᠤᠭᠤᠯᠠᠨ ᠭᠡᠷ ᠤᠨ ᠢᠳᠡᠭᠡᠨ ᠤ ᠵᠦᠢᠯ ᠤᠨ ᠠᠮᠤᠷ ᠲᠦᠪᠰᠢᠨ ᠤ ᠳᠠᠩᠰᠠᠯᠠᠭᠤᠯᠤᠭᠰᠠᠨ ᠦᠨᠡᠮᠯᠡᠯ︾ | ᠲᠠᠢ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠨᠡᠷᠡᠰ ᠢ ᠡᠯ᠎ᠡ ᠬᠤᠯᠪᠣᠭᠳᠠᠯ ᠪᠥᠬᠦᠶ ᠡᠭᠦᠷᠭᠡ ᠴᠢᠳᠠᠪᠤᠷᠢᠲᠤ ᠰᠠᠯᠠᠭ᠎ᠠ | ᠮᠥᠴᠢᠷ ᠲᠤ ᠬᠦᠷᠭᠡᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠶᠠᠪᠤᠳᠠᠯ ᠤᠨ ᠳᠤᠮᠳᠠᠬᠢ ᠪᠠ ᠠᠵᠢᠯ ᠶᠠᠪᠤᠳᠠᠯ ᠤᠨ ᠳᠠᠷᠠᠭᠠᠬᠢ ᠬᠢᠨᠠᠯᠲᠠ | ᠬᠠᠮᠢᠶᠠᠷᠤᠯᠲᠠ ᠪᠠᠨ ᠴᠢᠩᠭᠠᠷᠠᠭᠤᠯᠤᠨ᠂ ᠬᠠᠤᠯᠢ ᠴᠠᠭᠠᠵᠠ ᠬᠠᠤᠯᠢ ᠲᠣᠭᠲᠠᠭᠠᠯ᠂ ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠲᠣᠳᠣᠷᠬᠠᠶᠢᠯᠠᠭᠰᠠᠨ ᠬᠢᠨᠠᠨ | ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠵᠦᠢᠯᠡᠰ ᠢ ᠴᠢᠩᠭ᠎ᠠ ᠵᠢᠷᠤᠮᠯᠠᠨ᠂ ᠬᠠᠤᠯᠢ ᠲᠣᠭᠲᠠᠭᠠᠯ ᠶᠣᠰᠣᠭᠠᠷ ᠡᠳᠦᠷ ᠲᠤᠲᠤᠮ ᠤᠨ ᠬᠢᠨᠠᠯᠲᠠ | ᠬᠠᠮᠢᠶᠠᠷᠤᠯᠲᠠ ᠪᠠᠨ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠪᠠᠯᠠᠶ ᠣᠷᠣᠨ ᠭᠠᠷᠬᠤ ᠶᠢ ᠰᠡᠷᠭᠡᠶᠢᠯᠡᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ | ᠰᠠᠬᠢᠬᠤ ᠬᠡᠷᠡᠭᠲᠡᠶ᠃ | ︵ᠲᠦᠷᠪᠡ︶ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠳᠡᠢ | ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠪᠦᠷᠢᠳᠬᠡᠯᠬᠡᠬᠦ᠂ ᠬᠢᠨᠠᠨ ᠵᠥᠪᠰᠢᠶᠡᠷᠡᠬᠦ ᠪᠠ ᠳᠠᠩᠰᠠᠯᠠᠭᠤᠯᠬᠤ ᠦᠶ᠎ᠡ ᠳᠤ ᠬᠤᠳᠠᠯ | ᠬᠡᠯᠡᠵᠦ ᠬᠠᠭᠤᠷᠮᠠᠭ ᠢᠶᠠᠷ ᠵᠣᠬᠢᠶᠠᠬᠤ ᠪᠤᠶᠤ ᠢᠳᠡᠭᠡᠨ ᠤ ᠵᠦᠢᠯ ᠤᠨ ᠠᠮᠤᠷ ᠲᠦᠪᠰᠢᠨ᠂ ᠭᠡᠷ ᠪᠠᠶᠢᠰᠢᠩ ᠤᠨ ᠠᠮᠤᠷ ᠲᠦᠪᠰᠢᠨ᠂ ᠭᠠᠯ ᠢ ᠰᠡᠷᠬᠡᠶᠢᠯᠡᠬᠦ | ᠬᠠᠮᠢᠶᠠᠷᠤᠯᠲᠠ᠂ ᠡᠷᠡᠭᠦᠯ ᠬᠠᠮᠠᠭᠠᠯᠠᠯ ᠬᠢᠵᠢᠭ ᠢ ᠰᠡᠷᠭᠡᠶᠢᠯᠡᠬᠦ ᠵᠡᠷᠭᠡ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ | ᠵᠠᠷᠯᠢᠭᠳᠠᠵᠤ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠤᠶᠤ ᠱᠠᠭᠠᠷᠳᠠᠯᠭ᠎ᠠ ᠶᠣᠰᠣᠭᠠᠷ ᠴᠡᠭᠴᠡᠯᠡᠨ | ᠰᠠᠶᠢᠵᠢᠷᠠᠭᠤᠯᠤᠭᠰᠠᠨ ᠦᠭᠡᠢ ᠪᠠᠶᠢᠪᠠᠯ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠰᠤᠷᠭᠠᠭᠤᠯᠢ ᠶᠢᠨ ᠭᠠᠳᠠᠨᠠᠬᠢ ᠨᠠᠶᠢᠳᠠᠨ | ᠬᠠᠮᠢᠶᠠᠷᠤᠭᠤᠯᠬᠤ ᠪᠠᠶᠢᠭᠤᠯᠤᠮᠵᠢ ᠶᠢᠨ ᠬᠠᠮᠢᠶᠠᠷᠤᠯᠲᠠ ᠶᠢᠨ ᠠᠵᠢᠯ ᠳᠤᠮᠳᠠ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠬᠡᠶ᠂ ᠬᠢᠨᠠᠯᠲᠠ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠥᠬᠡᠶ᠂ ᠰᠢᠢᠳᠪᠦᠷᠢᠯᠡᠭᠰᠡᠨ ᠨᠢ ᠵᠣᠬᠢᠰ ᠥᠬᠡᠶ ᠠᠴᠠ ᠪᠣᠯᠵᠣ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ | ᠪᠠᠶᠢᠭᠤᠯᠤᠮᠵᠢ ᠳᠤ ᠠᠮᠤᠷ ᠲᠦᠪᠰᠢᠨ ᠤ ᠠᠳᠡᠯ ᠭᠠᠷᠤᠭᠰᠠᠨ ᠪᠤᠶᠤ ᠬᠦᠨᠳᠦ ᠶᠡᠭᠡ ᠳᠠᠯᠳᠠ ᠬᠡᠮ ᠣᠷᠣᠰᠢᠵᠤ ᠪᠠᠶᠢᠪᠠᠯ᠂ ᠬᠤᠯᠪᠣᠭᠳᠠᠯ ᠪᠥᠬᠦᠶ ᠬᠠᠷᠢᠭᠤᠴᠠᠯᠭᠠᠲᠤ | ᠨᠢᠭᠡᠴᠡ ᠵᠢᠴᠢ ᠬᠠᠮᠢᠶ᠎ᠠ ᠪᠥᠬᠦᠶ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠬᠠᠤᠯᠢ ᠰᠠᠬᠢᠯᠭ᠎ᠠ ᠶᠣᠰᠣᠭᠠᠷ ᠨᠡᠬᠡᠮᠵᠢᠯᠡᠬᠦ ᠬᠡᠷᠡᠭᠲᠡᠶ᠃ | ︵ᠲᠠᠪᠤ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠬᠤ ᠬᠡᠷᠡᠭᠳᠡᠢ | ᠡᠯ᠎ᠡ ᠪᠠᠯᠭᠠᠰᠤ᠂ ᠵᠡᠭᠡᠯᠢ ᠭᠤᠳᠤᠮᠵᠢ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠸᠢᠴᠠᠲ᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢ | ᠭᠦᠢᠴᠡᠳ ᠠᠰᠢᠭᠯᠠᠨ᠂ ᠨᠡᠶᠢᠭᠡᠮ ᠤᠨ ᠣᠯᠠᠨ ᠨᠡᠶᠢᠲᠡ ᠳᠤ ᠰᠤᠷᠤᠭᠴᠢᠳ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠨᠡᠭᠡᠭᠡᠨ | ᠡᠷᠬᠢᠯᠡᠬᠦ ᠶᠢᠨ ᠵᠢᠷᠤᠮᠵᠢᠯ ᠢ ᠤᠬᠠᠭᠤᠯᠵᠤ᠂ ᠰᠣᠷᠣᠭᠴᠢ ᠶᠢᠨ ᠭᠡᠷ ᠤᠨ ᠠᠬᠠᠮᠠᠳ ᠢ ᠬᠥᠲᠥᠯᠦᠨ ᠵᠢᠯᠣᠭᠤᠳᠴᠤ ᠪᠠᠶᠢᠭᠠᠳ ᠵᠢᠷᠤᠮᠵᠢᠯ ᠳᠤ ᠨᠡᠶᠢᠴᠡᠭᠰᠡᠨ ᠨᠠᠶᠢᠳᠠᠨ | ᠬᠠᠮᠢᠶᠠᠷᠤᠭᠤᠯᠬᠤ ᠲᠠᠯᠠᠪᠤᠷ ᠰᠤᠩᠭᠤᠨ᠂ ᠥᠷᠭᠡᠨ ᠣᠯᠠᠨ ᠪᠠᠭᠰᠢ ᠰᠤᠷᠤᠭᠴᠢ᠂ ᠰᠣᠷᠣᠭᠴᠢ ᠶᠢᠨ ᠭᠡᠷ ᠤᠨ ᠠᠬᠠᠮᠠᠳ᠂ ᠨᠡᠶᠢᠭᠡᠮ ᠤᠨ ᠡᠯ᠎ᠡ ᠡᠲᠡᠭᠡᠳ ᠤᠨ ᠬᠢᠨ ᠢ | ᠳᠠᠶᠢᠴᠢᠯᠠᠨ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢ ᠵᠢᠷᠤᠮᠵᠢᠭᠤᠯᠤᠨ ᠬᠠᠮᠢᠶᠠᠷᠬᠤ ᠠᠵᠢᠯ ᠢ ᠢᠳᠡᠪᠬᠢᠲᠡᠶ ᠳᠡᠮᠵᠢᠭᠦᠯᠬᠦ ᠬᠡᠷᠡᠭᠲᠡᠶ᠃ ᠥᠷᠭᠡᠨ ᠣᠯᠠᠨ | ᠲᠦᠮᠡᠨ ᠤ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠭ᠎ᠠ ᠨᠠᠶᠢᠳᠠᠨ ᠬᠠᠮᠢᠶᠠᠷᠬᠤ ᠪᠠᠶᠢᠭᠤᠯᠤᠮᠵᠢ ᠳᠤ ᠬᠢᠨᠠᠯᠲᠠ ᠲᠠᠯᠪᠢᠬᠤ᠂ ᠢᠯᠡᠴᠢᠯᠡᠨ ᠮᠡᠳᠡᠭᠦᠯᠬᠦ᠂ | ᠬᠠᠮᠵᠢᠯᠴᠠᠨ ᠪᠠᠶᠢᠴᠠᠭᠠᠨ ᠰᠢᠢᠳᠪᠦᠷᠢᠯᠡᠬᠦ ᠶᠢ ᠵᠣᠷᠢᠭᠵᠢᠭᠤᠯᠤᠨ ᠬᠠᠮᠠᠭᠠᠯᠠᠵᠤ᠂ ︽ᠰᠤᠷᠤᠭᠴᠢᠳ ᠢ ᠨᠠᠶᠢᠳᠠᠨ ᠬᠠᠮᠢᠶᠠᠷᠤᠭᠤᠯᠬᠤ᠂ ᠰᠤᠷᠤᠭᠴᠢᠳ ᠤᠨ ᠠᠮᠤᠷ | ᠲᠦᠪᠰᠢᠨ ᠢ ᠪᠠᠲᠤᠯᠠᠬᠤ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠤᠯᠭᠠᠬᠤ ᠬᠡᠷᠡᠭᠳᠡᠢ᠃ | ᠳᠠᠭᠠᠯᠳᠤᠭᠤᠯᠤᠯ᠄ ᠳ᠋ᠦᠩᠱᠧᠩ ᠲᠣᠭᠤᠷᠢᠭ ᠤᠨ ᠰᠤᠷᠭᠠᠭᠤᠯᠢ ᠶᠢᠨ ᠭᠠᠳᠠᠨᠠᠬᠢ ᠨᠠᠶᠢᠳᠠᠨ ᠬᠠᠮᠢᠶᠠᠷᠤᠭᠤᠯᠬᠤ ᠪᠠᠶᠢᠭᠤᠯᠤᠮᠵᠢ ᠶᠢᠨ ᠬᠢᠨᠠᠨ ᠵᠦᠪᠰᠢᠶᠡᠷᠡᠵᠦ | ᠳᠠᠩᠰᠠᠯᠠᠨ ᠲᠡᠮᠳᠡᠭᠯᠡᠬᠦ ᠳᠡᠰ ᠳᠠᠷᠠᠭᠠᠯᠠᠯ | | | | |