ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠮᠤ ᠶᠠᠪᠤᠳᠠᠯ ᠤᠨ ᠳᠡᠮᠳᠡᠭᠯᠡᠯ  — 2023 ᠤᠨ ᠤ 1 ᠳ᠋ᠤᠬᠡᠷ ᠰᠠᠷ᠎ᠠ
ᠨᠡᠶᠢᠲᠡᠯᠡᠭᠰᠡᠨ ᠴᠠᠭ᠄
2023/4/3
      1 ᠰᠠᠷ᠎ᠠ ᠶᠢᠨ 2 ᠤᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠬᠤᠳᠠ ᠶᠢᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠳ᠋ᠦᠩᠱᠧᠩ ᠲᠣᠭᠤᠷᠢᠭ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠬᠢᠨᠠᠨ ᠵᠥᠪᠯᠡᠪᠡ᠃      1 ᠰᠠᠷ᠎ᠠ ᠶᠢᠨ 5 ᠤ ᠡᠳᠦᠷ᠂ ᠤᠯᠤᠰ ᠲᠥᠷᠥ ᠶᠢᠨ ᠵᠥᠪᠯᠡᠯᠭᠡᠨ ᠤ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠤᠳᠠᠭᠠᠨ ᠤ ᠬᠤᠷᠠᠯ ᠦᠪᠡᠳᠡᠭᠰᠢ ᠶᠡᠭᠡ ᠪᠠᠷ ᠡᠬᠢᠯᠡᠪᠡ᠃      1 ᠰᠠᠷ᠎ᠠ ᠶᠢᠨ 5 ᠤ ᠡᠳᠦᠷ᠂ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠪᠡᠯᠡᠳᠬᠡᠯ ᠬᠤᠷᠠᠯ ᠢ  ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠢ ᠡᠷᠬᠢᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ᠂ ᠸᠧᠢ ᠮᠦᠳᠡᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      1 ᠰᠠᠷ᠎ᠠ ᠶᠢᠨ 5 ᠤ ᠡᠳᠦᠷ᠂ ︽ᠬᠤᠶᠠᠷ ᠬᠤᠷᠠᠯ ᠤᠨ ᠲᠥᠯᠥᠭᠡᠯᠡᠭᠴᠢ ᠶᠢᠨ ᠵᠠᠮ︾ ᠢ ᠵᠢᠩᠬᠢᠨᠢ ᠪᠠᠷ ᠨᠡᠪᠳᠡᠷᠡᠬᠦᠯᠪᠡ᠃      1 ᠰᠠᠷ᠎ᠠ ᠶᠢᠨ 6 ᠤ ᠡᠳᠦᠷ᠂ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠤᠳᠠᠭᠠᠨ ᠤ ᠬᠤᠷᠠᠯᠳᠤᠭᠠᠨ ᠦᠪᠡᠳᠡᠭᠰᠢ ᠶᠡᠭᠡ ᠪᠠᠷ ᠡᠬᠢᠯᠡᠪᠡ᠃      1 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠰ ᠲᠣᠰ ᠵᠢᠩ ᠤᠣ ᠨᠡᠷᠡᠨ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠵᠢᠰᠢᠶ᠎ᠡ ᠳᠠᠭᠠᠭᠠᠮᠠᠯ ᠶᠠᠩ ᠠᠢ ᠴᠢᠩ᠂ ᠳ᠋ᠠ ᠯᠤ᠋ ᠰᠢ ᠸᠠᠩ ᠪᠠᠯᠠ ᠤᠷᠤᠭᠤᠯᠤᠯᠳᠠ  ᠶᠢᠨ ᠬᠦᠭᠵᠢᠯᠳᠡ ᠶᠢᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᠸᠠᠩ ᠸᠧᠨ ᠵᠢᠶᠠ ᠲᠠᠢ ᠠᠭᠤᠯᠵᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ  ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠬᠤᠲᠠ ᠶᠢᠨ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠵᠢᠴᠢ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠷᠢᠭᠤᠴᠠᠯᠭᠠᠳᠠᠳ ᠠᠭᠤᠯᠵᠠᠯᠲᠠ ᠳᠤ ᠣᠷᠣᠯᠴᠠᠪᠠ᠃      1 ᠰᠠᠷ᠎ᠠ ᠶᠢᠨ 6 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯ ᠤᠨ ᠬᠠᠮᠳᠤᠷᠠᠭᠰᠠᠨ ᠳᠤᠭᠤᠶᠢᠯᠠᠩ ᠤᠨ ᠶᠠᠷᠢᠯᠴᠠᠭᠠᠨ ᠤ ᠬᠤᠷᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠪᠠ᠃      1 ᠰᠠᠷ᠎ᠠ ᠶᠢᠨ 7 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠤ ᠪᠤᠷᠵᠠᠩᠨᠠᠭᠤᠷ ᠪᠠᠯᠭᠠᠰᠤᠨ ᠤ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠵᠤ᠂ ᠲᠥᠯᠥᠭᠡᠯᠡᠭᠴᠢᠳ ᠲᠠᠢ ᠬᠠᠮᠲᠤ ᠪᠠᠷ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠮᠡᠳᠡᠭᠦᠯᠦᠯᠲᠡ ᠪᠠ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠬᠢᠨᠠᠨ ᠵᠥᠪᠯᠡᠪᠡ᠃      1 ᠰᠠᠷ᠎ᠠ ᠶᠢᠨ 7 ᠤ ᠡᠳᠤᠷ᠂ ᠤᠯᠤᠰ ᠲᠦᠷᠤ ᠶᠢᠨ ᠵᠦᠪᠯᠡᠯᠭᠡᠨ ᠤ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯ ᠡᠯ᠎ᠠ ᠵᠦᠪᠯᠡᠭᠦ ᠵᠦᠢᠯ ᠢᠶᠠᠨ ᠲᠡᠭᠦᠰ ᠠᠮᠵᠢᠯᠳᠠ ᠲᠠᠢ ᠲᠠᠭᠤᠰᠬᠠᠵᠤ᠂ ᠠᠮᠵᠢᠯᠳᠠ ᠲᠠᠢ ᠲᠡᠭᠦᠰᠪᠠ᠃      1 ᠰᠠᠷ᠎ᠠ ᠶᠢᠨ 7 ᠤ ᠡᠳᠤᠷ᠂ ᠤᠷᠳᠤᠰ ᠬᠤᠳᠠ ᠶᠢᠨ ᠳ᠋ᠦᠡᠭᠱᠸᠡᠭ ᠲᠤᠭᠤᠷᠢᠭ ᠤᠨ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠣᠳᠠᠭᠠᠨ ᠤ ᠬᠤᠷᠠᠯᠳᠤᠭᠠᠨ ᠡᠯ᠎ᠠ ᠵᠦᠪᠯᠡᠭᠦ ᠵᠦᠢᠯ ᠢᠶᠠᠨ ᠲᠡᠭᠦᠰ ᠠᠮᠵᠢᠯᠳᠠ ᠲᠠᠢ ᠪᠡᠶᠡᠯᠡᠭᠦᠯᠵᠤ᠂ ᠠᠮᠵᠢᠯᠳᠠ ᠲᠠᠢ ᠲᠡᠭᠦᠰᠪᠡ᠃      1 ᠰᠠᠷ᠎ᠠ ᠶᠢᠨ 9 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠴᠢ ᠷᠦᠢ ᠬᠤᠪᠢ ᠡᠵᠡᠮᠳᠡᠭᠰᠡᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠶᠠᠨᠴᠢᠨ ᠤ ᠮᠠᠰᠢᠨ ᠲᠡᠷᠭᠡ ᠶᠢᠨ ᠲᠦᠷᠦᠯ ᠵᠦᠢᠯ  ᠢ ᠦᠬᠡᠷᠡᠴᠢᠯᠡᠵᠤ ᠥᠷᠭᠡᠳᠬᠡᠨ ᠪᠠᠶᠢᠭᠤᠯᠬᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠠᠨᠾᠦ᠋ᠢ ᠮᠤᠵᠢ ᠶᠢᠨ ᠡᠤ ᠬᠤ᠋ ᠬᠤᠲᠠ ᠳᠤ ᠠᠮᠵᠢᠯᠲᠠ ᠲᠠᠢ ᠶᠠᠪᠤᠭᠳᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ 86.2 ᠳ᠋ᠦᠩᠰᠢᠭᠤᠷ ᠲᠥᠭᠦᠷᠢᠭ ᠲᠤ ᠬᠦᠷᠴᠡᠶ᠃      1 ᠰᠠᠷ᠎ᠠ ᠶᠢᠨ 9 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠪᠠᠶᠠᠨᠮᠦ᠋ᠡᠭᠭᠡ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ᠂ ᠪᠤᠷᠵᠠᠩᠨᠠᠭᠤᠷ ᠪᠠᠯᠭᠠᠰᠤᠨ ᠤ ᠭᠤᠤᠯᠳᠠᠯᠭᠠᠳᠤ ᠡᠷᠡᠭᠦᠯ ᠬᠠᠮᠠᠭᠠᠯᠠᠯ ᠤᠨ ᠬᠤᠷᠢᠶ᠎ᠠ᠂ ᠴᠠᠶᠢᠳᠠᠮ ᠲᠤᠰᠬᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠠᠷ ᠭᠦᠨᠵᠡᠭᠡᠶᠢᠷᠡᠵᠤ᠂ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠡᠮᠴᠢᠯᠡᠵᠤ ᠠᠪᠤᠷᠠᠨ ᠵᠠᠰᠠᠬᠤ᠂ ᠡᠮ ᠤᠨ ᠵᠦᠢᠯᠡᠰ ᠤᠨ ᠪᠠᠳᠤᠯᠠᠭ᠎ᠠ᠂ ᠸᠠᠺᠼᠢᠨ ᠤ ᠲᠠᠷᠢᠯᠭ᠎ᠠ᠂ ᠦᠨᠳᠦᠰᠦᠨ ᠱᠠᠳᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯᠳᠠ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠠ᠃      1 ᠰᠠᠷ᠎ᠠ ᠶᠢᠨ 9 ᠤ ᠡᠳᠦᠷ᠂ ᠭᠤᠷᠪᠠᠳᠤᠭᠠᠷ ᠣᠳᠠᠭᠠᠨ ᠤ ︽ᠳᠤᠮᠳᠠᠳᠤ ᠤᠯᠤᠰ ᠤᠨ ᠠᠷᠠᠳ ᠤᠨ ᠴᠠᠭᠳᠠᠭ᠎ᠠ ᠶᠢᠨ ᠪᠠᠶᠠᠷ︾ ᠬᠦᠷᠴᠦ ᠢᠷᠡᠬᠦ ᠲᠠᠰᠢᠷᠠᠮ ᠢᠶᠠᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠣᠷᠳᠣᠰ ᠬᠤᠲᠠ ᠶᠢᠨ ᠳᠣᠲᠣᠭᠠᠳᠤ ᠶᠢ ᠬᠠᠮᠠᠭᠠᠯᠠᠬᠤ ᠳᠤᠪᠴᠢᠶᠠᠨ ᠤ ᠳ᠋ᠦᠩᠱᠧᠩ ᠤᠨ ᠬᠤᠪᠢᠶᠠᠷᠢ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶᠠᠨ ᠤ ᠣᠨᠴᠠ ᠴᠠᠭᠳᠠᠭᠠᠨ ᠤ ᠶᠡᠭᠡ ᠠᠩᠭᠢ᠂ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠳᠤᠪᠴᠢᠶᠠᠨ ᠤ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠬᠠᠮᠢᠶᠠᠷᠤᠯᠲᠠ ᠶᠢᠨ ᠲᠥᠪ᠂ ᠵᠢᠶᠧ ᠹᠠᠩ ᠵᠠᠮ ᠤᠨ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠵᠦ᠂ ᠨᠢᠭᠡᠳᠦᠭᠡᠷ ᠹᠷᠣᠨᠲ ᠤᠨ ᠳᠣᠲᠣᠭᠠᠳᠤ ᠶᠢ ᠬᠠᠮᠠᠭᠠᠯᠠᠬᠤ ᠠᠷᠠᠳ ᠤᠨ ᠲᠤᠰᠠᠯᠠᠬᠤ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠨᠢᠭᠡ ᠵᠢᠯ ᠤᠨ ᠲᠤᠷᠰᠢᠬᠢ ᠰᠢᠷᠭᠠᠭᠤ ᠠᠵᠢᠯᠯᠠᠭᠰᠠᠨ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠲᠡᠳᠡᠨ ᠳᠤ ᠪᠠᠶᠠᠷ ᠤᠨ ᠡᠳᠦᠷ ᠤᠨ ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃      1 ᠰᠠᠷ᠎ᠠ ᠶᠢᠨ 10 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ  ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠪᠦᠯᠬᠦᠮ ᠳᠠᠭᠠᠭᠤᠯᠤᠨ ᠨᠠᠨᠵᠢᠩ ᠤᠨ ᠦᠨᠳᠤᠷ ᠬᠤᠷᠳᠤᠴᠠᠳᠤ ᠠᠷᠠᠭᠠᠳᠤ ᠬᠦᠷᠳᠤ ᠦᠢᠯᠡᠳᠬᠦ ᠬᠢᠵᠠᠭᠠᠷᠲᠤ ᠺᠣᠮᠫᠠᠨᠢ ᠳᠤ ᠬᠦᠷᠴᠦ ᠰᠢᠨᠵᠢᠯᠡᠨ ᠦᠵᠡᠭᠰᠡᠨ ᠪᠥᠭᠡᠳ ᠲᠥᠷᠥᠯ ᠵᠦᠢᠯ ᠤᠨ ᠬᠠᠮᠲᠤᠷᠠᠯᠴᠠᠭᠠᠨ ᠤ ᠵᠥᠪᠳᠡᠯᠴᠡᠭᠡ ᠬᠢᠪᠠ᠃      1 ᠰᠠᠷ᠎ᠠ ᠶᠢᠨ10 ᠤ ᠡᠳᠦᠷ᠂ ᠳ᠋ᠦᠩᠱᠧᠩ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ 2023 ᠣᠨ ᠤ ᠠᠩᠬᠠᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃      1 ᠰᠠᠷ᠎ᠠ ᠶᠢᠨ 10 ᠤ ᠡᠳᠦᠷ᠂ 2023 ᠣᠨ ᠳᠤ ᠠᠩᠬᠠᠳᠠᠭᠴᠢ ᠣᠳᠠᠭᠠᠨ ᠤ ᠪᠥᠬᠦ ᠬᠤᠲᠠ ᠶᠢᠨ ᠵᠠᠰᠠᠭ ᠤᠨ ᠣᠷᠳᠣᠨ ᠮᠥᠩᠭᠦᠨ ᠭᠦᠢᠯᠭᠡᠭᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠳ᠋ᠦᠩᠱᠧᠩ ᠲᠣᠭᠤᠷᠢᠭ ᠲᠤ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠸᠢ ᠯᠦ᠂ ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠷᠭᠠᠯᠳᠤ ᠬᠤᠷᠠᠯ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃      1 ᠰᠠᠷ᠎ᠠ ᠶᠢᠨ 11 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠥᠳᠡᠭᠡ ᠲᠣᠰᠬᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠡᠮᠴᠢᠯᠡᠭᠡᠨ ᠤ ᠠᠪᠤᠷᠠᠯᠳᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ᠃      1 ᠰᠠᠷ᠎ᠠ ᠶᠢᠨ 11 ᠤ ᠡᠳᠦᠷ᠂ ᠳ᠋ᠦᠡᠭᠱᠸᠡᠭ ᠲᠤᠭᠤᠷᠢᠭ ᠤᠨ ᠵᠠᠰᠠᠭ ᠤᠨ ᠤᠷᠳᠤᠨ 2023 ᠤᠨ ᠤ 1 ᠰᠠᠷ᠎ᠠ ᠶᠢᠨ ᠨᠠᠮ ᠤᠨ ᠤᠳᠤᠷᠢᠳᠬᠤ ᠲᠤᠭᠤᠶᠢᠯᠠᠩ ᠤᠨ ᠬᠤᠷᠠᠯ ᠵᠢᠴᠢ ᠤᠨᠤᠯ ᠰᠤᠷᠤᠯᠴᠠᠬᠤ ᠭᠤᠤᠯ ᠲᠤᠭᠤᠶᠢᠯᠠᠩ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      1 ᠰᠠᠷ᠎ᠠ ᠶᠢᠨ 12 ᠤᠨ ᠡᠳᠤᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      1 ᠰᠠᠷ᠎ᠠ ᠶᠢᠨ 12 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠵᠢᠩ ᠤᠣ ᠲᠥᠷᠥᠯ ᠵᠦᠢᠯ᠂ ᠴᠠᠩ ᠱᠧᠩ ᠨᠡᠭᠦᠷᠡᠰᠦᠲᠥ᠋ᠷᠥᠭᠴᠢ ᠶᠢᠨ ᠰᠢᠷᠬᠡᠭᠯᠢᠭ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠲᠥᠷᠥᠯ ᠵᠦᠢᠯ᠂ ᠵᠥᠩ ᠴᠧ ᠪᠦᠬᠦᠯᠢ ᠮᠠᠰᠢᠨ ᠤ ᠰᠠᠶ᠎ᠠ ᠸᠠᠲ ᠶᠢᠨ ᠤᠶᠤᠨᠲᠤ ᠰᠠᠯᠬᠢᠨ ᠬᠦᠴᠦᠨ ᠤ ᠮᠠᠰᠢᠨ ᠤ ᠶᠡᠷᠦᠩᠬᠡᠶ ᠤᠭᠰᠠᠷᠠᠬᠤ ᠰᠠᠭᠤᠷᠢᠨ ᠭᠠᠵᠠᠷ ᠤᠨ ᠲᠥᠷᠥᠯ ᠵᠦᠢᠯ᠂ ᠵᠦᠵᠸᠤ ᠶᠢᠨ ᠴᠠᠭ ᠦᠶ᠎ᠡ ᠶᠢᠨ ᠰᠢᠨ᠎ᠡ ᠮᠠᠲ᠋ᠧᠷᠢᠶᠠᠯ ᠤᠨ ᠵᠠᠭᠤᠨ ᠮᠧᠲᠷ ᠤᠨ ᠲᠠᠰ ᠤᠨ ᠨᠠᠪᠴᠢᠨ ᠢᠯᠳᠠᠰᠤ ᠶᠢᠨ ᠦᠢᠯᠡᠳᠪᠦᠷᠢᠯᠡᠯ ᠤᠨ ᠲᠥᠷᠥᠯ ᠵᠦᠢᠯ᠂ ᠴᠢ ᠷᠦᠢ ᠠᠶᠠᠨᠴᠢᠨ ᠤ ᠮᠠᠰᠢᠨ ᠢ ᠥᠭᠡᠷᠡᠴᠢᠯᠡᠨ ᠥᠷᠭᠡᠳᠬᠡᠨ ᠪᠠᠶᠢᠭᠤᠯᠬᠤ ᠲᠥᠷᠥᠯ ᠵᠦᠢᠯ᠂ ᠴᠥᠩ ᠵᠢᠶ ᠵᠢᠭᠠᠨ ᠰᠤᠷᠭᠠᠯᠳᠠ ᠶᠢᠨ ᠭᠠᠵᠠᠷ ᠬᠥᠷᠥᠩᠭᠡ ᠵᠡᠷᠭᠡ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃      1 ᠰᠠᠷ᠎ᠠ ᠶᠢᠨ 13 ᠤ ᠡᠳᠦᠷ᠂ ᠳ᠋ᠦᠡᠭᠱᠸᠡᠭ ᠲᠤᠭᠤᠷᠢᠭ ᠲᠤ 2023 ᠤᠨ ᠤ ᠴᠠᠭᠠᠨ ᠰᠠᠷ᠎ᠠ ᠶᠢᠨ ᠴᠠᠶᠢᠯᠠᠯᠭ᠎ᠠ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ  ᠤ ᠱᠦᠵᠢ ᠭᠤᠤ ᠢ ᠳ᠋ᠦᠩ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ  ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠳᠤᠷᠢᠳᠬᠤ ᠪᠠᠭ ᠤᠨ ᠭᠡᠰᠢᠭᠦᠨ᠂ ᠳ᠋ᠦᠩᠱᠧᠩ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠨᠠᠷ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠥᠮᠥᠰ ᠤᠨ ᠲᠥᠯᠥᠭᠡᠯᠡᠭᠴᠢᠳ ᠲᠠᠢ ᠨᠢᠭᠡ ᠲᠢᠩᠬᠢᠮ ᠳᠤ ᠴᠤᠭᠯᠠᠷᠠᠵᠤ᠂ ᠴᠠᠭᠠᠨ ᠰᠠᠷ᠎ᠠ ᠪᠠᠨ ᠪᠠᠶᠠᠷᠯᠠᠨ ᠤᠭᠲᠤᠵᠤ᠂ ᠣᠯᠤᠯᠲᠠ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠢᠷᠡᠭᠡᠳᠦᠢ ᠶᠢᠨ ᠲᠤᠬᠠᠢ ᠬᠠᠮᠲᠤ ᠪᠠᠷ ᠶᠠᠷᠢᠯᠴᠠᠪᠠ᠃ ᠬᠠᠨ ᠲᠤᠤ ᠴᠠᠶᠢᠯᠠᠯᠭ᠎ᠠ ᠶᠢ ᠡᠷᠬᠢᠯᠡᠪᠡ᠃      1 ᠰᠠᠷ᠎ᠠ ᠶᠢᠨ 16 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠤᠷᠢᠳ ᠬᠤᠵᠢᠳ ᠤᠯᠤᠰ ᠤᠨ ᠡᠨᠧᠷᠭᠢ ᠶᠢᠨ ᠪᠤᠷᠤᠯᠠᠭᠤᠯᠭ᠎ᠠ ᠶᠢᠨ ᠪᠦᠯᠦᠭᠯᠡᠯ ᠤᠨ ᠡᠳ᠋ ᠤᠨ ᠶᠠᠪᠤᠳᠠᠯ ᠤᠨ ᠬᠠᠮᠢᠶᠠᠷᠤᠯᠳᠠ ᠶᠢᠨ ᠭᠢᠵᠠᠭᠠᠷᠳᠤ ᠺᠤᠮᠫᠠᠨᠢ᠂ ᠲᠤᠭᠤᠷᠢᠭ ᠤᠨ ᠠᠷᠠᠳ ᠤᠨ ᠵᠡᠪᠰᠡᠭᠳᠤ ᠭᠦᠴᠦᠨ ᠤ ᠬᠡᠯᠲᠡᠰ᠂ ᠲᠤᠭᠤᠷᠢᠭ ᠤᠨ ᠭᠠᠯ ᠤᠨᠳᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ᠂ ᠲᠤᠭᠤᠷᠢᠭ ᠤᠨ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠡᠯᠳᠡᠰ᠂  ᠬᠦᠴᠢᠷᠳᠡᠯᠳᠡᠢ ᠭᠡᠤᠭᠡᠳ ᠤᠨ ᠭᠡᠷ ᠲᠤ ᠭᠦᠷᠴᠤ ᠪᠤᠯᠭᠤᠭᠠᠨ ᠲᠤᠬᠤᠨᠢᠭᠤᠯᠵᠤ᠂ ᠳᠡᠳᠡᠨ ᠳᠤ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠭᠦᠷᠭᠡᠵᠤ ᠴᠠᠭᠠᠨ ᠰᠠᠷ᠎ᠠ ᠶᠢᠨ ᠮᠠᠨᠳᠤᠴᠢᠯᠠᠯ ᠳᠡᠪᠰᠢᠬᠦᠯᠪᠡ᠃      1 ᠰᠠᠷ᠎ᠠ ᠶᠢᠨ 16 ᠤ ᠡᠳᠤᠷ᠂ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠪᠤᠯᠪᠠᠰᠤᠨ ᠬᠤᠳᠠ ᠶᠢ ᠡᠭᠦᠳᠦᠨ ᠪᠠᠶᠢᠭᠤᠯᠬᠤ ᠨᠢᠭᠡᠳᠤᠭᠡᠷ ᠹᠷᠤᠨᠲ ᠤᠨ ᠠᠵᠢᠯᠳᠠᠳ᠂ ᠲᠤᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠦᠪᠯᠡᠯ᠂ ᠤᠯᠤᠰ ᠤᠨ ᠴᠠᠬᠢᠯᠭᠠᠨ ᠬᠦᠴᠦᠨ ᠤ ᠦᠪᠤᠷ ᠮᠤᠩᠭᠤᠯ ᠤᠨ ᠳ᠋ᠦᠡᠭᠱᠧᠩ ᠤᠨ ᠢᠯᠴᠢ ᠴᠠᠬᠢᠯᠭᠠᠨ ᠤ ᠬᠢᠵᠠᠭᠠᠷᠳᠤ ᠺᠤᠮᠫᠠᠨᠢ ᠵᠢᠴᠢ ᠤᠷᠳᠤᠰ ᠬᠤᠳᠠ ᠶᠢᠨ ᠬᠦᠳᠡᠯᠮᠦᠷᠢ ᠶᠢᠨ ᠵᠢᠱᠢᠶᠡᠴᠢ ᠨᠠᠷ ᠢ ᠪᠤᠯᠭᠤᠭᠠᠨ ᠲᠤᠬᠤᠨᠢᠭᠤᠯᠵᠤ᠂ ᠲᠡᠳᠡᠨ ᠳᠤ ᠨᠠᠮ ᠪᠠ ᠵᠠᠰᠠᠭ ᠤᠨ ᠤᠷᠳᠤᠨ ᠤ ᠬᠠᠶᠢᠷ᠎ᠠ ᠬᠠᠯᠠᠮᠵᠢ ᠶᠢ ᠬᠦᠷᠭᠡᠬᠦ ᠶᠢᠨ ᠬᠠᠮᠳᠤ ᠲᠡᠳᠡᠨᠡᠷ ᠢᠶᠠᠷ ᠲᠠᠮᠵᠢᠨ ᠦᠷᠭᠡᠨ ᠤᠯᠠᠨ ᠺᠠᠳ᠋ᠷ ᠤᠯᠠᠨ ᠲᠦᠮᠡᠨ ᠳᠤ ᠴᠠᠭᠠᠨ ᠰᠠᠷ᠎ᠠ ᠶᠢᠨ ᠮᠡᠨᠳᠤᠴᠢᠯᠡᠯ ᠪᠠ ᠵᠦᠩᠨᠡᠯ ᠲᠡᠪᠰᠢᠬᠦᠯᠵᠠᠢ᠃    1 ᠰᠠᠷ᠎ᠠ ᠶᠢᠨ 16 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠨᠠᠷ ᠤᠷᠢᠳ ᠬᠤᠵᠢᠳ ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠲᠡᠮᠦᠷ ᠵᠠᠮ ᠤᠨ ᠪᠠᠷᠠᠭᠤᠨᠳᠡᠬᠢ ᠴᠠᠬᠢᠯᠭᠠᠨ ᠬᠠᠩᠭᠠᠬᠤ ᠺᠣᠮᠫᠠᠨᠢ᠂ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠭᠥᠯᠢᠶᠡᠨ ᠠᠪᠴᠤ ᠰᠢᠢᠳᠪᠦᠷᠢᠯᠡᠬᠦ ᠶᠡᠭᠡ ᠲᠢᠩᠬᠢᠮ ᠵᠢᠴᠢ ᠪᠣᠯᠪᠠᠰᠤᠨ ᠭᠡᠷ ᠪᠦᠯᠢ ᠯᠢᠦ ᠰᠢᠶᠤᠤ ᠬᠤᠩ ᠤᠨ ᠬᠡᠷ ᠲᠤ ᠬᠦᠷᠴᠦ᠂ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠢ ᠲᠥᠯᠥᠭᠡᠯᠡᠨ ᠲᠡᠳᠡᠨ ᠳᠤ ᠬᠠᠶᠢᠷ᠎ᠠ ᠬᠠᠯᠠᠮᠵᠢ ᠬᠦᠷᠭᠡᠭᠰᠡᠨ ᠪᠥᠭᠡᠳ ᠴᠠᠭᠠᠨ ᠰᠠᠷ᠎ᠠ ᠶᠢᠨ ᠮᠡᠨᠳᠦᠴᠢᠯᠡᠯ ᠪᠠ ᠵᠥᠩᠨᠡᠯ ᠳᠡᠪᠰᠢᠭᠦᠯᠪᠡ᠃    1 ᠰᠠᠷ᠎ᠠ ᠶᠢᠨ 16 ᠤ ᠡᠳᠤᠷ᠂ ᠳ᠋ᠦᠡᠭᠱᠸᠡᠭ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠬᠠᠨ ᠶᠤᠤ ᠲᠢᠩ ᠨᠠᠷ ᠤᠷᠢᠳ ᠬᠤᠵᠢᠳ ᠲᠤᠭᠤᠷᠢᠭ ᠤᠨ ᠤᠰᠤ ᠬᠠᠨᠭ᠍ᠭᠠᠬᠤ ᠶᠡᠷᠦᠩᠭᠡᠢ ᠺᠤᠮᠫᠠᠨᠢ᠂ ᠲᠤᠭᠤᠷᠢᠭ ᠤᠨ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠵᠢᠶᠠᠨ ᠱᠧ ᠵᠡᠭᠡᠯᠢ ᠭᠤᠳᠤᠮᠵᠢ ᠶᠢᠨ ᠯᠢ ᠮᠢᠨ ᠨᠡᠶᠢᠭᠡᠮ ᠲᠤᠭᠤᠷᠢᠭ ᠲᠤ ᠭᠦᠷᠴᠤ ᠪᠤᠯᠭᠤᠭᠠᠨ ᠲᠤᠬᠤᠨᠢᠭᠤᠯᠵᠤ᠂ ᠲᠡᠳᠡᠨ ᠳᠤ ᠴᠠᠭᠠᠨ ᠰᠠᠷ᠎ᠠ ᠶᠢᠨ ᠮᠠᠨᠳᠤᠴᠢᠯᠡᠯ ᠲᠡᠪᠰᠢᠭᠦᠯᠪᠡ᠃      1 ᠰᠠᠷ᠎ᠠ ᠶᠢᠨ 17 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ᠂ ᠲᠤᠭᠤᠷᠢᠭ ᠤᠨ ᠨᠠᠮ ᠤᠨ ᠬᠤᠷᠢᠶᠠᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰ ᠲᠤᠰ ᠤᠷᠳᠤᠰ ᠬᠤᠳᠠ ᠶᠢᠨ ᠲᠠᠢ ᠳ᠋ᠠ ᠬᠠᠨᠭ᠍ᠭᠠᠨ ᠪᠤᠷᠤᠯᠠᠭᠤᠯᠬᠤ ᠭᠢᠵᠠᠭᠠᠷᠳᠤ ᠺᠤᠮᠫᠠᠨᠢ᠂ ᠤᠷᠳᠤᠰ ᠤᠨ ᠠᠶᠠᠨᠴᠢᠳ ᠳᠡᠬᠡᠬᠡᠪᠤᠷᠢ ᠶᠢᠨ ᠶᠠᠷᠦᠩᠭᠡᠢ ᠦᠷᠳᠡᠭᠡ᠂ ᠸᠠᠨ ᠳ᠋ᠠ ᠲᠠᠯᠠᠪᠠᠢ᠂ ᠬᠤᠨᠭ᠌ ᠹᠸᠡᠭ ᠨᠡᠭᠦᠷᠡᠰᠤᠨ ᠠᠭᠤᠷᠬᠠᠢ᠂ ᠲᠦᠩᠴᠤᠸᠠᠨ ᠪᠠᠯᠭᠠᠰᠤᠨ ᠤ ᠰᠢᠤᠸᠠᠢ ᠵᠢᠶᠠ ᠭᠧ ᠲᠠᠢ ᠭᠠᠯ ᠢ ᠰᠡᠷᠭᠡᠶᠢᠯᠡᠭᠦ ᠪᠠᠶᠢᠴᠠᠭᠠᠬᠤ ᠦᠷᠳᠡᠭᠡ ᠳᠤ ᠭᠦᠨᠵᠡᠭᠡᠶᠢᠷᠡᠨ ᠴᠠᠭᠠᠨ ᠰᠠᠷ᠎ᠠ ᠠᠴᠠ ᠡᠮᠦᠨᠡᠬᠢ ᠠᠶᠤᠯᠭᠦᠢ ᠦᠢᠯᠡᠳᠪᠤᠷᠢᠯᠠᠯ᠂ ᠵᠠᠬ᠎ᠠ ᠲᠡᠯᠭᠡᠭᠦᠷ ᠤᠨ ᠬᠠᠨᠭ᠍ᠭᠠᠯᠭ᠎ᠠ᠂ ᠨᠡᠭᠦᠷᠡᠰᠤᠨ ᠤ ᠬᠠᠨᠭ᠍ᠭᠠᠯᠭ᠎ᠠ ᠶᠢ ᠪᠠᠳᠤᠯᠠᠬᠤ᠂ ᠵᠠᠮ ᠬᠠᠷᠢᠯᠴᠠᠭᠠᠨ ᠤ ᠪᠠᠳᠤᠯᠠᠭ᠎ᠠ ᠪᠠ ᠤᠢ ᠰᠢᠭᠤᠢ ᠨᠤᠳᠤᠭ ᠪᠡᠯᠴᠢᠭᠡᠷ ᠤᠨ ᠭᠠᠯ ᠢ ᠰᠡᠷᠭᠡᠶᠢᠯᠡᠭᠦ ᠠᠵᠢᠯ ᠢ ᠪᠠᠶᠢᠴᠠᠭᠠᠨ ᠰᠤᠳᠤᠯᠪᠠ᠃      1 ᠰᠠᠷ᠎ᠠ ᠶᠢᠨ 18 ᠤ ᠡᠳᠦᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠨᠠᠮ ᠤᠨ ᠬᠤᠷᠢᠶᠠᠨ ᠤ ᠱᠦᠵᠢ ᠴᠠᠩ ᡁᠢ ᠭᠠᠩ ᠨᠠᠷ ᠳ᠋ᠦᠩᠱᠧᠩ ᠲᠣᠭᠤᠷᠢᠭ ᠲᠤ ᠢᠷᠡᠵᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠵᠢᠵᠢᠭᠦᠷᠯᠡᠭᠴᠢᠳ ᠢ ᠪᠣᠯᠭᠤᠭᠠᠨ ᠲᠣᠬᠤᠨᠢᠭᠤᠯᠪᠠ᠃ ᠤᠷᠳᠤᠰ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠤ᠋ ᠼᠦᠢ ᠹᠠᠨᠭ᠌᠂ ᠤᠷᠳᠤᠰ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠵᠢᠶᠠᠩ ᠪᠦᠸᠧ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠡᠨ ᠤ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ᠂ ᠬᠤᠳᠠ ᠲᠤᠭᠤᠷᠢᠭ ᠬᠤᠶᠠᠷ ᠱᠠᠳᠤᠨ ᠤ ᠬᠤᠯᠪᠤᠬᠳᠡᠯ ᠪᠦᠭᠦᠢ ᠤᠳᠤᠷᠢᠳᠤᠯᠭ᠎ᠠ ᠨᠠᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠳ ᠬᠠᠷᠠᠭᠠᠯᠵᠠᠭᠰᠠᠨ ᠠᠵᠢᠯ ᠤᠨ ᠪᠠᠶᠢᠴᠠᠭᠠᠨ ᠰᠤᠳᠤᠯᠦᠯᠳᠡ ᠳᠤ ᠤᠷᠤᠯᠴᠡᠪᠡ᠃      1 ᠰᠠᠷ᠎ᠠ ᠶᠢᠨ 18 ᠤ ᠡᠳᠦᠷ᠂ ᠪᠥᠬᠦ ᠬᠤᠲᠠ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠵᠢᠴᠢ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃      1 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ᠂ ᠬᠢᠶ᠎ᠠ ᠪᠠᠭᠰᠢ ᠲᠣᠭᠤᠷᠢᠭ ᠲᠤ ᠡᠮᠴᠢ ᠰᠤᠪᠢᠯᠠᠭᠴᠢᠳ᠂ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ᠂ ᠬᠦᠴᠢᠷᠳᠡᠯᠲᠡᠢ ᠠᠵᠢᠯᠳᠠᠨ ᠠᠵᠢᠯᠴᠢᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠣᠯᠭᠤᠭᠠᠨ ᠲᠣᠬᠤᠨᠢᠭᠤᠯᠵᠤ᠂ ᠠᠶᠤᠯᠭᠦᠢ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠬᠠᠩᠭᠠᠯᠭ᠎ᠠ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃ ᠬᠤᠳᠠ ᠶᠢᠨ ᠳᠡᠳ᠋ ᠳᠠᠷᠤᠭ᠎ᠠ ᠭᠤᠤ ᠸᠧᠨ ᠾᠧ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠲᠤᠬᠤᠨᠢᠭᠤᠯᠭ᠎ᠠ ᠪᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      1 ᠰᠠᠷ᠎ᠠ ᠶᠢᠨ 21 ᠤ ᠡᠳᠦᠷ ᠠᠴᠠ 27 ᠤ ᠡᠳᠦᠷ ᠪᠣᠯᠲᠠᠯ᠎ᠠ᠂ ᠳ᠋ᠦᠩᠱᠧᠩ ᠲᠣᠭᠤᠷᠢᠭ ᠨᠡᠶᠢᠲᠡ 22.61 ᠲᠦᠮᠡᠨ ᠬᠥᠮᠦᠨ ᠤᠳᠠᠭ᠎ᠠ ᠶᠢᠨ ᠵᠤᠭᠠᠴᠠᠭᠰᠠᠳ ᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 107.8% ᠪᠠᠷ ᠨᠡᠮᠡᠭᠳᠡᠪᠡ︔ ᠵᠢᠭᠤᠯᠴᠢᠯᠠᠯ ᠤᠨ ᠣᠷᠣᠯᠭ᠎ᠠ ᠶᠢ 5989.3 ᠲᠦᠮᠡᠨ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 80.05% ᠪᠠᠷ ᠨᠡᠮᠡᠭᠳᠡᠪᠡ᠃      1 ᠰᠠᠷ᠎ᠠ ᠶᠢᠨ 21 ᠤ ᠡᠳᠦᠷ ᠠᠴᠠ 27 ᠤ ᠡᠳᠦᠷ ᠪᠣᠯᠲᠠᠯ᠎ᠠ᠂ ᠸᠠᠩ ᠹᠦ᠋ ᠵᠢᠩ᠂ ᠰᠢᠩ ᠾᠧ COCOcity ᠬᠤᠳᠠᠯᠳᠤᠭᠠᠨ ᠤ ᠲᠠᠯᠠᠪᠤᠷ᠂ ᠮᠧᠢ ᠲᠢᠶᠠᠨ ᠪᠦᠷᠢᠨ ᠪᠠᠷᠠᠭ᠎ᠠ᠂ ᠪᠥᠸᠧ ᠶᠤᠸᠠᠨ ᠬᠤᠤ ᠱᠧᠩ᠂ ᠶᠦᠩ ᠬᠦᠢ᠂ ᠰᠢᠨ ᠠᠨ᠂ ᠳ᠋ᠦᠩ ᠷᠦᠢ ᠵᠡᠷᠭᠡ 30 ᠠᠵᠤ ᠠᠬᠤᠶᠢᠯᠠᠯ ᠤᠨ ᠪᠣᠷᠣᠯᠠᠭᠤᠯᠤᠯᠲᠠ ᠶᠢᠨ ᠬᠡᠮᠵᠢᠶ᠎ᠡ 7047.6 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠪᠡ᠃ ᠲᠣᠮᠣ ᠬᠡᠯᠪᠡᠷᠢ ᠶᠢᠨ ᠬᠤᠳᠠᠯᠳᠤᠭᠠᠨ ᠤ ᠡᠳᠦᠷ ᠳᠤᠮᠳᠠᠴᠢ ᠶᠢᠨ ᠬᠡᠷᠡᠭᠯᠡᠭᠴᠢᠳ ᠤᠨ ᠬᠡᠮᠵᠢᠶ᠎ᠡ 13 ᠲᠦᠮᠡ ᠭᠠᠷᠤᠶ ᠬᠥᠮᠦᠨ ᠤᠳᠠᠭ᠎ᠠ ᠳᠤ ᠬᠦᠷᠴᠦ᠂ ᠭᠠᠭᠴᠠ ᠡᠳᠦᠷ ᠤᠨ ᠪᠣᠷᠣᠯᠠᠭᠤᠯᠭ᠎ᠠ ᠶᠢᠨ ᠬᠡᠮᠵᠢᠶ᠎ᠡ 1000 ᠲᠦᠮᠡ ᠭᠠᠷᠤᠶ ᠲᠥᠭᠦᠷᠢᠭ ᠲᠤ ᠬᠦᠷᠴᠦ᠂ ᠬᠤᠲᠠ ᠶᠢᠨ ᠠᠷᠠᠳ ᠤᠨ ᠬᠡᠷᠡᠭᠯᠡᠭᠡᠨ ᠤ ᠤᠷᠮ᠎ᠠ ᠰᠡᠳᠬᠢᠯᠭᠡ ᠤᠷᠬᠢᠯᠤᠮ᠎ᠠ ᠪᠠᠶᠢᠵᠤ᠂ ᠳ᠋ᠦᠩᠱᠧᠩ ᠲᠣᠭᠤᠷᠢᠭ ᠤᠨ ᠬᠡᠷᠡᠭᠯᠡᠭᠡᠨ ᠤ ᠵᠠᠬ᠎ᠠ ᠳᠡᠯᠭᠡᠭᠦᠷ ᠡᠷᠴᠢᠮᠳᠡᠢ ᠰᠡᠷᠬᠦᠪᠡ᠃      1 ᠰᠠᠷ᠎ᠠ ᠶᠢᠨ 29 ᠤ ᠡᠳᠦᠷ᠂ ᠳ᠋ᠦᠩᠱᠧᠩ ᠲᠣᠭᠤᠷᠢᠭ ᠴᠢᠬᠤᠯᠠ ᠶᠡᠭᠡ ᠲᠥᠷᠥᠯ ᠵᠦᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠭᠤᠯᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃      1 ᠰᠠᠷ᠎ᠠ ᠶᠢᠨ 30 ᠤ ᠡᠳᠦᠷ᠂ ᠳᠡᠭᠡᠳᠦ ᠰᠢᠨ᠎ᠡ ᠮᠡᠷᠭᠡᠵᠢᠯ ᠤᠨ ᠳᠤᠭᠤᠷᠢᠭ᠂ ᠳ᠋ᠦᠩᠱᠧᠩ ᠲᠣᠭᠤᠷᠢᠭ 2023 ᠣᠨ ᠤ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ ᠠᠬᠢᠭᠤᠯᠬᠤ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠤᠷᠤᠯᠴᠠᠪᠠ᠃      1 ᠰᠠᠷ᠎ᠠ ᠶᠢᠨ 31 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ 52 ᠤᠳᠠᠭᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠤᠯᠪᠣᠭᠳᠠᠯ ᠪᠥᠬᠦᠶ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃      1 ᠰᠠᠷ᠎ᠠ ᠶᠢᠨ 31 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2023 ᠣᠨ ᠤ ᠠᠩᠬᠠᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2022 ᠣᠨ ᠤ ᠡᠴᠦᠰ ᠤᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠢᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠬᠤᠷᠠᠯ ᠳᠤ ᠣᠷᠣᠯᠴᠠᠪᠠ᠃
ᠢᠷᠡᠯᠲᠡ᠄ ᠲᠤᠰ ᠰᠦᠯᠵᠢᠶ᠎ᠠ