2023 ᠤᠨ ᠤ ᠪᠦᠬᠦ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠴᠡᠭ ᠤᠨ ᠠᠵᠢᠯᠯᠠᠭᠰᠠᠳ ᠤᠨ ᠲᠤᠬᠠᠶᠢᠯᠠᠭᠰᠡᠨ ᠠᠵᠢᠯ ᠤᠨ ᠪᠤᠯᠪᠠᠰᠤᠷᠠᠯ ᠲᠡᠬᠦᠰ ᠠᠮᠵᠢᠯᠳᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2023/5/12
       5 ᠰᠠᠷ᠎ᠠ ᠶᠢᠨ 10 ~ 12 ᠤᠨ ᠡᠳᠦᠷ᠂ ᠪᠦᠬᠦ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠴᠡᠭ ᠤᠨ ᠠᠵᠢᠯᠯᠠᠭᠰᠠᠳ ᠤᠨ ᠲᠤᠬᠠᠶᠢᠯᠠᠭᠰᠡᠨ ᠠᠵᠢᠯ  ᠤᠨ ᠪᠤᠯᠪᠠᠰᠤᠷᠠᠯ ᠢ ᠤᠷᠳᠤᠰ ᠬᠤᠳᠠ ᠶᠢᠨ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠪᠠᠳᠤ ᠴᠤᠭᠴᠠᠯᠠᠬᠤ ᠤᠶᠢᠯᠡᠳᠦᠯᠬᠡ ᠶᠢᠨ ᠰᠤᠳᠤᠯᠭᠠᠨ ᠤ ᠲᠦᠪ ᠲᠤ ᠦᠷᠨᠢᠬᠦᠯᠵᠤ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠡᠨ ᠬᠡᠷ ᠤᠨ ᠲᠦᠷᠪᠡᠳᠦᠬᠡᠷ ᠲᠡᠰ ᠤᠨ ᠪᠠᠶᠢᠴᠠᠭᠠᠨ ᠰᠤᠳᠤᠯᠤᠭᠴᠢ ᠠᠯᠳ᠋ᠬᠠᠤᠳᠤ ᠰᠤᠷᠤᠯᠴᠠᠯᠭ᠎ᠠ ᠡᠬᠢᠯᠡᠬᠦ ᠶᠤᠰᠤᠯᠠᠯ ᠳᠤ ᠤᠷᠤᠯᠴᠠᠪᠠ᠃ ᠲᠤᠰ ᠤᠳᠠᠭᠠᠨ ᠤ ᠪᠤᠯᠪᠠᠰᠤᠷᠠᠯ ᠳᠤ ᠡᠯ᠎ᠡ ᠬᠤᠰᠢᠭᠤ ᠲᠤᠭᠤᠷᠢᠭ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠴᠡᠭ ᠤᠨ 30 ᠭᠠᠷᠤᠢ ᠠᠵᠢᠯᠯᠠᠭᠰᠡᠳ ᠤᠷᠤᠯᠴᠠᠵᠠᠢ᠃
1.1.jpg
       ᠰᠤᠷᠤᠯᠴᠠᠯᠭ᠎ᠠ ᠡᠬᠢᠯᠡᠬᠦ ᠶᠤᠰᠤᠯᠠᠯ ᠲᠡᠬᠡᠷ᠎ᠡ 2022 ᠤᠨ ᠤ ᠪᠦᠬᠦ ᠬᠤᠳᠠ ᠶᠢᠨ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠠ ᠶᠢᠨ ᠰᠢᠯᠢᠳᠡᠭ ᠦᠷᠳᠡᠭᠡ ᠴᠡᠭ ᠪᠠ ᠰᠢᠯᠢᠳᠡᠭ ᠬᠤᠪᠢ ᠬᠦᠮᠦᠨ ᠢ ᠬᠦᠬᠢᠬᠦᠯᠦᠨ ᠱᠠᠩᠨᠠᠪᠠ᠃         ᠲᠤᠰ ᠤᠳᠠᠭᠠᠨ ᠤ ᠪᠤᠯᠪᠠᠰᠤᠷᠠᠯ ᠳᠤ ᠤᠷᠳᠤᠰ ᠬᠤᠳᠠ ᠶᠢᠨ ᠨᠠᠮ ᠤᠨ ᠰᠤᠷᠭᠠᠭᠤᠯᠢ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠵᠢᠭᠠᠨ ᠰᠤᠳᠤᠯᠬᠤ ᠭᠠᠵᠡᠷ ᠤᠨ ᠡᠷᠬᠢᠯᠡᠭᠴᠢ ᠪᠤᠤ ᠶᠢᠨ ᠱᠠᠨ ᠪᠠᠭᠰᠢ ᠶᠢ ᠤᠷᠢᠵᠤ᠂ ︽ᠰᠢᠨ᠎ᠠ ᠴᠠᠭ ᠦᠶ᠎ᠠ ᠶᠢᠨ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠡᠷᠡᠰ ᠭᠤᠶᠢᠪᠢᠰᠢ ᠦᠬᠡᠢ ᠰᠠᠶᠢᠳᠤᠷ ᠬᠢᠵᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠭᠴᠠ ᠶᠢᠨ ᠤᠬᠠᠮᠰᠡᠷ ᠢ ᠪᠠᠳᠤ ᠴᠤᠭᠴᠠᠯᠠᠬᠤ︾ ᠲᠤᠬᠠᠢ ᠲᠤᠰᠬᠠᠢ ᠰᠡᠳᠤᠪᠳᠤ ᠲᠠᠶᠢᠯᠤᠮᠵᠢ ᠬᠢᠯᠬᠡᠪᠠ︔ ᠪᠦᠬᠦ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠰᠦᠯᠵᠢᠶᠠᠨ ᠴᠤᠭᠯᠠᠷᠠᠯ ᠤᠨ ᠮᠡᠷᠬᠡᠵᠢᠯ ᠤᠨ ᠵᠦᠪᠯᠡᠭᠴᠢ᠂ ᠦᠪᠦᠷ ᠮᠤᠩᠭᠤᠯ ᠤᠨ ᠮᠦᠩᠬᠡ ᠭᠠᠯ ᠰᠢᠨᠵᠢᠯᠡᠬᠦ ᠤᠬᠠᠭᠠᠨ ᠮᠡᠷᠬᠡᠵᠢᠯ ᠤᠨ ᠮᠤᠩᠭᠤᠯ ᠰᠤᠶᠤᠯ ᠤᠨ ᠬᠤᠪᠢ ᠤᠷᠤᠭᠤᠯᠤᠭᠰᠡᠨ ᠬᠢᠵᠠᠭᠠᠷᠳᠤ ᠺᠤᠮᠫᠠᠨᠢ ᠶᠢᠨ ᠡᠵᠡᠩᠨᠡᠬᠦᠯᠦᠨ ᠠᠵᠢᠯᠯᠠᠭᠤᠯᠬᠤ ᠶᠡᠷᠦᠩᠬᠡᠢ ᠬᠢᠨᠠᠭᠴᠢ ᠰᠡᠴᠡᠨᠲᠤᠯᠭᠠᠭᠤᠷᠢ᠂ ᠵᠠᠰᠠᠭ ᠤᠨ ᠤᠷᠳᠤᠨ ᠤ ᠰᠢᠰᠲ᠋ᠧᠮ ᠤᠨ ᠮᠤᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠴᠡᠭ ᠤᠨ ᠠᠶᠤᠯᠬᠦᠢ ᠡᠵᠡᠩᠨᠡᠯᠳᠠ᠂ ᠰᠦᠯᠵᠢᠶᠠᠨ ᠴᠡᠭ  ᠤᠨ ᠲᠦᠷᠢᠮ ᠤᠨ ᠪᠠᠶᠢᠭᠤᠯᠤᠯᠳᠠ᠂ ᠶᠠᠷᠢᠶ᠎ᠠ ᠬᠡᠯᠡᠯᠴᠡᠬᠡᠨ ᠤ ᠪᠠᠶᠢᠳᠠᠯ ᠢ ᠬᠢᠨᠠᠨ ᠬᠡᠮᠵᠢᠬᠦ᠂ ᠬᠢᠨᠠᠨ ᠰᠢᠯᠭᠠᠵᠤ ᠦᠨᠡᠯᠡᠬᠦ ᠵᠡᠷᠬᠡ ᠲᠠᠯ᠎ᠠ ᠪᠠᠷ ᠨᠠᠷᠢᠨ ᠲᠠᠶᠢᠯᠪᠤᠷᠢᠯᠠᠪᠠ︔ ᠦᠪᠦᠷ ᠮᠤᠩᠭᠤᠯ ᠤᠨ ᠤᠨᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠶᠢᠨ ᠵᠢᠷᠤᠭ ᠲᠦᠯᠦᠪᠯᠡᠭᠡ ᠶᠢᠨ ᠶᠡᠷᠦᠩᠬᠡᠢ ᠬᠢᠨᠠᠭᠴᠢ ᠠᠯᠳᠠᠨᠬᠡᠷᠡᠯ᠂ ᠡᠵᠡᠩᠨᠡᠬᠦᠯᠦᠨ ᠠᠵᠢᠯᠯᠠᠭᠤᠯᠬᠤ ᠶᠡᠷᠦᠩᠬᠡᠢ ᠬᠢᠨᠠᠭᠴᠢ ᠰᠤᠷᠤᠨ᠎ᠠ ᠲᠤᠰ ᠲᠤᠰ PS ᠮᠡᠷᠬᠡᠵᠢᠯ ᠢᠶᠠᠷ ᠲᠦᠷᠦ ᠶᠢᠨ ᠪᠤᠳᠤᠯᠭ᠎ᠠ ᠶᠢᠨ ᠵᠢᠷᠤᠭᠳᠤ ᠲᠠᠶᠢᠯᠤᠮᠵᠢ ᠬᠢᠬᠦ ᠪᠠ ᠮᠤᠩᠭᠤᠯ ᠬᠡᠯᠡᠨ ᠤ ᠰᠢᠨ᠎ᠠ ᠵᠠᠭᠤᠴᠢᠯᠠᠭᠤᠷ ᠤᠨ ᠡᠵᠡᠩᠨᠡᠬᠦᠯᠦᠨ ᠠᠵᠢᠯᠯᠠᠭᠤᠯᠬᠤ ᠬᠡᠷᠡᠭᠯᠡᠬᠡᠨ ᠤ ᠣᠷ᠎ᠠ ᠴᠢᠳᠠᠪᠤᠷᠢ ᠵᠡᠷᠬᠡ ᠠᠭᠤᠯᠭ᠎ᠠ ᠶᠢᠨ ᠲᠤᠭᠤᠷᠢᠨ ᠳᠤ ᠰᠢᠰᠲ᠋ᠧᠮ ᠲᠠᠢ ᠵᠢᠭᠠᠨ ᠰᠤᠷᠭᠠᠯᠳᠠ ᠬᠢᠵᠠᠢ᠃
1.jpg
       ᠲᠤᠰ ᠤᠳᠠᠭᠠᠨ ᠤ ᠪᠤᠯᠪᠠᠰᠤᠷᠠᠯ ᠤᠨ ᠠᠭᠤᠯᠭ᠎ᠠ ᠨᠢ ᠵᠢᠯᠤᠭᠤᠳᠬᠤ ᠴᠢᠨᠠᠷ᠂ ᠬᠡᠷᠡᠭᠯᠡᠬᠡᠨ ᠤ ᠴᠢᠨᠠᠷ ᠪᠠ ᠲᠤᠯᠢᠳᠠᠭᠤᠯᠬᠤ ᠴᠢᠨᠠᠷ ᠢᠶᠠᠷ ᠮᠠᠰᠢ ᠴᠢᠩᠭ᠎ᠠ ᠪᠠᠶᠢᠵᠤ᠂ ᠬᠤᠶᠢᠰᠢᠳᠠ ᠵᠠᠰᠠᠭ ᠤᠨ ᠤᠷᠳᠤᠨ ᠤ ᠰᠦᠯᠵᠢᠶᠠᠨ ᠴᠢᠭ ᠬᠢᠬᠡᠳ ᠵᠠᠰᠠᠭ ᠤᠨ ᠶᠠᠪᠤᠳᠠᠯ ᠤᠨ ᠰᠢᠨ᠎ᠠ ᠵᠠᠭᠤᠴᠢᠯᠠᠭᠤᠷ ᠤᠨ ᠤᠯᠤᠰ ᠲᠦᠷᠦ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠯᠠᠨ ᠨᠡᠶᠢᠳᠠ ᠶᠢᠨ ᠤᠶᠢᠯᠡᠴᠢᠯᠡᠬᠡᠨ ᠤ ᠬᠢᠷᠢ ᠲᠦᠪᠰᠢᠨ ᠢ ᠤᠯᠠᠮ ᠨᠢᠬᠡ ᠠᠯᠬᠤᠮ ᠲᠡᠭᠡᠭᠰᠢᠯᠡᠬᠦᠯᠦᠨ ᠠᠷᠠᠳ ᠲᠤ ᠦᠨᠳᠦᠷ ᠪᠦᠳᠦᠮᠵᠢᠳᠠᠢ ᠪᠠᠷ ᠠᠰᠢᠭ ᠬᠦᠷᠳᠡᠬᠡᠵᠤ᠂ ᠬᠤᠷᠢᠭ᠎ᠠ ᠱᠤᠭᠤᠮ ᠤᠨ ᠤᠬᠠᠮᠰᠡᠷ ᠢ ᠪᠠᠳᠤ ᠴᠤᠭᠴᠠᠯᠠᠵᠤ᠂ ᠵᠠᠰᠠᠭ ᠤᠨ ᠤᠷᠳᠤᠨ ᠤ ᠰᠦᠯᠵᠢᠶ᠎ᠠ ᠬᠢᠬᠡᠳ ᠵᠠᠰᠠᠭ ᠤᠨ ᠶᠠᠪᠤᠳᠠᠯ ᠤᠨ ᠰᠢᠨ᠎ᠠ ᠵᠠᠭᠤᠴᠢᠯᠠᠭᠤᠷ ᠤᠨ ᠠᠮᠦᠷ ᠲᠦᠪᠰᠢᠨ ᠲᠤᠭᠳᠠᠭᠤᠨ ᠢᠶᠠᠷ ᠠᠵᠢᠯᠯᠠᠭᠤᠯᠬᠤ ᠶᠢ ᠦᠨᠡᠨ ᠬᠦ ᠪᠠᠳᠤᠯᠠᠬᠤ ᠵᠡᠷᠬᠡ ᠬᠠᠮᠢᠶ᠎ᠠ ᠪᠦᠬᠦᠢ ᠠᠵᠢᠯ ᠤᠨ ᠪᠤᠳᠠᠳᠠᠢ ᠴᠢᠭᠯᠡᠯ ᠢ ᠲᠤᠳᠤᠷᠬᠠᠢ ᠵᠢᠭᠠᠵᠤ ᠦᠭᠴᠠᠢ᠃                   
ᠢᠷᠡᠯᠲᠡ᠄ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠡᠨ ᠨᠡᠶᠢᠳᠡᠯᠡᠯ