ᠪᠥᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ︽ᠲᠦᠮᠡᠨ ᠠᠯᠬᠤᠮ ᠤᠨ ᠪᠤᠯᠵᠤᠭ᠎ᠠ︾ ᠬᠦᠳᠡᠯᠬᠡᠬᠡᠨ  ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠳ᠋ᠦᠩᠱᠧᠩ ᠳᠠᠬᠢ ᠤᠷᠤᠯᠳᠤᠭᠠᠨ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2023/5/11
      ᠪᠥᠬᠦ ᠤᠯᠤᠰ ᠤᠨ ᠨᠠᠢᠮᠠᠳᠤᠭᠠᠷ ᠬᠤᠭᠤᠴᠠᠭᠠᠨ ᠤ ︽ᠲᠦᠮᠡᠨ ᠠᠯᠬᠤᠮ ᠤᠨ ᠪᠣᠯᠵᠤᠭ᠎ᠠ︾  ᠬᠦᠳᠡᠯᠬᠡᠬᠡᠨ  ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠤ ᠳ᠋ᠦᠩᠱᠧᠩ ᠳᠠᠬᠢ ᠤᠷᠤᠯᠳᠤᠭᠠᠨ 5 ᠰᠠᠷ᠎ᠠ ᠶᠢᠨ 10 ᠤ ᠡᠳᠤᠷ ᠵᠢᠩᠬᠢᠨᠢ ᠪᠠᠷ ᠡᠬᠢᠯᠡᠪᠡ᠃       ᠠᠵᠢᠯᠯᠠᠭᠠᠨ ᠤ ᠲᠠᠯᠠᠪᠠᠢ ᠳᠤ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠳ᠋ᠦᠩᠱᠧᠩ ᠲᠣᠭᠤᠷᠢᠭ ᠲᠤ ᠠᠵᠢᠯᠯᠠᠭᠠᠨ ᠤ ᠳᠤᠭ ᠢ ᠭᠠᠷᠳᠠᠭᠤᠯᠵᠤ᠂ ᠳ᠋ᠦᠩᠱᠧᠩ ᠲᠣᠭᠤᠷᠢᠭ ᠤᠨ 19 ᠨᠢᠭᠡᠴᠡ ᠶᠢᠨ 23 ᠲᠥᠯᠥᠭᠡᠯᠡᠭᠴᠢ ᠶᠢᠨ ᠠᠩᠭᠢ ᠶᠢᠨ 358 ᠬᠥᠮᠥᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠳᠤ ᠤᠷᠤᠯᠴᠠᠪᠠ᠃
1.jpg     
       ︽ᠲᠦᠮᠡᠨ ᠠᠯᠬᠤᠮ ᠤᠨ ᠪᠣᠯᠵᠤᠭ᠎ᠠ︾ ᠤᠷᠤᠯᠳᠤᠭᠠᠨ ᠪᠣᠯ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠪᠠ ᠸᠠᠨ ᠪᠦ᠋ ᠰᠦᠯᠵᠢᠶ᠎ᠡ ᠠᠴᠠ ᠬᠠᠮᠲᠤᠷᠠᠨ ᠡᠭᠦᠰᠬᠡᠭᠰᠡᠨ ᠨᠢᠭᠡ ᠲᠦᠷᠦᠯ ᠤᠨ ᠠᠵᠢᠯ ᠮᠡᠷᠭᠡᠵᠢᠯ ᠤᠨ ᠬᠥᠮᠥᠰ ᠤᠨ ᠬᠦᠳᠡᠯᠬᠡᠬᠡᠨ ᠢᠶᠠᠷ ᠪᠡᠶ᠎ᠡ ᠪᠠᠨ ᠴᠢᠬᠢᠷᠠᠭᠵᠢᠭᠤᠯᠬᠤ ᠶᠢ ᠤᠷᠮᠠᠰᠢᠭᠤᠯᠬᠤ ᠤᠷᠤᠯᠳᠤᠭᠠᠨ ᠪᠣᠯᠣᠨ᠎ᠠ᠃ ︽ᠢᠨᠲ᠋ᠧᠷ ᠰᠦᠯᠵᠢᠶ᠎ᠡ + ᠡᠷᠡᠭᠦᠯ ᠮᠡᠨᠳᠦ︾ ᠶᠢᠨ ᠣᠶᠢᠯᠠᠭᠠᠭᠳᠠᠬᠤᠨ ᠢ ᠠᠰᠢᠭᠯᠠᠵᠤ᠂ ᠪᠠᠶᠢᠭᠤᠯᠤᠯᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ︽ᠬᠠᠮᠳᠤ ᠨᠡᠶᠢᠲᠡ︾ ᠶᠢᠨ ᠬᠢᠨᠠᠯᠲᠠ ᠲᠠᠯᠪᠢᠵᠤ ᠤᠷᠮᠠᠰᠢᠭᠤᠯᠬᠤ ᠦᠢᠯᠡᠳᠦᠯ ᠳᠤ ᠲᠦᠰᠢᠭᠯᠡᠨ᠂ ᠤᠷᠤᠯᠳᠤᠭᠠᠨ ᠳᠤ ᠣᠷᠣᠯᠴᠠᠭᠰᠠᠳ ᠢ ᠬᠠᠪᠰᠤᠷᠤᠨ ︽ᠡᠷᠡᠬᠦᠯ ᠮᠡᠨᠳᠤ ᠶᠢᠨ ᠢᠶᠠᠨ ᠲᠦᠯᠦᠬᠡ ᠡᠳᠦᠷ ᠪᠦᠷᠢ ᠰᠢᠨᠵᠢᠯᠡᠬᠦ ᠤᠬᠠᠭᠠᠨᠴᠢ ᠪᠠᠷ ᠲᠦᠮᠡᠨ ᠠᠯᠬᠤᠮ ᠠᠯᠬᠤᠬᠤ︾ ᠡᠷᠡᠭᠦᠯ ᠴᠢᠭᠢᠷᠠᠭ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠤᠳᠠᠭᠠᠨ ᠴᠢᠨᠠᠷᠲᠠᠢ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠡᠷᠡᠭᠦᠯ ᠮᠡᠨᠳᠦ ᠶᠢ ᠠᠬᠢᠭᠤᠯᠬᠤ ᠵᠣᠷᠢᠯᠭ᠎ᠠ ᠳᠤ ᠬᠦᠷᠦᠭᠦᠯᠦᠨ᠎ᠡ᠃
丁志强.jpg
      ︽ᠥᠨᠥᠳᠥᠷ ᠤᠨ ᠠᠵᠢᠯᠯᠠᠭ᠎ᠠ ᠪᠠᠷ ᠳᠡᠮᠵᠢᠨ ᠪᠢ ︿ᠡᠷᠡᠬᠦᠯ ᠮᠡᠨᠳᠤ ᠶᠢᠨ ᠢᠶᠠᠨ ᠲᠦᠯᠦᠬᠡ ᠡᠳᠦᠷ ᠪᠦᠷᠢ ᠰᠢᠨᠵᠢᠯᠡᠬᠦ ᠤᠬᠠᠭᠠᠨᠴᠢ ᠪᠠᠷ ᠲᠦᠮᠡᠨ ᠠᠯᠬᠤᠮ ᠠᠯᠬᠤᠬᠤ﹀ ᠶᠢᠨ ᠴᠢᠬᠤᠯᠠ ᠠᠴᠢ ᠬᠤᠯᠪᠣᠭᠳᠠᠯ ᠢ ᠦᠢᠯᠠᠭᠠᠪᠠ᠂ ᠡᠬᠦᠨ ᠤ ᠬᠠᠮᠲᠤ ᠪᠠᠰᠠ ᠳᠡᠷᠭᠡᠳᠡᠬᠢ ᠨᠠᠩ ᠣᠯᠠᠨ ᠬᠥᠮᠥᠰ ᠢ ᠳᠠᠶᠢᠴᠢᠯᠠᠨ ᠡᠷᠡᠭᠦᠯ ᠮᠡᠨᠳᠤ ᠠᠮᠢᠳᠤᠷᠠᠯ ᠤᠨ ᠣᠶᠢᠯᠠᠭᠠᠭᠳᠠᠬᠤᠨ ᠲᠠᠢ ᠪᠣᠯᠭᠠᠵᠤ᠂ ᠡᠷᠡᠭᠦᠯ  ᠮᠡᠨᠳᠤ ᠠᠮᠢᠳᠤᠷᠠᠯ ᠤᠨ ᠠᠷᠭ᠎ᠠ ᠮᠠᠶ᠋ᠢᠭ ᠢ ᠪᠤᠢ ᠪᠤᠯᠭᠠᠬᠤ ᠪᠣᠯᠣᠨ᠎ᠠ᠃︾            —  ᠤᠷᠤᠯᠳᠤᠭᠠᠨ ᠳᠤ ᠤᠷᠤᠯᠴᠠᠭᠴᠢ ᠳ᠋ᠢᠩ ᡁᠢ ᠴᠢᠶᠠᠩ      ᠲᠣᠰ ᠤᠳᠠᠭᠠᠨ ᠤ ᠠᠵᠢᠯᠯᠠᠭ᠎ᠠ ᠶᠢ ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠤ᠂ 5 ᠰᠠᠷ᠎ᠠ ᠶᠢᠨ 11 ᠤ ᠡᠳᠦᠷ ᠠᠴᠠ 8 ᠰᠠᠷ᠎ᠠ ᠶᠢᠨ 18 ᠤ ᠡᠳᠦᠷ ᠪᠣᠯᠲᠠᠯ᠎ᠠ ᠦᠷᠬᠦᠯᠵᠢᠯᠡᠵᠤ᠂ ᠡᠨᠡᠬᠦ ᠬᠤᠭᠤᠴᠠᠭᠠᠨ ᠳᠤ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠡᠷᠡᠭᠦᠯ ᠮᠡᠨᠳᠦ ᠶᠢᠨ ᠤᠬᠠᠭᠤᠯᠭ᠎ᠠ ᠵᠡᠷᠭᠡ ᠡᠯ᠎ᠡ ᠲᠥᠷᠥᠯ ᠤᠨ ᠠᠵᠢᠯᠯᠠᠭ᠎ᠠ ᠶᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠡᠷᠡᠭᠦᠯ ᠪᠣᠯᠪᠠᠰᠤᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃
赵群.jpg    
      ︽ᠠᠯᠬᠤᠬᠤ ᠨᠢ ᠤᠳᠠᠭᠠᠨ ᠴᠢᠨᠠᠷᠲᠠᠢ ᠡᠪᠡᠳᠴᠢᠨ ᠤ ᠡᠭᠦᠰᠬᠦ ᠠᠶᠤᠯ ᠲᠦᠭᠰᠢᠭᠦᠷᠢ ᠶᠢ ᠪᠠᠭᠠᠰᠬᠠᠬᠤ ᠳᠤ ᠢᠳᠡᠪᠬᠢᠲᠡᠢ ᠦᠢᠯᠡᠳᠦᠯ ᠦᠵᠡᠭᠦᠯᠳᠡᠭ᠂ ᠤᠷᠤᠯᠳᠤᠭᠠᠨ ᠤ ᠳᠠᠶᠢᠴᠢᠯᠠᠯᠲᠠ ᠶᠢᠨ ᠦᠢᠯᠡᠳᠦᠯ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠢ ᠳᠡᠭᠡᠭᠰᠢᠯᠡᠭᠦᠯᠵᠦ᠂ ᠡᠷᠡᠭᠦᠯ ᠮᠡᠨᠳᠦ ᠳ᠋ᠦᠩᠱᠧᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢ ᠬᠦᠰᠡᠵᠦ ᠪᠠᠶᠢᠨ᠎ᠠ︾            — ᠳ᠋ᠦᠩᠱᠧᠩ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠵᠣᠣ ᠴᠢᠶᠦ᠋ᠨ
ᠢᠷᠡᠯᠲᠡ᠄ ᠳᠤᠰ ᠰᠦᠯᠵᠢᠶ᠎ᠡ