ᠳ᠋ᠦᠩᠱᠧᠩ ᠲᠣᠭᠤᠷᠢᠭ ᠤᠨ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/5/10
      5 ᠰᠠᠷ᠎ᠠ ᠶᠢᠨ 9 ᠤ ᠡᠳᠦᠷ᠂ ᠳ᠋ᠦᠩᠱᠧᠩ ᠲᠣᠭᠤᠷᠢᠭ ᠤᠨ 2023 ᠣᠨ ᠤ ︽ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ︾ ︽ᠦᠨᠳᠦᠰᠦᠲᠡᠨ ᠤ ᠬᠠᠤᠯᠢ ᠪᠠᠷ ᠵᠠᠰᠠᠬᠤ ᠤᠬᠠᠭᠤᠯᠭ᠎ᠠ ᠶᠢᠨ ᠭᠠᠷᠠᠭ︾ ᠤᠨ ᠠᠵᠢᠯᠯᠠᠭ᠎ᠠ ᠡᠬᠢᠯᠡᠪᠡ᠃
3.jpg
      ᠲᠤᠰ ᠤᠳᠠᠭᠠᠨ ᠤ ᠠᠵᠢᠯᠯᠠᠭ᠎ᠠ ᠶᠢ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠲᠣᠭᠤᠷᠢᠭ ᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ᠂ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠬᠠᠮᠲᠤᠷᠠᠨ ᠡᠷᠬᠢᠯᠡᠵᠦ᠂ ᠠᠵᠢᠯᠯᠠᠭᠠᠨ ᠤ ᠭᠤᠤᠯ ᠰᠡᠳᠤᠪ ᠨᠢ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ︿ᠵᠢᠱᠢᠶᠡᠴᠢ ᠥᠪᠡᠷᠲᠡᠭᠡᠨ ᠵᠠᠰᠠᠬᠤ ᠣᠷᠣᠨ﹀ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ︾ ᠪᠣᠯᠣᠨ᠎ᠠ᠃ ᠠᠵᠢᠯᠯᠠᠭᠠᠨ ᠤ ᠳᠤᠮᠳᠠ᠂ ᠠᠵᠢᠯᠲᠠᠳ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠲᠡᠨ ᠨᠦᠭᠦᠳ ᠤᠨ ᠣᠯᠠᠨ ᠲᠦᠮᠡᠨ ᠲᠠᠢ ᠨᠢᠭᠤᠷᠲᠠᠨ ᠤᠬᠠᠭᠤᠯᠤᠨ ᠰᠣᠯᠢᠯᠴᠠᠵᠤ᠂ ᠨᠠᠮ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠠᠨᠢᠯᠴᠠᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠮᠡᠳᠡᠯᠭᠡ ᠶᠢ ᠲᠦᠭᠡᠮᠡᠯᠵᠢᠭᠦᠯᠦᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠢᠳᠡᠪᠬᠢ ᠬᠦᠴᠦᠨ ᠢ ᠨᠢᠭᠲᠠᠷᠠᠭᠤᠯᠪᠠ᠃       ᠠᠵᠢᠯᠯᠠᠭᠠᠨ ᠤ ᠳᠠᠯᠠᠪᠡᠢ ᠳᠤ᠂ ᠳ᠋ᠦᠩᠱᠧᠩ ᠲᠣᠭᠤᠷᠢᠭ ᠤᠨ ᠤᠯᠠᠭᠠᠨᠮᠥ᠋ᠴᠢᠷ ᠤᠨ ᠬᠢᠨ ᠲᠤᠬᠠᠢ ᠶᠢᠨ ᠲᠠᠯᠠᠪᠠᠢ ᠶᠢᠨ ᠤᠯᠠᠨ ᠲᠦᠮᠡᠨ ᠳᠤ ᠭᠤᠶᠢᠳᠠ ᠰᠠᠶᠢᠬᠠᠨ ᠲᠣᠭᠯᠠᠯᠲᠠ ᠭᠠᠷᠭᠠᠵᠤ᠂ ᠦᠨᠳᠦᠰᠦᠲᠡᠨ ᠨᠦᠭᠦᠳ ᠤᠨ ᠬᠥᠪᠡᠭᠦᠳ ᠥᠬᠢᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠢᠯᠡᠷᠡᠬᠦᠯᠦᠨ᠂ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠵᠠᠢ᠃
郭思慧.jpg
      ︽ᠠᠵᠢᠯᠲᠠᠳ ᠠᠴᠠ ᠪᠢᠳᠡᠨ ᠳᠤ ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠵᠤ ᠥᠭᠭᠦᠭᠰᠡᠨ ᠠᠴᠠ ᠪᠢ ᠦᠨᠳᠦᠰᠦᠲᠡᠨ ᠤ ᠪᠦᠯᠬᠦᠮᠳᠡᠯ ᠤᠨ ᠴᠢᠬᠤᠯᠠ ᠴᠢᠨᠠᠷ᠂ ᠮᠠᠨ ᠤ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ ᠬᠡᠳᠡᠭ ᠢ ᠨᠡᠩ ᠬᠦᠨᠵᠡᠬᠡᠢ ᠦᠢᠯᠠᠭᠠᠪᠠ ︾᠃                                          — ᠬᠤᠳᠠ ᠶᠢᠨ ᠠᠷᠠᠳ ᠭᠦᠸᠧ ᠰᠧ ᠬᠤᠢ
2.jpg
       ᠠᠵᠢᠯᠯᠠᠭᠠᠨ ᠤ ᠬᠤᠭᠤᠴᠠᠭᠠᠨ ᠳᠤ᠂ ᠳ᠋ᠦᠩᠱᠧᠩ ᠲᠣᠭᠤᠷᠢᠭ ᠤᠨ ᠡᠯ᠎ᠡ ᠨᠢᠭᠡᠴᠡ ᠶᠢᠨ ᠬᠢᠨ ᠠᠵᠢᠯ ᠤᠨ ᠠᠷᠭ᠎ᠠ ᠬᠡᠯᠪᠡᠷᠢ ᠪᠠᠨ ᠰᠢᠨᠡᠴᠢᠯᠡᠵᠦ᠂ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠪᠠ ᠬᠠᠤᠯᠢ ᠴᠠᠭᠠᠵᠠ ᠬᠠᠤᠯᠢ ᠲᠣᠭᠲᠠᠭᠠᠯ ᠢ ᠥᠷᠭᠡᠨ ᠢᠶᠠᠷ ᠤᠬᠠᠭᠤᠯᠤᠨ᠂ ᠦᠨᠳᠦᠰᠦᠲᠡᠨ ᠤ ᠪᠦᠯᠬᠦᠮᠳᠡᠯ ᠤᠨ ᠦᠯᠢᠭᠡᠷ ᠢ ᠰᠠᠶᠢᠲᠤᠷ ᠶᠠᠷᠢᠵᠤ᠂ ᠦᠨᠳᠦᠰᠦᠲᠡᠨ ᠤ ᠪᠦᠯᠬᠦᠮᠳᠡᠯ ᠤᠨ ᠰᠠᠶᠢᠨ ᠰᠠᠶᠢᠬᠠᠨ ᠳᠠᠭᠤᠨ ᠢ ᠳᠠᠮᠵᠢᠭᠤᠯᠤᠨ᠂ ᠥᠷᠭᠡᠨ ᠤᠯᠠᠨ ᠲᠦᠮᠡᠨ ᠤ ᠦᠢᠯᠠᠭᠠᠯᠳᠠ ᠶᠢ ᠦᠨᠡᠨᠬᠦ ᠳᠡᠭᠡᠭᠰᠢᠯᠡᠭᠦᠯᠵᠦ᠂ ᠪᠦᠬᠦ ᠨᠡᠶᠢᠭᠡᠮ ᠳᠤ ᠦᠨᠳᠦᠰᠦᠲᠡᠨ ᠤ ᠪᠦᠯᠬᠦᠮᠳᠡᠯ ᠤᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠨ᠂ ᠳ᠋ᠦᠩᠱᠧᠩ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠨ ᠴᠢᠳᠠᠯ ᠢᠶᠠᠨ ᠡᠷᠭᠦᠵᠦ᠂ ᠰᠢᠨ᠎ᠡ ᠴᠠᠭ ᠦᠶ᠎ᠡ ᠶᠢᠨ ᠳ᠋ᠦᠩᠱᠧᠩ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠨᠡᠮ᠃ 
ᠢᠷᠡᠯᠲᠡ᠄ ᠳᠤᠰ ᠰᠦᠯᠵᠢᠶ᠎ᠡ