ᠬᠠᠨ ᠱᠢ ᠶᠢᠨ
ᠨᠡᠶᠢᠲᠡᠯᠡᠭᠰᠡᠨ ᠴᠠᠭ᠄
2023/4/20
图片1.png
      ᠬᠠᠨ ᠱᠢ ᠶᠢᠨ᠂ ᠤᠤᠯ ᠨᠡᠷ᠎ᠡ ᠨᠢ ᠬᠠᠨ ᠹᠧᠩ᠂ ᠡᠷᠡᠭᠲᠡᠢ᠂ ᠬᠢᠲᠠᠳ ᠦᠨᠳᠦᠰᠦᠲᠡᠨ᠂ ᠱᠠᠨᠰᠢ ᠶᠢᠨ ᠹᠦ᠋ ᠭᠦ᠋ ᠶᠢᠨ ᠬᠥᠮᠥᠨ᠃ 1909 ᠣᠨ ᠤ 10 ᠰᠠᠷ᠎ᠠ ᠳᠤ ᠲᠦᠷᠦᠵᠠᠢ᠂ 1926 ᠣᠨ ᠳᠤ ᠬᠤᠪᠢᠰᠬᠠᠯ ᠳᠤ ᠣᠷᠣᠯᠴᠠᠵᠤ᠂ ᠲᠠᠷᠠᠭ᠎ᠠ ᠵᠢᠯ ᠨᠢ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠪᠠ᠂ ᠱᠠᠨᠪᠧᠢ  ᠶᠢᠨ  ᠱᠧᠨ ᠹᠦ᠋ ︵ᠰᠠᠶᠢᠨᠳᠣᠷ᠎ᠠ ᠹᠦ᠋ ᠭᠦ᠋︶ ᠶᠢᠨ ᠰᠣᠪᠢᠶᠠᠳ ᠣᠷᠣᠨ ᠤ ᠤᠯᠠᠭᠠᠨ ᠴᠡᠷᠢᠭ ᠤᠨ ᠭᠤᠷᠪᠠᠳᠤᠭᠠᠷ ᠬᠤᠷᠢᠶ᠎ᠠ ᠶᠢᠨ ᠱᠲ᠋ᠠᠪ ᠤᠨ ᠳᠠᠷᠤᠭ᠎ᠠ ᠪᠣᠯᠣᠨ᠎ᠠ᠃      ᠬᠠᠨ ᠱᠢ ᠶᠢᠨ ᠦᠦᠰᠢᠨ ᠬᠤᠰᠢᠭᠤᠨ ᠤ ︽ᠳᠣᠭᠤᠶᠢᠯᠠᠩ ᠤᠨ ᠬᠥᠳᠡᠯᠭᠡᠭᠡᠨ︾ ᠳᠤ ᠴᠢᠮᠡᠭᠡ ᠮᠡᠳᠡᠭᠡᠨ ᠤ ᠠᠵᠢᠯ ᠬᠢᠵᠦ ᠥᠩᠭᠡᠷᠡᠵᠡᠢ᠂ ᠱᠧᠨ ᠹᠦ᠋ ᠰᠣᠪᠢᠶᠠᠳ ᠣᠷᠣᠨ᠂ ᠤᠯᠠᠭᠠᠨ ᠴᠡᠷᠢᠭ ᠤᠨ ᠳᠣᠯᠣᠳᠤᠭᠠᠷ ᠰᠠᠯᠪᠤᠷᠢ ᠠᠩᠭᠢ ᠶᠢᠨ ᠳᠠᠷᠤᠭ᠎ᠠ ᠪᠥᠭᠡᠳ ᠤᠯᠤᠰ ᠲᠦᠷᠦ ᠶᠢᠨ ᠭᠡᠰᠢᠭᠦᠨ᠂ ᠤᠯᠠᠭᠠᠨ ᠭᠤᠷᠪᠠᠳᠤᠭᠠᠷ ᠬᠤᠷᠢᠶ᠎ᠠ ᠶᠢᠨ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠥᠩᠭᠡᠷᠡᠵᠡᠢ᠃ 1937 ᠣᠨ ᠤ ᠨᠠᠮᠤᠷ᠂  ᠲᠣᠭᠤᠷᠢᠮ ᠤᠨ ᠶᠠᠫᠤᠨ ᠢ ᠡᠰᠡᠷᠭᠦᠴᠡᠬᠦ ᠰᠠᠭᠤᠷᠢᠨ ᠭᠠᠵᠠᠷ ᠪᠣᠯᠣᠨ ᠲᠣᠭᠤᠷᠢᠮ ᠤᠨ ᠥᠪᠡᠷ ᠢ ᠪᠠᠨ ᠬᠠᠮᠠᠭᠠᠯᠠᠬᠤ ᠴᠡᠷᠢᠭ ᠢ ᠪᠠᠶᠢᠭᠤᠯᠬᠤ ᠳᠤ ᠣᠷᠣᠯᠴᠠᠵᠤ᠂ ᠲᠣᠭᠤᠷᠢᠮ ᠤᠨ ᠥᠪᠡᠷ ᠢ ᠪᠠᠨ ᠬᠠᠮᠠᠭᠠᠯᠠᠬᠤ ᠴᠡᠷᠢᠭ ᠤᠨ ᠱᠲ᠋ᠠᠪ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃ 1938 ᠣᠨ ᠳᠤ ᠰᠠ ᠲᠦᠸᠧ ᠶᠢᠨ ᠫᠠᠷᠲ᠋ᠢᠽᠠᠨ ᠠᠩᠭᠢ ᠶᠢᠨ ᠳᠠᠷᠤᠭ᠎ᠠ ᠪᠣᠯᠪᠠ᠃ 1946 ᠣᠨ ᠤ ᠨᠠᠮᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠪᠠᠷᠠᠭᠤᠨ ᠬᠡᠰᠡᠭ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠶᠢᠨ ᠲᠤᠰᠢᠶᠠᠯ ᠢ ᠬᠠᠷᠢᠭᠤᠴᠠᠵᠤ᠂ ᠰᠡᠭᠦᠯᠡᠷ ᠨᠢ ᠪᠠᠰᠠ ᠮᠣᠩᠭᠤᠯ ᠬᠢᠲᠠᠳ ᠰᠠᠯᠪᠤᠷᠢ ᠠᠩᠭᠢ ᠶᠢᠨ ᠶᠡᠭᠡ ᠠᠩᠭᠢ ᠶᠢᠨ ᠳᠠᠷᠤᠭ᠎ᠠ᠂ ᠤᠯᠤᠰ ᠲᠦᠷᠦ ᠶᠢᠨ ᠭᠡᠰᠢᠭᠦᠨ ᠤ ᠲᠤᠰᠢᠶᠠᠯ ᠢ ᠬᠠᠷᠢᠭᠤᠴᠠᠪᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠶᠡᠭᠡ ᠵᠤᠤ ᠠᠶᠢᠮᠠᠭ ᠤᠨ ᠨᠠᠮ ᠤᠨ ᠬᠤᠷᠢᠶ᠎ᠠ ᠪᠠᠶᠢᠭᠤᠯᠤᠭᠳᠠᠭᠰᠠᠨ ᠤ ᠲᠠᠷᠠᠭ᠎ᠠ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠪᠠ᠃      1950 ᠣᠨ ᠤ ᠡᠬᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠠᠶᠢᠮᠠᠭ ᠤᠨ ᠨᠠᠮ ᠤᠨ ᠬᠤᠷᠢᠶᠠᠨ ᠤ ᠱᠦᠵᠢ ᠪᠥᠭᠡᠳ ᠥᠪᠥᠷ ᠮᠣᠩᠭᠤᠯ ᠤᠨ ᠮᠣᠷᠢᠲᠤ ᠴᠡᠷᠢᠭ ᠤᠨ ᠳᠥᠷᠪᠡᠳᠦᠭᠡᠷ ᠳ᠋ᠢᠸᠢᠽᠢ ᠶᠢᠨ ᠤᠯᠤᠰ ᠲᠦᠷᠦ ᠶᠢᠨ ᠭᠡᠰᠢᠭᠦᠨ ᠤ ᠲᠤᠰᠢᠶᠠᠯ ᠢ ᠬᠠᠷᠢᠭᠤᠴᠠᠪᠠ᠃ ᠰᠦᠢᠶᠤᠸᠠᠨ ᠮᠤᠵᠢ ᠶᠢᠨ ᠨᠠᠮ ᠤᠨ ᠬᠤᠷᠢᠶᠠᠨ ᠤ ᠭᠡᠰᠢᠭᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭᠠᠨ ᠤ ᠲᠢᠩᠬᠢᠮ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠤ ᠦᠢᠯᠡᠳᠪᠦᠷᠢ ᠶᠢᠨ ᠬᠡᠯᠲᠡᠰ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠡᠳ᠋ ᠡᠷᠬᠢᠯᠡᠭᠴᠢ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠣᠷᠣᠨ ᠤ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠶᠢᠨ ᠲᠣᠰᠢᠶᠠᠯ ᠢ ᠲᠣᠰ ᠲᠣᠰ ᠬᠠᠷᠢᠭᠤᠴᠠᠪᠠ᠃ 1980 ᠣᠨ ᠳᠤ ᠠᠵᠢᠯ ᠠᠴᠠ ᠪᠠᠨ ᠠᠮᠠᠷᠠᠵᠤ᠂ ᠳᠡᠳ᠋ ᠮᠤᠵᠢ ᠶᠢᠨ ᠲᠡᠰ ᠤᠨ ᠬᠠᠷᠠᠭᠠᠯᠵᠠᠯ ᠬᠦᠷᠲᠡᠵᠡᠢ᠃
ᠢᠷᠡᠯᠲᠡ᠄ ᠳᠤᠰ ᠰᠦᠯᠵᠢᠶ᠎ᠡ