| | | ᠶᠠᠩ ᠢ ᠮᠦ᠂ ᠱᠠᠨ ᠰᠢ ᠮᠤᠵᠢ ᠶᠢᠨ ᠯᠢᠨ ᠹᠧᠨ ᠤ ᠬᠥᠮᠥᠨ᠂ 1926 ᠣᠨ ᠳᠤ ᠳᠤᠮᠳᠠᠳᠤ ᠤᠯᠤᠰ ᠤᠨ ᠡᠪ ᠬᠠᠮᠲᠤ ᠵᠠᠯᠠᠭᠤᠴᠤᠳ ᠤᠨ ᠡᠪᠯᠡᠯ ᠳᠤ | ᠣᠷᠣᠵᠤ᠂ 1927 ᠣᠨ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠤ᠂ ᠵᠠᠯᠠᠭᠤ ᠳᠠᠭᠠᠨ ᠭᠤᠣᠯᠳᠠᠭᠤ ᠬᠤᠪᠢᠰᠬᠠᠯ ᠤᠨ ᠨᠢᠭᠤᠴᠠ ᠠᠵᠢᠯ ᠬᠢᠵᠦ | ᠪᠠᠶᠢᠪᠠ᠃ | 1935 ᠣᠨ ᠳᠤ ᠲᠥᠪ ᠤᠨ ᠤᠯᠠᠭᠠᠨ ᠴᠡᠷᠢᠭ ᠱᠠᠨᠰᠢ ᠶᠢᠨ ᠬᠤᠶᠢᠲᠤ ᠬᠡᠰᠡᠭ ᠲᠤ ᠬᠦᠷᠦᠭᠰᠡᠨ ᠤ ᠳᠠᠷᠠᠭ᠎ᠠ᠂ ᠱᠠᠨᠰᠢ ᠭᠠᠨᠰᠤ ᠶᠢᠨ ᠰᠣᠪᠢᠶᠠᠳ ᠵᠠᠰᠠᠭ ᠤᠨ | ᠴᠠᠭᠠᠨ ᠣᠷᠣᠨ ᠤ ᠠᠵᠢᠯᠯᠠᠬᠤ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠴᠥᠭᠡᠨ ᠲᠣᠭᠠᠲᠤ ᠦᠨᠳᠦᠰᠦᠲᠡᠨ ᠤ | ᠠᠵᠢᠯᠯᠠᠬᠤ ᠬᠤᠷᠢᠶᠠᠨ ᠤ ᠳᠡᠳ᠋ ᠱᠦᠵᠢ ᠪᠥᠭᠡᠳ ᠬᠤᠲᠣᠩᠴᠤᠳ ᠤᠨ ᠬᠡᠯᠲᠡᠰ ᠤᠨ ᠳᠠᠷᠤᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠩᠰᠢᠶᠠ ᠶᠢᠨ | ᠠᠵᠢᠯᠯᠠᠬᠤ ᠬᠤᠷᠢᠶᠠᠨ ᠤ ᠱᠦᠵᠢ ᠵᠡᠷᠭᠡ ᠲᠤᠰᠢᠶᠠᠯ ᠢ ᠬᠠᠷᠢᠭᠤᠴᠠᠵᠤ ᠪᠠᠶᠢᠵᠠᠢ᠃ 1940 ᠣᠨ ᠳᠤ ᠶᠡᠭᠡ ᠵᠤᠤ ᠠᠶᠢᠮᠠᠭ ᠤᠨ ᠠᠵᠢᠯᠯᠠᠬᠤ ᠬᠤᠷᠢᠶ᠎ᠠ ᠶᠢᠨ | ᠱᠦᠵᠢ ᠶᠢᠨ ᠲᠤᠰᠢᠶᠠᠯ ᠢ ᠬᠠᠷᠢᠭᠤᠴᠠᠵᠤ ᠥᠩᠭᠡᠷᠡᠪᠡ᠃ | ᠤᠯᠤᠰ ᠪᠠᠶᠢᠭᠤᠯᠤᠭᠳᠠᠭᠰᠠᠨ ᠤ ᠲᠠᠷᠠᠭ᠎ᠠ᠂ ᠭᠠᠨᠰᠤ ᠮᠤᠵᠢ ᠶᠢᠨ ᠳᠡᠳ᠋ ᠳᠠᠷᠤᠭ᠎ᠠ᠂ ᠯᠠᠨᠵᠧᠦ ᠬᠤᠳᠠ ᠶᠢᠨ ᠨᠠᠮ ᠤᠨ ᠬᠤᠷᠢᠶᠠᠨ ᠤ ᠨᠢᠭᠡᠳᠦᠭᠡᠷ ᠱᠦᠵᠢ᠂ | ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠣᠷᠣᠯᠠᠭᠴᠢ ᠱᠦᠵᠢ᠂ ᠰᠢᠨᠬᠤᠸᠠ ᠬᠤᠷᠢᠶᠠᠨ ᠤ ᠰᠢᠶᠠᠩᠭᠠᠩ ᠳᠠᠬᠢ ᠬᠤᠪᠢᠶᠠᠷᠢ | ᠬᠤᠷᠢᠶᠠᠨ ᠤ ᠳᠡᠳ᠋ ᠳᠠᠷᠤᠭ᠎ᠠ᠂ ᠤᠯᠤᠰ ᠤᠨ ᠮᠧᠬᠠᠨᠢᠭ ᠤᠨ ᠠᠵᠢᠯ ᠤᠨ ᠵᠦᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠪᠥᠭᠡᠳ ᠢᠵᠢ | ᠪᠦᠷᠢᠳᠦᠭᠦᠯᠬᠦ ᠶᠡᠷᠦᠩᠬᠡᠢ ᠲᠣᠪᠴᠢᠶᠠᠨ ᠤ ᠳᠠᠷᠤᠭ᠎ᠠ᠂ ᠮᠧᠬᠠᠨᠢᠭ ᠤᠨ ᠠᠵᠤ ᠦᠢᠯᠡᠳᠪᠦᠷᠢ ᠶᠢᠨ ᠶᠠᠮᠤᠨ ᠤ ᠳᠡᠳ᠋ ᠰᠠᠶᠢᠳ ᠵᠡᠷᠭᠡ ᠲᠤᠰᠢᠶᠠᠯ ᠢ ᠬᠠᠷᠢᠭᠤᠴᠠᠵᠤ | ᠥᠩᠭᠡᠷᠡᠵᠡᠢ᠃ ᠵᠢᠷᠭᠤᠳᠤᠭᠠᠷ ᠬᠤᠭᠤᠴᠠᠭ᠎ᠠ᠂ ᠳᠣᠯᠣᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠳ᠋ ᠤᠨ ᠵᠠᠰᠠᠭ ᠤᠨ ᠵᠦᠪᠯᠡᠯ ᠤᠨ ᠬᠡᠰᠢᠭᠦᠨ ᠢᠶᠠᠷ ᠠᠵᠢᠯᠯᠠᠵᠤ᠂ 1995 ᠣᠨ ᠳᠤ | ᠠᠵᠢᠯ ᠠᠴᠠ ᠪᠠᠨ ᠠᠮᠠᠷᠠᠪᠠ᠃ | ᠶᠠᠩ ᠢ ᠮᠦ ᠶᠡᠭᠡ ᠵᠤᠤ ᠠᠶᠢᠮᠠᠭ ᠤᠨ ᠠᠷᠠᠳ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠪᠠᠶᠢᠵᠤ᠂ ᠵᠡᠭᠦᠨᠭᠠᠷ ᠤᠨ ᠨᠡᠭᠦᠷᠡᠰᠦᠨ | ᠠᠭᠤᠷᠬᠠᠢ ᠶᠢᠨ ᠨᠡᠭᠡᠭᠡᠯᠲᠡ ᠪᠦᠲᠦᠭᠡᠨ ᠪᠠᠶᠢᠭᠤᠯᠤᠯᠲᠠ᠂ ᠣᠷᠳᠣᠰ ᠤᠨ ᠨᠣᠯᠤᠤᠷ ᠬᠠᠨᠳᠠᠭᠠᠵᠠ ᠶᠢᠨ ᠦᠢᠯᠡᠳᠪᠦᠷᠢ ᠶᠢᠨ ᠨᠦᠬᠦᠪᠦᠷᠢᠲᠦ ᠠᠷᠠᠯᠵᠢᠶᠠᠨ ᠤ ᠲᠦᠷᠦᠯ | ᠵᠦᠢᠯ ᠳᠤ ᠭᠠᠷᠮᠠᠭᠠᠢ ᠬᠤᠪᠢ ᠨᠡᠮᠡᠷᠢ ᠦᠵᠡᠭᠦᠯᠦᠭᠰᠡᠨ ᠶᠤᠮ᠃ |