ᠨᠡᠬᠡᠮᠡᠯ ᠤᠨ ᠵᠠᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠲᠤ ᠰᠧ ᠶᠤᠸᠠᠨ ᠨᠡᠶᠢᠭᠡᠮ ᠲᠤᠭᠤᠷᠢᠭ ᠢ ᠨᠡᠮᠡᠵᠦ ᠪᠠᠶᠢᠭᠤᠯᠬᠤ ᠲᠤᠬᠠᠢ ᠤᠷᠳᠤᠰ ᠬᠤᠳᠠ ᠶᠢᠨ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠴᠤᠬᠤᠯᠠᠪᠤᠷᠢ
ᠨᠡᠶᠢᠲᠡᠯᠡᠭᠰᠡᠨ ᠴᠠᠭ᠄
2023/5/12
                          ᠳ᠋ᠦᠩᠱᠧᠩ ᠵᠠᠰᠠᠭ ᠲᠠᠷᠬᠠᠭᠠᠭᠰᠠᠨ    ﹇2023﹈ 11 ᠳ᠋ᠤᠭᠡᠷ ᠲᠣᠭᠠᠲᠤ    ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ᠄    ᠲᠠᠨ ᠤ ᠨᠢᠬᠡᠴᠡ ᠶᠢᠨ ︽ᠬᠡᠰᠡᠭ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠳᠤ ᠲᠣᠬᠢᠷᠠᠭᠤᠯᠤᠯᠲᠠ ᠬᠢᠵᠦ ᠰᠧ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢ ᠨᠡᠮᠡᠵᠦ ᠪᠠᠶᠢᠭᠤᠯᠬᠤ ᠲᠤᠬᠠᠢ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠵᠢᠭᠠᠪᠤᠷᠢ ᠠᠪᠬᠤ ᠮᠡᠳᠡᠭᠦᠯᠦᠯᠲᠡ︾ ︵ᠳ᠋ᠦᠩᠱᠧᠩ ᠨᠡᠬᠡᠮᠡᠯ  ᠠᠯᠪᠠᠨ ᠮᠡᠳᠡᠬᠦᠯᠦᠯᠳᠠ ﹇2020﹈ 32 ᠳ᠋ᠤᠭᠠᠷ ᠲᠣᠭᠠᠲᠤ︶ ᠶᠢ ᠲᠤᠰᠴᠠᠢ᠃ ᠬᠤᠲᠠ ᠪᠠᠯᠭᠠᠰᠤᠵᠢᠯᠲᠠ ᠶᠢ ᠤᠯᠠᠮ ᠨᠢᠭᠡ ᠠᠯᠬᠤᠮ ᠠᠬᠢᠭᠤᠯᠵᠤ᠂ ᠨᠡᠶᠢᠭᠡᠮ ᠲᠣᠭᠤᠷᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠬᠦ ᠶᠢᠨ ᠲᠥᠯᠥᠭᠡ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠤᠭᠠᠳ᠂ ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠰᠧ ᠶᠤᠸᠠᠨ ᠨᠡᠶᠢᠭᠡᠮ ᠲᠣᠭᠤᠷᠢᠭ ᠢ ᠨᠡᠮᠡᠬᠦ ᠶᠢ ᠵᠠᠷᠴᠢᠮ ᠳᠡᠭᠡᠷ᠎ᠡ ᠪᠠᠨ ᠵᠥᠪᠰᠢᠶᠡᠷᠡᠨ᠎ᠡ᠃ ᠨᠡᠬᠡᠮᠡᠯ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶ᠎ᠠ ᠲᠠᠢ ᠬᠠᠮᠲᠤᠷᠠᠨ ᠳᠡᠰ ᠳᠠᠷᠠᠭᠠᠯᠠᠯ ᠶᠣᠰᠣᠭᠠᠷ ᠠᠵᠢᠯᠲᠠᠨ ᠪᠡᠯᠡᠳᠬᠡᠮᠵᠢ ᠲᠦᠬᠦᠬᠡᠷᠦᠮᠵᠢ ᠲᠣᠬᠢᠷᠠᠭᠤᠯᠬᠤ᠂ ᠣᠷᠣᠨ ᠪᠦᠰᠡ ᠶᠢ ᠵᠠᠭᠠᠭᠯᠠᠨ ᠲᠣᠭᠲᠠᠭᠠᠬᠤ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ  ᠬᠢᠳᠦᠬᠡᠢ᠃                                      ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                                         2023 ᠣᠨ ᠤ 5 ᠰᠠᠷ᠎ᠠ ᠶᠢᠨ 11 ᠤ ᠡᠳᠦᠷ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ