ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠤᠮᠤ ᠶᠠᠪᠤᠳᠠᠯ ᠤᠨ ᠳᠡᠮᠳᠡᠭᠯᠡᠯ  — 2023 ᠤᠨ ᠤ 3 ᠳ᠋ᠤᠭᠠᠷ ᠰᠠᠷ᠎ᠠ
ᠨᠡᠶᠢᠲᠡᠯᠡᠭᠰᠡᠨ ᠴᠠᠭ᠄
2023/4/3
      3 ᠰᠠᠷ᠎ᠠ ᠶᠢᠨ 1 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠰᠣ᠋ ᠵᠥᠩ ᠱᠧᠩ ᠳ᠋ᠦᠩᠱᠧᠩ ᠲᠣᠭᠤᠷᠢᠭ ᠲᠤ ᠭᠦᠨᠵᠡᠭᠡᠶᠢᠷᠡᠨ ᠠᠵᠤ ᠠᠬᠤᠶ ᠨᠡᠶᠢᠭᠡᠮ ᠤᠨ ᠬᠥᠭᠵᠢᠯᠲᠡ ᠪᠠ ᠦᠨᠳᠦᠰᠦᠨ ᠱᠠᠲᠤᠨ ᠤ ᠠᠷᠠᠳᠴᠢᠯᠠᠯ ᠢᠶᠠᠷ ᠵᠦᠪᠳᠡᠯᠴᠡᠬᠦ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠮᠧᠶ ᠷᠦᠩ᠂ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠴᠢᠶᠣᠤ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃      2 ᠰᠠᠷ᠎ᠠ ᠶᠢᠨ 24 ᠤ ᠡᠳᠦᠷ ᠠᠴᠠ 3 ᠰᠠᠷ᠎ᠠ ᠶᠢᠨ 2 ᠤᠨ ᠡᠳᠦᠷ᠂ ᠪᠤᠯᠳᠠᠯ᠎ᠠ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠠᠩᠵᠧᠦ᠂ ᠴᠧᠩᠳᠦ᠋᠂ ᠴᠢᠩᠳᠣᠤ᠂ ᠪᠡᠭᠡᠵᠢᠩ ᠵᠡᠷᠭᠡ ᠭᠠᠵᠠᠷ ᠲᠤ ᠬᠦᠷᠴᠦ᠂ ᠲᠣᠨᠤᠭ ᠲᠥᠬᠦᠭᠡᠷᠦᠮᠵᠢ ᠦᠢᠯᠡᠳᠬᠦ᠂ ᠰᠢᠨ᠎ᠡ ᠡᠨᠧᠷᠭᠢ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠬᠦᠷᠢᠶ᠎ᠡ ᠴᠠᠷᠠᠨ ᠤ ᠲᠣᠭᠤᠷᠢᠨ ᠳᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠢ ᠰᠢᠨᠵᠢᠯᠡᠨ ᠦᠵᠡᠵᠤ ᠵᠣᠯᠭᠠᠭᠤᠯᠪᠠ᠃      3 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠤᠳᠤᠷᠢᠳᠬᠤ ᠺᠠᠳ᠋ᠷᠴᠤᠳ ᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠣᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠤᠤᠱᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠢᠶᠠᠨ ᠡᠬᠢᠯᠡᠬᠦᠯᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠪᠤᠰᠤᠳ ᠰᠢᠶᠠᠨ ᠭᠠᠵᠠᠷ ᠤᠨ ᠲᠠᠰ ᠤᠨ ᠤᠳᠤᠷᠢᠳᠤᠯᠭ᠎ᠠ ᠨᠠᠷ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠳ᠋ᠦᠩ ᠰᠤᠷᠤᠯᠭ᠎ᠠ ᠡᠬᠢᠯᠡᠬᠦ ᠶᠣᠰᠣᠯᠠᠯ ᠢ ᠡᠷᠭᠢᠯᠡᠪᠡ᠃      3 ᠰᠠᠷ᠎ᠠ ᠶᠢᠨ 2 ᠤᠨ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠰᠬᠠᠶ ᠠᠵᠢᠯᠯᠠᠭᠠᠨ ᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃      3 ᠰᠠᠷ᠎ᠠ ᠶᠢᠨ 3 ᠤ ᠡᠳᠦᠷ᠂ ᠬᠤᠲᠠ ᠲᠣᠭᠤᠷᠢᠭ ᠤᠨ ᠬᠤᠶᠠᠷ ᠱᠠᠲᠤᠨ ᠤ ᠤᠬᠠᠭᠤᠯᠬᠤ ᠬᠡᠯᠲᠡᠰ᠂ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ ᠵᠡᠷᠭᠡ ᠰᠠᠯᠠᠭ᠎ᠠ ᠮᠥᠴᠢᠷ ᠬᠠᠮᠲᠤᠷᠠᠨ ᠭᠤᠤᠯᠯᠠᠨ ᠡᠷᠬᠢᠯᠡᠭᠰᠡᠨ᠂ ︽ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ ᠴᠠᠭ ᠦᠶ᠎ᠡ ᠶᠢᠨ ᠰᠢᠨ᠎ᠡ ᠬᠥᠮᠦᠨ ᠢ ᠬᠥᠮᠦᠵᠢᠭᠦᠯᠬᠦ︾ ᠪᠠᠷ ᠭᠤᠤᠯ ᠰᠡᠳᠦᠪ ᠪᠣᠯᠭᠠᠭᠰᠠᠨ ᠣᠷᠳᠣᠰ ᠬᠤᠲᠠ ᠶᠢᠨ 2023 ᠣᠨ ᠤ ᠯᠸᠢ ᠹᠧᠩ ᠠᠴᠠ ᠰᠤᠷᠤᠯᠴᠠᠬᠤ ᠡᠳᠦᠷᠯᠢᠭ ᠤᠨ ᠰᠠᠶᠢᠨ ᠳᠤᠷ᠎ᠠ ᠶᠢᠨ ᠦᠢᠯᠡᠴᠢᠯᠡᠬᠡᠨ ᠤ ᠲᠥᠪᠯᠡᠷᠡᠭᠦᠯᠦᠨ ᠵᠢᠱᠢᠶ᠎ᠡ ᠦᠵᠡᠭᠦᠯᠵᠦ ᠳᠡᠯᠭᠡᠷᠡᠭᠦᠯᠬᠦ ᠠᠵᠢᠯᠯᠠᠭ᠎ᠠ ᠣᠷᠳᠣᠰ ᠤᠨ ᠬᠦᠷᠡᠯ ᠪᠠᠭᠠᠵᠢ ᠶᠢᠨ ᠰᠣᠶᠣᠯ ᠤᠨ ᠲᠠᠯᠠᠪᠠᠶ ᠳᠤ ᠶᠠᠪᠤᠭᠳᠠᠪᠠ᠃      3 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠨᠡᠶᠢᠭᠡᠮᠯᠢᠭ ᠤᠨ ᠳᠠᠷᠤᠭ᠎ᠠ ᠶᠢᠨ ᠱᠧᠩ ᠷᠦᠢ ᠨᠠᠷ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠶᠠᠷᠢᠯᠴᠠᠬᠤ ᠬᠤᠷᠠᠯ ᠳᠤ ᠣᠷᠣᠯᠴᠠᠪᠠ᠃ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ ᠴᠧᠨ ᠰᠢ ᠷᠦᠩ ᠬᠤᠷᠠᠯ ᠢ ᠡᠷᠭᠢᠯᠡᠪᠡ᠃      3 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ ᠭᠤᠷᠪᠠᠳᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      3 ᠰᠠᠷ᠎ᠠ ᠶᠢᠨ 6 ᠤ ᠡᠳᠦᠷ᠂ ᠳ᠋ᠦᠩᠱᠧᠩ ᠲᠣᠭᠤᠷᠢᠭ ᠠᠵᠤ ᠠᠬᠤᠶ ᠶᠢᠨ ᠠᠵᠢᠯᠯᠠᠭᠠᠨ ᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃      3 ᠰᠠᠷ᠎ᠠ ᠶᠢᠨ 7 ᠤ ᠡᠳᠦᠷ ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳ᠋ᠦᠩ ᠹᠧᠩ ᠯᠢᠦ ᠵᠧᠦ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠰᠢᠤᠸᠠᠨ ᠶᠢᠩ ᠨᠡᠷ ᠲᠠᠢ ᠶᠠᠷᠢᠯᠴᠠᠪᠠ᠃      3 ᠰᠠᠷ᠎ᠠ ᠶᠢᠨ 7 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠢᠭᠡᠳ ᠢ ᠯᠢ  ᠴᠡᠪᠡᠷ ᠡᠨᠧᠷᠭᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠢ ᠳ᠋ᠣᠣ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ︵ᠴᠢᠦᠶ ᠵᠧᠦ︶ ᠤᠨ ᠬᠢᠵᠠᠭᠠᠷᠲᠤ ᠺᠣᠮᠫᠠᠨᠢ ᠶᠢᠨ ᠡᠯᠡᠰᠦᠷᠬᠡᠭ ᠭᠤᠪᠢ ᠴᠦᠯᠡᠷᠬᠡᠭ ᠭᠠᠵᠠᠷ ᠤᠷᠤᠨ ᠤ ᠥᠨᠳᠥᠷ ᠪᠦᠲᠦᠮᠵᠢᠲᠡᠶ ᠲᠤᠰᠬᠠᠶ ᠬᠡᠷᠡᠭᠯᠡᠬᠡᠨ ᠤ 10GW ᠬᠡᠷᠡᠯ ᠴᠡᠨᠡᠭ ᠤᠨ ᠲᠣᠨᠣᠭᠯᠠᠯ ᠤᠨ ᠲᠥᠷᠥᠯ ᠵᠦᠢᠯ ᠢ ᠠᠮᠵᠢᠯᠳᠠ ᠲᠠᠢ ᠪᠠᠷ ᠭᠡᠷ᠎ᠡ ᠲᠣᠭᠲᠠᠪᠠ᠃      3 ᠰᠠᠷ᠎ᠠ ᠶᠢᠨ 7 ᠤ ᠡᠳᠤᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ  ᠳᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠡᠭ ᠳ᠋ᠦᠩᠱᠧᠩ ᠠᠴᠠ ᠬᠢᠶ᠎ᠠ ᠪᠠᠭᠰᠢ ᠬᠦᠷᠬᠦ ᠵᠠᠮ ᠱᠤᠭᠤᠮ ᠤᠨ ᠤᠷᠤᠬᠤ ᠡᠭᠦᠳᠡ᠂ ᠸᠠᠨ ᠵᠸᠡᠭ ᠰᠢᠨ᠎ᠠ ᠭᠦᠷᠢᠶᠠᠯᠠᠩ ᠤᠨ B ᠲᠤᠭᠤᠷᠢᠭ᠂ ᠮᠦᠡᠭᠭᠦᠨ ᠭᠦᠢᠯᠭᠡᠭᠡᠨ ᠤ ᠴᠡᠴᠡᠷᠯᠢᠭ ᠲᠤ ᠭᠦᠨᠵᠡᠭᠡᠶᠢᠷᠡᠨ᠂ ᠨᠠᠶᠢᠳᠠ ᠶᠢᠨ ᠠᠰᠠᠷᠠᠮᠵᠢ ᠶᠢᠨ ᠵᠠᠷ ᠮᠡᠳᠡᠭᠡᠨ ᠤ ᠲᠤᠭᠢᠷᠠᠭᠤᠯᠤᠯᠳᠠ᠂ ᠰᠠᠭᠤᠭᠠᠯᠢ ᠳᠤᠭᠤᠷᠢᠭ ᠤᠨ ᠬᠦᠷᠢᠶ᠎ᠡ ᠳᠤᠭᠤᠷᠢᠭ ᠢ ᠴᠡᠭᠴᠡᠯᠠᠨ ᠵᠠᠰᠠᠬᠤ ᠪᠠ ᠪᠦᠭᠦ ᠠᠷᠠᠳ ᠤᠨ ᠤᠯᠤᠰ ᠤᠨ ᠪᠠᠳᠤᠯᠠᠨ ᠬᠠᠮᠠᠭᠠᠯᠠᠯᠳᠠ ᠶᠢᠨ ᠭᠦᠮᠦᠵᠢᠯ ᠤᠨ ᠭᠤᠤᠯ ᠰᠡᠳᠦᠪᠳᠤ ᠴᠡᠴᠡᠷᠯᠢᠭ ᠤᠨ ᠪᠦᠳᠦᠭᠡᠨ ᠪᠠᠶᠢᠭᠤᠯᠤᠯᠳᠠ ᠵᠡᠷᠭᠡ ᠪᠦᠭᠦ ᠤᠯᠤᠰ ᠤᠨ ᠪᠤᠯᠪᠠᠰᠤᠨ ᠤ ᠵᠢᠱᠢᠶᠠᠴᠢ ᠬᠤᠳᠠ ᠶᠢ ᠡᠭᠦᠳᠦᠨ ᠪᠠᠶᠢᠭᠤᠯᠬᠤ ᠠᠵᠢᠯ ᠢ ᠦᠷᠨᠢᠭᠦᠯᠦᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠳᠠ ᠭᠢᠪᠡ᠃      3 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠣᠣ ᠳ᠋ᠠ ᠶᠦᠩ ᠨᠠᠷ ᠣᠷᠳᠣᠰ ᠬᠤᠲᠠ ᠳᠤ ᠢᠷᠡᠵᠤ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢ ᠲᠤᠰᠬᠠᠶ ᠴᠡᠭᠴᠡᠯᠡᠨ ᠵᠠᠰᠠᠬᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ ᠵᠥᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠪᠠᠶᠢᠩᠭᠤᠵᠢᠭᠤᠯᠤᠨ ᠵᠠᠰᠠᠬᠤ᠂ ᠭᠠᠵᠠᠷ ᠰᠢᠷᠣᠶ ᠪᠠ ᠠᠭᠤᠷᠬᠠᠶ ᠬᠡᠷᠡᠭᠯᠡᠬᠦ ᠶᠢ ᠪᠠᠲᠤᠯᠠᠬᠤ᠂ ᠠᠶᠤᠯᠬᠦᠢ ᠦᠢᠯᠡᠳᠪᠤᠷᠢᠯᠡᠯ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ᠃      3 ᠰᠠᠷ᠎ᠠ ᠶᠢᠨ 9 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠤᠷᠢᠳ ᠬᠤᠵᠢᠳ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠬᠡᠰᠡᠭ ᠲᠥᠷᠥᠯ ᠵᠦᠢᠯ ᠤᠨ ᠪᠠᠷᠢᠯᠭ᠎ᠠ ᠶᠢᠨ ᠭᠠᠵᠠᠷ᠂ ᠠᠵᠤ ᠠᠬᠤᠶᠢᠯᠠᠯ ᠤᠨ ᠦᠢᠯᠡᠳᠪᠦᠷᠢ ᠶᠢᠨ ᠲᠠᠰᠤᠭ ᠲᠤ ᠭᠦᠨᠵᠡᠭᠡᠶᠢᠷᠡᠵᠦ᠂ ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠨ ᠰᠤᠳᠤᠯᠤᠭᠰᠠᠨ ᠪᠥᠭᠡᠳ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠴᠢᠷᠳᠡᠯ ᠢ ᠰᠢᠢᠳᠪᠤᠷᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠵᠢᠴᠢ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠣᠯᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠤᠷᠤᠯᠴᠠᠪᠠ᠃      3 ᠰᠠᠷ᠎ᠠ ᠶᠢᠨ 9 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠱᠦᠵᠢ ᠶᠢᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠸᠠᠨ ᠳ᠋ᠠ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠤᠨ ᠠᠬᠢᠴᠠ ᠶᠢᠨ ᠪᠠᠶᠢᠳᠠᠯ ᠢ ᠰᠣᠨᠣᠰᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃      3 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠰᠢᠨ᠎ᠡ ᠮᠠᠶ᠋ᠢᠭ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠴᠦ ᠵᠠᠰᠠᠬᠤ ᠠᠵᠢᠯ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠳᠡᠳ᠋ ᠳᠠᠷᠤᠭ᠎ᠠ ᠵᠠᠩ ᠪᠢᠩ ᠬᠤᠷᠠᠯ ᠢ ᠡᠷᠭᠢᠯᠡᠪᠡ᠃      3 ᠰᠠᠷ᠎ᠠ ᠶᠢᠨ 10 ᠤ ᠡᠳᠦᠷ᠂ ᠳ᠋ᠦᠩᠱᠧᠩ ᠲᠣᠭᠤᠷᠢᠭ ︽ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ + ᠨᠠᠮ ᠵᠠᠰᠠᠭ ᠱᠠᠯᠠᠪᠳᠠᠭᠤᠯᠤᠨ ᠪᠠᠶᠢᠴᠠᠭᠠᠬᠤ︾ ᠬᠤᠯᠪᠣᠭᠠᠯᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠪᠠ᠃     3 ᠰᠠᠷ᠎ᠠ ᠶᠢᠨ 12 ᠤᠨ ᠡᠳᠦᠷ᠂ ᠣᠷᠳᠣᠰ ᠬᠤᠲᠠ ᠶᠢᠨ 2023 ᠣᠨ ᠤ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ ᠴᠢᠬᠤᠯᠠ ᠶᠡᠭᠡ ᠲᠥᠷᠥᠯ ᠵᠦᠢᠯ ᠤᠨ ᠬᠠᠪᠤᠷ ᠤᠨ ᠤᠯᠠᠷᠢᠯ ᠳᠤ ᠲᠥᠪᠯᠡᠷᠡᠭᠦᠯᠦᠨ ᠠᠵᠢᠯ  ᠡᠬᠢᠯᠡᠭᠦᠯᠵᠦ ᠰᠡᠷᠭᠦᠭᠡᠬᠦ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠣᠲᠤᠭ ᠬᠤᠰᠢᠭᠤᠨ ᠳᠤ ᠶᠠᠪᠤᠭᠳᠠᠪᠠ᠃ ᠣᠲᠤᠭ ᠬᠤᠰᠢᠭᠤᠨ ᠤ ᠭᠤᠤᠯ ᠬᠤᠷᠠᠯ ᠤᠨ ᠲᠠᠯᠠᠪᠠᠶ ᠶᠢᠨ ᠬᠠᠷᠠᠭᠠᠨ ᠳᠠᠪᠲᠠᠮᠵᠢ ᠪᠠᠷ ᠡᠯ᠎ᠡ ᠬᠤᠰᠢᠭᠤᠨ ᠤ ᠬᠤᠪᠢᠶᠠᠷᠢ ᠬᠤᠷᠠᠯ ᠤᠨ ᠲᠠᠯᠠᠪᠠᠶ ᠶᠢ ᠬᠤᠯᠪᠣᠵᠤ᠂ ᠪᠥᠬᠦ ᠬᠤᠲᠠ ᠶᠢᠨ 9 ᠬᠤᠰᠢᠭᠤ ᠲᠣᠭᠤᠷᠢᠭ ᠨᠢᠭᠡᠳᠦᠭᠡᠷ ᠠᠵᠤ ᠦᠢᠯᠡᠰ ᠤᠨ ᠲᠥᠷᠥᠯ ᠵᠦᠢᠯ ᠢ ᠲᠥᠪᠯᠡᠷᠡᠭᠦᠯᠦᠨ ᠡᠬᠢᠯᠡᠭᠦᠯᠵᠦ ᠰᠡᠷᠭᠦᠭᠡᠬᠦ ᠶᠣᠰᠣᠯᠠᠯ ᠢ ᠵᠡᠷᠭᠡ ᠪᠠᠷ ᠶᠠᠪᠤᠭᠳᠠᠭᠤᠯᠪᠠ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠤ᠋ ᠼᠦᠢ ᠹᠠᠨᠭ᠌᠂ ᠬᠤᠳᠠ ᠶᠢᠨ ᠲᠡᠳ᠋ ᠲᠠᠷᠤᠭ᠎ᠠ ᠡᠷᠳᠡᠨᠢᠪᠢᠯᠢᠭ ᠪᠠᠷᠢᠯᠭ᠎ᠠ ᠡᠭᠢᠯᠡᠭᠦ ᠶᠤᠰᠤᠯᠡᠯ ᠳᠤ ᠤᠷᠤᠯᠴᠡᠪᠡ᠃      3 ᠰᠠᠷ᠎ᠠ ᠶᠢᠨ 12 ᠤᠨ ᠡᠳᠦᠷ᠂ ᠳ᠋ᠦᠩᠱᠧᠩ ᠲᠣᠭᠤᠷᠢᠭ 2023 ᠣᠨ ᠤ ᠨᠢᠭᠡᠳᠦᠭᠡᠷ ᠠᠵᠤ ᠦᠢᠯᠡᠰ ᠢ ᠳᠠᠬᠢᠨ ᠴᠣᠭᠴᠠᠯᠠᠬᠤ ᠭᠤᠤᠯᠳᠠᠯᠭ᠎ᠠ ᠲᠠᠢ ᠲᠥᠷᠥᠯ ᠵᠦᠢᠯ ᠤᠨ ᠬᠠᠪᠤᠷ ᠤᠨ ᠤᠯᠠᠷᠢᠯ ᠲᠥᠪᠯᠡᠷᠡᠭᠦᠯᠦᠨ ᠠᠵᠢᠯ ᠢᠶᠠᠨ ᠡᠬᠢᠯᠡᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠭᠰᠠᠨ ᠪᠥᠭᠡᠳ ᠭᠤᠣᠯᠳᠠᠯᠭ᠎ᠠ ᠲᠠᠢ ᠲᠥᠷᠥᠯ ᠵᠦᠢᠯ ᠤᠨ ᠠᠵᠢᠯ ᠢᠶᠠᠨ ᠡᠬᠢᠯᠡᠭᠦᠯᠵᠦ ᠰᠡᠷᠭᠦᠭᠡᠬᠦ ᠶᠢ ᠵᠠᠷᠯᠠᠪᠠ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠵᠢᠴᠢ ᠲᠣᠭᠤᠷᠢᠭ ᠤᠨ ᠳᠥᠷᠪᠡᠨ ᠶᠡᠭᠡ ᠤᠳᠤᠷᠢᠳᠬᠤ ᠪᠠᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ᠂ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠳᠠᠶᠢᠴᠢᠯᠠᠯᠲᠠ ᠶᠢᠨ ᠶᠡᠭᠡ ᠬᠤᠷᠠᠯ ᠳᠤ ᠣᠷᠣᠯᠴᠠᠪᠠ᠃      3 ᠰᠠᠷ᠎ᠠ ᠶᠢᠨ 13 ᠤ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠳᠤᠭᠤᠷᠢᠭ᠂ ᠳ᠋ᠦᠡᠭᠱᠸᠡᠭ ᠲᠤᠭᠤᠷᠢᠭ ᠲᠤ ᠠᠵᠤ ᠦᠢᠯᠡᠰ ᠤᠨ ᠭᠦᠭᠵᠢᠯᠳᠠ ᠪᠠ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠪᠠ᠃      3 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ 2023 ᠣᠨ ᠤ ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠯ ᠤᠨ ᠪᠦᠳᠦᠬᠡᠭᠳᠡᠬᠦᠨ ᠳᠤ ᠴᠣᠬᠢᠯᠲᠠ ᠥᠭᠬᠦ︾ ᠠᠵᠢᠯ ᠤᠨ ᠪᠠᠶᠢᠷᠢᠯᠠᠭᠤᠯᠤᠯᠳᠠ ᠶᠢᠨ ᠬᠤᠷᠠᠯ ᠢ ᠬᠤᠷᠠᠯᠳᠤᠭᠤᠯᠪᠠ᠃      3 ᠰᠠᠷ᠎ᠠ ᠶᠢᠨ 13 ᠤ ᠡᠳᠦᠷ᠂ ᠳ᠋ᠦᠡᠭᠱᠸᠡᠭ ᠲᠤᠭᠤᠷᠢᠭ  2023 ᠤᠨ ᠤ ᠰᠤᠷᠳᠠᠯ ᠤᠬᠠᠭᠤᠯᠭ᠎ᠠ ᠦᠵᠡᠯ ᠰᠠᠨᠠᠭ᠎ᠠ ᠰᠤᠶᠤᠯ ᠤᠨ ᠠᠵᠢᠯ ᠤᠨ ᠬᠤᠷᠠᠯ ᠬᠤᠷᠠᠯᠳᠤᠭᠤᠯᠪᠠ᠃      3 ᠰᠠᠷ᠎ᠠ ᠶᠢᠨ 13 ᠤ ᠡᠳᠦᠷ᠂ ᠳ᠋ᠦᠩᠱᠧᠩ ᠲᠣᠭᠤᠷᠢᠭ ᠤᠨ ᠬᠠᠮ ᠵᠠᠭᠤᠴᠢᠯᠠᠭᠤᠷ ᠤᠨ ᠲᠥᠪ ᠤᠨ ᠶᠡᠭᠡ ᠵᠣᠣ ᠳᠤᠮᠳᠠᠳᠤ ᠰᠤᠷᠭᠠᠭᠤᠯᠢ ᠶᠢᠨ ᠬᠠᠮ ᠵᠠᠭᠤᠴᠢᠯᠠᠭᠤᠷ ᠤᠨ ᠠᠵᠢᠯᠯᠠᠬᠤ ᠥᠷᠲᠡᠭᠡ ᠵᠢᠩᠬᠢᠨᠢ ᠪᠠᠷ ᠫᠠᠶᠢᠰᠠ ᠡᠯᠬᠦᠨ ᠠᠵᠢᠯ ᠢᠶᠠᠨ ᠡᠬᠢᠯᠡᠭᠦᠯᠪᠡ᠃      3 ᠰᠠᠷ᠎ᠠ ᠶᠢᠨ 14 ᠤ ᠡᠳᠦᠷ᠂ ᠳ᠋ᠦᠩᠱᠧᠩ ᠲᠣᠭᠤᠷᠢᠭ 2023 ᠣᠨ ᠤ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠬᠤᠷᠠᠯ ᠬᠤᠷᠠᠯᠳᠤᠭᠤᠯᠪᠠ᠃      3 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2023 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠪᠠ ᠬᠠᠤᠯᠢᠵᠢᠯ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠢ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠨᠢᠶᠧ ᠵᠢᠶᠦ᠋ᠨ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠬᠤᠷᠠᠯ ᠢ ᠡᠷᠭᠢᠯᠡᠵᠦ᠂ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠨᠠᠷ ᠬᠤᠷᠠᠯ ᠳᠤ ᠣᠷᠣᠯᠴᠠᠪᠠ᠃      3 ᠰᠠᠷ᠎ᠠ ᠶᠢᠨ 15 ᠤ ᠡᠳᠦᠷ᠂ ᠳ᠋ᠦᠩᠱᠧᠩ ᠲᠣᠭᠤᠷᠢᠭ ᠭᠠᠯ ᠢ ᠰᠡᠷᠬᠡᠶᠢᠯᠡᠬᠦ ᠠᠮᠤᠷ ᠲᠦᠪᠰᠢᠨ ᠤ ᠲᠤᠰᠬᠠᠶ ᠰᠡᠳᠦᠪᠲᠦ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠳᠠᠯᠪᠢᠪᠠ᠃      3 ᠰᠠᠷ᠎ᠠ ᠶᠢᠨ 16 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶᠠᠨ ᠤ ᠶᠢᠰᠤᠳᠤᠭᠡᠷ ᠬᠤᠭᠤᠴᠠᠭᠠᠨ ᠤ 54 ᠤᠳᠠᠭᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠵᠢᠴᠢ ᠤᠯᠤᠰ ᠤᠨ ᠠᠮᠤᠷ ᠲᠦᠪᠰᠢᠨ ᠤ ᠵᠦᠪᠯᠡᠯ ᠤᠨ 10 ᠳ᠋ᠤᠭᠠᠷ  ᠤᠳᠠᠭᠠᠨ ᠤ ᠬᠤᠷᠠᠯ᠂ ᠴᠢᠳᠠᠪᠤᠷᠢᠳᠠᠨ ᠤ ᠠᠵᠢᠯ ᠤᠨ ᠤᠳᠤᠷᠢᠳᠬᠤ ᠲᠤᠭᠤᠢᠢᠯᠠᠩ ᠤᠨ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠬᠤᠷᠠᠯ ᠢ ᠡᠷᠬᠢᠯᠡᠨ ᠶᠠᠷᠢᠶ᠎ᠠ  ᠳᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠣᠯᠴᠠᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ ᠵᠢᠴᠢ ᠲᠣᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠨᠠᠷ ᠬᠤᠷᠠᠯ ᠳᠤ ᠰᠤᠯᠠ ᠣᠷᠣᠯᠴᠠᠪᠠ᠃      3 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ 2023 ᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠢ ᠫᠢᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠯᠢᠦ ᠯᠠᠨ ᠰᠢᠶᠠᠩ᠂ ᠦ᠋ ᠹᠸᠢ ᠰᠢᠶᠦ᠋ᠩ ᠬᠤᠷᠠᠯ ᠳᠤ ᠣᠷᠣᠯᠴᠠᠪᠠ᠃      3 ᠰᠠᠷ᠎ᠠ ᠶᠢᠨ 17 ᠤ ᠡᠳᠦᠷ᠂ ᠳ᠋ᠦᠩᠱᠧᠩ ᠲᠣᠭᠤᠷᠢᠭ 2023 ᠣᠨ ᠤ ᠵᠣᠬᠢᠶᠠᠨ ᠪᠠᠶᠢᠭᠤᠯᠬᠤ ᠠᠵᠢᠯ ᠤᠨ ᠬᠤᠷᠠᠯ ᠬᠤᠷᠠᠯᠳᠤᠭᠤᠯᠪᠠ᠃      3 ᠰᠠᠷ᠎ᠠ ᠶᠢᠨ 17 ᠤ ᠡᠳᠦᠷ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠳ᠋ᠦ᠋ ᠬᠤᠢ ᠯᠢᠶᠠᠩ ᠳ᠋ᠦᠩᠱᠧᠩ ᠲᠣᠭᠤᠷᠢᠭ ᠤᠨ ᠪᠤᠷᠵᠠᠩ ᠨᠠᠭᠤᠷ ᠪᠠᠯᠭᠠᠰᠤᠨ ᠳᠤ ᠬᠦᠷᠴᠦ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ᠃      3 ᠰᠠᠷ᠎ᠠ ᠶᠢᠨ 20 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠶᠠᠨ ᠵᠢᠢ ᠣᠯᠠᠨ ᠤᠯᠤᠰ ᠤᠨ ᠠᠭᠠᠷ ᠤᠨ ᠭᠠᠷᠠᠮ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠭᠦᠸᠧ ᠲᠠᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠯᠢ ᠹᠦ᠋ ᠰᠢᠶᠠᠩ ᠨᠠᠷ ᠲᠠᠢ ᠶᠠᠷᠢᠯᠴᠠᠪᠠ᠃      3 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠲᠤᠬᠠᠶ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠵᠣᠬᠢᠴᠠᠭᠤᠯᠤᠨ ᠰᠢᠢᠳᠪᠦᠷᠢᠯᠡᠪᠡ᠃      3 ᠰᠠᠷ᠎ᠠ ᠶᠢᠨ 20 ᠤ ᠡᠳᠦᠷ᠂ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠦᠸᠧ ᠢᠦᠶ ᠹᠧᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ᠃      3 ᠰᠠᠷ᠎ᠠ ᠶᠢᠨ 21 ᠤ ᠡᠳᠦᠷ᠂ ᠳ᠋ᠦᠩᠱᠧᠩ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠰᠠᠯᠠᠭᠠᠨ ᠳᠡᠰ ᠤᠨ ᠤᠳᠤᠷᠢᠳᠬᠤ ᠺᠠᠳ᠋ᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤᠰᠬᠠᠢ ᠰᠡᠳᠦᠪᠲᠦ ᠪᠤᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠢᠶᠠᠨ ᠵᠢᠶᠧ ᠰᠤᠷᠤᠯᠭ᠎ᠠ ᠡᠬᠢᠯᠡᠬᠦ ᠶᠣᠰᠣᠯᠠᠯ ᠢ ᠡᠷᠬᠢᠯᠡᠪᠡ᠃      3 ᠰᠠᠷ᠎ᠠ ᠶᠢᠨ 21 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠤᠯᠤᠰ ᠤᠨ ᠡᠨᠧᠷᠭᠢ ᠶᠢᠨ ᠪᠤᠭᠤᠲᠤ ᠶᠢᠨ ᠡᠨᠧᠷᠭᠢ ᠶᠢᠨ ᠨᠡᠭᠦᠷᠡᠰᠦ ᠤᠬᠢᠶᠠᠵᠤ ᠰᠢᠯᠢᠬᠦ ᠬᠤᠪᠢᠶᠠᠷᠢ ᠺᠣᠮᠫᠠᠨᠢ ᠳᠤ ᠬᠦᠷᠴᠦ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ  ᠬᠤᠷᠠᠯᠳᠤᠪᠠ᠃      3 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠵᠢᠶᠠᠩ ᠬᠤᠩ ᠪᠠᠶᠢᠴᠠᠭᠠᠨ ᠰᠤᠳᠤᠯᠬᠤ ᠳᠤᠭᠤᠶᠢᠯᠠᠩ ᠳᠠᠭᠠᠭᠤᠯᠤᠨ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠪᠠ᠃ ᠤᠷᠳᠤᠰ ᠬᠤᠳᠠ ᠪᠣᠯᠤᠨ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      3 ᠰᠠᠷ᠎ᠠ ᠶᠢᠨ 21 ᠤ ᠡᠳᠦᠷ ᠪᠠ 22 ᠤᠨ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃      3 ᠰᠠᠷ᠎ᠠ ᠶᠢᠨ 22 ᠤᠨ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠶᠠᠳᠤᠭᠠᠷ ᠬᠦᠷᠢᠶᠡᠯᠡᠩ ᠤᠨ 206 ᠭᠠᠵᠠᠷ ᠤᠨ ᠦᠷ᠎ᠡ ᠪᠦᠲᠦᠭᠡᠯ ᠢ ᠤᠯᠠᠷᠢᠭᠤᠯᠬᠤ ᠲᠡᠷᠢᠭᠦᠨ  ᠤ ᠰᠢᠨᠵᠢᠯᠡᠬᠦ ᠤᠬᠠᠭᠠᠨᠲᠠᠨ᠂ ᠳᠤᠮᠳᠠᠳᠤ ᠤᠯᠤᠰ ᠤᠨ ᠲᠤᠰᠬᠠᠢ ᠠᠰᠢᠭ ᠢ ᠬᠠᠮᠠᠭᠠᠯᠠᠬᠤ ᠨᠡᠶᠢᠭᠡᠮᠯᠢᠭ ᠤᠨ ᠤᠯᠤᠰ ᠤᠨ ᠡᠳ᠋ ᠬᠥᠷᠥᠩᠭᠡ ᠶᠢᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠢᠯᠡᠰ ᠢ ᠠᠭᠤᠰᠤᠯᠴᠠᠭᠤᠯᠬᠤ ᠲᠤᠰᠬᠠᠢ ᠵᠥᠪᠯᠡᠯ ᠤᠨ ᠡᠷᠬᠢᠯᠡᠭᠴᠢ ᠭᠡᠰᠢᠭᠦᠨ ᠰᠦᠨ ᠯᠸᠢ ᠨᠠᠷ ᠲᠠᠢ ᠠᠭᠤᠯᠵᠠᠪᠠ᠃    3 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤ᠂ ᠳ᠋ᠦᠩᠱᠧᠩ ᠲᠣᠭᠤᠷᠢᠭ ᠲᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    3 ᠰᠠᠷ᠎ᠠ ᠶᠢᠨ 23 ᠤ ᠡᠳᠦᠷ᠂ 2023 ᠣᠨ ᠤ ᠳ᠋ᠦᠩᠱᠧᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠤᠷᠠᠳᠤᠯᠭ᠎ᠠ ᠶᠢ ᠰᠢᠯᠵᠢᠭᠦᠯᠦᠨ ᠰᠢᠢᠳᠪᠦᠷᠢᠯᠡᠬᠦ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠭᠤᠤ ᠮᠢᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠠᠩ ᠵᠧᠨ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠵᠢᠶᠦ᠋ᠨ ᠬᠤᠷᠠᠯ ᠳᠤ ᠣᠷᠣᠯᠴᠠᠪᠠ᠃ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠵᠥᠪᠯᠡᠯ ᠵᠢᠴᠢ ᠡᠯ᠎ᠡ ᠰᠠᠨᠠᠭᠤᠯᠭ᠎ᠠ᠂ ᠰᠠᠨᠠᠯ ᠳᠤᠷᠠᠳᠤᠯᠭ᠎ᠠ ᠶᠢ ᠳᠠᠭᠠᠭᠠᠨ ᠠᠪᠴᠤ ᠰᠢᠢᠳᠪᠦᠷᠢᠯᠡᠬᠦ ᠨᠢᠬᠡᠴᠡ ᠶᠢᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃    3 ᠰᠠᠷ᠎ᠠ ᠶᠢᠨ 23 ᠤ ᠡᠳᠦᠷ᠂ ᠳ᠋ᠦᠩᠱᠧᠩ ᠲᠣᠭᠤᠷᠢᠭ 2023 ᠣᠨ ᠤ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠭᠤᠯᠪᠠ᠃    3 ᠰᠠᠷ᠎ᠠ ᠶᠢᠨ 24 ᠤ ᠡᠳᠦᠷ᠂ 2023 ᠣᠨ ᠤ ᠳ᠋ᠦᠩᠱᠧᠩ ᠲᠣᠭᠤᠷᠢᠭ ︽ᠬᠤᠲᠠ ᠶᠢᠨ ᠬᠤᠷᠰᠢᠭᠴᠢ ᠡᠷᠢᠬᠦ︾ ᠬᠤᠳᠠᠯᠳᠤᠭᠠᠴᠢᠨ ᠤᠷᠢᠵᠤ ᠴᠢᠳᠠᠪᠤᠷᠢᠳᠠᠨ ᠤᠷᠢᠬᠤ ᠵᠢᠴᠢ ︽ᠬᠠᠶᠢᠷ᠎ᠠ ᠬᠠᠯᠠᠮᠵᠢᠳᠤ ᠬᠤᠳᠠ ᠶᠢᠨ ᠤᠷᠢᠯᠭ᠎ᠠ · ᠴᠢᠳᠠᠪᠤᠷᠢᠲᠠᠨ ᠢ ᠤᠷᠢᠨ ᠠᠪᠴᠢᠷᠠᠬᠤ︾ ᠮᠥᠩᠭᠦᠨ ᠭᠦᠢᠯᠭᠡᠭᠡᠨ ᠢ ᠳᠡᠮᠵᠢᠬᠦ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠵᠢᠯᠯᠠᠭ᠎ᠠ ᠡᠬᠢᠯᠡᠪᠡ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠦ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠴᠢᠳᠠᠪᠤᠷᠢᠲᠠᠨ ᠤ ᠬᠥᠭᠵᠢᠯᠲᠡ ᠶᠢᠨ ᠲᠥᠪ ᠤᠨ ᠬᠠᠮᠢᠶ᠎ᠠ ᠪᠥᠬᠦᠶ ᠤᠳᠤᠷᠢᠳᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠥᠬᠦᠶ ᠤᠳᠤᠷᠢᠳᠤᠯᠭ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠠ ᠳ᠋ᠦᠩᠱᠧᠩ ᠲᠣᠭᠤᠷᠢᠭ ᠤᠨ ᠬᠠᠮᠢᠶ᠎ᠠ ᠪᠥᠬᠦᠶ ᠤᠳᠤᠷᠢᠳᠤᠯᠭ᠎ᠠ ᠵᠢᠴᠢ ᠪᠥᠬᠦ ᠤᠯᠤᠰ ᠤᠨ ᠡᠯ᠎ᠡ ᠭᠠᠵᠠᠷ ᠠᠴᠠ ᠢᠷᠡᠭᠰᠡᠨ ᠠᠳᠠᠯ ᠦᠢᠯᠡᠰ ᠴᠣᠭᠴᠠᠯᠠᠬᠤ ᠪᠠᠯᠠ ᠣᠷᠣᠭᠤᠯᠤᠯᠲᠠ ᠶᠢᠨ ᠨᠠᠷᠠᠲᠤ ᠪᠠᠶᠢᠭᠤᠯᠤᠮᠵᠢ ᠶᠢᠨ ᠬᠠᠷᠢᠭᠤᠴᠠᠯᠭᠠᠳᠠᠳ᠂ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠲᠥᠷᠥᠯ ᠵᠦᠢᠯ ᠤᠨ ᠡᠵᠡᠮᠰᠢᠭᠴᠢ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠠᠵᠤ ᠠᠬᠤᠶᠢᠯᠠᠯᠲᠠᠨ ᠤ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃      3 ᠰᠠᠷ᠎ᠠ ᠶᠢᠨ 24 ᠤ ᠡᠳᠦᠷ᠂ 2023 ᠣᠨ ᠤ ᠳ᠋ᠦᠩᠱᠧᠩ ᠲᠣᠭᠤᠷᠢᠭ ︽ᠬᠤᠲᠠ ᠶᠢᠨ ᠬᠤᠷᠰᠢᠭᠴᠢ ᠡᠷᠢᠬᠦ︾ ᠬᠤᠳᠠᠯᠳᠤᠭᠠᠴᠢᠨ ᠤᠷᠢᠵᠤ ᠴᠢᠳᠠᠪᠤᠷᠢᠳᠠᠨ ᠤᠷᠢᠬᠤ ᠵᠢᠴᠢ ︽ᠬᠠᠶᠢᠷ᠎ᠠ ᠬᠠᠯᠠᠮᠵᠢᠳᠤ ᠬᠤᠳᠠ ᠶᠢᠨ ᠤᠷᠢᠯᠭ᠎ᠠ · ᠴᠢᠳᠠᠪᠤᠷᠢᠲᠠᠨ ᠢ ᠤᠷᠢᠨ ᠠᠪᠴᠢᠷᠠᠬᠤ︾ ᠮᠥᠩᠭᠦᠨ ᠭᠦᠢᠯᠭᠡᠭᠡᠨ ᠢ ᠳᠡᠮᠵᠢᠬᠦ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠠᠵᠢᠯᠯᠠᠭ᠎ᠠ ᠲᠡᠭᠦᠰᠪᠡ᠃ ᠲᠡᠭᠦᠰᠬᠦ ᠶᠣᠰᠣᠯᠠᠯ ᠠᠴᠠ ᠡᠮᠦᠨ᠎ᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠪᠦᠯᠦᠭ ︽ᠴᠢᠳᠠᠪᠤᠷᠢᠲᠠᠨ ᠤ ᠵᠢᠭᠡᠯᠡᠯᠭᠡ︾᠂ ︽ᠴᠢᠳᠠᠪᠤᠷᠢᠲᠠᠨ ᠤ ᠪᠡᠯᠡ ᠣᠷᠣᠭᠤᠯᠤᠯᠲᠠ︾᠂ ︽ᠴᠢᠳᠠᠪᠤᠷᠢᠲᠠᠨ ᠤ ᠳᠠᠭᠠᠳᠬᠠᠯ︾ ᠳᠤ ᠲᠥᠪᠯᠡᠷᠡᠭᠦᠯᠦᠨ ᠭᠡᠷ᠎ᠡ ᠲᠣᠭᠲᠠᠬᠤ ᠶᠣᠰᠣᠯᠠᠯ ᠢ ᠶᠠᠪᠤᠭᠳᠠᠭᠤᠯᠵᠤ᠂ ᠠᠳᠠᠯ ᠦᠢᠯᠡᠰ ᠴᠣᠭᠴᠠᠯᠠᠬᠤ 18 ᠪᠠᠶᠢᠭᠤᠯᠤᠮᠵᠢ ᠪᠠ ᠮᠥᠩᠭᠦᠨ ᠭᠦᠢᠯᠭᠡᠭᠡᠨ ᠤ ᠪᠠᠶᠢᠭᠤᠯᠤᠮᠵᠢ ᠠᠴᠠ 37 ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ ᠳᠡᠮᠵᠢᠯᠭᠡ ᠬᠠᠩᠭᠠᠵᠤ᠂ ᠬᠡᠷ᠎ᠡ ᠳᠤᠭᠳᠠᠭᠰᠠᠨ ᠶᠡᠷᠦᠩᠬᠡᠢ ᠳᠤᠭ᠎ᠠ ᠨᠢ 13.45 ᠳ᠋ᠦᠩᠰᠢᠭᠤᠷ ᠲᠥᠭᠦᠷᠢᠭ ᠲᠤ ᠬᠦᠷᠴᠦ᠂ ᠡᠯ᠎ᠡ ᠲᠦᠷᠦᠯ ᠤᠨ ᠰᠢᠨ᠎ᠡ ᠶᠢ ᠡᠬᠦᠳᠴᠤ ᠠᠳᠠᠯ ᠦᠢᠯᠡᠰ ᠴᠣᠭᠴᠠᠯᠠᠬᠤ 300 ᠭᠠᠷᠤᠢ ᠴᠢᠳᠠᠪᠤᠷᠢᠲᠠᠨ ᠳᠤ ᠬᠠᠷᠠᠭᠠᠯᠵᠠᠯᠠᠯ ᠦᠵᠡᠬᠦᠯᠵᠡᠢ︔ ᠭᠡᠷ᠎ᠡ ᠲᠣᠭᠲᠠᠭᠰᠠᠨ 42 ᠪᠠᠶᠢᠭᠤᠯᠤᠮᠵᠢ ᠳᠤ ︽ᠬᠤᠳᠠ ᠶᠢᠨ ᠬᠤᠷᠰᠢᠭᠴᠢ︾ ᠶᠢᠨ ᠦᠨᠡᠮᠯᠡᠯ ᠣᠯᠭᠤᠪᠠ᠃      3 ᠰᠠᠷ᠎ᠠ ᠶᠢᠨ 24 ᠤ ᠡᠳᠤᠷ᠂ ᠠᠷᠠᠳ ᠤᠨ ᠲᠡᠭᠡᠳᠤ ᠰᠢᠬᠦᠬᠦ ᠬᠤᠷᠢᠶᠠᠨ ᠤ ᠲᠤᠭᠠᠴᠢᠯᠠᠭᠰᠠᠨ ᠨᠤᠮ ᠤᠨ ᠰᠠᠩ ᠤᠨ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠰᠢᠬᠦᠬᠦ ᠬᠤᠷᠢᠶᠠᠨ ᠤ ᠬᠤᠪᠢᠶᠠᠷᠢ ᠰᠠᠩ ᠳᠤ ᠫᠠᠶᠢᠰᠠ ᠤᠯᠭᠤᠬᠤ ᠶᠤᠰᠤᠯᠠᠯ ᠳ᠋ᠦᠡᠭᠱᠸᠡᠭ ᠲᠤᠭᠤᠷᠢᠭ ᠤᠨ ᠠᠷᠠᠳ ᠤᠨ ᠰᠢᠬᠦᠬᠦ ᠬᠤᠷᠢᠶ᠎ᠠ ᠳᠤ ᠶᠠᠪᠤᠭᠳᠠᠪᠠ᠃ ᠠᠷᠠᠳ ᠤᠨ ᠳᠡᠭᠡᠳᠦ ᠰᠢᠭᠦᠬᠦ ᠬᠤᠷᠢᠶᠠᠨ ᠤ ᠬᠡᠪᠯᠡᠯ ᠤᠨ ᠬᠤᠷᠢᠶᠠᠨ ᠤ ᠨᠠᠮ ᠤᠨ ᠬᠤᠷᠢᠶᠠᠨ ᠤ ᠭᠡᠰᠢᠭᠦᠨ᠂ ᠳᠡᠳ᠋ ᠶᠡᠷᠦᠩᠬᠡᠶ ᠨᠠᠶᠢᠷᠠᠭᠤᠯᠤᠭᠴᠢ᠂ ᠠᠷᠠᠳ ᠤᠨ ᠰᠢᠭᠦᠬᠦ ᠬᠤᠷᠢᠶᠠᠨ ᠤ ᠡᠯᠧᠺᠲᠷᠤᠨ ᠲᠠᠭᠤ ᠳᠦᠷᠰᠦ ᠰᠢᠩᠭᠡᠭᠡᠯᠲᠡ ᠶᠢᠨ ᠬᠡᠪᠯᠡᠯ ᠤᠨ ᠬᠤᠷᠢᠶᠠᠨ ᠤ ᠳᠠᠷᠤᠭ᠎ᠠ ᠯᠢᠨ ᡁᠢ ᠨᠥᠩ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠱᠢ ᠶᠠᠨ ᠵᠢᠶᠧ ᠶᠣᠰᠣᠯᠠᠯ ᠳᠤ ᠣᠷᠣᠯᠴᠠᠪᠠ᠃      3 ᠰᠠᠷ᠎ᠠ ᠶᠢᠨ 27 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠲᠠ ᠶᠢᠨ ᠲᠣᠭᠤᠷᠢᠭ ᠤᠨ ᠬᠡᠰᠡᠭ ᠭᠤᠤᠯ ᠵᠡᠭᠡᠯᠢ ᠭᠤᠳᠤᠮᠵᠢ᠂ ᠴᠢᠬᠤᠯᠠ ᠵᠠᠩᠭᠢᠯᠠᠭ᠎ᠠ ᠶᠢᠨ ᠴᠢᠭ ᠪᠠ ᠰᠠᠨ ᠵᠢᠶᠠᠩ ᠽᠦᠨ ᠶᠤᠸᠠᠨ ᠵᠡᠷᠭᠡ ᠲᠥᠷᠥᠯ ᠵᠦᠢᠯ ᠳᠤ ᠭᠦᠨᠵᠡᠭᠡᠶᠢᠷᠡᠵᠦ᠂ ᠬᠤᠲᠠ ᠶᠢᠨ ᠨᠠᠷᠢᠯᠢᠭᠵᠢᠭᠤᠯᠤᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠦᠯᠡᠳᠡᠭᠳᠡᠯ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ᠬᠠᠭᠤᠴᠢᠨ ᠰᠠᠭᠤᠭᠠᠯᠢ ᠲᠣᠭᠤᠷᠢᠭ ᠪᠠ ᠳᠥᠭᠦᠮ ᠪᠦᠳᠦᠴᠡᠳᠤ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠠᠵᠢᠯ ᠢ ᠲᠤᠬᠠᠶ ᠶᠢᠨ ᠭᠠᠵᠠᠷ ᠲᠤ ᠨᠢ ᠲᠣᠬᠢᠷᠠᠭᠤᠯᠤᠨ ᠠᠬᠢᠭᠤᠯᠪᠠ᠃      3 ᠰᠠᠷ᠎ᠠ ᠶᠢᠨ 27 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠤ ᠢ ᠳ᠋ᠦᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠬᠤᠷᠠᠯ ᠳᠤ ᠣᠷᠣᠯᠴᠠᠪᠠ᠃      3 ᠰᠠᠷ᠎ᠠ ᠶᠢᠨ 28 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 4 ᠳ᠋ᠤᠬᠡᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      3 ᠰᠠᠷ᠎ᠠ ᠶᠢᠨ 30 ᠤ ᠡᠳᠦᠷ᠂ ᠳ᠋ᠦᠩᠱᠧᠩ ᠲᠣᠭᠤᠷᠢᠭ ᠤᠨ ᠨᠢᠭᠡᠳᠦᠭᠡᠷ ᠤᠯᠠᠷᠢᠯ ᠤᠨ ᠨᠡᠶᠢᠭᠡᠮ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠦᠨ ᠲᠥᠪᠯᠡᠷᠡᠭᠦᠯᠬᠦ ᠠᠵᠢᠯᠯᠠᠭ᠎ᠠ ᠶᠢᠨ ᠭᠤᠣᠯ ᠰᠡᠳᠦᠪᠲᠦ ᠮᠡᠳᠡᠭᠦᠯᠦᠯᠲᠡ ᠶᠢᠨ ᠬᠤᠷᠠᠯ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 3 ᠳ᠋ᠤᠭᠠᠷ  ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠵᠢᠶ ᠫᠢᠩ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠡᠷᠭᠡ ᠲᠣᠭᠤᠷᠢᠭ ᠤᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃      3 ᠰᠠᠷ᠎ᠠ ᠶᠢᠨ 30 ᠤ ᠡᠳᠦᠷ᠂ ᠴᠠᠭ ᠦᠶ᠎ᠡ ᠰᠢᠨ᠎ᠡ ᠮᠠᠲ᠋ᠧᠷᠢᠶᠠᠯ ᠮᠧᠩ ᠰᠢ ᠶᠢᠨ ᠳᠤᠮᠤ ᠬᠡᠯᠪᠡᠷᠢ ᠶᠢᠨ ᠢᠯᠳᠠᠰᠤ ᠶᠢᠨ ᠣᠶᠤᠨᠴᠢ ᠦᠢᠯᠡᠳᠬᠦ ᠰᠠᠭᠤᠷᠢᠨ ᠭᠠᠵᠠᠷ ᠤᠨ ᠲᠥᠷᠥᠯ ᠵᠦᠢᠯ ᠤᠨ ᠠᠵᠢᠯ ᠡᠬᠢᠯᠡᠭᠦᠯᠬᠦ ᠶᠣᠰᠣᠯᠠᠯ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠳᠤ ᠶᠠᠪᠤᠭᠳᠠᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠳᠡᠳ᠋ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠵᠠᠩ ᠫᠧᠩ ᠴᠧᠩ ᠠᠵᠢᠯ ᠡᠬᠢᠯᠡᠬᠦ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠠᠷᠢᠯᠭ᠎ᠠ ᠡᠬᠢᠯᠡᠬᠦ ᠶᠣᠰᠣᠯᠠᠯ ᠢ ᠡᠷᠭᠢᠯᠡᠪᠡ᠃ ᠳ᠋ᠦᠩᠱᠧᠩ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠬᠠᠨ ᠶᠣᠣ ᠲᠢᠩ ᠵᠢᠴᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠳ᠂ ᠵᠦᠩ ᠴᠧ ᠵᠦᠵᠸᠤ ᠶᠢᠨ ᠴᠠᠭ ᠦᠶ᠎ᠡ ᠶᠢᠨ ᠰᠢᠨ᠎ᠡ ᠮᠠᠲ᠋ᠧᠷᠢᠶᠠᠯ ᠤᠨ ᠬᠠᠮᠢᠶ᠎ᠠ ᠪᠦᠬᠦᠢ  ᠬᠠᠷᠢᠭᠤᠴᠠᠯᠭᠠᠳᠠᠳ ᠠᠵᠢᠯ ᠡᠬᠢᠯᠡᠬᠦ ᠶᠣᠰᠣᠯᠠᠯ ᠳᠤ ᠣᠷᠣᠯᠴᠠᠪᠠ᠃      3 ᠰᠠᠷ᠎ᠠ ᠶᠢᠨ 31 ᠤ ᠡᠳᠦᠷ᠂ ᠳ᠋ᠦᠡᠭᠱᠸᠡᠭ ᠲᠤᠭᠤᠷᠢᠭ ᠤᠨ ᠤᠯᠤᠰ ᠲᠦᠷᠦ ᠶᠢᠨ ᠵᠦᠪᠯᠡᠯᠭᠡᠨ ᠤ ᠠᠷᠪᠠᠳᠤᠭᠠᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠠᠶᠢᠡᠭᠭᠤ ᠶᠢᠨ ᠬᠤᠷᠢᠶᠠᠨ ᠤ ᠬᠤᠷᠠᠯ ᠬᠤᠷᠠᠯᠳᠤᠪᠠ᠃ ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠬᠠᠨ ᠶᠣᠣ ᠲᠢᠩ ᠬᠤᠷᠠᠯ ᠢ ᠡᠷᠬᠢᠯᠡᠨ ᠶᠠᠷᠢᠶ᠎ᠠ ᠳᠠᠯᠪᠢᠪᠠ᠃      3 ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠴᠢᠨᠠᠷ ᠰᠠᠶᠢᠲᠠᠶ ᠬᠥᠭᠵᠢᠯᠲᠡ ᠶᠢᠨ ᠴᠢᠬᠤᠯᠠ ᠶᠡᠭᠡ ᠲᠥᠷᠥᠯ ᠵᠦᠢᠯ ᠢ ᠲᠥᠪᠯᠡᠷᠡᠭᠦᠯᠦᠨ ᠠᠵᠢᠯ ᠡᠬᠢᠯᠡᠭᠦᠯᠬᠦ ᠶᠣᠰᠣᠯᠠᠯ ᠸᠢᠳᠢᠣ᠋ ᠬᠡᠯᠪᠡᠷᠢ ᠪᠠᠷ ᠪᠥᠬᠦ ᠣᠷᠣᠨ ᠤ 12 ᠠᠶᠢᠮᠠᠭ ᠬᠤᠲᠠ ᠳᠤ ᠵᠡᠷᠭᠡ ᠪᠠᠷ ᠶᠠᠪᠤᠭᠳᠠᠪᠠ᠃ ᠶᠣᠰᠣᠯᠠᠯ ᠤᠨ ᠭᠤᠤᠯ ᠬᠤᠷᠠᠯ ᠤᠨ ᠲᠠᠯᠠᠪᠠᠶ ᠶᠢ ᠬᠥᠬᠡᠬᠤᠲᠠ ᠳᠤ ᠪᠠᠶᠢᠷᠢᠯᠠᠭᠤᠯᠵᠤ᠂ ᠣᠷᠳᠣᠰ ᠬᠤᠲᠠ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠳ᠋ᠦ᠋ ᠬᠤᠢ ᠯᠢᠶᠠᠩ ᠶᠣᠰᠣᠯᠠᠯ ᠳᠤ ᠣᠷᠣᠯᠴᠠᠭᠰᠠᠨ ᠪᠥᠭᠡᠳ ᠣᠷᠳᠣᠰ ᠬᠤᠲᠠ ᠶᠢᠨ ᠴᠢᠬᠤᠯᠠ ᠶᠡᠭᠡ ᠲᠥᠷᠥᠯ ᠵᠦᠢᠯ ᠪᠠ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠳᠡ ᠬᠢᠪᠡ᠃
ᠢᠷᠡᠯᠲᠡ᠄ ᠲᠤᠰ ᠰᠦᠯᠵᠢᠶ᠎ᠠ